ᠡᠪᠦᠯ ᠤᠨ ᠤᠯᠠᠷᠢᠯ ᠤᠨ ᠳᠤᠯᠠᠭᠠᠯᠠᠭ᠎ᠠ ᠶᠢᠨ ᠬᠡᠷᠡᠭᠴᠡᠭᠡ ᠪᠠᠷ ᠥᠪᠥᠷ ᠮᠣᠩᠭᠤᠯ ᠤᠨ ᠨᠡᠭᠦᠷᠡᠰᠦᠨ ᠤ ᠦᠨ᠎ᠡ ᠬᠠᠩᠰᠢ 5 ᠰᠠᠷ᠎ᠠ ᠳᠠᠷᠠᠭᠠᠯᠠᠨ ᠥᠰᠪᠡ
ᠨᠡᠶᠢᠲᠡᠯᠡᠭᠰᠡᠨ ᠴᠠᠭ᠄
2016/10/13
     ᠡᠨᠡ ᠵᠢᠯ ᠤᠨ 9 ᠳ᠋ᠦ᠋ᠭᠡᠷ ᠰᠠᠷ᠎ᠠ ᠳᠤ᠂ ᠥᠪᠥᠷ ᠮᠣᠩᠭᠤᠯ ᠤ ᠨᠡᠭᠦᠷᠡᠰᠦᠨ  ᠤ ᠦᠨ᠎ᠡ ᠬᠠᠩᠰᠢ 5 ᠳ᠋ᠤᠭᠠᠷ ᠰᠠᠷ᠎ᠠ ᠠᠴᠠ ᠨᠠᠰᠢ ᠦᠷᠭᠦᠯᠵᠢᠯᠡᠨ ᠥᠰᠬᠦ ᠬᠠᠨᠳᠤᠰᠢ ᠲᠠᠢ ᠪᠣᠯᠣᠭᠰᠠᠨ ᠪᠥᠭᠡᠳ ᠥᠰᠥᠯᠲᠡ ᠶᠢᠨ ᠬᠡᠮᠵᠢᠶ᠎ᠡ ᠨᠢ ᠤᠯᠠᠮ ᠨᠢᠭᠡ ᠠᠯᠬᠤᠮ ᠥᠷᠭᠡᠳᠬᠡᠵᠦ᠂ ᠭᠤᠣᠯ ᠭᠠᠷᠤᠯᠲᠠ ᠶᠢᠨ ᠣᠷᠣᠨ ᠤ ᠬᠥᠳᠡᠯᠭᠡᠭᠴᠢ ᠬᠦᠴᠦᠨ ᠤ ᠨᠡᠭᠦᠷᠡᠰᠦᠨ ᠎ ᠤ ᠠᠭᠤᠷᠬᠠᠶ ᠶᠢᠨ ᠠᠮᠠᠨ ᠳᠠᠬᠢ ᠳᠤᠮᠳᠠᠴᠢ ᠳ᠋ᠦᠩᠨᠡᠨ ᠪᠣᠳᠣᠭᠰᠠᠨ ᠦᠨ᠎ᠡ ᠬᠠᠩᠰᠢ ᠨᠢ 157.03 ᠲᠥᠭᠦᠷᠢᠭ \ ᠲᠣᠨ ᠪᠣᠯᠵᠤ᠂ ᠭᠠᠷᠬᠠᠨ ᠬᠠᠷᠢᠴᠠᠯ ᠤᠨ ᠥᠰᠥᠯᠲᠡ ᠨᠢ 11.10%᠂ ᠥᠰᠥᠯᠲᠡ  ᠶᠢᠨ ᠨᠡᠮᠡᠭᠳᠡᠯ ᠨᠢ 6.01 ᠵᠠᠭᠤᠨ ᠤ ᠴᠡᠭ ᠪᠣᠯᠵᠤ ᠥᠷᠭᠡᠳᠦᠨ᠂ ᠠᠳᠠᠯᠢ ᠬᠤᠭᠤᠴᠠᠭᠠᠨ ᠤ ᠬᠢ ᠠᠴᠠ 19.18% ᠦᠰᠴᠦ᠂ ᠥᠰᠥᠯᠲᠡ ᠶᠢᠨ ᠨᠡᠮᠡᠭᠳᠡᠯ ᠨᠢ 10.26 ᠵᠠᠭᠤᠨ ᠤ ᠴᠡᠭ ᠪᠣᠯᠵᠤ᠂ 5 ᠰᠠᠷ᠎ᠠ ᠳᠠᠷᠠᠭᠠᠯᠠᠨ ᠥᠰᠪᠡ᠃ ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠵᠡᠭᠦᠨ ᠬᠡᠰᠡᠭ ᠤᠨ ᠭᠠᠵᠠᠷ ᠣᠷᠣᠨ ᠤ ᠬᠦᠷᠡᠩ ᠨᠡᠭᠦᠷᠡᠰᠦᠨ ᠤ ᠠᠭᠤᠷᠬᠠᠶ ᠶᠢᠨ ᠠᠮᠠᠨ ᠳᠠᠬᠢ ᠳᠤᠮᠳᠠᠴᠢ ᠳ᠋ᠦᠩᠨᠡᠨ ᠪᠣᠳᠣᠭᠰᠠᠨ ᠦᠨ᠎ᠡ ᠬᠠᠩᠰᠢ ᠨᠢ 110.56 ᠲᠥᠭᠦᠷᠢᠭ\ᠲᠣᠨ ᠪᠠᠶᠢᠵᠤ᠂ ᠭᠠᠷᠬᠠᠨ ᠬᠠᠷᠢᠴᠠᠯ ᠤᠨ ᠥᠰᠥᠯᠲᠡ ᠨᠢ 2.27% ᠪᠣᠯᠵᠤ᠂ ᠠᠳᠠᠯᠢ ᠬᠤᠭᠤᠴᠠᠭᠠᠨ ᠤ ᠬᠢ ᠠᠴᠠ 5.54%᠎ ᠪᠠᠷ ᠥᠰᠪᠡ︔ ᠤᠷᠳᠤᠰ ᠬᠤᠳᠠ ᠶᠢᠨ ᠬᠥᠳᠡᠯᠭᠡᠭᠴᠢ ᠬᠦᠴᠦᠨ ᠤ ᠨᠡᠭᠦᠷᠡᠰᠦᠨ ᠤ ᠠᠭᠤᠷᠬᠠᠶ ᠶᠢᠨ ᠠᠮᠠᠨ ᠎ ᠳᠠᠬᠢ ᠳᠤᠮᠳᠠᠴᠢ ᠳ᠋ᠦᠩᠨᠡᠨ ᠪᠣᠳᠣᠭᠰᠠᠨ ᠦᠨ᠎ᠡ ᠬᠠᠩᠰᠢ ᠨᠢ 241.67 ᠲᠥᠭᠦᠷᠢᠭ \ ᠲᠣᠨ ᠪᠠᠶᠢᠵᠤ᠂ ᠭᠠᠷᠬᠠᠨ ᠬᠠᠷᠢᠴᠠᠯ ᠤᠨ ᠥᠰᠥᠯᠲᠡ ᠨᠢ 39.42% ᠪᠣᠯᠵᠤ᠂ ᠥᠰᠥᠯᠲᠡ ᠶᠢᠨ ᠨᠡᠮᠡᠭᠳᠡᠯ ᠨᠢ 17.07 ᠵᠠᠭᠤᠨ ᠤ ᠴᠡᠭ ᠪᠣᠯᠵᠤ ᠥᠷᠭᠡᠳᠦᠨ᠂ ᠠᠳᠠᠯᠢ ᠬᠤᠭᠤᠴᠠᠭᠠᠨ ᠤ ᠬᠢ ᠠᠴᠠ 114.92%᠎ ᠢᠶᠠᠷ ᠦᠰᠪᠡ᠃ ᠠᠳᠠᠯᠢ ᠬᠤᠭᠤᠴᠠᠭᠠᠨ ᠳᠤ᠂ ᠥᠪᠥᠷ ᠮᠣᠩᠭᠤᠯ ᠤᠨ ᠴᠠᠬᠢᠯᠭᠠᠨ ᠬᠦᠴᠦᠨ ᠤ ᠨᠡᠭᠦᠷᠡᠰᠦ ᠶᠢᠨ ᠬᠤᠳᠠᠯᠳᠤᠨ ᠠᠪᠬᠤ ᠳᠤᠮᠳᠠᠴᠢ ᠦᠨ᠎ᠡ ᠬᠠᠩᠰᠢ ᠨᠢ 153.77 ᠲᠥᠭᠦᠷᠢᠭ \ ᠲᠣᠨ ᠪᠠᠶᠢᠵᠤ᠂ ᠭᠠᠷᠬᠠᠨ ᠬᠠᠷᠢᠴᠠᠯ ᠤᠨ ᠥᠰᠥᠯᠲᠡ ᠨᠢ 2.87% ᠪᠣᠯᠵᠤ᠂ ᠠᠳᠠᠯᠢ ᠬᠤᠭᠤᠴᠠᠭᠠᠨ ᠤ ᠬᠢ ᠠᠴᠠ 0.39%᠎ ᠪᠠᠷ ᠪᠠᠭᠤᠷᠠᠪᠠ᠃ ᠡᠭᠦᠨ ᠳᠤ ᠵᠡᠭᠦᠨ ᠬᠡᠰᠡᠭ ᠤᠨ ᠭᠠᠵᠠᠷ ᠣᠷᠣᠨ ᠤ ᠴᠠᠬᠢᠯᠭᠠᠨ ᠬᠦᠴᠦᠨ ᠤ ᠨᠡᠭᠦᠷᠡᠰᠦ ᠶᠢᠨ ᠬᠤᠳᠠᠯᠳᠤᠨ ᠠᠪᠬᠤ ᠳᠤᠮᠳᠠᠴᠢ ᠦᠨ᠎ᠡ ᠬᠠᠩᠰᠢ ᠨᠢ 155.21 ᠲᠥᠭᠦᠷᠢᠭ \ ᠲᠣᠨ ᠪᠠᠶᠢᠵᠤ᠂ ᠭᠠᠷᠬᠠᠨ ᠬᠠᠷᠢᠴᠠᠯ ᠤᠨ ᠥᠰᠥᠯᠲᠡ ᠨᠢ 2.76% ᠪᠣᠯᠵᠤ᠂ ᠠᠳᠠᠯᠢ ᠬᠤᠭᠤᠴᠠᠭᠠᠨ ᠤ ᠬᠢ ᠠᠴᠠ 2.08%᠎ ᠪᠠᠷ ᠥᠰᠪᠡ︔ ᠪᠠᠷᠠᠭᠤᠨ ᠬᠡᠰᠡᠭ ᠤᠨ ᠭᠠᠵᠠᠷ ᠣᠷᠣᠨ ᠤ ᠴᠠᠬᠢᠯᠭᠠᠨ‌‍ᠬᠦ᠋ᠴᠦᠨ ᠤ ᠨᠡᠭᠦᠷᠡᠰᠦ ᠶᠢᠨ ᠬᠤᠳᠠᠯᠳᠤᠨ ᠠᠪᠬᠤ ᠳᠤᠮᠳᠠᠴᠢ ᠦᠨ᠎ᠡ ᠬᠠᠩᠰᠢ ᠨᠢ 152.63 ᠲᠥᠭᠦᠷᠢᠭ \ᠲᠣᠨ᠂ ᠭᠠᠷᠬᠠᠨ ᠬᠠᠷᠢᠴᠠᠯ ᠤᠨ ᠥᠰᠥᠯᠲᠡ ᠨᠢ 2.95% ᠪᠣᠯᠵᠤ᠂ ᠠᠳᠠᠯᠢ ᠬᠤᠭᠤᠴᠠᠭᠠᠨ ᠤ ᠬᠢ ᠠᠴᠠ 2.30%᠎ ᠪᠠᠷ ᠪᠠᠭᠤᠷᠠᠪᠠ᠃ ᠵᠠᠳᠠᠯᠤᠯᠲᠠ ᠠᠴᠠ ᠦᠵᠡᠪᠡᠯ᠂ ᠦᠢᠯᠡᠳᠪᠦᠷᠢᠯᠡᠯ ᠤᠨ ᠦᠯᠡᠭᠦᠦ ᠴᠢᠳᠠᠪᠤᠷᠢ ᠶᠢ ᠥᠭᠡᠶᠢᠰᠬᠡᠬᠦ ᠶᠢ ᠦᠷᠭᠦᠯᠵᠢᠯᠡᠨ ᠲᠦᠯᠬᠢᠨ ᠠᠬᠢᠭᠤᠯᠬᠤ ᠵᠢᠴᠢ ᠤᠯᠤᠰ ᠠᠴᠠ ᠨᠡᠭᠦᠷᠡᠰᠦᠨ ᠤ ᠦᠨ᠎ᠡ ᠬᠠᠩᠰᠢ ᠶᠢᠨ ᠲᠥᠷᠭᠡᠨ ᠦᠰᠦᠯᠲᠡ ᠳᠤ ᠴᠢᠭᠯᠡᠭᠦᠯᠦᠭᠰᠡᠨ ᠪᠠᠴᠢᠮ ᠪᠠᠶᠢᠳᠠᠯ ᠢ ᠠᠷᠭᠠᠴᠠᠬᠤ ᠬᠠᠮᠢᠶ᠎ᠠ ᠪᠦᠬᠦᠢ ᠲᠥᠰᠦᠯ ᠢ ᠵᠡᠷᠭᠡ ᠎ ᠳᠤᠨᠢ ᠬᠡᠷᠡᠭᠵᠢᠭᠦᠯᠬᠦ ᠶᠢ ᠳᠠᠭᠠᠯᠳᠤᠨ᠂ ᠨᠡᠭᠦᠷᠡᠰᠦᠨ ᠤ ᠦᠨ᠎ᠡ ᠬᠠᠩᠰᠢ ᠠᠯᠬᠤᠮ ᠠᠯᠬᠤᠮ ᠢᠶᠠᠷ ᠵᠣᠬᠢᠰᠲᠠᠶ ᠪᠣᠯᠵᠤ᠂ ᠬᠠᠷᠢᠨ ᠡᠪᠦᠯ ᠤᠨ ᠲᠣᠯᠠᠭᠠᠯᠠᠭ᠎ᠠ ᠶᠢᠨ ᠨᠡᠭᠦᠷᠡᠰᠦᠨ ᠤ ᠬᠡᠷᠡᠭᠴᠡᠭᠡ ᠠᠴᠠ ᠪᠤᠯᠵᠦ᠂ ᠦᠨ᠎ᠡ ᠬᠠᠩᠰᠢ ᠨᠢ ᠥᠷᠭᠦᠯᠵᠢᠯᠡᠨ ᠪᠠᠭ᠎ᠠ ᠬᠡᠮᠵᠢᠶ᠎ᠡ ᠪᠠᠷ ᠥᠰᠬᠦ ᠪᠣᠯᠤᠮᠵᠢ ᠲᠠᠢ ᠪᠠᠶᠢᠨ᠎ᠠ᠃  
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号