ᠤᠯᠤᠰ ᠤᠨ ᠬᠤᠶᠠᠷ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠪᠢ ᠶᠢᠨ ᠠᠵᠦ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠡᠵᠡᠩᠨᠡᠯᠲᠡ ᠶᠢᠨ ᠦᠨᠡᠮᠯᠡᠯ ᠪᠠ ᠭᠠᠶᠢᠯᠢ ᠶᠢᠨ ᠶᠠᠪᠤᠳᠠᠯ ᠤᠨ ᠳᠠᠩᠰᠠᠯᠠᠬᠤ ᠦᠨᠡᠮᠯᠡᠯ ᠢ ︽ᠬᠤᠶᠠᠷ ᠦᠨᠡᠮᠯᠡᠯ ᠢ ᠨᠡᠶᠢᠯᠡᠭᠦᠯᠬᠦ︾ ᠶᠢ ᠬᠡᠷᠡᠭᠵᠢᠭᠦᠯᠬᠦ ᠲᠤᠬᠠᠢ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ
ᠨᠡᠶᠢᠲᠡᠯᠡᠭᠰᠡᠨ ᠴᠠᠭ᠄
2016/10/13
     ᠣᠶᠢᠷ᠎ᠠ ᠳᠤ᠂ ᠤᠯᠤᠰ ᠤᠨ ᠠᠵᠦ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ᠂ ᠲᠥᠷᠥ ᠶᠢᠨ ᠶᠠᠪᠤᠳᠠᠯ ᠤᠨ ᠬᠤᠷᠢᠶᠠᠨ ᠤ ᠬᠠᠤᠯᠢ ᠳᠦᠷᠢᠮ ᠤᠨ ᠠᠯᠪᠠᠨ ᠭᠡᠷ ᠳᠥᠷᠪᠡᠨ ᠰᠠᠯᠠᠭ᠎ᠠ ᠮᠥᠴᠢᠷ ᠬᠠᠮᠲᠤᠷᠠᠨ ︽ᠬᠤᠪᠢ ᠶᠢᠨ ᠠᠵᠦ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠡᠵᠡᠩᠨᠡᠯᠲᠡ ᠶᠢᠨ ᠦᠨᠡᠮᠯᠡᠯ ᠪᠠ ᠭᠠᠶᠢᠯᠢ ᠶᠢᠨ ᠶᠠᠪᠤᠳᠠᠯ ᠤᠨ ᠳᠠᠩᠰᠠᠯᠠᠬᠤ ᠦᠨᠡᠮᠯᠡᠯ ︿ᠬᠤᠶᠠᠷ ᠦᠨᠡᠮᠯᠡᠯ ᠢ ᠨᠡᠶᠢᠯᠡᠭᠦᠯᠬᠦ﹀ ᠶᠢ ᠬᠡᠷᠡᠭᠵᠢᠭᠦᠯᠬᠦ ᠲᠤᠬᠠᠶ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶ ᠢ ᠨᠡᠶᠢᠲᠡᠯᠡᠪᠡ᠃ ᠠᠵᠦ ᠦᠢᠯᠡᠳᠪᠦᠷᠢ ᠬᠤᠳᠠᠯᠳᠤᠭᠠᠨ ᠤ ᠶᠡᠷᠦᠩᠬᠡᠶ ᠲᠣᠪᠴᠢᠶᠠᠨ ᠤ ᠬᠤᠪᠢ ᠶᠢᠨ ᠪᠠ ᠬᠤᠪᠢ ᠶᠢᠨ ᠡᠵᠡᠩᠨᠡᠯᠲᠡ ᠶᠢᠨ ᠠᠵᠤ ᠠᠬᠤᠶ ᠶᠢᠨ ᠬᠢᠨᠠᠯᠲᠠ ᠬᠠᠮᠢᠶᠠᠷᠤᠯᠲᠠ ᠶᠢᠨ ᠵᠤᠷᠭᠠᠨ ᠪᠠ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠲᠠᠲᠠᠪᠤᠷᠢᠯᠠᠯᠲᠠ ᠬᠠᠮᠢᠶᠠᠷᠤᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠵᠤᠷᠭᠠᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠶ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃      1 . ᠬᠤᠪᠢ ᠶᠢᠨ ᠠᠵᠦ ᠦᠢᠯᠡᠳᠪᠦᠷᠢ ᠬᠤᠳᠠᠯᠳᠤᠭᠠᠨ ᠤ ᠡᠷᠦᠭᠡ ᠶᠢᠨ ︽ᠬᠤᠶᠠᠷ ᠦᠨᠡᠮᠯᠡᠯ ᠢ ᠨᠡᠶᠢᠯᠡᠭᠦᠯᠬᠦ︾ ᠭᠡᠳᠡᠭ ᠨᠢ ᠶᠠᠭᠤ ᠶᠢ ᠵᠢᠭᠠᠵᠤ ᠪᠠᠶᠢᠬᠤ ᠪᠤᠢ︖      ᠬᠠᠷᠢᠭᠤᠯᠲᠠ᠄ ᠬᠤᠪᠢ ᠶᠢᠨ ᠠᠵᠦ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ︽ᠬᠤᠶᠠᠷ ᠦᠨᠡᠮᠯᠡᠯ ᠢ ᠨᠡᠶᠢᠯᠡᠭᠦᠯᠵᠦ︾ ᠳᠠᠩᠰᠠᠯᠠᠬᠤ ᠳᠦᠷᠢᠮ ᠭᠡᠳᠡᠭ ᠨᠢ ᠬᠤᠪᠢ ᠶᠢᠨ ᠠᠵᠦ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠳᠠᠩᠰᠠᠯᠠᠭᠤᠯᠬᠤ ᠦᠶ᠎ᠡ ᠳᠡᠭᠡᠨ ᠳᠡᠰ ᠳᠠᠷᠠᠭᠠᠯᠠᠨ ᠭᠤᠶᠤᠴᠢᠯᠠᠵᠤ᠂ ᠲᠤᠰ ᠲᠤᠰ ᠠᠵᠦ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠡᠵᠡᠩᠨᠡᠯᠲᠡ ᠶᠢᠨ ᠦᠨᠡᠮᠯᠡᠯ ᠢ ᠬᠢᠨᠠᠨ ᠣᠯᠭᠤᠵᠤ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠭᠠᠶᠢᠯᠢ ᠶᠢᠨ ᠶᠠᠪᠤᠳᠠᠯ ᠢ ᠳᠠᠩᠰᠠᠯᠠᠬᠤ ᠦᠨᠡᠮᠯᠡᠯ ᠢ ᠬᠢᠨᠠᠨ ᠤᠯᠭᠤᠵᠤ ᠪᠠᠶᠢᠭᠰᠠᠨ ᠢ ᠨᠢᠭᠡ ᠯᠡ ᠤᠳᠠᠭ᠎ᠠ ᠭᠤᠶᠤᠴᠢᠯᠠᠬᠤ ᠪᠤᠯᠭᠠᠨ ᠦᠭᠡᠷᠡᠴᠢᠯᠡᠵᠦ᠂ ᠠᠵᠦ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠡᠵᠡᠩᠨᠡᠯᠲᠡ ᠶᠢᠨ ᠦᠨᠡᠮᠯᠡᠯ ᠢ ᠬᠢᠨᠠᠨ ᠤᠯᠭᠤᠵᠤ᠂ ᠬᠤᠪᠢ ᠶᠢᠨ ᠠᠵᠦ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ︽ᠬᠤᠶᠠᠷ ᠦᠨᠡᠮᠯᠡᠯ ᠢ ᠨᠡᠶᠢᠯᠡᠭᠦᠯᠬᠦ︾ ᠪᠠᠷ ᠳᠠᠮᠵᠢᠭᠤᠯᠤᠨ᠂ ᠠᠷᠠᠳ ᠢᠷᠭᠡᠨ ᠵᠥᠪᠬᠡᠨ ︽ᠨᠢᠭᠡᠯᠡ ᠬᠦᠰᠦᠨᠦᠭᠲᠦ︾ ᠲᠠᠭᠯᠠᠵᠤ᠂ ︽ᠨᠢᠭᠡᠯᠡ ᠴᠤᠩᠬᠤᠪᠴᠢ ︾ ᠳᠤ ︽ᠨᠢᠭᠡ ᠢᠵᠢ ᠮᠠᠲ᠋ᠧᠷᠢᠶᠠᠯ︾ ᠲᠤᠰᠢᠶᠠᠪᠠᠯ ᠳᠠᠷᠤᠶ ᠬᠤᠪᠢ ᠶᠢᠨ ᠠᠵᠦ ᠦᠢᠯᠡᠳᠪᠦᠷᠢ ᠬᠤᠳᠠᠯᠳᠤᠭᠠᠨ ᠤ ᠡᠷᠦᠭᠡ ᠠᠵᠦ ᠦᠢᠯᠡᠳᠪᠦᠷᠢ ᠬᠤᠳᠠᠯᠳᠤᠭ᠎ᠠ ᠵᠢᠴᠢ ᠭᠠᠶᠢᠯᠢ ᠳᠠᠩᠰᠠᠯᠠᠭᠤᠯᠬᠤ ᠶᠢ ᠭᠦᠢᠴᠡᠳᠬᠡᠬᠦ ᠳᠠᠩᠰᠠᠯᠠᠬᠤ ᠲᠥᠷᠢᠮ ᠢ ᠵᠢᠭᠠᠵᠤ ᠪᠠᠶᠢᠨ᠎ᠠ᠃ ︽ᠬᠤᠶᠠᠷ ᠦᠨᠡᠮᠯᠡᠯ ᠢ ᠨᠡᠶᠢᠯᠡᠭᠦᠯᠬᠦ︾ ᠪᠣᠯ ︽ᠭᠤᠷᠪᠠᠨ ᠦᠨᠡᠮᠯᠡᠯ ᠢ ᠨᠢᠭᠡᠳᠬᠡᠬᠦ︾ ᠳᠠᠩᠰᠠᠯᠠᠬᠤ ᠳᠦᠷᠢᠮ ᠤᠨ ᠥᠭᠡᠷᠡᠴᠢᠯᠡᠯᠲᠡ ᠶᠢ ᠬᠤᠪᠢ ᠶᠢᠨ ᠠᠵᠦ ᠦᠢᠯᠡᠳᠪᠦᠷᠢ ᠬᠤᠳᠠᠯᠳᠤᠭᠠᠨ ᠤ ᠡᠷᠦᠬᠡ ᠵᠦᠭ ᠰᠤᠨᠤᠭᠠᠭᠰᠠᠨ ᠶᠠᠪᠤᠳᠠᠯ ᠮᠦᠨ᠂ ᠦᠢᠯᠡᠳᠪᠦᠷᠢ ᠬᠤᠳᠠᠯᠳᠤᠭᠠᠨ ᠤ ᠵᠦᠢᠯᠡᠰ ᠤᠨ ᠲᠦᠷᠢᠮ ᠤᠨ ᠥᠭᠡᠷᠡᠴᠢᠯᠡᠯᠲᠡ ᠶᠢᠨ ᠪᠠᠰᠠ ᠨᠢᠭᠡᠨ ᠰᠢᠨ᠎ᠡ ᠠᠷᠭ᠎ᠠ ᠬᠡᠮᠵᠢᠶ᠎ᠡ ᠮᠥᠨ᠃      2 . ︽ᠰᠠᠨᠠᠯ︾ ᠤᠨ ᠨᠡᠶᠢᠲᠡᠯᠡᠭᠳᠡᠭᠰᠡᠨ ᠠᠬᠤᠶ ᠪᠠᠶᠢᠳᠠᠯ ᠪᠠ ᠶᠠᠪᠤᠴᠠ ᠶᠢ ᠲᠣᠪᠴᠢ ᠲᠠᠨᠢᠯᠴᠠᠭᠤᠯᠵᠤ ᠦᠭᠭᠦᠨᠡᠦ᠃      ᠬᠠᠷᠢᠭᠤᠯᠲᠠ᠄ 2015 ᠤᠨ ᠤ 10 ᠳ᠋ᠤᠭᠠᠷ ᠰᠠᠷ᠎ᠠ ᠶᠢᠨ 1 ᠤ ᠡᠳᠦᠷ᠂ ᠠᠵᠤ ᠠᠬᠤᠶᠢᠯᠠᠯ᠂ ᠲᠠᠷᠢᠶᠠᠴᠢᠨ ᠤ ᠲᠤᠰᠬᠠᠶ ᠬᠤᠷᠰᠢᠶᠠᠵᠢᠯ ᠳᠤ ᠡᠵᠡᠩᠨᠡᠯᠲᠡ ᠶᠢᠨ ᠦᠨᠡᠮᠯᠡᠯ᠂ ᠭᠠᠶᠢᠯᠢ ᠳᠠᠩᠰᠠᠯᠠᠭᠤᠯᠬᠤ ᠦᠨᠡᠮᠯᠡᠯ ᠪᠠ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠤᠷᠤᠯᠠᠬᠤ ᠨᠣᠮᠧᠷ ᠤᠨ ᠦᠨᠡᠮᠯᠡᠯ ︽ᠭᠤᠷᠪᠠᠨ ᠦᠨᠡᠮᠯᠡᠯ ᠢ ᠨᠢᠭᠡᠳᠬᠡᠬᠦ︾ ᠶᠢ ᠬᠡᠷᠡᠭᠵᠢᠭᠦᠯᠪᠡ᠃ ︽ᠭᠤᠷᠪᠠᠨ ᠦᠨᠡᠮᠯᠡᠯ ᠢ ᠨᠢᠭᠡᠳᠬᠡᠬᠦ︾ ᠶᠢ ᠬᠡᠷᠡᠭᠵᠢᠭᠦᠯᠦᠭᠰᠡᠨ ᠶᠠᠪᠤᠳᠠᠯ ᠨᠢ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠴᠤᠪᠤᠷᠠᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠳᠠᠬᠢᠨ ᠳᠠᠪᠲᠠᠨ ᠬᠢᠨᠠᠨ ᠪᠠᠶᠢᠴᠠᠭᠠᠬᠤ ᠶᠢ ᠴᠦᠭᠡᠳᠬᠡᠵᠦ᠂ ᠬᠤᠯᠪᠣᠭᠳᠠᠯ ᠪᠦᠬᠦᠢ ᠰᠠᠯᠠᠭ᠎ᠠ ᠮᠦᠴᠢᠷ ᠤᠨ ᠠᠵᠢᠯ ᠢ ᠡᠮᠬᠢᠯᠡᠨ ᠨᠡᠶᠢᠯᠡᠭᠦᠯᠬᠦ ᠪᠠ ᠮᠡᠳᠡᠭᠡ ᠵᠠᠩᠭᠢ ᠶᠢ ᠬᠠᠮᠲᠤᠪᠠᠷ ᠬᠦᠷᠲᠡᠬᠦ ᠶᠢ ᠲᠦᠯᠬᠢᠨ ᠠᠬᠢᠭᠤᠯᠵᠤ᠂ ᠠᠵᠤ ᠠᠬᠤᠶᠢᠯᠠᠯ ᠪᠠᠶᠢᠭᠤᠯᠬᠤ ᠳᠦᠷᠢᠮ ᠤᠨ ᠴᠢᠨᠠᠷᠲᠠᠶ ᠥᠪᠡᠷ ᠤᠨ ᠥᠷᠳᠡᠭ ᠢ ᠪᠠᠭᠤᠷᠠᠭᠤᠯᠵᠤ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠦᠢ ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ᠂ ᠲᠦᠭ ᠲᠦᠮᠡ ᠪᠠᠷ ᠢᠶᠠᠨ ᠰᠢᠨ᠎ᠡ ᠶᠢ ᠡᠭᠦᠳᠬᠦ ᠶᠢ ᠬᠦᠴᠦᠲᠡᠶ ᠳᠥᠯᠭᠢᠨ ᠠᠬᠢᠭᠤᠯᠪᠠ᠃      ᠮᠠᠨ ᠤ ᠤᠯᠤᠰ ᠤᠨ ︽ᠢᠷᠭᠡᠨ ᠤ ᠬᠠᠤᠯᠢ ᠶᠢᠨ ᠶᠡᠷᠦᠩᠬᠡᠶ ᠲᠦᠷᠢᠮ︾ ᠤᠨ ᠲᠣᠭᠲᠠᠭᠠᠯ ᠢ ᠦᠨᠳᠦᠰᠦᠯᠡᠪᠡᠯ᠂ ᠬᠤᠪᠢ ᠶᠢᠨ ᠠᠵᠦ ᠦᠢᠯᠡᠳᠪᠦᠷᠢ ᠬᠤᠳᠠᠯᠳᠤᠭᠠᠨ ᠤ ᠡᠷᠦᠬᠡ ᠨᠢ ᠪᠠᠶᠢᠭᠠᠯᠢ ᠬᠥᠮᠦᠨ ᠤ ᠠᠢ ᠳᠤ ᠬᠠᠷᠢᠶᠠᠯᠠᠭᠳᠠᠨ᠎ᠠ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠪᠢᠰᠢ ᠶᠤᠮ᠃ ᠲᠦᠷᠢᠮ ᠤᠨ ᠲᠠᠯ᠎ᠠ ᠪᠠᠷ᠂ ᠬᠤᠪᠢ ᠶᠢᠨ ᠠᠵᠦ ᠦᠢᠯᠡᠳᠪᠦᠷᠢ ᠬᠤᠳᠠᠯᠳᠤᠭᠠᠨ ᠤ ᠡᠷᠦᠬᠡ ᠳᠤ ᠵᠦᠪᠬᠡᠨ ᠠᠵᠦ ᠦᠢᠯᠡᠳᠪᠦᠷᠢ ᠬᠤᠳᠠᠯᠳᠤᠭᠠᠨ ᠤ ᠰᠠᠯᠠᠭ᠎ᠠ ᠮᠥᠴᠢᠷ ᠠᠴᠠ ᠣᠯᠭᠤᠭᠰᠠᠨ ᠡᠵᠡᠩᠨᠡᠯᠲᠡ ᠶᠢᠨ ᠦᠨᠡᠮᠯᠡᠯ ᠪᠠ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠠᠴᠠ ᠣᠯᠭᠤᠭᠰᠠᠨ ᠭᠠᠶᠢᠯᠢ ᠳᠠᠩᠰᠠᠯᠠᠬᠤ ᠦᠨᠡᠮᠯᠡᠯ ᠡᠨᠡ ᠬᠤᠶᠠᠷ ᠦᠨᠡᠮᠯᠡᠯ ᠲᠠᠢ ᠠᠴᠠ ᠪᠢᠰᠢ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠣᠷᠣᠯᠠᠬᠤ ᠨᠤᠮᠧᠷ ᠤᠨ ᠦᠨᠡᠮᠯᠡᠯ ᠦᠭᠡᠢ ︵ᠵᠠᠷᠢᠮ ᠣᠷᠣᠨ ᠨᠤᠲᠤᠭ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠤᠷᠤᠯᠠᠬᠤ ᠨᠤᠮᠧᠷ ᠤᠨ ᠦᠨᠡᠮᠯᠡᠯ ᠤᠯᠭᠤᠬᠤ ᠰᠠᠯᠠᠭ᠎ᠠ ᠮᠥᠴᠢᠷ  ᠨᠢ ᠴᠦᠬᠡᠨ  ᠲᠤᠭᠠᠨ ᠤ ᠬᠤᠪᠢ ᠶᠢᠨ ᠠᠵᠦ ᠦᠢᠯᠡᠳᠪᠦᠷᠢ ᠬᠤᠳᠠᠯᠳᠤᠭᠠᠨ ᠤ ᠡᠷᠦᠭᠡ ᠳᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠤᠷᠤᠯᠠᠬᠤ ᠨᠤᠮᠧᠷ ᠤᠨ ᠦᠨᠡᠮᠯᠡᠯ ᠣᠯᠭᠤᠭᠰᠠᠨ ᠪᠠᠶᠢᠳᠠᠭ︶ ᠶᠤᠮ᠂ ᠡᠶᠢᠮᠦ ᠠᠴᠠ᠂ ᠨᠢᠳᠤᠨᠤᠨ ᠤ ᠬᠡᠷᠡᠭᠵᠢᠭᠦᠯᠦᠭᠰᠡᠨ ︽ᠭᠤᠷᠪᠠᠨ ᠦᠨᠡᠮᠯᠡᠯ ᠢ ᠨᠢᠭᠡᠳᠬᠡᠬᠦ︾ ᠥᠭᠡᠷᠡᠴᠢᠯᠡᠯᠲᠡ ᠳᠤ᠂ ᠬᠤᠪᠢ ᠶᠢᠨ ᠠᠵᠦ ᠦᠢᠯᠡᠳᠪᠦᠷᠢ ᠬᠤᠳᠠᠯᠳᠤᠭᠠᠨ ᠤ ᠡᠷᠦᠬᠡ ᠶᠢ ᠪᠠᠭᠲᠠᠭᠠᠭᠰᠠᠨ ᠦᠭᠡᠢ ᠶᠤᠮ᠃ ᠠᠵᠤ ᠠᠬᠤᠶᠢᠯᠠᠯ  ᠳᠤ ︽ᠭᠤᠷᠪᠠᠨ ᠦᠨᠡᠮᠯᠡᠯ ᠢ ᠨᠢᠭᠡᠳᠬᠡᠬᠦ︾ ᠶᠢ ᠬᠡᠷᠡᠭᠵᠢᠭᠦᠯᠦᠭᠰᠡᠨ ᠤ ᠳᠠᠷᠠᠭ᠎ᠠ᠂ ᠬᠤᠪᠢ ᠶᠢᠨ ᠠᠵᠦ ᠦᠢᠯᠡᠳᠪᠦᠷᠢ ᠬᠤᠳᠠᠯᠳᠤᠭᠠᠨ ᠤ ᠡᠷᠦᠭᠡ ᠮᠥᠨ ᠯᠡ ᠠᠵᠦ ᠦᠢᠯᠡᠳᠪᠦᠷᠢ ᠬᠤᠳᠠᠯᠳᠤᠭ᠎ᠠ᠂ ᠭᠠᠶᠢᠯᠢ ᠶᠢᠨ ᠶᠠᠪᠤᠳᠠᠯ ᠤᠨ ᠬᠢᠨ ᠳᠤ ᠬᠦᠷᠴᠦ ᠲᠤᠰ ᠲᠤᠰ ᠳᠠᠩᠰᠠᠯᠠᠭᠤᠯᠬᠤ ᠭᠠᠷ ᠭᠦᠢᠴᠡᠳᠬᠡᠯ ᠬᠢᠬᠦ ᠠᠰᠠᠭᠤᠳᠠᠯ ᠤᠯᠠᠮ ᠢᠶᠠᠷ ᠲᠤᠪᠤᠶᠢᠮ᠎ᠠ ᠪᠤᠯᠵᠤ᠂ ᠠᠵᠦ ᠦᠢᠯᠡᠳᠪᠦᠷᠢ ᠬᠤᠳᠠᠯᠳᠤᠭᠠᠨ ᠤ ᠬᠤᠪᠢ ᠶᠢᠨ ᠡᠷᠦᠬᠡ ᠶᠢᠨ ᠳᠠᠩᠰᠠᠯᠠᠭᠤᠯᠬᠤ ᠶᠢ ᠳᠦᠬᠦᠮᠴᠢᠯᠡᠬᠦ ᠬᠦᠰᠡᠯ ᠱᠠᠭᠠᠷᠳᠠᠯᠭ᠎ᠠ ᠡᠬᠢᠯᠡᠵᠦ ᠡᠭᠦᠰᠪᠡ᠃ 2015 ᠤᠨ ᠤ 12 ᠳ᠋ᠤᠭᠠᠷ ᠰᠠᠷ᠎ᠠ ᠳᠤ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠡᠭᠦᠷᠭᠡ ᠴᠢᠳᠠᠪᠤᠷᠢ ᠶᠢ ᠬᠤᠪᠢᠷᠠᠭᠤᠯᠤᠨ ᠵᠣᠬᠢᠴᠠᠭᠤᠯᠬᠤ ᠳᠤᠭᠤᠶᠢᠯᠠᠩ ᠤᠨ ᠠᠯᠪᠠᠨ ᠭᠡᠷ ᠠᠴᠠ ᠠᠵᠦ ᠦᠢᠯᠡᠳᠪᠦᠷᠢ ᠬᠤᠳᠠᠯᠳᠤᠭᠠᠨ ᠤ ᠶᠡᠷᠦᠩᠬᠡᠶ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠶᠡᠷᠦᠩᠬᠡᠶ ᠲᠤᠪᠴᠢᠶ᠎ᠠ ᠳᠤ ᠬᠤᠪᠢ ᠶᠢᠨ ᠠᠵᠦ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠤᠶᠠᠷ ᠦᠨᠡᠮᠯᠡᠯ ᠢ ᠨᠢᠭᠡᠳᠬᠡᠬᠦ ᠠᠰᠠᠭᠤᠳᠠᠯ ᠢ ᠰᠤᠳᠤᠯᠵᠤ᠂ ᠮᠠᠨ ᠤ ᠤᠯᠤᠰ ᠤᠨ ᠠᠷᠠᠳ ᠢᠷᠭᠡᠳ ᠬᠤᠪᠢ ᠶᠢᠨ ᠡᠵᠡᠩᠨᠡᠯᠲᠡ ᠶᠢ ᠡᠷᠬᠢᠯᠡᠬᠦ ᠳᠤ ᠨᠡᠩ ᠳᠦᠬᠦᠮ ᠦᠵᠡᠭᠦᠯᠬᠦ ᠬᠡᠷᠡᠭᠲᠡᠢ ᠭᠡᠵᠦ ᠱᠠᠭᠠᠷᠳᠠᠪᠠ᠃ ᠠᠵᠦ ᠦᠢᠯᠡᠳᠪᠦᠷᠢ ᠬᠤᠳᠠᠯᠳᠤᠭᠠᠨ ᠤ ᠶᠡᠷᠦᠩᠬᠡᠶ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠤᠳᠤᠷᠢᠳᠤᠯᠭ᠎ᠠ ᠡᠨᠡ ᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠠᠵᠦ ᠦᠢᠯᠡᠳᠪᠦᠷᠢ ᠬᠤᠳᠠᠯᠳᠤᠭᠠᠨ ᠤ ᠶᠡᠷᠦᠩᠬᠡᠶ ᠲᠣᠪᠴᠢᠶᠠᠨ ᠤ ᠬᠤᠪᠢ ᠶᠢᠨ ᠪᠠ ᠬᠤᠪᠢ ᠶᠢᠨ ᠡᠵᠡᠩᠨᠡᠯᠲᠡ ᠶᠢᠨ ᠠᠵᠤ ᠠᠬᠤᠶ ᠶᠢ ᠬᠢᠨᠠᠨ ᠬᠠᠮᠢᠶᠠᠷᠬᠤ ᠵᠤᠷᠭᠠᠨ ᠪᠠ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠲᠠᠲᠠᠪᠤᠷᠢᠯᠠᠯᠲᠠ ᠬᠠᠮᠢᠶᠠᠷᠤᠯᠲᠠ ᠪᠤᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠵᠤᠷᠭᠠᠨ ᠨᠢᠭᠲᠠ ᠬᠠᠮᠲᠤᠷᠠᠨ ᠠᠵᠢᠯᠯᠠᠵᠤ᠂ ᠭᠦᠨᠵᠡᠭᠡᠶ ᠪᠠᠶᠢᠴᠠᠭᠠᠨ ᠰᠤᠳᠤᠯᠤᠯᠲᠠ ᠬᠢᠵᠦ᠂ ᠠᠵᠢᠯ ᠤᠨ ᠨᠠᠷᠢᠨ ᠲᠥᠰᠦᠯ ᠢ ᠲᠤᠭᠲᠠᠭᠠᠪᠠ᠃ 5 ᠳ᠋ᠤᠭᠠᠷ ᠰᠠᠷ᠎ᠠ ᠶᠢᠨ 18 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠬᠤᠪᠢ ᠶᠢᠨ ᠠᠵᠦ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ︽ᠬᠤᠶᠠᠷ ᠦᠨᠡᠮᠯᠡᠯ ᠢ ᠨᠡᠶᠢᠯᠡᠭᠦᠯᠬᠦ︾ ᠶᠠᠪᠤᠳᠠᠯ ᠢ ᠡᠨᠡ ᠵᠢᠯ ᠤᠨ ᠦᠢᠯᠡᠳᠪᠦᠷᠢ ᠬᠤᠳᠠᠯᠳᠤᠭᠠᠨ ᠤ ᠵᠦᠢᠯᠡᠰ ᠤᠨ ᠲᠦᠷᠢᠮ ᠤᠨ ᠥᠭᠡᠷᠡᠴᠢᠯᠡᠯᠲᠡ ᠶᠢᠨ ᠭᠤᠣᠯ ᠡᠭᠦᠷᠭᠡ ᠪᠤᠯᠭᠠᠬᠤ ᠪᠠᠷ ᠲᠤᠭᠲᠠᠭᠠᠪᠠ᠃ ᠲᠦᠷᠦ ᠶᠢᠨ ᠶᠠᠪᠤᠳᠠᠯ ᠤᠨ ᠬᠤᠷᠢᠶᠠᠨ ᠤ ᠱᠠᠭᠠᠷᠳᠠᠯᠭ᠎ᠠ ᠶᠣᠰᠣᠭᠠᠷ᠂ ᠠᠵᠦ ᠦᠢᠯᠡᠳᠪᠦᠷᠢ ᠬᠤᠳᠠᠯᠳᠤᠭᠠᠨ ᠤ ᠶᠡᠷᠦᠩᠬᠡᠶ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠯᠦᠭᠡ ᠢᠳᠡᠪᠬᠢᠲᠡᠶ ᠵᠥᠪᠳᠡᠯᠴᠡᠨ᠂ ᠠᠵᠢᠯ ᠢᠶᠠᠨ ᠱᠠᠯᠠᠪᠳᠠᠨ ᠬᠢᠪᠡ᠃ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠠᠵᠢᠯ ᠢ ᠵᠣᠬᠢᠴᠠᠭᠤᠯᠬᠤ ᠲᠤᠰᠬᠠᠢ ᠬᠤᠷᠠᠯ ᠬᠢᠵᠦ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠨᠢᠭᠡᠳᠦᠯᠲᠡᠶ ᠨᠡᠶᠢᠭᠡᠮ ᠤᠨ ᠢᠲᠡᠭᠡᠮᠵᠢ ᠶᠢᠨ ᠤᠷᠤᠯᠠᠬᠤ ᠨᠤᠮᠧᠷ ᠢ ᠬᠡᠷᠡᠭᠯᠡᠬᠦ ᠶᠢ ᠬᠤᠪᠢ ᠶᠢᠨ ᠠᠵᠦ ᠦᠢᠯᠡᠳᠪᠦᠷᠢ ᠬᠤᠳᠠᠯᠳᠤᠭᠠᠨ ᠤ ᠡᠷᠦᠭᠡ ᠶᠢᠨ ︽ᠬᠤᠶᠠᠷ ᠦᠨᠡᠮᠯᠡᠯ ᠢ ᠨᠡᠶᠢᠯᠡᠭᠦᠯᠬᠦ︾ ᠶᠢᠨ ᠨᠢᠭᠡᠳᠦᠯᠲᠡᠶ ᠣᠷᠣᠯᠠᠬᠤ ᠨᠣᠮᠧᠷ ᠪᠤᠯᠭᠠᠬᠤ ᠵᠡᠷᠭᠡ ᠠᠰᠠᠭᠤᠳᠠᠯ ᠢ ᠲᠤᠭᠲᠠᠭᠠᠪᠠ᠃ ᠡᠨᠡ ᠬᠦ ᠰᠠᠭᠤᠷᠢᠨ ᠳᠡᠭᠡᠷ᠎ᠡ᠂ ᠠᠵᠦ ᠦᠢᠯᠡᠳᠪᠦᠷᠢ ᠬᠤᠳᠠᠯᠳᠤᠭᠠᠨ ᠤ ᠶᠡᠷᠦᠩᠬᠡᠶ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ︽ᠬᠡᠷᠡᠭᠴᠡᠭᠡ ᠲᠠᠢ ᠶᠢ  ᠨᠢ ᠦᠯᠡᠳᠡᠭᠡᠬᠦ᠂ ᠠᠳᠠᠯᠢ ᠲᠦᠷᠦᠯ ᠢ ᠨᠢ ᠨᠡᠶᠢᠯᠡᠭᠦᠯᠬᠦ᠂ ᠰᠢᠯᠢᠳᠡᠭᠵᠢᠭᠦᠯᠦᠨ ᠳᠥᠭᠦᠮᠴᠢᠯᠡᠬᠦ︾ ᠵᠠᠷᠴᠢᠮ ᠢᠶᠠᠷ᠂ ᠬᠤᠶᠠᠷ ᠰᠠᠯᠠᠭ᠎ᠠ ᠮᠦᠴᠢᠷ ᠤᠨ ᠠᠵᠢᠯ ᠤᠨ ᠱᠠᠭᠠᠷᠳᠠᠯᠭ᠎ᠠ ᠶᠢ ᠬᠠᠩᠭᠠᠵᠤ ᠳᠡᠶᠢᠯᠡᠬᠦ ᠳᠠᠩᠰᠠᠯᠠᠯᠲᠠ ᠶᠢᠨ ᠪᠢᠴᠢᠭ ᠬᠠᠷ᠎ᠠ ᠶᠢ ᠵᠢᠷᠤᠮᠵᠢᠭᠤᠯᠬᠤ ᠪᠠ ᠲᠤᠬᠠᠶᠢᠯᠠᠭᠰᠠᠨ ᠠᠵᠢᠯ ᠤᠨ ᠴᠤᠪᠤᠷᠠᠯ ᠢ ᠨᠡᠶᠢᠯᠡᠭᠦᠯᠦᠨ ᠰᠢᠯᠢᠳᠡᠭᠵᠢᠭᠦᠯᠵᠦ᠂ ᠬᠤᠶᠠᠷ ᠰᠠᠯᠠᠭ᠎ᠠ ᠮᠥᠴᠢᠷ ᠤᠨ ᠮᠡᠳᠡᠭᠡ ᠵᠠᠩᠭᠢ ᠶᠢ ᠬᠠᠮᠲᠤᠪᠠᠷ ᠬᠦᠷᠲᠡᠬᠦ ᠮᠡᠷᠭᠡᠵᠢᠯ ᠤᠨ ᠲᠥᠰᠦᠯ ᠢ ᠲᠣᠭᠲᠠᠭᠠᠵᠤ᠂ ᠬᠤᠪᠢ ᠶᠢᠨ ᠠᠵᠤ ᠦᠢᠯᠡᠳᠪᠦᠷᠢ ᠬᠤᠳᠠᠯᠳᠤᠭ᠎ᠠ ᠶᠢᠨ ᠡᠷᠥᠭᠡ ᠶᠢᠨ ︽ᠬᠤᠶᠠᠷ ᠦᠨᠡᠮᠯᠡᠯ ᠢ ᠨᠡᠶᠢᠯᠡᠭᠦᠯᠬᠦ︾ ᠬᠤᠯᠪᠣᠭᠳᠠᠯ ᠪᠦᠬᠦᠢ ᠲᠦᠷᠢᠮ ᠢ ᠲᠣᠭᠲᠠᠭᠠᠬᠤ ᠠᠵᠢᠯ ᠢ ᠪᠡᠶᠡᠯᠡᠭᠦᠯᠪᠡ᠃ 8 ᠳ᠋ᠤᠭᠠᠷ ᠰᠠᠷ᠎ᠠ ᠶᠢᠨ ᠰᠡᠭᠦᠯᠴᠢ ᠪᠠᠷ᠂ ᠠᠵᠦ ᠦᠢᠯᠡᠳᠪᠦᠷᠢ ᠬᠤᠳᠠᠯᠳᠤᠭᠠᠨ ᠤ ᠶᠡᠷᠦᠩᠬᠡᠶ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ᠂ ᠲᠦᠷᠦ ᠶᠢᠨ ᠶᠠᠪᠤᠳᠠᠯ ᠤᠨ ᠬᠤᠷᠢᠶᠠᠨ ᠤ ᠬᠠᠤᠯᠢ ᠳᠦᠷᠢᠮ ᠤᠨ ᠠᠵᠢᠯ ᠤᠨ ᠠᠯᠪᠠᠨ ᠭᠡᠷ ᠵᠡᠷᠭᠡ ᠳᠥᠷᠪᠡᠨ ᠰᠠᠯᠠᠭ᠎ᠠ ᠮᠥᠴᠢᠷ ︽ᠰᠠᠨᠠᠯ︾ ᠢ ᠲᠤᠭᠲᠠᠭᠠᠨ ᠨᠡᠶᠢᠲᠡᠯᠡᠵᠡᠶ᠃      3. ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠭᠡ ᠶᠢᠨ ︽ᠬᠤᠶᠠᠷ ᠦᠨᠡᠮᠯᠡᠯ ᠢ ᠨᠡᠶᠢᠯᠡᠭᠦᠯᠬᠦ︾ ᠳᠠᠩᠰᠠᠯᠠᠬᠤ ᠳᠦᠷᠢᠮ ᠤᠨ ᠥᠭᠡᠷᠡᠴᠢᠯᠡᠯᠲᠡ ᠶᠢ ᠬᠡᠷᠡᠭᠵᠢᠭᠦᠯᠬᠦ ᠨᠢ ᠶᠠᠮᠠᠷ ᠠᠴᠢ ᠬᠤᠯᠪᠣᠭᠳᠠᠯ ᠲᠠᠢ ᠪᠤᠢ︖      ᠬᠠᠷᠢᠭᠤᠯᠲᠠ᠄ ᠬᠤᠪᠢ ᠶᠢᠨ ᠠᠵᠤ ᠠᠬᠤᠶ ᠪᠣᠯ ᠮᠠᠨ ᠤ ᠤᠯᠤᠰ ᠤᠨ ᠤᠯᠤᠰ ᠠᠷᠠᠳ ᠤᠨ ᠠᠵᠤ ᠠᠬᠤᠶ ᠶᠢᠨ ᠴᠢᠬᠤᠯᠠ ᠪᠦᠷᠢᠯᠳᠦᠬᠦᠨ ᠬᠡᠰᠡᠭ ᠮᠥᠨ᠃ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠪᠣᠯ ᠮᠠᠨ ᠤ ᠤᠯᠤᠰ ᠤᠨ ᠠᠷᠠᠳ ᠢᠷᠭᠡᠳ ᠤᠨ ᠡᠵᠡᠩᠨᠡᠯᠲᠡ ᠶᠢᠨ ᠠᠵᠢᠯᠯᠠᠭ᠎ᠠ ᠡᠷᠬᠢᠯᠡᠬᠦ ᠶᠢᠨ ᠴᠢᠬᠤᠯᠠ ᠨᠢᠭᠡᠨ ᠭᠤᠣᠯ ᠴᠣᠭᠴᠠ ᠪᠥᠬᠦᠢ ᠬᠡᠯᠪᠡᠷᠢ ᠮᠦᠨ᠂ ᠮᠠᠨ ᠤ ᠤᠯᠤᠰ ᠤᠨ ᠬᠤᠪᠢ ᠶᠢᠨ ᠠᠵᠤ ᠠᠬᠤᠶ ᠨᠢ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ᠂ ᠡᠳ᠋ ᠤᠨ ᠵᠠᠰᠠᠭ ᠤᠨ ᠣᠷᠣᠯᠭ᠎ᠠ ᠶᠢ ᠨᠡᠮᠡᠭᠳᠡᠭᠦᠯᠬᠦ᠂ ᠠᠵᠢᠯ ᠣᠯᠭᠤᠬᠤ ᠠᠳᠠᠯ ᠦᠢᠯᠡᠰ ᠴᠣᠭᠴᠠᠯᠠᠬᠤ ᠶᠢ ᠠᠬᠢᠭᠤᠯᠬᠤ᠂ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠵᠡᠷᠭᠡ ᠲᠠᠯ᠎ᠠ ᠪᠠᠷ ᠴᠢᠬᠤᠯᠠ ᠦᠢᠯᠡᠳᠦᠯ ᠦᠵᠡᠭᠦᠯᠵᠦ ᠪᠠᠶᠢᠨ᠎ᠠ᠃ ︽ᠬᠤᠶᠠᠷ ᠦᠨᠡᠮᠯᠡᠯ ᠢ ᠨᠡᠶᠢᠯᠡᠭᠦᠯᠬᠦ︾ ᠳᠠᠩᠰᠠᠯᠠᠬᠤ ᠳᠦᠷᠢᠮ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠬᠡᠷᠡᠭᠵᠢᠭᠦᠯᠬᠦ ᠨᠢ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠣᠯᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠ᠂ ᠳᠥᠷᠪᠡ᠂ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠤᠱᠠᠯᠠᠭᠤᠯᠤᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠦᠢᠯᠡᠳᠪᠦᠷᠢ ᠬᠤᠳᠠᠯᠳᠤᠭ᠎ᠠ ᠶᠢᠨ ᠵᠦᠢᠯᠡᠰ ᠤᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢᠨ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ ᠡᠨᠡ ᠬᠦ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠬᠤ ᠨᠢ ᠳᠡᠰ ᠳᠠᠷᠠᠭᠠᠯᠠᠯ ᠢ ᠨᠡᠩ ᠳᠥᠭᠦᠮ ᠳᠥᠲᠡ ᠪᠣᠯᠭᠠᠨ᠂ ᠠᠭᠤᠯᠭ᠎ᠠ ᠶᠢ ᠨᠡᠩ ᠪᠦᠷᠢᠨᠰᠢᠭᠦᠯᠵᠦ᠂ ᠴᠤᠪᠤᠷᠠᠯ ᠢ ᠨᠡᠩ ᠰᠢᠯᠢᠳᠡᠭᠵᠢᠭᠦᠯᠦᠨ᠂ ᠡᠬᠢ ᠪᠠᠶᠠᠯᠢᠭ ᠢ ᠨᠡᠩ ᠡᠷᠴᠢᠮᠵᠢᠭᠦᠯᠦᠨ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠰᠢᠨ᠎ᠡ ᠬᠡᠪ ᠵᠠᠭᠪᠤᠷ ᠢ ᠪᠠᠶᠢᠭᠤᠯᠵᠤ᠂ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠭᠡ ᠶᠢᠨ ᠲᠡᠮᠳᠡᠭᠯᠡᠭᠦᠯᠦᠨ ᠳᠠᠩᠰᠠᠯᠠᠭᠤᠯᠬᠤ ᠳᠡᠰ ᠳᠠᠷᠠᠭᠠᠯᠠᠯ ᠢ ᠳᠦᠭᠦᠮᠴᠢᠯᠡᠨ᠂ ᠠᠷᠠᠳ ᠢᠷᠭᠡᠳ ᠤᠨ ᠬᠤᠪᠢ ᠶᠢᠨ ᠡᠵᠡᠩᠨᠡᠯᠲᠡ ᠬᠢᠬᠦ ᠳᠤ ᠳᠦᠭᠦᠮ ᠦᠵᠡᠭᠦᠯᠵᠦ᠂ ᠬᠤᠪᠢ ᠶᠢᠨ ᠪᠠ ᠬᠤᠪᠢ ᠶᠢᠨ ᠡᠵᠡᠩᠨᠡᠯᠲᠡ ᠶᠢᠨ ᠠᠵᠤ ᠠᠬᠤᠶ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠂ ᠦᠢ ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ᠂ ᠲᠦᠭ ᠲᠦᠮᠡᠨ ᠲᠦᠮᠡᠨ ᠢᠶᠠᠷ ᠢᠶᠠᠨ ᠰᠢᠨ᠎ᠡ ᠶᠢ ᠡᠭᠦᠳᠬᠦ ᠶᠢ ᠡᠷᠴᠢᠮᠲᠡᠢ ᠠᠬᠢᠭᠤᠯᠬᠤ ᠳᠤ ᠠᠰᠢᠭᠲᠠᠢ ᠶᠤᠮ᠃ ᠡᠨᠡ ᠬᠦ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠬᠤ ᠨᠢ ᠠᠵᠤ ᠦᠢᠯᠡᠳᠪᠦᠷᠢ ᠬᠤᠳᠠᠯᠳᠤᠭ᠎ᠠ᠂ ᠭᠠᠶᠢᠯᠢ ᠶᠢᠨ ᠶᠠᠪᠤᠳᠠᠯ ᠵᠡᠷᠭᠡ ᠰᠠᠯᠠᠭ᠎ᠠ ᠮᠥᠴᠢᠷ ᠤᠨ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠶᠢ ᠪᠦᠲᠦᠮᠵᠢᠲᠡᠶ ᠠᠬᠢᠭᠤᠯᠤᠨ᠂ ᠤᠯᠠᠨ ᠨᠡᠶᠢᠲᠡ ᠶᠢᠨ ᠦᠢᠯᠡᠴᠢᠯᠡᠭᠡ ᠪᠠ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ ᠴᠢᠳᠠᠬᠤ ᠪᠦᠭᠡᠳ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ᠂ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠪᠠᠶᠢᠭᠤᠯᠵᠦ᠂ ᠤᠯᠤᠰ ᠤᠷᠤᠨ ᠤ ᠴᠡᠭᠴᠡᠯᠡᠨ ᠵᠠᠰᠠᠬᠤ ᠰᠢᠰᠲ᠋ᠧᠮᠵᠢ ᠪᠣᠯᠤᠨ ᠴᠡᠭᠴᠡᠯᠡᠨ ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠶᠢᠨ ᠬᠢᠷᠢ ᠲᠥᠪᠰᠢᠨ ᠢ ᠳᠡᠭᠡᠭᠰᠢᠯᠡᠭᠦᠯᠬᠦ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃      4. ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠤᠬᠡ ᠶᠢᠨ ︽ᠬᠤᠶᠠᠷ ᠦᠨᠡᠮᠯᠡᠯ ᠢ ᠨᠡᠶᠢᠯᠡᠭᠦᠯᠬᠦ︾ ᠳᠠᠩᠰᠠᠯᠠᠬᠤ ᠳᠦᠷᠢᠮ ᠤᠨ ᠥᠭᠡᠷᠡᠴᠢᠯᠡᠯᠲᠡ ᠶᠢ ᠶᠠᠮᠠᠷ ᠬᠠᠷᠠᠯᠲᠠ ᠳᠤ ᠬᠦᠷᠦᠭᠦᠯᠬᠦ ᠪᠤᠢ︖      ᠬᠠᠷᠢᠭᠤᠯᠲᠠ᠄ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ︽ᠬᠤᠶᠠᠷ ᠦᠨᠡᠮᠯᠡᠯ ᠢ ᠨᠡᠶᠢᠯᠡᠭᠦᠯᠬᠦ︾ ᠳᠠᠩᠰᠠᠯᠠᠬᠤ ᠳᠦᠷᠢᠮ ᠤᠨ ᠥᠭᠡᠷᠡᠴᠢᠯᠡᠯᠲᠡ ᠪᠠᠷ ᠳᠠᠮᠵᠢᠨ᠂ ᠠᠷᠠᠳ ᠢᠷᠭᠡᠳ ᠵᠥᠪᠬᠡᠨ ︽ᠨᠢᠭᠡᠯᠡ ᠬᠦᠰᠦᠨᠦᠭᠲᠦ︾ ᠶᠢ ᠲᠠᠭᠯᠠᠨ᠂ ︽ᠨᠢᠭᠡᠯᠡ ᠴᠣᠩᠬᠤᠪᠴᠢ︾ ᠪᠠᠷ ︽ᠨᠢᠭᠡᠯᠡ ᠢᠵᠢ ᠮᠠᠲ᠋ᠧᠷᠢᠶᠠᠯ︾ ᠢ ᠲᠤᠰᠢᠶᠠᠪᠠᠯ ᠳᠠᠷᠤᠶ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠭᠡ ᠶᠢᠨ ᠠᠵᠤ ᠦᠢᠯᠡᠳᠪᠦᠷᠢ ᠬᠤᠳᠠᠯᠳᠤᠭ᠎ᠠ ᠵᠢᠴᠢ ᠭᠠᠶᠢᠯᠢ ᠶᠢᠨ ᠶᠠᠪᠤᠳᠠᠯ ᠤᠨ ᠳᠠᠩᠰᠠᠯᠠᠯᠲᠠ ᠶᠢ ᠭᠦᠢᠴᠡᠳᠬᠡᠵᠦ᠂ ᠠᠵᠤ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠦᠴᠢᠷ ᠠᠴᠠ ᠲᠤᠰ ᠲᠤᠰ ᠡᠵᠡᠩᠨᠡᠯᠲᠡ ᠶᠢᠨ ᠦᠨᠡᠮᠯᠡᠯ ᠪᠣᠯᠤᠨ ᠭᠠᠶᠢᠯᠢ ᠶᠢᠨ ᠶᠠᠪᠤᠳᠠᠯ ᠢ ᠳᠠᠩᠰᠠᠯᠠᠬᠤ ᠦᠨᠡᠮᠯᠡᠯ ᠢ ᠬᠢᠨᠠᠨ ᠣᠯᠭᠤᠵᠣ ᠪᠠᠶᠢᠭᠰᠠᠨ ᠢ ᠠᠵᠤ ᠦᠢᠯᠡᠳᠪᠦᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠠᠤᠯᠢ ᠶᠢᠨ ᠡᠷᠬᠡᠲᠡᠨ ᠪᠣᠯᠣᠨ ᠪᠤᠰᠤᠳ ᠵᠣᠬᠢᠶᠠᠨ ᠪᠠᠶᠢᠭᠤᠯᠤᠯᠲᠠ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠶ ᠤᠷᠤᠯᠠᠬᠤ ᠨᠣᠮᠧᠷ ᠨᠡᠮᠡᠭᠰᠡᠨ ᠡᠵᠡᠩᠨᠡᠯᠲᠡ ᠶᠢᠨ ᠦᠨᠡᠮᠯᠡᠯ ᠢ ᠬᠢᠨᠠᠨ ᠣᠯᠭᠤᠬᠤ ᠪᠣᠯᠭᠠᠨ ᠦᠭᠡᠷᠡᠴᠢᠯᠡᠨ᠎ᠡ᠃ ᠡᠭᠦᠨ ᠤ ᠬᠠᠮᠲᠤ᠂ ᠠᠵᠤ ᠦᠢᠯᠡᠳᠪᠦᠷᠢ ᠬᠤᠳᠠᠯᠳᠤᠭ᠎ᠠ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠳ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠤᠭᠡ ᠶᠢᠨ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠴᠠᠭ ᠲᠤᠬᠠᠶ ᠳᠤᠨᠢ ᠬᠠᠮᠲᠤᠪᠠᠷ ᠡᠳ᠋ᠯᠡᠬᠦ ᠶᠢ ᠪᠡᠶᠡᠯᠡᠭᠦᠯᠬᠦ ᠪᠣᠯᠣᠨ᠎ᠠ᠃ ︽ᠬᠤᠶᠠᠷ ᠦᠨᠡᠮᠯᠡᠯ ᠢ ᠨᠡᠶᠢᠯᠡᠭᠦᠯᠬᠦ︾ ᠪᠠᠷ ᠳᠠᠮᠵᠢᠨ ᠨᠢᠭᠡ ᠦᠨᠡᠮᠯᠡᠯ ᠨᠢᠭᠡ ᠤᠷᠤᠯᠠᠬᠤ ᠨᠣᠮᠧᠷ᠂ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ᠂ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠶᠢ ᠪᠡᠶᠡᠯᠡᠭᠦᠯᠵᠦ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠠᠳᠠᠯ ᠦᠢᠯᠡᠰ ᠴᠣᠭᠴᠠᠯᠠᠬᠤ ᠡᠵᠡᠩᠨᠡᠯᠲᠡ ᠶᠢᠨ ᠳᠥᠭᠦᠮᠴᠢᠯᠡᠯᠲᠡ ᠶᠢᠨ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠪᠣᠯᠣᠨ᠎ᠠ᠃      5. ᠡ᠊ᠨᠡ ᠬᠦ ᠥᠭᠡᠷᠡᠴᠢᠯᠡᠯᠲᠡ ᠨᠢ ᠶᠠᠮᠠᠷ ᠶᠠᠮᠠᠷ ᠦᠨᠳᠦᠰᠦᠨ ᠵᠠᠷᠴᠢᠮ ᠢ ᠵᠢᠷᠤᠮᠯᠠᠭᠰᠠᠨ ᠬᠡᠷᠡᠭᠲᠡᠢ ᠪᠤᠢ︖      ᠬᠠᠷᠢᠭᠤᠯᠲᠠ᠄ ᠡᠨᠡ ᠬᠦ ᠥᠭᠡᠷᠡᠴᠢᠯᠡᠯᠲᠡ ᠨᠢ ᠭᠤᠷᠪᠠᠨ ᠵᠠᠷᠴᠢᠮ ᠢ ᠵᠢᠷᠤᠮᠯᠠᠪᠠ᠄ ᠨᠢᠭᠡ ᠳᠤ ᠳᠥᠭᠦᠮ ᠳᠥᠲᠡ ᠪᠥᠭᠡᠳ ᠥᠨᠳᠥᠷ ᠪᠦᠲᠦᠮᠵᠢᠲᠡᠶ ᠪᠠᠶᠢᠬᠤ ᠵᠠᠷᠴᠢᠮ ᠢ ᠪᠠᠷᠢᠮᠳᠠᠯᠠᠪᠠ᠃ ᠳᠠᠷᠤᠶ ᠳᠡᠰ ᠳᠠᠷᠠᠭᠠᠯᠠᠯ ᠢ ᠳᠦᠭᠦᠮᠴᠢᠯᠡᠬᠦ᠂ ᠦᠨᠡᠮᠯᠡᠯ ᠠᠪᠬᠤ ᠳᠤ ᠥᠨᠳᠥᠷ ᠪᠦᠲᠦᠮᠵᠢᠲᠡᠶ ᠪᠠᠶᠢᠬᠤ ᠱᠠᠭᠠᠷᠳᠠᠯᠭ᠎ᠠ ᠶᠣᠰᠣᠭᠠᠷ᠂ ᠬᠢᠨᠠᠨ ᠵᠥᠪᠰᠢᠶᠡᠷᠡᠬᠦ ᠴᠣᠪᠣᠷᠠᠯ ᠢ ᠰᠢᠯᠢᠳᠡᠭᠵᠢᠭᠦᠯᠦᠨ᠂ ᠦᠢᠯᠡᠴᠢᠯᠡᠭᠡᠨ ᠤ ᠠᠷᠭ᠎ᠠ ᠮᠠᠶ᠋ᠢᠭ ᠢ ᠰᠢᠨᠡᠴᠢᠯᠡᠵᠦ᠂ ᠳᠠᠩᠰᠠᠯᠠᠭᠤᠯᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠶᠢᠨ ᠳᠠᠩᠰᠠᠯᠠᠭᠤᠯᠬᠤ ᠳᠤ ᠳᠦᠭᠦᠮ ᠦᠵᠡᠭᠦᠯᠪᠡ᠃ ᠬᠤᠶᠠᠷ ᠲᠤ ᠵᠢᠷᠤᠮᠵᠢᠭᠤᠯᠤᠨ ᠨᠢᠭᠡᠳᠬᠡᠬᠦ ᠵᠠᠷᠴᠢᠮ ᠢ ᠪᠠᠷᠢᠮᠳᠠᠯᠠᠪᠠ᠃ ᠳᠠᠷᠤᠢ ᠰᠢᠯᠢᠳᠡᠭᠵᠢᠭᠦᠯᠬᠦ᠂ ᠨᠡᠶᠢᠯᠡᠭᠦᠯᠬᠦ᠂ ᠨᠢᠭᠡ ᠴᠣᠭᠴᠠᠵᠢᠭᠤᠯᠬᠤ ᠵᠠᠷᠴᠢᠮ ᠶᠣᠰᠤᠭᠠᠷ᠂ ︽ᠬᠤᠶᠠᠷ ᠦᠨᠡᠮᠯᠡᠯ ᠢ ᠨᠡᠶᠢᠯᠡᠭᠦᠯᠬᠦ︾ ᠳᠠᠩᠰᠠᠯᠠᠬᠤ ᠴᠣᠪᠤᠷᠠᠯ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ︽ᠬᠤᠶᠠᠷ ᠦᠨᠡᠮᠯᠡᠯ ᠢ ᠨᠡᠶᠢᠯᠡᠭᠦᠯᠬᠦ︾ ᠨᠢᠭᠡᠳᠦᠯᠲᠡᠶ ᠳᠠᠩᠰᠠᠯᠠᠬᠤ ᠳᠡᠰ ᠳᠠᠷᠠᠭᠠᠯᠠᠯ ᠪᠣᠯᠣᠨ ᠳᠠᠩᠰᠠᠯᠠᠬᠤ ᠱᠠᠭᠠᠷᠳᠠᠯᠭ᠎ᠠ ᠶᠢ ᠬᠡᠷᠡᠭᠵᠢᠭᠦᠯᠵᠦ᠂ ᠳᠠᠩᠰᠠᠯᠠᠬᠤ ᠨᠥᠬᠦᠴᠡᠯ᠂ ᠮᠠᠲ᠋ᠧᠷᠢᠶᠠᠯ ᠢ ᠵᠢᠷᠤᠮᠵᠢᠭᠤᠯᠪᠠ᠃ ᠭᠤᠷᠪᠠ ᠳᠤ ᠨᠢᠭᠡᠳᠦᠯᠲᠡᠶ ᠲᠥᠯᠥᠪᠵᠢᠭᠦᠯᠦᠨ ᠠᠬᠢᠭᠤᠯᠬᠤ ᠵᠠᠷᠴᠢᠮ ᠢ ᠪᠠᠷᠢᠮᠳᠠᠯᠠᠪᠠ᠃ ᠳᠠᠷᠤᠶ ᠨᠢᠭᠡᠯᠡ ᠴᠣᠩᠬᠤᠪᠴᠢ ᠪᠠᠷ ᠬᠦᠯᠢᠶᠡᠨ ᠠᠪᠴᠤ ᠭᠦᠢᠴᠡᠳᠬᠡᠬᠦ᠂ ᠨᠢᠭᠡ ᠥᠷᠲᠡᠭᠡᠨ ᠤ ᠮᠠᠶ᠋ᠢᠭ ᠢᠶᠠᠷ ᠦᠢᠯᠡᠴᠢᠯᠡᠬᠦ ᠠᠵᠢᠯ ᠤᠨ ᠲᠣᠭᠲᠠᠴᠠ ᠶᠢ ᠶᠡᠬᠡᠪᠡᠷ ᠬᠡᠷᠡᠭᠵᠢᠭᠦᠯᠵᠦ᠂ ︽ᠬᠤᠶᠠᠷ ᠦᠨᠡᠮᠯᠡᠯ ᠢ ᠨᠡᠶᠢᠯᠡᠭᠦᠯᠬᠦ ︾ ᠳᠠᠩᠰᠠᠯᠠᠬᠤ ᠳᠦᠷᠢᠮ ᠤᠨ ᠥᠭᠡᠷᠡᠴᠢᠯᠡᠯᠲᠡ ᠶᠢ ᠪᠦᠬᠦ ᠶᠠᠪᠤᠴᠠ ᠪᠠᠷ ᠡᠯᠧᠺᠲᠷᠣᠨᠴᠢᠯᠡᠡ ᠳᠠᠩᠰᠠᠯᠠᠨ ᠬᠠᠮᠢᠶᠠᠷᠬᠤ᠂ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠵᠠᠷᠯᠠᠨ ᠨᠡᠶᠢᠲᠡᠯᠡᠬᠦ ᠰᠢᠰᠲ᠋ᠧᠮ ᠢ ᠪᠠᠶᠢᠭᠤᠯᠬᠤ ᠂ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤᠪᠠᠷ ᠬᠦᠷᠲᠡᠬᠦ ᠲᠠᠪᠴᠠᠩ ᠢ ᠪᠠᠶᠢᠭᠤᠯᠬᠤ ᠵᠡᠷᠭᠡ ᠠᠵᠢᠯ ᠯᠤᠭ᠎ᠠ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠵᠣᠬᠢᠴᠠᠯᠳᠤᠭᠤᠯᠤᠨ ᠠᠬᠢᠭᠤᠯᠪᠠ᠃      6. ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠤᠬᠡ ᠶᠢᠨ ︽ᠬᠤᠶᠠᠷ ᠦᠨᠡᠮᠯᠡᠯ ᠢ ᠨᠡᠶᠢᠯᠡᠭᠦᠯᠬᠦ︾ ᠳᠠᠩᠰᠠᠯᠠᠬᠤ ᠳᠦᠷᠢᠮ ᠤᠨ ᠥᠭᠡᠷᠡᠴᠢᠯᠡᠯᠲᠡ ᠶᠢᠨ ᠭᠤᠣᠯ ᠠᠭᠤᠯᠭ᠎ᠠ ᠳᠤ ᠬᠡᠳᠦᠨ ᠲᠠᠯ᠎ᠠ ᠪᠠᠭᠲᠠᠬᠤ ᠪᠤᠢ︖      ᠬᠠᠷᠢᠭᠤᠯᠲᠠ᠄ ᠡᠨᠡ ᠬᠦ ᠥᠭᠡᠷᠡᠴᠢᠯᠡᠯᠲᠡ ᠳᠤ ᠭᠤᠣᠯ ᠨᠢ 7 ᠲᠠᠯ᠎ᠠ ᠶᠢᠨ ᠠᠭᠤᠯᠭ᠎ᠠ ᠪᠠᠭᠲᠠᠨ᠎ᠠ᠄      ᠨᠢᠭᠡ ᠳᠤ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠡᠵᠡᠩᠨᠡᠯᠲᠡ ᠶᠢᠨ ᠦᠨᠡᠮᠯᠡᠯ ᠪᠣᠯᠣᠨ ᠭᠠᠶᠢᠯᠢ ᠶᠢᠨ ᠶᠠᠪᠤᠳᠠᠯ ᠤᠨ ᠳᠠᠩᠰᠠᠯᠠᠯᠲᠠ ᠶᠢᠨ ᠦᠨᠡᠮᠯᠡᠯ ᠢ ᠨᠡᠶᠢᠯᠡᠭᠦᠯᠬᠦ ᠶᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ ︽ᠰᠠᠨᠠᠯ︾ ᠨᠢ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠪᠠᠶᠢᠩᠭᠤ ᠶᠢᠨ ᠬᠤᠷᠠᠯ ᠤᠨ ᠱᠠᠭᠠᠷᠳᠠᠯᠭ᠎ᠠ ᠪᠣᠯᠣᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠤᠯᠤᠰ ᠤᠨ ᠪᠠᠷᠢᠮᠵᠢᠶ᠎ᠠ ᠶᠢ ᠦᠨᠳᠦᠰᠦᠯᠡᠨ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ ᠨᠢᠭᠡᠳᠦᠯᠲᠡᠶ ᠳᠠᠩᠰᠠᠯᠠᠬᠤ ᠴᠣᠪᠤᠷᠠᠯ᠂ ᠨᠢᠭᠡᠳᠦᠯᠲᠡᠶ ᠨᠣᠮᠧᠷ ᠪᠣᠯᠣᠨ ᠨᠣᠮᠧᠷ ᠣᠯᠭᠤᠬᠤ ᠳᠦᠷᠢᠮ ᠵᠡᠷᠭᠡ ᠶᠢ ᠪᠠᠶᠢᠭᠤᠯᠵᠤ᠂ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠭᠡ ᠶᠢᠨ ︽ᠬᠤᠶᠠᠷ ᠦᠨᠡᠮᠯᠡᠯ ᠢ ᠨᠡᠶᠢᠯᠡᠭᠦᠯᠬᠦ︾ ᠳᠠᠩᠰᠠᠯᠠᠯᠲᠠ ᠶᠢᠨ ᠬᠡᠪ ᠵᠠᠭᠪᠤᠷ ᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ ︽ᠨᠢᠭᠡᠯᠡ ᠴᠣᠩᠬᠤᠪᠴᠢ ᠪᠠᠷ ᠬᠦᠯᠢᠶᠡᠨ ᠠᠪᠴᠤ ᠭᠦᠢᠴᠡᠳᠬᠡᠬᠦ᠂ ᠬᠠᠷᠢᠯᠴᠠᠨ ᠬᠤᠯᠪᠣᠭᠠᠯᠠᠨ ᠬᠠᠷᠢᠯᠴᠠᠨ ᠨᠡᠪᠲᠡᠷᠡᠯᠴᠡᠬᠦ᠂ ᠮᠡᠳᠡᠭᠡ ᠵᠠᠩᠭᠢ ᠶᠢ ᠬᠠᠮᠲᠤᠪᠠᠷ ᠬᠦᠷᠲᠡᠬᠦ︾ ᠪᠠᠷ ᠳᠠᠮᠵᠢᠨ᠂ ᠠᠵᠤ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠨᠡᠶᠢᠭᠡᠮ ᠤᠨ ᠢᠲᠡᠭᠡᠮᠵᠢ ᠶᠢᠨ ᠤᠷᠤᠯᠠᠬᠤ ᠨᠣᠮᠧᠷ ᠨᠡᠮᠡᠭᠰᠡᠨ ᠨᠢᠭᠡᠳᠦᠯᠲᠡᠢ ᠡᠵᠡᠩᠨᠡᠯᠲᠡ ᠶᠢᠨ ᠦᠨᠡᠮᠯᠡᠯ ᠢ ᠬᠢᠨᠠᠨ ᠣᠯᠭᠤᠵᠣ᠂ ᠲᠤᠰ ᠡᠵᠡᠩᠨᠡᠯᠲᠡ ᠶᠢᠨ ᠦᠨᠡᠮᠯᠡᠯ ᠢ ᠤᠤᠯ ᠤᠨ ᠡᠵᠡᠩᠨᠡᠯᠲᠡ ᠶᠢᠨ ᠦᠨᠡᠮᠯᠡᠯ ᠪᠣᠯᠤᠨ ᠭᠠᠶᠢᠯᠢ ᠶᠢᠨ ᠶᠠᠪᠤᠳᠠᠯ ᠤᠨ ᠳᠠᠩᠰᠠᠯᠠᠯᠲᠠ ᠶᠢᠨ ᠦᠨᠡᠮᠯᠡᠯ ᠤᠨ ᠴᠢᠳᠠᠪᠤᠷᠢ ᠶᠢ ᠲᠠᠢ ᠪᠣᠯᠭᠠᠨ᠎ᠠ᠃ ᠠᠵᠤ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠨᠣᠮᠧᠷ ᠣᠯᠭᠤᠭᠰᠠᠨ ᠤ ᠲᠠᠷᠠᠭ᠎ᠠ᠂ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠶ ᠤᠷᠤᠯᠠᠬᠤ ᠨᠣᠮᠧᠷ ᠪᠣᠯᠣᠨ ᠬᠠᠮᠢᠶ᠎ᠠ ᠪᠦᠬᠦᠢ ᠮᠡᠳᠡᠭᠡ ᠵᠠᠩᠭᠢ ᠶᠢ ᠲᠣᠭᠲᠠᠭᠰᠠᠨ ᠬᠤᠭᠤᠴᠠᠭᠠᠨ ᠳᠣᠲᠤᠷ᠎ᠠ ᠨᠢᠭᠡᠳᠦᠯᠲᠡᠢ ᠤᠷᠤᠯᠠᠬᠤ ᠨᠣᠮᠧᠷ ᠤᠨ ᠲᠤᠭ᠎ᠠ ᠪᠠᠷᠢᠮᠳᠠ ᠶᠢᠨ ᠬᠥᠮᠥᠷᠭᠡ ᠳᠤ ᠡᠭᠡᠭᠦᠯᠦᠨ ᠪᠤᠴᠠᠭᠠᠬᠤ ᠪᠣᠯᠭᠠᠨ᠎ᠠ᠃      ᠬᠤᠶᠠᠷ ᠲᠤ ᠳᠠᠩᠰᠠᠯᠠᠬᠤ ᠨᠥᠬᠦᠴᠡᠯ ᠢ ᠨᠢᠭᠡᠳᠬᠡᠵᠦ᠂ ᠳᠠᠩᠰᠠᠯᠠᠬᠤ ᠴᠤᠪᠤᠷᠠᠯ ᠢ ᠵᠢᠷᠤᠮᠵᠢᠭᠤᠯᠤᠨ᠎ᠠ᠃ ︽ᠰᠠᠨᠠᠯ︾ ᠨᠢ ︽ᠬᠡᠷᠡᠭᠴᠡᠭᠡ ᠲᠠᠢ ᠶᠢ ᠨᠢ ᠦᠯᠡᠳᠡᠭᠡᠬᠦ᠂ ᠠᠳᠠᠯᠢ ᠲᠦᠷᠦᠯ ᠢ ᠨᠡᠶᠢᠯᠡᠭᠦᠯᠬᠦ᠂ ᠰᠢᠯᠢᠳᠡᠭᠵᠢᠭᠦᠯᠦᠨ ᠳᠥᠭᠦᠮᠴᠢᠯᠡᠬᠦ︾ ᠵᠠᠷᠴᠢᠮ ᠢᠶᠠᠷ᠂ ᠭᠤᠶᠤᠴᠢᠯᠠᠬᠤ ᠂ ᠬᠦᠯᠢᠶᠡᠨ ᠠᠪᠬᠤ᠂ ᠬᠢᠨᠠᠨ ᠪᠠᠶᠢᠴᠠᠭᠠᠬᠤ᠂ ᠬᠢᠨᠠᠨ ᠵᠥᠪᠰᠢᠶᠡᠷᠡᠬᠦ᠂ ᠦᠨᠡᠮᠯᠡᠯ ᠣᠯᠭᠤᠬᠤ᠂ ᠢᠯᠡ ᠨᠡᠶᠢᠲᠡᠯᠡᠬᠦ ᠵᠡᠷᠭᠡ ᠴᠤᠪᠤᠷᠠᠯ ᠢ ᠨᠡᠶᠢᠯᠡᠭᠦᠯᠦᠨ ᠰᠢᠯᠢᠳᠡᠭᠵᠢᠭᠦᠯᠵᠦ᠂ ᠳᠠᠩᠰᠯᠠᠯᠳᠠ ᠶᠢ ᠬᠢᠨᠠᠨ ᠵᠥᠪᠰᠢᠶᠡᠷᠡᠬᠦ ᠴᠠᠭ ᠢ ᠪᠣᠭᠤᠨᠢᠰᠬᠠᠨ᠎ᠠ᠃ ᠨᠢᠭᠡᠳᠦᠯᠲᠡᠶ ᠳᠠᠩᠰᠠᠯᠠᠬᠤ ᠨᠥᠬᠦᠴᠡᠯ᠂ ᠳᠠᠩᠰᠠᠯᠠᠭᠤᠯᠬᠤ ᠭᠤᠶᠤᠴᠢᠯᠠᠯ ᠤᠨ ᠪᠢᠴᠢᠭ ᠤᠨ ᠵᠢᠷᠤᠮᠵᠢᠯ ᠢ ᠬᠡᠷᠡᠭᠵᠢᠭᠦᠯᠦᠨ᠎ᠡ᠃ ᠭᠤᠶᠤᠴᠢᠯᠠᠭᠴᠢ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠭᠡ ᠪᠠᠷ ᠳᠠᠩᠰᠠᠯᠠᠨ ᠲᠡᠮᠳᠡᠭᠯᠡᠭᠦᠯᠬᠦ ᠳᠡᠭᠡᠨ ᠵᠥᠪᠬᠡᠨ ︽ᠨᠢᠭᠡ ᠬᠦᠰᠦᠨᠦᠭᠲᠦ︾ ᠶᠢ ᠲᠠᠭᠯᠠᠵᠤ ︽ᠨᠢᠭᠡ ᠴᠤᠩᠬᠤᠪᠴᠢ︾ ᠳᠤ ︽ᠨᠢᠭᠡ ᠢᠵᠢ ᠮᠠᠲ᠋ᠧᠷᠢᠶᠠᠯ︾ ᠲᠤᠰᠢᠶᠠᠪᠠᠯ ᠪᠣᠯᠴᠢᠬᠠᠨ᠎ᠠ᠃ ᠠᠵᠤ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠭᠤᠶᠤᠴᠢᠯᠠᠯ ᠢ ᠬᠦᠯᠢᠶᠡᠨ ᠠᠪᠬᠤ ᠪᠠ ᠬᠢᠨᠠᠨ ᠵᠥᠪᠰᠢᠶᠡᠷᠡᠭᠰᠡᠨ ᠤ ᠪᠠᠨ ᠲᠡᠷᠠᠭ᠎ᠠ᠂ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠭᠡ ᠳᠤ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠶ ᠣᠷᠣᠯᠠᠬᠤ ᠨᠣᠮᠧᠷ ᠢ ᠬᠠᠳᠤᠭᠰᠠᠨ ᠡᠵᠡᠩᠨᠡᠯᠲᠡ ᠶᠢᠨ ᠦᠨᠡᠮᠯᠡᠯ ᠢ ᠬᠢᠨᠠᠨ ᠣᠯᠭᠤᠵᠤ᠂ ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠨᠡᠶᠢᠲᠡᠯᠡᠬᠦ ᠰᠢᠰᠲ᠋ᠧᠮ ᠳᠤ ᠨᠡᠶᠢᠲᠡᠯᠡᠬᠦ ᠶᠢᠨ ᠬᠠᠮᠲᠤ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠯᠤᠭ᠎ᠠ ᠭᠤᠶᠤᠴᠢᠯᠠᠭᠰᠠᠨ ᠮᠠᠲ᠋ᠧᠷᠢᠶᠠᠯ ᠪᠣᠯᠤᠨ ᠬᠢᠨᠠᠭᠰᠠᠨ ᠮᠡᠳᠡᠭᠡ ᠵᠠᠩᠭᠢ ᠶᠢ ᠬᠠᠮᠲᠤ ᠪᠠᠷ ᠬᠦᠷᠲᠡᠵᠦ᠂ ᠲᠤᠭ᠎ᠠ ᠪᠠᠷᠢᠮᠲᠠ ᠶᠢ ᠴᠠᠭ ᠲᠤᠬᠠᠢ ᠳᠤᠨᠢ ᠰᠣᠯᠢᠯᠴᠠᠬᠤ᠂ ᠲᠠᠩᠰᠠ ᠡᠪᠬᠡᠮᠡᠯ ᠢ ᠬᠠᠷᠢᠯᠴᠠᠨ ᠮᠡᠳᠡᠷᠡᠯᠴᠡᠬᠦ ᠶᠢ ᠪᠡᠶᠡᠯᠡᠭᠦᠯᠦᠨ᠎ᠡ᠃ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠤᠬᠡ ᠶᠢᠨ ᠡᠯᠧᠺᠲᠷᠣᠨ ᠳᠠᠩᠰᠠ ᠡᠪᠬᠡᠮᠡᠯ ᠪᠣᠯᠤᠨ ᠴᠠᠭᠠᠰᠤᠨ ᠳᠠᠩᠰᠠ ᠡᠪᠬᠡᠮᠡᠯ ᠢ ᠠᠳᠠᠯᠢᠬᠠᠨ ᠬᠠᠤᠯᠢ ᠶᠢᠨ ᠬᠦᠴᠦᠨ ᠲᠠᠢ ᠪᠣᠯᠭᠠᠨ᠎ᠠ᠃ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠨᠢ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠭᠠᠶᠢᠯᠢ ᠳᠤ ᠬᠤᠯᠪᠣᠭᠳᠠᠭᠰᠠᠨ ᠬᠡᠷᠡᠭ ᠶᠠᠪᠤᠳᠠᠯ ᠢ ᠭᠦᠢᠴᠡᠳᠬᠡᠬᠦ ᠳᠤᠨᠢ᠂ ᠨᠢᠭᠡᠳᠦᠯᠲᠡᠶ ᠨᠡᠶᠢᠭᠡᠮ ᠤᠨ ᠢᠲᠡᠭᠡᠮᠵᠢ ᠶᠢᠨ ᠨᠣᠮᠧᠷ ᠵᠡᠷᠭᠡ ᠬᠠᠮᠢᠶ᠎ᠠ ᠪᠦᠬᠦᠢ ᠮᠡᠳᠡᠭᠡ ᠵᠠᠩᠭᠢ ᠶᠢ  ᠨᠢ ᠦᠨᠡᠮᠰᠢᠵᠦ᠂ ᠭᠠᠶᠢᠯᠢ ᠶᠢᠨ ᠶᠠᠪᠤᠳᠠᠯ ᠤᠨ ᠬᠠᠮᠢᠶᠠᠷᠤᠯᠲᠠ ᠬᠢᠨ᠎ᠡ᠃      ᠭᠤᠷᠪᠠ ᠳᠤ ᠳᠠᠩᠰᠠᠯᠠᠨ ᠲᠡᠮᠳᠡᠭᠯᠡᠬᠦ ᠬᠠᠮᠢᠶᠠᠷᠬᠤ ᠦᠢᠯᠡᠴᠢᠯᠡᠭᠡᠨ ᠤ ᠬᠡᠯᠪᠡᠷᠢ ᠶᠢ ᠰᠢᠯᠢᠳᠡᠭᠵᠢᠭᠦᠯᠦᠨ᠎ᠡ᠃ ︽ᠰᠠᠨᠠᠯ︾ ᠳᠤ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠳᠠᠩᠰᠠᠯᠠᠯᠲᠠ ᠳᠤ ᠭᠠᠷᠳᠠᠮ ᠭᠦᠢᠴᠡᠳᠬᠡᠬᠦ ᠨᠢ ᠢᠯᠡ᠂ ᠬᠤᠭᠤᠴᠠᠭ᠎ᠠ ᠲᠣᠭᠲᠠᠭᠠᠨ ᠭᠦᠢᠴᠡᠳᠬᠡᠬᠦ᠂ ᠲᠤᠩᠭᠠᠴᠠ ᠲᠠᠢ ᠭᠦᠢᠴᠡᠳᠬᠡᠬᠦ ᠶᠢ ᠪᠡᠶᠡᠯᠡᠭᠦᠯᠵᠦ᠂ ᠨᠥᠬᠦᠴᠡᠯ ᠢ ᠢᠯᠡ ᠪᠣᠯᠭᠠᠬᠤ᠂ ᠴᠤᠪᠤᠷᠠᠯ ᠢ ᠢᠯᠡ ᠪᠣᠯᠭᠠᠬᠤ᠂ ᠦᠷ᠎ᠡ ᠳ᠋ᠦᠩ ᠢ ᠢᠯᠡ ᠪᠣᠯᠭᠠᠬᠤ ᠬᠡᠷᠡᠭᠲᠡᠢ᠃ ᠤᠯᠤᠰ ᠤᠨ ᠨᠢᠭᠤᠴᠠ᠂ ᠬᠤᠳᠠᠯᠳᠤᠭᠠᠨ ᠤ ᠨᠢᠭᠤᠴᠠ ᠪᠤᠶᠤ ᠬᠤᠪᠢ ᠬᠥᠮᠦᠨ ᠤ ᠨᠢᠭᠤᠴᠠ ᠳᠤ ᠬᠤᠯᠪᠣᠭᠳᠠᠬᠤ ᠵᠦᠢᠯᠡᠰ ᠢ ᠭᠠᠷᠭᠠᠪᠠᠯ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠭᠡ ᠶᠢᠨ ᠦᠨᠳᠦᠰᠦᠨ ᠮᠡᠳᠡᠭᠡ ᠵᠠᠩᠭᠢ ᠶᠢ ᠴᠠᠭ ᠲᠤᠬᠠᠶ ᠳᠤᠨᠢ ᠢᠯᠡ ᠪᠣᠯᠭᠠᠬᠤ ᠬᠡᠷᠡᠭᠲᠡᠢ ᠭᠡᠵᠦ ᠱᠠᠭᠠᠷᠳᠠᠪᠠ᠃ ᠡᠯ᠎ᠡ ᠭᠠᠵᠠᠷ ᠲᠤᠰ ᠭᠠᠵᠠᠷ ᠣᠷᠣᠨ ᠤ ᠪᠠᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠲᠣᠪᠴᠢ ᠣᠶᠢᠯᠠᠭᠠᠮᠵᠢᠲᠠᠶ ︽ᠬᠤᠶᠠᠷ ᠦᠨᠡᠮᠯᠡᠯ ᠢ ᠨᠡᠶᠢᠯᠡᠭᠦᠯᠬᠦ︾ ᠳᠠᠩᠰᠠᠯᠠᠯ ᠤᠨ ᠭᠠᠷᠳᠠᠮ ᠭᠦᠢᠴᠡᠳᠬᠡᠬᠦ ᠵᠦᠭᠯᠡᠭᠦᠷ ᠢ ᠲᠤᠭᠲᠠᠭᠠᠵᠤ᠂ ︽ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢ ᠳᠠᠩᠰᠠᠯᠠᠬᠤ ᠲᠤᠬᠠᠶᠢᠯᠠᠭᠰᠠᠨ ᠠᠵᠢᠯ ᠤᠨ ᠴᠤᠪᠤᠷᠠᠯ ︾ ︵ᠳᠠᠭᠠᠯᠳᠤᠭᠤᠯᠤᠯ 3︶ ᠤᠨ ᠲᠣᠭᠲᠠᠭᠠᠯ ᠢ ᠴᠢᠩᠭ᠎ᠠ ᠵᠢᠷᠤᠮᠯᠠᠨ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠠᠵᠢᠯ ᠡᠬᠢᠯᠡᠬᠦ ᠪᠠᠨ ᠳᠠᠩᠰᠠᠯᠠᠭᠤᠯᠬᠤ᠂ ᠳᠠᠩᠰᠠᠯᠠᠯ ᠢᠶᠠᠨ ᠬᠤᠪᠢᠷᠠᠭᠤᠯᠬᠤ᠂ ᠳᠠᠩᠰᠠᠯᠠᠯ ᠢᠶᠠᠨ ᠬᠦᠴᠦᠨ ᠦᠭᠡᠢ ᠪᠣᠯᠭᠠᠬᠤ ᠶᠢ ᠨᠢ ᠭᠦᠢᠴᠡᠳᠬᠡᠵᠦ ᠥᠭᠬᠦ ᠬᠡᠷᠡᠭᠲᠡᠢ᠃ ᠠᠵᠤ ᠦᠢᠯᠡᠳᠪᠦᠷᠢ ᠬᠤᠳᠠᠯᠳᠤᠭᠠᠨ ᠤ ᠰᠠᠯᠠᠭ᠎ᠠ ᠮᠥᠴᠢᠷ ᠤᠳ ᠭᠤᠶᠤᠴᠢᠯᠠᠭᠴᠢ ᠳᠤ ᠮᠡᠳᠡᠭᠳᠡᠬᠦ ᠡᠭᠦᠷᠭᠡ ᠪᠠᠨ ᠦᠨᠡᠨᠬᠦ ᠭᠦᠢᠴᠡᠳᠬᠡᠵᠦ᠂ ᠭᠠᠶᠢᠯᠢ ᠳᠤ ᠬᠤᠯᠪᠣᠭᠳᠠᠭᠰᠠᠨ ᠬᠠᠮᠢᠶ᠎ᠠ ᠪᠦᠬᠦᠢ ᠬᠡᠷᠡᠭ ᠶᠠᠪᠤᠳᠠᠯ ᠢ ᠮᠡᠳᠡᠭᠳᠡᠬᠦ᠂ ᠴᠠᠭ ᠲᠤᠬᠠᠶ ᠳᠤᠨᠢ ᠵᠥᠪᠯᠡᠯᠭᠡ ᠦᠢᠯᠡᠴᠢᠯᠡᠭᠡ ᠥᠭᠴᠦ᠂ ᠳᠣᠲᠣᠭᠠᠳᠤ ᠳᠠᠭᠠᠨ ᠰᠢᠮᠳᠠᠭᠤᠯᠤᠨ ᠪᠠᠶᠢᠴᠠᠭᠠᠬᠤ ᠪᠠ ᠨᠡᠶᠢᠭᠡᠮ ᠤᠨ ᠬᠢᠨᠠᠯᠲᠠ ᠲᠠᠯᠪᠢᠬᠤ ᠶᠢ ᠴᠢᠩᠭᠠᠳᠬᠠᠵᠤ᠂ ᠳᠠᠩᠰᠠᠯᠠᠬᠤ ᠦᠷ᠎ᠡ ᠪᠦᠲᠦᠮᠵᠢ ᠶᠢ   ᠳᠡᠭᠡᠭᠰᠢᠯᠡᠭᠦᠯᠬᠦ ᠬᠡᠷᠡᠭᠲᠡᠢ᠃      ᠲᠦᠷᠪᠡ ᠳᠤ ᠲᠡᠰ ᠳᠡᠪᠰᠢᠭᠦᠯᠬᠦ ᠰᠢᠰᠲ᠋ᠧᠮ ᠢ ᠥᠭᠡᠷᠡᠴᠢᠯᠡᠵᠦ᠂ ᠮᠡᠳᠡᠭᠡ ᠵᠠᠩᠭᠢ ᠶᠢ ᠬᠠᠮᠲᠤ ᠪᠠᠷ ᠬᠦᠷᠲᠡᠬᠦ ᠶᠢ  ᠪᠡᠶᠡᠯᠡᠭᠦᠯᠦᠨ᠎ᠡ᠃ ︽ᠰᠠᠨᠠᠯ︾ ᠳᠤ ᠡᠯ᠎ᠡ ᠭᠠᠵᠠᠷ ᠲᠤ ᠨᠢᠭᠡᠨᠲᠡ ᠪᠠᠶᠢᠭ᠎ᠠ ︽ᠭᠤᠷᠪᠠᠨ ᠦᠨᠡᠮᠯᠡᠯ ᠢ ᠨᠡᠶᠢᠯᠡᠭᠦᠯᠬᠦ︾  ᠶᠢᠨ ᠮᠡᠳᠡᠭᠡ ᠵᠠᠩᠭᠢ ᠶᠢ ᠬᠠᠮᠲᠤ ᠪᠠᠷ ᠬᠦᠷᠲᠡᠬᠦ ᠰᠣᠯᠢᠯᠴᠠᠭᠠᠨ ᠤ ᠲᠠᠪᠴᠠᠩ ᠳᠤ ᠲᠦᠰᠢᠭᠯᠡᠵᠦ᠂ ᠮᠤᠵᠢ ︵ᠲᠥᠯᠥᠪᠯᠡᠭᠡ ᠠᠰ ᠲᠠᠭᠠᠨ  ᠲᠣᠭᠲᠠᠭᠠᠭᠰᠠᠨ ᠬᠤᠳᠠ ︶ ᠢᠶᠠᠷ ᠨᠢᠭᠡᠴᠢ ᠪᠣᠯᠭᠠᠨ᠂ ᠠᠵᠢᠯ ᠤᠨ ᠲᠣᠭᠲᠠᠴᠠ ᠶᠢ ᠪᠠᠶᠢᠭᠤᠯᠵᠤ᠂ ᠠᠵᠢᠯ ᠤᠨ ᠡᠭᠦᠷᠭᠡ ᠬᠠᠷᠢᠭᠤᠴᠠᠯᠭ᠎ᠠ ᠶᠢ ᠲᠣᠭᠲᠠᠭᠠᠨ᠂ ᠬᠠᠷᠢᠭᠤᠴᠠᠯᠭ᠎ᠠ ᠡᠭᠦᠷᠡᠭᠯᠡᠬᠦ ᠬᠦᠮᠦᠨ ᠢ ᠨᠠᠶᠢᠳᠠᠪᠤᠷᠢᠵᠢᠭᠤᠯᠵᠤ᠂ ᠠᠵᠢᠯᠯᠠᠬᠤ ᠳᠦᠷᠢᠮᠵᠢᠯ ᠢ ᠴᠢᠩᠭ᠎ᠠ ᠶᠠᠪᠤᠭᠳᠠᠭᠤᠯᠵᠤ᠂ ︽ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ︿ᠬᠤᠶᠠᠷ ᠦᠨᠡᠮᠯᠡᠯ ᠢ ᠨᠡᠶᠢᠯᠡᠭᠦᠯᠬᠦ﹀ ᠠᠵᠤ ᠦᠢᠯᠡᠳᠪᠦᠷᠢ ᠬᠤᠳᠠᠯᠳᠤᠭ᠎ᠠ ᠭᠠᠶᠢᠯᠢ ᠶᠢᠨ ᠶᠠᠪᠤᠳᠠᠯ ᠤᠨ ᠮᠡᠳᠡᠭᠡ ᠵᠠᠩᠭᠢ ᠶᠢ ᠬᠠᠮᠲᠤ ᠪᠠᠷ ᠬᠦᠷᠲᠡᠬᠦ ᠮᠡᠷᠭᠡᠵᠢᠯ ᠤᠨ ᠲᠥᠰᠦᠯ︾ ᠶᠣᠰᠣᠭᠠᠷ ᠮᠡᠳᠡᠭᠡ ᠵᠠᠩᠭᠢ ᠰᠣᠯᠢᠯᠴᠠᠬᠤ ᠪᠠ ᠬᠠᠮᠲᠤ ᠪᠠᠷ ᠬᠦᠷᠲᠡᠬᠦ ᠶᠢ ᠦᠨᠡᠨ ᠬᠦ ᠬᠡᠷᠡᠭᠵᠢᠭᠦᠯᠬᠦ ᠬᠡᠷᠡᠭᠲᠡᠢ᠃ ᠠᠵᠤ ᠦᠢᠯᠡᠳᠪᠦᠷᠢ ᠬᠤᠳᠠᠯᠳᠤᠭ᠎ᠠ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠨᠢ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠠᠮᠢᠶ᠎ᠠ ᠪᠦᠭᠦᠢ ᠳᠠᠩᠰᠠᠯᠠᠭᠤᠯᠤᠯ ᠤᠨ ᠮᠡᠳᠡᠭᠡ ᠵᠠᠩᠭᠢ ᠶᠢ ᠬᠠᠮᠲᠤ ᠪᠠᠷ ᠬᠦᠷᠲᠡᠬᠦ ᠰᠣᠯᠢᠯᠴᠠᠭᠠᠨ ᠤ ᠲᠠᠪᠴᠠᠩ ᠳᠤ ᠴᠠᠭ ᠲᠤᠬᠠᠢ ᠳᠤᠨᠢ ᠳᠠᠮᠵᠢᠭᠤᠯᠤᠨ ᠬᠦᠷᠭᠡᠬᠦ ᠬᠡᠷᠡᠭᠲᠡᠢ ᠭᠡᠵᠦ ᠱᠠᠭᠠᠷᠳᠠᠪᠠ᠃ ︽ᠰᠠᠨᠠᠯ︾ ᠳᠤ ᠴᠢᠬᠤᠯᠠᠴᠢᠯᠠᠭᠰᠠᠨ ᠨᠢ ᠮᠡᠳᠡᠭᠡ ᠵᠠᠩᠭᠢᠵᠢᠯᠲᠠ ᠶᠢᠨ ᠪᠠᠲᠤᠯᠠᠭ᠎ᠠ ᠶᠢ ᠴᠢᠩᠭᠠᠳᠬᠠᠵᠤ᠂ ᠲᠤᠰ ᠲᠤᠰ ᠤᠨ ᠮᠡᠳᠡᠭᠡ ᠵᠠᠩᠭᠢᠵᠢᠯᠲᠠ ᠶᠢᠨ ᠲᠤᠬᠠᠶᠢᠯᠠᠭᠰᠠᠨ ᠠᠵᠢᠯ ᠤᠨ ᠰᠢᠰᠲ᠋ᠧᠮ ᠢᠶᠠᠨ ᠥᠭᠡᠷᠡᠴᠢᠯᠡᠬᠦ ᠪᠠ ᠳᠡᠰ ᠳᠡᠪᠰᠢᠭᠦᠯᠵᠦ᠂ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠭᠡ ᠶᠢᠨ ︽ᠬᠤᠶᠠᠷ ᠦᠨᠡᠮᠯᠡᠯ ᠢ ᠨᠡᠶᠢᠯᠡᠭᠦᠯᠬᠦ︾ ᠥᠭᠡᠷᠡᠴᠢᠯᠡᠯᠲᠡ ᠶᠢᠨ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠪᠡ᠃      ᠲᠠᠪᠤ ᠳᠤ ᠰᠠᠯᠠᠭ᠎ᠠ ᠮᠥᠴᠢᠷ ᠤᠨ ᠮᠡᠳᠡᠭᠡ ᠵᠠᠩᠭᠢ ᠶᠢ ᠳᠠᠮᠵᠢᠭᠤᠯᠬᠤ ᠪᠠ ᠲᠤᠭ᠎ᠠ ᠪᠠᠷᠢᠮᠲᠠ ᠶᠢ ᠬᠠᠮᠲᠤ ᠪᠠᠷ ᠬᠦᠷᠲᠡᠬᠦ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ᠎ᠠ᠃ ᠪᠦᠬᠦ ᠤᠯᠤᠰ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠲᠤ ᠪᠠᠷ  ᠬᠦᠷᠲᠡᠬᠦ ᠲᠠᠪᠴᠠᠩ ᠢ ᠭᠦᠢᠴᠡᠳ ᠠᠰᠢᠭᠯᠠᠨ᠂ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠦᠨᠳᠦᠰᠦᠨ ᠮᠡᠳᠡᠭᠡ ᠵᠠᠩᠭᠢ ᠪᠣᠯᠤᠨ ᠬᠠᠮᠢᠶ᠎ᠠ ᠪᠦᠬᠦᠢ ᠢᠲᠡᠭᠡᠮᠵᠢ ᠶᠢᠨ ᠮᠡᠳᠡᠭᠡ ᠵᠠᠩᠭᠢ ᠶᠢ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠳ ᠬᠤᠭᠤᠷᠣᠨᠳᠤ ᠪᠠᠨ ᠬᠠᠮᠲᠤ ᠪᠠᠷ ᠥᠷᠭᠡᠨ ᠬᠦᠷᠲᠡᠬᠦ ᠪᠠ ᠪᠦᠲᠦᠮᠵᠢᠲᠡᠶ ᠪᠠᠷ ᠬᠡᠷᠡᠭᠯᠡᠬᠦ ᠶᠢ ᠲᠦᠯᠬᠢᠨ ᠠᠬᠢᠭᠤᠯᠤᠨ᠎ᠠ᠃ ︽ᠬᠤᠶᠠᠷ ᠦᠨᠡᠮᠯᠡᠯ ᠢ ᠨᠡᠶᠢᠯᠡᠭᠦᠯᠬᠦ︾ ᠭᠤᠶᠤᠴᠢᠯᠠᠯ ᠂ ᠬᠦᠯᠢᠶᠡᠨ ᠠᠪᠬᠤ᠂ ᠬᠢᠨᠠᠨ ᠪᠠᠶᠢᠴᠠᠭᠠᠬᠤ᠂ ᠬᠢᠨᠠᠨ ᠵᠥᠪᠰᠢᠶᠡᠷᠡᠬᠦ᠂ ᠦᠨᠡᠮᠯᠡᠯ ᠣᠯᠭᠤᠬᠤ᠂ ᠢᠯᠡ ᠨᠡᠶᠢᠲᠡᠯᠡᠬᠦ ᠵᠡᠷᠭᠡ ᠪᠦᠬᠦ ᠶᠠᠪᠤᠴᠠ ᠶᠢᠨ ᠡᠯᠧᠺᠲᠷᠣᠨᠴᠢᠯᠡᠭᠰᠡ ᠳᠠᠩᠰᠠᠯᠠᠬᠤ ᠬᠠᠮᠢᠶᠠᠷᠤᠯᠲᠠ ᠶᠢ ᠢᠳᠡᠪᠬᠢᠲᠡᠶ ᠲᠦᠯᠬᠢᠨ ᠠᠬᠢᠭᠤᠯᠵᠤ᠂ ᠬᠠᠮᠤᠭ ᠡᠴᠦᠰ ᠲᠤ ︽ᠬᠤᠶᠠᠷ ᠦᠨᠡᠮᠯᠡᠯ ᠢ ᠨᠡᠶᠢᠯᠡᠭᠦᠯᠬᠦ︾ ᠶᠢ ᠰᠦᠯᠵᠢᠶᠡᠨ ᠳᠡᠭᠡᠷ᠎ᠡ ᠭᠦᠢᠴᠡᠳᠬᠡᠬᠦ ᠶᠢ ᠪᠡᠶᠡᠯᠡᠭᠦᠯᠦᠨ᠎ᠡ᠃      ᠵᠢᠷᠭᠤᠭ᠎ᠠ ᠳᠤ ᠢᠳᠡᠪᠬᠢᠲᠡᠶ ᠨᠢᠭᠡᠳᠦᠯᠲᠡᠶ ᠲᠥᠯᠥᠪᠯᠡᠨ ᠠᠬᠢᠭᠤᠯᠵᠤ᠂ ᠲᠣᠭᠲᠠᠭᠤᠨ ᠬᠡᠷᠡᠭᠵᠢᠭᠦᠯᠬᠦ ᠶᠢ ᠪᠠᠲᠤᠯᠠᠨ᠎ᠠ᠃ ᠡᠨᠡ ᠬᠦ ᠥᠭᠡᠷᠡᠴᠢᠯᠡᠯᠲᠡ ᠶᠢ ᠤᠷᠤᠭᠰᠢᠲᠠᠶ ᠬᠡᠷᠡᠭᠵᠢᠭᠦᠯᠬᠦ ᠶᠢᠨ ᠲᠤᠰᠠᠳᠠ᠂ ᠠᠵᠤ ᠦᠢᠯᠡᠳᠪᠦᠷᠢ ᠬᠤᠳᠠᠯᠳᠤᠭᠠᠨ ᠤ ᠶᠡᠷᠦᠩᠬᠡᠶ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠠᠴᠠ ᠬᠠᠷᠠᠮᠥ᠋ᠷᠡᠨ᠂ ᠱᠠᠩᠬᠠᠶ᠂ ᠹᠦᠵᠢᠶᠠᠨ᠂ ᠬᠤᠪᠸᠢ ᠵᠡᠷᠭᠡ 4 ᠮᠤᠵᠢ ︵ᠬᠤᠲᠠ︶ ᠶᠢ ᠲᠤᠷᠰᠢᠯᠲᠠ ᠶᠢᠨ ᠭᠠᠵᠠᠷ ᠣᠷᠣᠨ ᠢᠶᠠᠷ ᠲᠣᠭᠲᠠᠭᠠᠪᠠ᠃ 4 ᠲᠤᠷᠰᠢᠯᠲᠠ ᠶᠢᠨ ᠭᠠᠵᠠᠷ ᠣᠷᠣᠨ ᠨᠢ2016 ᠣᠨ ᠤ 10 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠭᠡ ᠶᠢᠨ ︽ᠬᠤᠶᠠᠷ ᠦᠨᠡᠮᠯᠡᠯ ᠢ ᠨᠡᠶᠢᠯᠡᠭᠦᠯᠬᠦ︾ ᠶᠢ ᠬᠡᠷᠡᠭᠵᠢᠭᠦᠯᠵᠦ᠂ ᠠᠵᠤ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠰᠢᠨ᠎ᠡ ᠪᠠᠷ ᠠᠵᠢᠯ ᠡᠬᠢᠯᠡᠭᠦᠯᠦᠭᠰᠡᠨ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠳᠤ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠶ ᠣᠷᠣᠯᠠᠬᠤ ᠨᠣᠮᠧᠷ ᠨᠡᠮᠡᠭᠰᠡᠨ ᠡᠵᠡᠩᠨᠡᠯᠲᠡ ᠶᠢᠨ ᠦᠨᠡᠮᠯᠡᠯ ᠣᠯᠭᠤᠨ᠎ᠠ᠃ ᠪᠤᠰᠤᠳ 27 ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶ ᠪᠠ ᠲᠥᠯᠥᠪᠯᠡᠭᠡ ᠳᠤ ᠠᠰ ᠲᠠᠭᠠᠨ ᠵᠢᠭᠰᠠᠭᠠᠭᠰᠠᠨ 5 ᠬᠤᠲᠠ ᠨᠢ 2016 ᠣᠨ ᠤ 12 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠭᠡ ᠶᠢᠨ ︽ᠬᠤᠶᠠᠷ ᠦᠨᠡᠮᠯᠡᠯ ᠢ ᠨᠡᠶᠢᠯᠡᠭᠦᠯᠬᠦ︾ ᠶᠢ ᠬᠡᠷᠡᠭᠵᠢᠭᠦᠯᠦᠨ᠎ᠡ᠃      ᠡᠨᠡ ᠬᠦ ᠥᠭᠡᠷᠡᠴᠢᠯᠡᠯᠲᠡ ᠶᠢ ᠲᠣᠭᠲᠠᠭᠤᠨ ᠢᠶᠠᠷ ᠬᠡᠷᠡᠭᠵᠢᠬᠦᠯᠬᠦ ᠶᠢ ᠦᠨᠡᠨ ᠬᠦ ᠪᠠᠲᠤᠯᠠᠵᠤ᠂ ᠥᠭᠡᠷᠡᠴᠢᠯᠡᠯᠲᠡ ᠬᠢᠬᠦ ᠠᠴᠠ ᠡᠮᠦᠨ᠎ᠡ ᠳᠠᠩᠰᠠᠯᠠᠭᠤᠯᠤᠭᠰᠠᠨ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠳᠠᠷᠤᠭᠠᠰᠤ ᠶᠢ ᠠᠯᠢ ᠴᠢᠳᠠᠬᠤ ᠪᠠᠷ ᠪᠠᠭᠠᠰᠬᠠᠬᠤ ᠪᠠ ︽ᠭᠤᠷᠪᠠᠨ ᠦᠨᠡᠮᠯᠡᠯ ᠢ ᠨᠡᠶᠢᠯᠡᠬᠦᠯᠬᠦ︾ ᠶᠠᠪᠤᠳᠠᠯ ᠠᠴᠠ ᠠᠵᠤ ᠠᠬᠤᠶᠢᠯᠠᠯ ᠳᠤ ᠳᠤᠷᠠᠳᠤᠭᠰᠠᠨ ᠰᠢᠯᠵᠢᠯᠲᠡ ᠶᠢᠨ ᠬᠤᠭᠤᠴᠠᠭ᠎ᠠ ᠶᠢᠨ ᠱᠠᠭᠠᠷᠳᠠᠯᠭ᠎ᠠ ᠨᠢ ᠴᠤ ᠠᠳᠠᠯᠢ ᠪᠤᠰᠤ ᠲᠤᠯᠠᠳᠠ᠂ ︽ᠰᠠᠨᠠᠯ︾ ᠳᠤ 2016 ᠤᠨ ᠤ 12 ᠳ᠋ᠤᠭᠠᠷ ᠰᠠᠷ᠎ᠠ ᠶᠢᠨ 1 ᠠᠴᠠ ᠡᠮᠦᠨ᠎ᠡ ᠪᠠᠶᠢᠭᠤᠯᠤᠭᠰᠠᠨ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠳᠤ ᠰᠢᠯᠵᠢᠯᠲᠡ ᠶᠢᠨ ᠬᠤᠭᠤᠴᠠᠭ᠎ᠠ ᠲᠣᠭᠲᠠᠭᠠᠭᠰᠠᠨ ᠦᠭᠡᠢ ᠶᠤᠮ᠃ ᠬᠤᠪᠢᠷᠠᠭᠤᠯᠬᠤ ᠳᠠᠩᠰᠠᠯᠠᠭᠤᠯᠤᠯ ᠢᠶᠠᠨ ᠬᠤᠪᠢᠷᠠᠭᠤᠯᠬᠤ ᠪᠤᠶᠤ ᠰᠠᠨᠠᠭᠠᠴᠢᠯᠠᠭ᠎ᠠ ᠠᠴᠠ ᠪᠠᠨ ᠦᠨᠡᠮᠨᠡᠯ ᠢᠶᠠᠨ ᠰᠤᠯᠢᠬᠤ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠳᠤ ᠪᠤᠯ ᠠᠵᠤ ᠦᠢᠯᠡᠳᠪᠦᠷᠢ ᠬᠤᠳᠠᠯᠳᠤᠭᠠᠨ ᠤ ᠰᠠᠯᠠᠭ᠎ᠠ ᠮᠥᠴᠢᠷ ᠠᠴᠠ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠶ ᠤᠷᠤᠯᠠᠬᠤ ᠨᠤᠮᠧᠷ ᠨᠡᠮᠡᠭᠰᠡᠨ ᠡᠵᠡᠩᠨᠡᠯᠲᠡ ᠶᠢᠨ ᠦᠨᠡᠮᠯᠡᠯ ᠢ ᠰᠣᠯᠢᠵᠤ ᠤᠯᠭᠤᠨ᠎ᠠ᠃ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠠᠢ ᠤᠷᠤᠯᠠᠬᠤ ᠨᠤᠮᠧᠷ ᠨᠡᠮᠡᠭᠰᠡᠨ ᠡᠵᠡᠩᠨᠡᠯᠲᠡ ᠶᠢᠨ ᠦᠨᠡᠮᠯᠡᠯ ᠢ ᠲᠦᠷ ᠴᠠᠭ ᠤᠯᠤᠭᠠᠳᠤᠢ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠡᠵᠡᠩᠨᠡᠯᠲᠡ ᠶᠢᠨ ᠦᠨᠡᠮᠯᠡᠯ ᠪᠣᠯᠤᠨ ᠭᠠᠶᠢᠯᠢ ᠶᠢᠨ ᠶᠠᠪᠤᠳᠠᠯ ᠤᠨ ᠳᠠᠩᠰᠠᠯᠠᠯ ᠤᠨ ᠦᠨᠡᠮᠯᠡᠯ ᠨᠢ ᠦᠷᠭᠦᠯᠵᠢᠯᠡᠨ ᠬᠦᠴᠦᠨ ᠲᠠᠢ᠃ ᠡᠯ᠎ᠡ ᠭᠠᠵᠠᠷ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠰᠠᠨᠠᠭᠠᠴᠢᠯᠠᠭ᠎ᠠ ᠠᠴᠠ ᠪᠠᠨ ᠨᠢᠭᠡᠳᠦᠯᠲᠡᠶ ᠨᠡᠶᠢᠭᠡᠮ ᠤᠨ ᠢᠲᠡᠭᠡᠮᠵᠢ ᠶᠢᠨ  ᠤᠷᠤᠯᠠᠬᠤ ᠨᠤᠮᠧᠷ ᠨᠡᠮᠡᠭᠰᠡᠨ ᠡᠵᠡᠩᠨᠡᠯᠲᠡ ᠶᠢᠨ ᠦᠨᠡᠮᠯᠡᠯ ᠰᠤᠯᠢᠵᠤ ᠠᠪᠬᠤ ᠶᠢ ᠨᠢ ᠵᠤᠷᠢᠭᠵᠢᠭᠤᠯᠵᠤ ᠪᠤᠯᠤᠨ᠎ᠠ᠂ ᠭᠡᠪᠡᠴᠦ ︽ᠰᠠᠨᠠᠯ︾ ᠳᠤ ᠣᠨᠴᠠᠭᠠᠶᠢᠯᠠᠨ ᠴᠢᠬᠤᠯᠠᠴᠢᠯᠠᠭᠰᠠᠨ ᠨᠢ᠂ ᠥᠷᠭᠡᠨ ᠤᠯᠠᠨ ᠬᠤᠪᠢ ᠶᠢᠨ ᠡᠵᠡᠩᠨᠡᠭᠴᠢ ᠶᠢᠨ ᠬᠦᠰᠡᠯ ᠰᠠᠨᠠᠭ᠎ᠠ ᠶᠢ ᠭᠦᠢᠴᠡᠳ ᠬᠦᠨᠳᠦᠳᠭᠡᠬᠦ ᠬᠡᠷᠡᠭᠲᠠᠢ᠂ ︽ᠬᠤᠶᠠᠷ ᠦᠨᠡᠮᠯᠡᠯ ᠢ ᠨᠡᠶᠢᠯᠡᠬᠦᠯᠬᠦ︾ ᠠᠴᠠ ᠡᠮᠦᠨ᠎ᠡ ᠳᠠᠩᠰᠠᠯᠠᠭᠤᠯᠤᠭᠰᠠᠨ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢ ᠠᠯᠪᠠᠳᠠᠨ ᠦᠨᠡᠮᠯᠡᠯ ᠢ ᠨᠢ ᠰᠤᠯᠢᠭᠤᠯᠵᠤ ᠪᠤᠯᠬᠤ ᠦᠭᠡᠢ᠂ ᠠᠯᠪᠠᠳᠠᠯᠭ᠎ᠠ ᠪᠠᠷ ᠦᠨᠡᠮᠯᠡᠯ ᠰᠤᠯᠢᠭᠤᠯᠤᠭᠰᠠᠨ ᠠᠴᠠ ᠪᠤᠯᠵᠤ ᠬᠠᠮᠲᠤᠯᠢᠭ ᠴᠢᠨᠠᠷᠲᠠᠶ ᠬᠡᠷᠡᠭ ᠶᠠᠪᠤᠳᠠᠯ ᠭᠠᠷᠪᠠᠯ᠂ ᠬᠠᠮᠢᠶ᠎ᠠ ᠪᠦᠭᠦᠢ ᠬᠥᠮᠦᠰ ᠠᠴᠠ ᠬᠠᠷᠢᠭᠤᠴᠠᠯᠭ᠎ᠠ ᠨᠡᠬᠡᠮᠵᠢᠯᠡᠨ᠂ ᠴᠢᠩᠭ᠎ᠠ ᠰᠢᠢᠳᠪᠦᠷᠢᠯᠡᠬᠦ ᠬᠡᠷᠡᠭᠲᠡᠶ ᠬᠡᠪᠡ᠃      ᠨᠢᠭᠡᠨᠲᠡ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠶ ᠤᠷᠤᠯᠠᠬᠤ ᠨᠤᠮᠧᠷ ᠨᠡᠮᠡᠭᠰᠡᠨ ᠡᠵᠡᠩᠨᠡᠯᠲᠡ ᠶᠢᠨ ᠦᠨᠡᠮᠯᠡᠯ ᠤᠯᠤᠭᠰᠠᠨ ᠮᠦᠷᠲᠡᠭᠡᠨ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠳᠤ ᠭᠠᠶᠢᠯᠢ ᠳᠤ ᠬᠤᠯᠪᠣᠭᠳᠠᠬᠤ ᠵᠦᠢᠯᠡᠰ ᠢ ᠬᠦᠢᠴᠡᠳᠭᠡᠭᠰᠡᠨ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠨᠢ ᠳᠠᠩᠰᠠᠯᠠᠭᠤᠯᠤᠯ ᠢᠶᠠᠨ ᠬᠦᠴᠦᠨ ᠦᠭᠡᠢ ᠪᠣᠯᠭᠠᠬᠤ ᠪᠠᠷ ᠭᠤᠶᠦᠴᠢᠯᠠᠬᠤ ᠳᠠᠭᠠᠨ ᠳᠠᠩᠰᠠᠯᠠᠭᠤᠯᠤᠭᠰᠠᠨ ᠪᠠᠶᠢᠭᠤᠯᠭ᠎ᠠ ᠳᠤ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠶᠢᠨ ᠬᠢᠵᠤ ᠦᠭᠭᠦᠭᠰᠡᠨ ︽ᠭᠠᠶᠢᠯᠢ ᠶᠢᠨ ᠢᠶᠠᠨ ᠪᠦᠷᠢᠨ ᠲᠤᠰᠢᠶᠠᠭᠰᠠᠨ ᠬᠡᠷᠡᠴᠢ︾ ᠶᠢ ᠲᠤᠰᠢᠶᠠᠬᠤ ᠬᠡᠷᠡᠭᠲᠡᠶ᠃      ᠲᠤᠯᠤᠭ᠎ᠠ ᠳᠤ ᠬᠠᠮᠢᠶ᠎ᠠ ᠪᠦᠬᠦᠢ ᠬᠠᠤᠯᠢ ᠲᠣᠭᠲᠠᠭᠠᠯ ᠤᠨ ᠪᠢᠴᠢᠭ ᠮᠠᠲ᠋ᠧᠷᠢᠶᠠᠯ ᠢ ᠢᠯᠭᠠᠷᠠᠭᠤᠯᠤᠨ ᠡᠮᠬᠢᠯᠡᠵᠤ᠂ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠥᠷᠭᠡᠨ ᠢᠶᠠᠷ ᠮᠡᠳᠡᠷᠡᠬᠦ ᠪᠠ ᠬᠡᠷᠡᠭᠯᠡᠬᠦ ᠶᠢ ᠲᠦᠯᠬᠢᠨ ᠠᠬᠢᠭᠤᠯᠤᠨ᠎ᠠ᠃ ᠡᠯ᠎ᠡ ᠭᠠᠵᠠᠷ ︽ᠬᠤᠶᠠᠷ ᠦᠨᠡᠮᠯᠡᠯ ᠢ ᠨᠡᠶᠢᠯᠡᠬᠦᠯᠬᠦ︾ ᠳᠠᠩᠰᠠᠯᠠᠯᠲᠠ ᠶᠢᠨ ᠵᠠᠭᠪᠤᠷᠰᠢᠯ ᠲᠠᠢ ᠬᠠᠷᠰᠢᠯᠳᠤᠬᠤ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢ ᠴᠠᠭ ᠲᠤᠬᠠᠶ ᠳᠤᠨᠢ ᠡᠮᠬᠢᠯᠡᠵᠤ᠂ ᠠᠯᠢ ᠲᠦᠷᠭᠡᠨ ᠢᠶᠠᠷ ᠳᠦᠷᠢᠮ ᠤᠨ ᠪᠣᠷᠣ ᠲᠥᠯᠥᠪ ᠤᠨ ᠳᠣᠲᠣᠷ᠎ᠠ ᠬᠠᠤᠯᠢ ᠶᠣᠰᠣᠭᠠᠷ ᠴᠠᠭ ᠲᠤᠬᠠᠶ ᠳᠤᠨᠢ ᠵᠠᠰᠠᠪᠤᠷᠢ ᠣᠷᠣᠭᠤᠯᠤᠨ ᠪᠦᠷᠢᠨᠰᠢᠬᠦᠯᠵᠤ᠂ ᠥᠭᠡᠷᠡᠴᠢᠯᠡᠯᠲᠡ ᠨᠢ ᠬᠠᠤᠯᠢ ᠪᠠᠷ ᠵᠠᠰᠠᠬᠤ ᠬᠡᠪᠴᠢᠶᠡᠨ ᠳᠣᠲᠣᠷ᠎ᠠ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ︽ᠬᠤᠶᠠᠷ ᠦᠨᠡᠮᠯᠡᠯ ᠢ ᠨᠡᠶᠢᠯᠡᠬᠦᠯᠬᠦ︾ ᠥᠭᠡᠷᠡᠴᠢᠯᠡᠯᠲᠡ ᠶᠢ ᠬᠢᠭᠰᠡᠨ ᠤ ᠳᠠᠷᠠᠭ᠎ᠠ᠂ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠶ ᠤᠷᠤᠯᠠᠬᠤ ᠨᠤᠮᠧᠷ ᠨᠡᠮᠡᠭᠰᠡᠨ ᠡᠵᠡᠩᠨᠡᠯᠲᠡ ᠶᠢᠨ ᠦᠨᠡᠮᠯᠡᠯ ᠨᠢ ᠤᠤᠯ ᠤᠨ ᠠᠵᠤ ᠦᠢᠯᠡᠳᠪᠦᠷᠢ ᠬᠤᠳᠠᠯᠳᠤᠭᠠᠨ ᠤ ᠡᠵᠡᠩᠨᠡᠯᠲᠡ ᠶᠢᠨ ᠦᠨᠡᠮᠯᠡᠯ ᠪᠣᠯᠤᠨ ᠤᠤᠯ ᠤᠨ ᠭᠠᠶᠢᠯᠢ ᠶᠢᠨ ᠶᠠᠪᠤᠳᠠᠯ ᠤᠨ ᠳᠠᠩᠰᠠᠯᠠᠯᠲᠠ ᠶᠢᠨ ᠦᠨᠡᠮᠯᠡᠯ ᠤᠨ ᠬᠦᠴᠦᠨ ᠲᠠᠢ᠂ ᠡᠯ᠎ᠡ ᠱᠠᠲᠤᠨ ᠤ ᠵᠠᠰᠠᠭ ᠤᠨ ᠣᠷᠳᠣᠨ ᠤ ᠰᠠᠯᠠᠭ᠎ᠠ ᠮᠥᠴᠢᠷ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠪᠣᠯᠤᠨ ᠵᠠᠭᠤᠴᠢᠯᠠᠭᠤᠷ ᠪᠠᠶᠢᠭᠤᠯᠤᠮᠵᠢ ᠨᠤᠭᠤᠳ ᠴᠥᠮ ᠮᠡᠳᠡᠷᠡᠨ ᠦᠨᠡᠮᠰᠢᠬᠦ ᠬᠡᠷᠡᠭᠲᠠᠢ᠂ ᠡᠯ᠎ᠡ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠵᠢᠭᠠᠨ ᠵᠢᠯᠤᠭᠤᠳᠬᠤ ᠪᠠ ᠰᠢᠮᠳᠠᠭᠤᠯᠬᠤ ᠪᠠᠨ ᠴᠢᠩᠭᠠᠳᠬᠠᠵᠤ ᠤᠷᠤᠯᠠᠬᠤ ᠨᠤᠮᠧᠷ ᠢᠶᠠᠨ ᠤᠯᠠᠷᠢᠭᠤᠯᠤᠨ ᠰᠤᠯᠢᠬᠤ ᠵᠢᠴᠢ ᠰᠠᠯᠠᠭ᠎ᠠ ᠮᠥᠴᠢᠷ ᠤᠨ ᠬᠤᠭᠤᠷᠤᠨᠳᠤ ᠪᠠᠨ ᠮᠡᠳᠡᠭᠡ ᠵᠠᠩᠭᠢ ᠶᠢᠨ ᠰᠢᠰᠲ᠋ᠧᠮ ᠢᠶᠠᠨ ᠵᠣᠯᠭᠠᠭᠤᠯᠬᠤ ᠶᠢ ᠰᠠᠶᠢᠲᠤᠷ ᠬᠢᠬᠦ ᠬᠡᠷᠡᠭᠲᠡᠶ᠃      7 . ︽ᠰᠠᠨᠠᠯ︾ ᠳᠤ ᠡᠨᠡ ᠬᠦ ᠥᠭᠡᠷᠡᠴᠢᠯᠡᠯᠲᠡ ᠶᠢ ᠠᠬᠢᠭᠤᠯᠬᠤ ᠲᠠᠯ᠎ᠠ ᠪᠠᠷ ᠶᠠᠮᠠᠷ ᠶᠠᠮᠠᠷ ᠱᠠᠭᠠᠷᠳᠠᠯᠭ᠎ᠠ ᠶᠢ ᠳᠤᠷᠠᠳᠤᠭᠰᠠᠨ ᠪᠤᠢ︖      ᠬᠠᠷᠢᠭᠤᠯᠲᠠ᠄ ᠡᠨᠡ ᠬᠦ ᠥᠭᠡᠷᠡᠴᠢᠯᠡᠯᠲᠡ ᠶᠢ ᠤᠷᠤᠭᠰᠢᠲᠠᠶ ᠠᠬᠢᠭᠤᠯᠬᠤ ᠶᠢᠨ ᠲᠤᠰᠠᠳᠠ᠂ ︽ᠰᠠᠨᠠᠯ︾ ᠳᠤ ᠵᠢᠷᠭᠤᠭᠠᠨ ᠵᠦᠢᠯ ᠤᠨ ᠠᠵᠢᠯ ᠤᠨ ᠱᠠᠭᠠᠷᠳᠠᠯᠭ᠎ᠠ ᠳᠤᠷᠠᠳᠪᠠ᠃      ᠨᠢᠭᠡ ᠳᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ᠃ ᠡᠯ᠎ᠡ ᠭᠠᠵᠠᠷ ᠤᠨ ᠠᠵᠤ ᠦᠢᠯᠡᠳᠪᠦᠷᠢ ᠬᠤᠳᠠᠯᠳᠤᠭ᠎ᠠ᠂ ᠭᠠᠶᠢᠯᠢ ᠶᠢᠨ ᠶᠠᠪᠤᠳᠠᠯ᠂ ᠬᠥᠭᠵᠢᠭᠦᠯᠦᠯᠲᠡ ᠥᠭᠡᠷᠡᠴᠢᠯᠡᠯᠲᠡ ᠪᠣᠯᠤᠨ ᠬᠠᠤᠯᠢ ᠴᠠᠭᠠᠵᠠ ᠬᠠᠤᠯᠢ ᠲᠤᠭᠲᠠᠭᠠᠯ ᠤᠨ ᠰᠠᠯᠠᠭ᠎ᠠ ᠮᠥᠴᠢᠷ ᠤᠳ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠨᠢᠭᠡᠳᠦᠯᠲᠡᠶ ᠲᠦᠯᠦᠪᠯᠡᠭᠡ ᠪᠠᠨ ᠴᠢᠩᠭᠠᠳᠬᠠᠬᠤ ᠶᠢ ᠢᠳᠡᠪᠬᠢᠲᠠᠢ ᠲᠦᠯᠬᠢᠨ ᠠᠬᠢᠭᠤᠯᠵᠤ᠂ ᠵᠠᠰᠠᠭ ᠤᠨ ᠣᠷᠳᠣᠨ ᠢᠶᠠᠷ ᠭᠤᠣᠯᠯᠠᠭᠤᠯᠤᠭᠰᠠᠨ᠂ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠣᠷᠣᠯᠴᠠᠭᠰᠠᠨ ᠠᠵᠢᠯ ᠤᠨ ᠵᠤᠬᠢᠴᠠᠭᠤᠯᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠬᠦᠯᠵᠤ᠂ ︽ᠬᠤᠶᠠᠷ ᠦᠨᠡᠮᠯᠡᠯ ᠢ ᠨᠡᠶᠢᠯᠡᠬᠦᠯᠬᠦ︾  ᠳᠠᠩᠰᠠᠯᠠᠬᠤ ᠳᠦᠷᠢᠮ ᠤᠨ ᠥᠭᠡᠷᠡᠴᠢᠯᠡᠯᠲᠡ ᠶᠢᠨ ᠠᠵᠢᠯ ᠳᠠᠬᠢ ᠤᠳᠤᠷᠢᠳᠤᠯᠭ᠎ᠠ ᠪᠠᠨ ᠴᠢᠩᠭᠠᠳᠬᠠᠵᠤ᠂ ᠥᠭᠡᠷᠡᠴᠢᠯᠡᠯᠲᠡ ᠶᠢᠨ ᠳᠤᠮᠳᠠ ᠲᠤᠯᠭᠠᠷᠠᠭᠰᠠᠨ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠤ᠂ ᠬᠥᠮᠦᠨ᠂ ᠡᠳ᠋᠂ ᠪᠣᠳᠠᠰ᠂ ᠰᠦᠯᠵᠢᠶ᠎ᠡ᠂ ᠮᠡᠷᠭᠡᠵᠢᠯ ᠵᠡᠷᠭᠡ ᠶᠢᠨ ᠪᠠᠲᠤᠯᠠᠭ᠎ᠠ ᠠᠵᠢᠯ ᠢ ᠰᠠᠶᠢᠲᠤᠷ ᠬᠢᠬᠦ ᠬᠡᠷᠡᠭᠲᠡᠶ᠃      ᠬᠤᠶᠠᠷ ᠲᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠬᠤ ᠬᠡᠷᠡᠭᠲᠡᠶ᠃ ᠡᠯ᠎ᠡ ᠭᠠᠵᠠᠷ ᠤᠨ ᠠᠵᠤ ᠦᠢᠯᠡᠳᠪᠦᠷᠢ ᠬᠤᠳᠠᠯᠳᠤᠭ᠎ᠠ᠂ ᠭᠠᠶᠢᠯᠢ ᠶᠢᠨ ᠶᠠᠪᠤᠳᠠᠯ᠂ ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠥᠴᠢᠷ  ᠤᠳ ᠵᠤᠬᠢᠴᠠᠯᠳᠤᠨ ᠬᠠᠮᠵᠢᠯᠴᠠᠬᠤ ᠪᠠᠨ ᠴᠢᠩᠭᠠᠳᠬᠠᠵᠤ᠂ ᠲᠤᠰ ᠲᠤᠰ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠴᠠᠭ ᠤᠨ ᠬᠦᠰᠦᠨᠦᠭ ᠢ ᠲᠤᠬᠢᠷᠠᠭᠤᠯᠵᠤ᠂ ᠨᠠᠷᠢᠨ ᠲᠣᠳᠣᠷᠬᠠᠶ ᠠᠵᠢᠯ ᠤᠨ ᠲᠥᠰᠦᠯ ᠪᠣᠯᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠣᠭᠲᠠᠭᠠᠵᠤ᠂ ᠬᠠᠤᠯᠢ ᠲᠣᠭᠲᠠᠭᠠᠯ ᠤᠨ ᠪᠢᠴᠢᠭ ᠮᠠᠲ᠋ᠧᠷᠢᠶᠠᠯ ᠢ ᠢᠯᠭᠠᠷᠠᠭᠤᠯᠤᠨ ᠡᠮᠬᠢᠯᠡᠬᠦ᠂ ᠮᠡᠳᠡᠭᠡ ᠵᠠᠩᠭᠢ ᠶᠢᠨ ᠰᠢᠰᠲ᠋ᠧᠮ ᠢ ᠲᠡᠰ ᠳᠡᠪᠰᠢᠭᠦᠯᠦᠨ ᠦᠭᠡᠷᠡᠴᠢᠯᠡᠬᠦ ᠵᠡᠷᠭᠡ ᠠᠵᠢᠯ ᠢ ᠰᠠᠶᠢᠲᠤᠷ ᠬᠢᠬᠦ ᠬᠡᠷᠡᠭᠲᠠᠢ᠃ ᠦᠨᠳᠦᠰᠦᠨ ᠲᠤᠭ᠎ᠠ ᠪᠠᠷᠢᠮᠲᠠ ᠴᠤᠭᠯᠠᠭᠤᠯᠬᠤ ᠠᠵᠢᠯ ᠢ ᠰᠠᠶᠢᠲᠤᠷ ᠬᠢᠵᠤ᠂ ᠲᠤᠭ᠎ᠠ ᠪᠠᠷᠢᠮᠲᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠲᠤᠭ᠎ᠠ ᠪᠠᠷᠢᠮᠲᠠ ᠶᠢᠨ ᠵᠥᠪ ᠣᠨᠣᠪᠴᠢᠲᠠᠶ᠂ ᠪᠦᠷᠢᠨ ᠭᠦᠢᠴᠡᠳ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠠᠢ︔ ᠳᠠᠩᠰᠠᠯᠠᠭᠤᠯᠤᠯ ᠢᠶᠠᠨ ᠬᠤᠪᠢᠷᠠᠭᠤᠯᠬᠤ ᠪᠠ ᠰᠠᠨᠠᠭᠠᠴᠢᠯᠠᠭ᠎ᠠ ᠠᠴᠠ ᠪᠠᠨ ᠦᠨᠡᠮᠯᠡᠯ ᠢᠶᠠᠨ ᠰᠣᠯᠢᠬᠤ ᠪᠠᠷ ᠭᠤᠶᠤᠴᠢᠯᠠᠪᠠᠯ᠂ ᠦᠨᠡᠮᠯᠡᠯ ᠰᠣᠯᠢᠬᠤ ᠠᠴᠠ ᠡᠮᠦᠨ᠎ᠡ ᠬᠤᠶᠢᠨᠠᠬᠢ ᠠᠵᠢᠯ ᠢ ᠰᠠᠶᠢᠲᠤᠷ ᠦᠷᠬᠦᠯᠵᠢᠯᠡᠭᠦᠯᠦᠨ ᠠᠪᠴᠠᠯᠳᠠᠭᠤᠯᠵᠤ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢᠨ ᠤᠷᠤᠭᠰᠢᠲᠠᠶ ᠲᠣᠭᠲᠠᠭᠤᠨ ᠢᠶᠠᠷ ᠦᠷᠨᠢᠬᠦ ᠶᠢ ᠪᠠᠲᠤᠯᠠᠵᠤ᠂ ᠡᠯ᠎ᠡ ᠵᠦᠢᠯ ᠤᠨ ᠠᠵᠢᠯ ᠢ ᠪᠤᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠶ᠃        ᠭᠤᠷᠪᠠ ᠳᠤ ᠬᠠᠮᠵᠢᠯᠴᠠᠨ ᠲᠦᠯᠬᠢᠨ ᠠᠬᠢᠭᠤᠯᠬᠤ ᠶᠢ ᠴᠢᠩᠭᠠᠳᠬᠠᠬᠤ ᠬᠡᠷᠡᠭᠲᠠᠢ᠃ ︽ᠰᠠᠨᠠᠯ︾ ᠳᠤ ᠱᠠᠭᠠᠷᠳᠠᠭᠰᠠᠨ ᠨᠢ᠂ ᠡᠯ᠎ᠡ ᠭᠠᠵᠠᠷ ᠣᠷᠣᠨ ᠬᠤᠪᠢ ᠶᠢᠨ ᠠᠵᠤ ᠠᠬᠤᠶ ᠶᠢᠨ ᠬᠦᠭᠵᠢᠯᠲᠡ ᠶᠢ ᠠᠬᠢᠭᠤᠯᠬᠤ ᠶᠠᠪᠤᠳᠠᠯ ᠢ ︽ᠬᠤᠶᠠᠷ ᠦᠨᠡᠮᠯᠡᠯ ᠢ ᠨᠡᠶᠢᠯᠡᠬᠦᠯᠬᠦ︾ ᠥᠭᠡᠷᠡᠴᠢᠯᠡᠯᠲᠡ ᠶᠢ ᠬᠡᠷᠡᠭᠵᠢᠬᠦᠯᠬᠦ ᠲᠠᠢ ᠤᠶᠠᠯᠳᠤᠭᠤᠯᠵᠤ᠂ ᠬᠤᠪᠢ ᠶᠢᠨ ᠠᠵᠤ ᠠᠬᠤᠶ ᠶᠢᠨ ᠬᠥᠭᠵᠢᠯᠲᠡ ᠶᠢ ᠬᠢᠵᠠᠭᠠᠷᠯᠠᠬᠤ ᠲᠦᠷᠦ ᠶᠢᠨ ᠪᠤᠳᠤᠯᠭ᠎ᠠ ᠪᠤᠯᠤᠨ ᠳᠦᠷᠢᠮ ᠢ ᠴᠡᠭᠴᠡᠯᠡᠨ ᠢᠯᠭᠠᠷᠠᠭᠤᠯᠬᠤ ᠪᠠ ᠬᠦᠴᠦᠨ ᠦᠭᠡᠢ ᠪᠤᠯᠭᠠᠵᠤ᠂ ᠬᠤᠪᠢ ᠶᠢᠨ ᠠᠵᠤ ᠠᠬᠤᠶ ᠶᠢᠨ ᠬᠦᠭᠵᠢᠯᠲᠡ ᠶᠢ ᠠᠬᠢᠭᠤᠯᠬᠤ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠨᠡᠶᠢᠲᠡᠯᠡᠨ ᠬᠡᠷᠡᠭᠵᠢᠬᠦᠯᠬᠦ ᠬᠡᠷᠡᠭᠲᠠᠢ᠃ ᠬᠠᠮᠵᠢᠯᠴᠠᠨ ᠲᠦᠯᠬᠢᠨ ᠠᠬᠢᠭᠤᠯᠬᠤ ᠠᠵᠢᠯ ᠤᠨ ᠲᠣᠭᠲᠠᠴᠠ ᠶᠢ ᠪᠠᠶᠢᠭᠤᠯᠵᠤ᠂ ᠮᠡᠳᠡᠭᠡ ᠵᠠᠩᠭᠢᠵᠢᠯᠲᠠ ᠶᠢᠨ ᠪᠠᠲᠤᠯᠠᠭ᠎ᠠ ᠶᠢ ᠴᠢᠩᠭᠠᠳᠬᠠᠵᠤ᠂ ᠠᠵᠢᠯ ᠤᠨ ᠨᠡᠶᠢᠯᠡᠯ ᠬᠦᠴᠦᠨ ᠢ ᠪᠤᠢ ᠪᠣᠯᠭᠠᠬᠤ ᠬᠡᠷᠡᠭᠲᠡᠶ᠃ ᠲᠥᠪ ᠭᠤᠣᠯᠴᠢ ᠵᠠᠬ᠎ᠠ ᠳᠡᠯᠭᠡᠭᠦᠷ ᠤᠨ ᠡᠮᠬᠢ ᠵᠢᠷᠤᠮ ᠪᠤᠯᠤᠨ ᠰᠠᠶᠢᠨ ᠰᠠᠶᠢᠬᠠᠨ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠢᠳᠡᠪᠬᠢᠲᠡᠶ ᠪᠠᠷ ᠪᠤᠢ ᠪᠤᠯᠭᠠᠵᠤ᠂ ᠬᠤᠪᠢ ᠬᠥᠮᠦᠨ ᠤ ᠰᠦᠯᠵᠢᠶᠡᠨ ᠳᠡᠭᠡᠷᠡᠬᠢ ᠬᠤᠳᠠᠯᠳᠤᠭ᠎ᠠ ᠵᠡᠷᠭᠡ ᠰᠢᠨ᠎ᠡ ᠮᠠᠶ᠋ᠢᠭ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠬᠠᠤᠯᠢ ᠶᠣᠰᠣᠭᠠᠷ ᠳᠠᠩᠰᠠᠯᠠᠬᠤ ᠠᠰᠠᠭᠤᠳᠠᠯ ᠢ ᠰᠤᠳᠤᠯᠤᠨ ᠰᠦᠪᠡᠭᠴᠢᠯᠡᠵᠦ᠂ ᠬᠤᠪᠢ ᠬᠥᠮᠦᠨ ᠤ ᠰᠦᠯᠵᠢᠶᠡᠨ ᠳᠡᠭᠡᠷᠡᠬᠢ ᠬᠤᠳᠠᠯᠳᠤᠭ᠎ᠠ ᠶᠢ ᠳᠠᠩᠰᠠᠯᠠᠬᠤ ᠠᠵᠢᠯ ᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠨᠠᠬᠢ ᠶᠢ ᠨᠢᠭᠡᠳᠦᠯᠲᠡᠶ ᠳᠠᠩᠰᠠᠯᠠᠬᠤ᠂ ᠨᠢᠭᠡᠳᠦᠯᠲᠡᠶ ᠬᠢᠨᠠᠨ ᠬᠠᠮᠢᠶᠠᠷᠬᠤ᠂ ᠲᠥᠪ ᠭᠤᠣᠯᠴᠢ ᠪᠠᠷ ᠭᠠᠶᠢᠯᠢ ᠲᠤᠰᠢᠶᠠᠬᠤ ᠶᠢ ᠪᠡᠶᠡᠯᠡᠬᠦᠯᠬᠦ ᠬᠡᠷᠡᠭᠲᠡᠶ ᠬᠡᠵᠠᠢ᠃      ᠲᠦᠷᠪᠡ ᠳᠤ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠴᠢᠩᠭᠠᠳᠬᠠᠬᠤ ᠬᠡᠷᠡᠭᠲᠡᠶ᠃ ︽ᠬᠤᠶᠠᠷ ᠦᠨᠡᠮᠯᠡᠯ ᠢ ᠨᠡᠶᠢᠯᠡᠭᠦᠯᠬᠦ︾ ᠳᠠᠩᠰᠠᠯᠠᠬᠤ ᠲᠦᠷᠢᠮ ᠤᠨ ᠥᠭᠡᠷᠡᠴᠢᠯᠡᠯᠲᠡ ᠶᠢᠨ ᠬᠤᠯᠪᠣᠭᠳᠠᠬᠤ ᠬᠡᠪᠴᠢᠶ᠎ᠡ ᠨᠢ ᠥᠷᠭᠡᠨ᠂ ᠥᠭᠡᠷᠡᠴᠢᠯᠡᠯᠲᠡ ᠶᠢᠨ ᠠᠭᠤᠯᠭ᠎ᠠ ᠨᠢ ᠣᠯᠠᠨ᠂ ᠬᠡᠷᠡᠭᠵᠢᠭᠦᠯᠬᠦ ᠳᠤ ᠨᠡᠯᠢᠶᠡᠳ ᠪᠤᠳᠤᠯᠢᠶᠠᠨᠲᠠᠶ ᠪᠣᠯᠬᠤᠷ᠂ ᠠᠵᠤ ᠦᠢᠯᠡᠳᠪᠦᠷᠢ ᠬᠤᠳᠠᠯᠳᠤᠭ᠎ᠠ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠳ ︽ᠬᠤᠶᠠᠷ ᠦᠨᠡᠮᠯᠡᠯ ᠢ ᠨᠡᠶᠢᠯᠡᠭᠦᠯᠬᠦ︾ ᠳᠠᠩᠰᠠᠯᠠᠬᠤ ᠲᠦᠷᠢᠮ ᠤᠨ ᠥᠭᠡᠷᠡᠴᠢᠯᠡᠯᠲᠡ ᠳᠤ ᠬᠤᠯᠪᠣᠭᠳᠠᠬᠤ ᠬᠠᠤᠯᠢ ᠴᠠᠭᠠᠵᠠ ᠬᠠᠤᠯᠢ ᠲᠣᠭᠲᠠᠭᠠᠯ᠂ ᠮᠡᠷᠭᠡᠵᠢᠯ ᠤᠨ ᠪᠠᠷᠢᠮᠵᠢᠶ᠎ᠠ᠂ ᠲᠤᠬᠠᠶᠢᠯᠠᠭᠰᠠᠨ ᠠᠵᠢᠯ ᠤᠨ ᠴᠤᠪᠤᠷᠠᠯ᠂ ᠪᠢᠴᠢᠭ ᠬᠠᠷ᠎ᠠ ᠶᠢᠨ ᠵᠢᠷᠤᠮᠵᠢᠯ᠂ ᠮᠡᠳᠡᠭᠡ ᠵᠠᠩᠭᠢ ᠳᠠᠮᠵᠢᠭᠤᠯᠭ᠎ᠠ ᠵᠡᠷᠭᠡ ᠲᠤᠬᠠᠶᠢᠯᠠᠭᠰᠠᠨ ᠠᠵᠢᠯ ᠤᠨ ᠲᠤᠰᠬᠠᠢ ᠪᠣᠯᠪᠠᠰᠤᠷᠠᠭᠤᠯᠤᠯ ᠢ ᠥᠷᠨᠢᠭᠦᠯᠵᠦ᠂ ᠬᠠᠮᠢᠶ᠎ᠠ ᠪᠦᠬᠦᠢ ᠠᠵᠢᠯᠲᠠᠳ ᠤᠨ ᠦᠵᠡᠯ ᠲᠠᠨᠢᠯᠲᠠ ᠪᠣᠯᠣᠨ ᠲᠤᠬᠠᠶᠢᠯᠠᠭᠰᠠᠨ ᠠᠵᠢᠯ ᠤᠨ ᠬᠢᠷᠢ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃ ᠠᠵᠢᠯᠯᠠᠬᠤ ᠴᠣᠩᠬᠤᠪᠴᠢ ᠶᠢᠨ ᠴᠢᠳᠠᠪᠤᠷᠢ ᠶᠢᠨ ᠪᠠᠶᠢᠭᠤᠯᠤᠯᠲᠠ ᠶᠢ ᠣᠨᠴᠠᠭᠠᠶᠢᠯᠠᠨ ᠴᠢᠩᠭᠠᠳᠬᠠᠵᠤ᠂ ᠴᠣᠩᠬᠤᠪᠴᠢ ᠶᠢᠨ ᠠᠵᠢᠯᠲᠠᠳ ᠲᠤ ᠥᠭᠡᠷᠡᠴᠢᠯᠡᠯᠲᠡ ᠶᠢᠨ ᠱᠠᠭᠠᠷᠳᠠᠯᠭ᠎ᠠ ᠶᠢ ᠣᠨᠣᠪᠴᠢᠲᠠᠶ ᠡᠵᠡᠮᠰᠢᠭᠦᠯᠵᠦ᠂ ᠲᠤᠬᠠᠶᠢᠯᠠᠭᠰᠠᠨ ᠠᠵᠢᠯ ᠤᠨ ᠴᠤᠪᠤᠷᠠᠯ ᠪᠠ ᠠᠵᠢᠯ ᠤᠨ ᠵᠢᠷᠤᠮᠵᠢᠯ ᠢ ᠪᠣᠯᠪᠠᠰᠤᠷᠠᠩᠭᠤᠢ ᠡᠵᠡᠮᠰᠢᠭᠦᠯᠦᠨ᠂ ᠦᠢᠯᠡᠴᠢᠯᠡᠭᠡᠨ ᠤ ᠦᠷ᠎ᠡ ᠪᠦᠲᠦᠮᠵᠢ ᠪᠣᠯᠣᠨ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠶ᠃      ᠲᠠᠪᠤ ᠳᠤ ᠤᠬᠠᠭᠤᠯᠬᠤ ᠬᠥᠲᠥᠯᠥᠨ ᠵᠢᠯᠣᠭᠤᠳᠬᠤ ᠶᠢ ᠴᠢᠩᠭᠠᠳᠬᠠᠬᠤ ᠬᠡᠷᠡᠭᠲᠡᠶ᠃ ᠡᠯ᠎ᠡ ᠵᠦᠢᠯ ᠤᠨ ᠰᠣᠨᠢᠨ ᠮᠡᠳᠡᠭᠡᠨ ᠤ ᠵᠠᠭᠤᠴᠢ ᠶᠢ ᠭᠦᠢᠴᠡᠳ ᠠᠰᠢᠭᠯᠠᠨ᠂ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠳᠤ ︽ᠬᠤᠶᠠᠷ ᠦᠨᠡᠮᠯᠡᠯ ᠢ ᠨᠡᠶᠢᠯᠡᠭᠦᠯᠬᠦ︾ ᠳᠠᠩᠰᠠᠯᠠᠬᠤ ᠲᠦᠷᠢᠮ ᠤᠨ ᠥᠭᠡᠷᠡᠴᠢᠯᠡᠯᠲᠡ ᠶᠢ  ᠤᠬᠠᠭᠤᠯᠬᠤ ᠲᠠᠶᠢᠯᠤᠮᠵᠢ ᠬᠢᠬᠦ ᠡᠷᠴᠢᠮ ᠢᠶᠠᠨ ᠴᠢᠩᠭᠠᠷᠠᠭᠤᠯᠵᠤ᠂ ᠨᠡᠶᠢᠭᠡᠮ ᠤᠨ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ ᠤᠳ ᠲᠤ ᠴᠠᠭ ᠲᠤᠬᠠᠶ ᠳᠤᠨᠢ ᠬᠠᠷᠢᠭᠤᠯᠲᠠ ᠥᠭᠬᠦ ᠪᠠ ᠬᠠᠷᠢᠭᠤ ᠲᠤᠰᠬᠠᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠳᠤ ᠥᠭᠡᠷᠡᠴᠢᠯᠡᠯᠲᠡ ᠶᠢ ᠭᠦᠢᠴᠡᠳ ᠣᠶᠢᠯᠠᠭᠤᠯᠵᠤ᠂ ᠥᠭᠡᠷᠡᠴᠢᠯᠡᠯᠲᠡ ᠶᠢ ᠳᠡᠮᠵᠢᠭᠦᠯᠵᠦ᠂ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠤᠬᠠᠮᠰᠠᠷ ᠠᠴᠠ ᠪᠠᠨ  ᠬᠡᠷᠡᠭᠯᠡᠭᠦᠯᠬᠦ ᠬᠡᠷᠡᠭᠲᠡᠢ᠃      ᠵᠢᠷᠭᠤᠭ᠎ᠠ ᠳᠤ ᠰᠢᠮᠳᠠᠭᠤᠯᠤᠨ ᠪᠠᠶᠢᠴᠠᠭᠠᠬᠤ ᠪᠠᠨ ᠴᠢᠩᠭᠠᠳᠬᠠᠬᠤ ᠬᠡᠷᠡᠭᠲᠡᠶ᠃ ᠡᠯ᠎ᠡ ᠭᠠᠵᠠᠷ ᠤᠨ ᠠᠵᠤ ᠦᠢᠯᠡᠳᠪᠦᠷᠢ ᠬᠤᠳᠠᠯᠳᠤᠭ᠎ᠠ᠂ ᠭᠠᠶᠢᠯᠢ ᠶᠢᠨ ᠶᠠᠪᠤᠳᠠᠯ᠂ ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠥᠴᠢᠷ ᠤᠳ ᠰᠢᠮᠳᠠᠭᠤᠯᠤᠨ ᠪᠠᠶᠢᠴᠠᠭᠠᠬᠤ ᠠᠵᠢᠯ ᠤᠨ ᠲᠥᠯᠥᠪᠯᠡᠭᠡ ᠲᠣᠭᠲᠠᠭᠠᠵᠤ᠂ ᠬᠠᠷᠢᠭᠤᠴᠠᠯᠭ᠎ᠠ ᠡᠭᠦᠷᠭᠡᠯᠡᠵᠦ ᠪᠠᠶᠢᠭ᠎ᠠ ᠨᠢᠭᠡᠴᠡ᠂ ᠲᠣᠭᠲᠠᠭᠰᠠᠨ ᠴᠠᠭ ᠪᠣᠯᠣᠨ ᠠᠵᠢᠯ ᠤᠨ ᠱᠠᠭᠠᠷᠳᠠᠯᠭ᠎ᠠ ᠶᠣᠰᠣᠭᠠᠷ᠂  ᠰᠠᠶᠢᠲᠤᠷ ᠮᠥᠷᠳᠡᠵᠦ ᠰᠢᠮᠳᠠᠭᠤᠯᠤᠨ ᠪᠠᠶᠢᠴᠠᠭᠠᠬᠤ ᠬᠢᠬᠦ ᠬᠡᠷᠡᠭᠲᠡᠶ᠃ ᠠᠵᠢᠯ ᠤᠨ ᠰᠠᠬᠢᠯᠭ᠎ᠠ ᠪᠠᠲᠤ ᠶᠢ ᠴᠢᠩᠭᠠᠳᠬᠠᠵᠤ᠂ ᠥᠭᠡᠷᠡᠴᠢᠯᠡᠯᠲᠡ ᠶᠢ ᠬᠡᠷᠡᠭᠵᠢᠭᠦᠯᠬᠦ ᠠᠵᠢᠯ ᠢ ᠵᠣᠬᠢᠴᠠᠭᠤᠯᠤᠨ ᠬᠠᠮᠵᠢᠯᠴᠠᠬᠤ ᠲᠠᠯ᠎ᠠ ᠪᠠᠷ ᠬᠦᠷᠦᠯᠴᠡᠬᠦ ᠦᠭᠡᠢ ᠠᠴᠠ ᠪᠣᠯᠵᠤ ᠠᠵᠢᠯ ᠢ ᠲᠠᠰᠤᠯᠳᠠᠭᠤᠯᠤᠭᠰᠠᠨ᠂ ᠥᠭᠡᠷᠡᠴᠢᠯᠡᠯᠲᠡ ᠶᠢᠨ ᠠᠬᠢᠴᠠ ᠶᠢ ᠰᠠᠭᠠᠲᠠᠭᠠᠭᠰᠠᠨ ᠨᠢᠭᠡᠴᠡ ᠪᠣᠯᠤᠨ ᠬᠤᠪᠢ ᠬᠥᠮᠦᠨ ᠢ ᠨᠡᠪᠲᠡᠷᠡᠭᠦᠯᠦᠨ ᠰᠢᠭᠦᠮᠵᠢᠯᠡᠵᠦ᠂ ᠬᠠᠷᠢᠭᠤᠴᠠᠯᠭ᠎ᠠ  ᠲᠤᠯᠠᠭᠠᠬᠤ ᠪᠠ ᠬᠢᠨᠠᠨ ᠰᠢᠯᠭᠠᠬᠤ ᠡᠷᠴᠢᠮ ᠢ ᠴᠢᠩᠭᠠᠯᠠᠬᠤ ᠬᠡᠷᠡᠭᠲᠡᠶ᠃      ︽ᠰᠠᠨᠠᠯ︾ ᠳᠤ ᠬᠠᠷᠠᠮᠥ᠋ᠷᠡᠨ᠂ ᠱᠠᠩᠬᠠᠶ᠂ ᠹᠦᠵᠢᠶᠠᠨ᠂ ᠬᠤᠪᠸᠢ ᠵᠡᠷᠭᠡ 4 ᠲᠤᠷᠰᠢᠯᠲᠠ ᠶᠢᠨ ᠭᠠᠵᠠᠷ ᠣᠷᠣᠨ ᠳᠤ ᠲᠤᠷᠰᠢᠯᠲᠠ ᠶᠢᠨ ᠶᠠᠪᠤᠴᠠ ᠶᠢ ᠨᠢᠭᠲᠠ ᠠᠩᠬᠠᠷᠴᠤ᠂ ᠲᠤᠷᠰᠢᠯᠲᠠ ᠶᠢᠨ ᠶᠠᠪᠤᠴᠠ ᠳᠤ ᠲᠣᠬᠢᠶᠠᠯᠳᠤᠭᠰᠠᠨ ᠠᠰᠠᠭᠤᠳᠠᠯ ᠪᠣᠯᠣᠨ ᠪᠠᠶᠢᠳᠠᠯ ᠢ ᠠᠵᠤ ᠦᠢᠯᠡᠳᠪᠦᠷᠢ ᠬᠤᠳᠠᠯᠳᠤᠭ᠎ᠠ ᠶᠢᠨ ᠶᠡᠷᠦᠩᠬᠡᠶ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠬᠠᠤᠯᠢ ᠳᠦᠷᠢᠮ ᠤᠨ ᠠᠯᠪᠠᠨ ᠭᠡᠷ ᠲᠤ ᠴᠠᠭ ᠲᠣᠬᠠᠢ ᠳᠤᠨᠢ ᠮᠡᠳᠡᠭᠦᠯᠬᠦ ᠬᠡᠷᠡᠭᠲᠡᠢ ᠭᠡᠵᠦ ᠱᠠᠭᠠᠷᠳᠠᠪᠠ᠃ ᠪᠦᠬᠦ ᠤᠯᠤᠰ ᠲᠤ ᠬᠤᠪᠢ ᠶᠢᠨ ᠠᠵᠤ ᠦᠢᠯᠡᠳᠪᠦᠷᠢ ᠬᠤᠳᠠᠯᠳᠤᠭ᠎ᠠ ᠶᠢᠨ ᠡᠷᠦᠭᠡ ᠶᠢᠨ ︽ᠬᠤᠶᠠᠷ ᠦᠨᠡᠮᠯᠡᠯ ᠢ ᠨᠡᠶᠢᠯᠡᠭᠦᠯᠬᠦ︾ ᠳᠠᠩᠰᠠᠯᠠᠬᠤ ᠲᠦᠷᠢᠮ ᠢ ᠪᠦᠬᠦ ᠲᠠᠯ᠎ᠠ ᠪᠠᠷ ᠬᠡᠷᠡᠭᠵᠢᠭᠦᠯᠦᠭᠰᠡᠨ ᠤ ᠲᠠᠷᠠᠭ᠎ᠠ᠂ ᠡᠯ᠎ᠡ ᠭᠠᠵᠠᠷ ᠤᠨ ᠬᠢᠨ ᠥᠭᠡᠷᠡᠴᠢᠯᠡᠯᠲᠡ ᠶᠢ ᠲᠦᠯᠬᠢᠨ ᠠᠬᠢᠭᠤᠯᠬᠤ ᠶᠠᠪᠤᠴᠠ ᠳᠤ ᠲᠤᠯᠭᠠᠷᠠᠭᠰᠠᠨ ᠰᠢᠨ᠎ᠡ ᠪᠠᠶᠢᠳᠠᠯ ᠰᠢᠨ᠎ᠡ ᠠᠰᠠᠭᠤᠳᠠᠯ ᠢ ᠴᠤ ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ᠃      8 . ︽ᠰᠠᠨᠠᠯ︾ ᠢ ᠳᠠᠷᠤᠮᠠᠯᠯᠠᠨ ᠲᠠᠷᠬᠠᠭᠠᠭᠰᠠᠨ ᠤ ᠲᠠᠷᠠᠭ᠎ᠠ᠂ ᠠᠵᠤ ᠦᠢᠯᠡᠳᠪᠦᠷᠢ ᠬᠤᠳᠠᠯᠳᠤᠭ᠎ᠠ ᠶᠢᠨ ᠶᠡᠷᠦᠩᠬᠡᠶ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠪᠠᠰᠠ ᠶᠠᠮᠠᠷ ᠶᠠᠮᠠᠷ ᠠᠵᠢᠯ ᠢ ᠬᠢᠬᠦ ᠬᠡᠷᠡᠭᠲᠡᠶ ᠪᠤᠢ︖      ᠬᠠᠷᠢᠭᠤᠯᠲᠠ᠄ ︽ᠰᠠᠨᠠᠯ︾ ᠢ ᠳᠠᠷᠤᠮᠠᠯᠯᠠᠨ ᠲᠠᠷᠬᠠᠭᠠᠭᠰᠠᠨ ᠤ ᠳᠠᠷᠠᠭ᠎ᠠ᠂ ᠠᠵᠤ ᠦᠢᠯᠡᠳᠪᠦᠷᠢ  ᠬᠤᠳᠠᠯᠳᠤᠭ᠎ᠠ ᠶᠢᠨ ᠶᠡᠷᠦᠩᠬᠡᠶ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠪᠠᠰᠠ ᠳᠣᠣᠷᠠᠬᠢ ᠠᠵᠢᠯ ᠤᠳ ᠢ ᠰᠠᠶᠢᠲᠤᠷ ᠬᠢᠬᠦ ᠬᠡᠷᠡᠭᠲᠡᠶ᠄      ᠨᠢᠭᠡ ᠳᠤ᠂  ᠠᠵᠤ ᠦᠢᠯᠡᠳᠪᠦᠷᠢ ᠬᠤᠳᠠᠯᠳᠤᠭ᠎ᠠ ᠶᠢᠨ ᠶᠡᠷᠦᠩᠬᠡᠶ ᠲᠣᠪᠴᠢᠶ᠎ᠠ ᠨᠢ ᠬᠤᠪᠢ ᠶᠢᠨ ᠠᠵᠤ ᠦᠢᠯᠡᠳᠪᠦᠷᠢ ᠬᠤᠳᠠᠯᠳᠤᠭ᠎ᠠ ᠶᠢᠨ ᠡᠷᠦᠬᠡ ᠶᠢᠨ ︽ᠬᠤᠶᠠᠷ ᠦᠨᠡᠮᠯᠡᠯ ᠢ ᠨᠡᠶᠢᠯᠡᠭᠦᠯᠬᠦ︾ ᠲᠤᠭ᠎ᠠ ᠪᠠᠷᠢᠮᠲᠠ ᠶᠢᠨ ᠪᠠᠷᠢᠮᠵᠢᠶ᠎ᠠ ᠪᠣᠯᠣᠨ ᠮᠡᠷᠭᠡᠵᠢᠯ ᠤᠨ ᠲᠥᠰᠦᠯ ᠢ ᠱᠠᠯᠠᠪᠬᠠᠨ ᠲᠣᠭᠲᠠᠭᠠᠨ ᠪᠠᠭᠤᠯᠭᠠᠵᠤ᠂ ᠡᠯ᠎ᠡ ᠮᠤᠵᠢ ᠶᠢᠨ ᠠᠵᠤ ᠦᠢᠯᠡᠳᠪᠦᠷᠢ ᠬᠤᠳᠠᠯᠳᠤᠭ᠎ᠠ ᠶᠢᠨ ᠰᠠᠯᠠᠭ᠎ᠠ ᠮᠥᠴᠢᠷ ᠤᠳ ᠠᠵᠤ ᠦᠢᠯᠡᠳᠪᠦᠷᠢ ᠬᠤᠳᠠᠯᠳᠤᠭ᠎ᠠ ᠶᠢᠨ ᠶᠡᠷᠦᠩᠬᠡᠶ ᠲᠣᠪᠴᠢᠶ᠎ᠠ ᠶᠢᠨ ᠲᠣᠭᠲᠠᠭᠠᠭᠰᠠᠨ ᠲᠤᠭ᠎ᠠ ᠪᠠᠷᠢᠮᠲᠠ ᠶᠢᠨ ᠪᠠᠷᠢᠮᠵᠢᠶ᠎ᠠ ᠪᠣᠯᠣᠨ ᠮᠡᠷᠭᠡᠵᠢᠯ ᠤᠨ ᠲᠥᠰᠦᠯ ᠢ ᠦᠨᠳᠦᠰᠦᠯᠡᠨ᠂ ᠬᠤᠪᠢ ᠶᠢᠨ ᠠᠵᠤ ᠦᠢᠯᠡᠳᠪᠦᠷᠢ  ᠬᠤᠳᠠᠯᠳᠤᠭ᠎ᠠ ᠶᠢᠨ ᠡᠷᠦᠭᠡ ᠶᠢᠨ ︽ᠬᠤᠶᠠᠷ ᠦᠨᠡᠮᠯᠡᠯ ᠢ ᠨᠡᠶᠢᠯᠡᠭᠦᠯᠬᠦ︾ ᠮᠡᠳᠡᠭᠡ ᠵᠠᠩᠭᠢ ᠶᠢᠨ ᠰᠢᠰᠲ᠋ᠧᠮ ᠢ ᠨᠡᠭᠡᠭᠡᠨ ᠠᠰᠢᠭᠯᠠᠬᠤ ᠬᠢᠭᠡᠳ ᠲᠣᠬᠢᠷᠠᠭᠤᠯᠤᠨ ᠲᠤᠷᠰᠢᠬᠤ ᠶᠢ ᠱᠠᠯᠠᠪᠳᠠᠨ ᠬᠢᠵᠦ᠂ ᠥᠭᠡᠷᠡᠴᠢᠯᠡᠯᠲᠡ ᠶᠢ  ᠬᠤᠭᠤᠴᠠᠭ᠎ᠠ ᠶᠣᠰᠣᠭᠠᠷ ᠬᠡᠷᠡᠭᠵᠢᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠡᠭᠦᠨ ᠤ ᠬᠠᠮᠲᠤ᠂ ᠪᠤᠰᠤᠳ ᠮᠡᠳᠡᠭᠡ ᠵᠠᠩᠭᠢ ᠶᠢᠨ ᠰᠢᠰᠲ᠋ᠧᠮ ᠢ ᠵᠣᠬᠢᠴᠠᠩᠭᠤᠶ ᠪᠠᠷ ᠲᠣᠬᠢᠷᠠᠭᠤᠯᠤᠨ ᠥᠭᠡᠷᠡᠴᠢᠯᠡᠬᠦ ᠶᠢ ᠲᠦᠯᠬᠢᠨ ᠠᠬᠢᠭᠤᠯᠵᠤ᠂ ᠳᠠᠷᠠᠭᠠᠴᠢ ᠶᠢᠨ ᠠᠵᠢᠯ ᠯᠤᠭ᠎ᠠ ᠤᠷᠤᠭᠰᠢᠲᠠᠶ ᠵᠣᠯᠭᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃      ᠬᠤᠶᠠᠷ ᠲᠤ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠨᠢ ᠠᠯᠲᠠᠨ ᠤ ᠭᠠᠶᠢᠯᠢ ᠶᠢᠨ ᠭᠤᠷᠪᠠᠳᠤᠭᠠᠷ ᠬᠤᠭᠤᠴᠠᠭᠠᠨ ᠤ ᠭᠤᠣᠯ ᠲᠠᠲᠠᠪᠤᠷᠢᠯᠠᠨ ᠬᠠᠮᠢᠶᠠᠷᠬᠤ ᠰᠢᠰᠲ᠋ᠧᠮ ᠳᠤ ᠵᠣᠬᠢᠴᠠᠩᠭᠤᠢ ᠪᠦᠬᠦᠢ ᠥᠭᠡᠷᠡᠴᠢᠯᠡᠨ ᠳᠡᠰ ᠳᠡᠪᠰᠢᠭᠦᠯᠬᠦ ᠶᠢ ᠱᠠᠯᠠᠪᠳᠠᠵᠤ᠂ ᠥᠭᠡᠷᠡᠴᠢᠯᠡᠯᠲᠡ ᠶᠢᠨ ᠬᠤᠭᠤᠴᠠᠭ᠎ᠠ ᠶᠣᠰᠣᠭᠠᠷ ᠬᠡᠷᠡᠭᠵᠢᠭᠦᠯᠦᠭᠳᠡᠬᠦ ᠶᠢ ᠦᠨᠡᠨ ᠬᠦ ᠪᠠᠲᠤᠯᠠᠬᠤ ᠬᠡᠷᠡᠭᠲᠡᠢ︔ ᠡᠭᠦᠨ ᠤ ᠬᠠᠮᠲᠤ ᠪᠤᠰᠤᠳ ᠮᠡᠳᠡᠭᠡ ᠵᠠᠩᠭᠢ ᠶᠢᠨ ᠰᠢᠰᠲ᠋ᠧᠮ ᠢ ᠳᠡᠰ ᠳᠡᠪᠰᠢᠭᠦᠯᠦᠨ ᠥᠭᠡᠷᠡᠴᠢᠯᠡᠬᠦ ᠶᠢ ᠲᠦᠯᠬᠢᠨ ᠠᠬᠢᠭᠤᠯᠵᠤ᠂ ᠥᠭᠡᠷᠡᠴᠢᠯᠡᠯᠲᠡ ᠯᠦᠭᠡ ᠤᠷᠤᠭᠰᠢᠲᠠᠶ ᠵᠤᠯᠭᠠᠯᠳᠤᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ︔ ᠡᠯ᠎ᠡ ᠭᠠᠵᠠᠷ ᠤᠨ ᠤᠯᠤᠰ ᠤᠨ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠪᠣᠯᠣᠨ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠶᠢ ᠰᠢᠮᠳᠠᠭᠤᠯᠵᠤ ᠪᠠᠶᠢᠭᠠᠳ ᠤᠯᠤᠰ ᠤᠨ ᠭᠠᠶᠢᠯᠢ᠂ ᠣᠷᠣᠨ ᠨᠤᠲᠤᠭ ᠤᠨ ᠭᠠᠶᠢᠯᠢ ᠶᠢᠨ ᠬᠠᠮᠲᠤᠪᠠᠷ ᠬᠠᠮᠢᠶᠠᠷᠬᠤ ᠡᠷᠦᠬᠡ ᠶᠢ ᠬᠠᠷᠢᠴᠠᠭᠤᠯᠤᠨ ᠢᠯᠭᠠᠷᠠᠭᠤᠯᠬᠤ ᠠᠵᠢᠯ ᠢ ᠲᠥᠷᠭᠡᠨ ᠪᠡᠶᠡᠯᠡᠭᠦᠯᠵᠦ᠂ ︽ᠬᠤᠶᠠᠷ ᠦᠨᠡᠮᠯᠡᠯ ᠢ ᠨᠡᠶᠢᠯᠡᠭᠦᠯᠬᠦ︾ ᠲᠤᠬᠠᠶᠢᠯᠠᠭᠰᠠᠨ ᠠᠵᠢᠯ ᠤᠨ ᠴᠤᠪᠤᠷᠠᠯ ᠤᠨ ᠬᠠᠮᠢᠶ᠎ᠠ ᠪᠦᠬᠦᠢ ᠲᠣᠭᠲᠠᠭᠠᠯ ᠢ ᠦᠨᠡᠨ ᠬᠦ ᠰᠠᠶᠢᠲᠤᠷ ᠨᠠᠶᠢᠳᠠᠪᠤᠷᠢᠵᠢᠭᠤᠯᠵᠤ᠂ ︽ᠨᠢᠭᠡ ᠲᠠᠯ᠎ᠠ ᠪᠠᠷ ᠬᠦᠯᠢᠶᠡᠨ ᠠᠪᠴᠤ ᠭᠦᠢᠴᠡᠳᠬᠡᠬᠦ ᠪᠠ ᠨᠥᠭᠦᠭᠡ ᠲᠠᠯ᠎ᠠ ᠪᠠᠷ ᠲᠤᠭ᠎ᠠ ᠪᠠᠷᠢᠮᠲᠠ ᠶᠢ ᠬᠠᠮᠲᠤ ᠪᠠᠷ ᠬᠦᠷᠲᠡᠬᠦ︾ ᠶᠢ ᠪᠡᠶᠡᠯᠡᠭᠦᠯᠦᠨ᠂ ᠬᠤᠪᠢ ᠶᠢᠨ ᠠᠵᠤ ᠦᠢᠯᠡᠳᠪᠦᠷᠢ ᠬᠤᠳᠠᠯᠳᠤᠭ᠎ᠠ ᠶᠢᠨ ᠡᠷᠦᠬᠡ ᠶᠢᠨ ᠳᠠᠷᠤᠭᠠᠰᠤ ᠶᠢ ᠬᠥᠩᠭᠡᠷᠡᠭᠦᠯᠬᠦ ᠬᠡᠷᠡᠭᠲᠡᠢ᠃      ᠭᠤᠷᠪᠠ ᠳᠤ ᠬᠤᠶᠠᠷ ᠰᠠᠯᠠᠭ᠎ᠠ ᠮᠥᠴᠢᠷ ᠬᠠᠮᠲᠤᠷᠠᠨ ᠲᠤᠷᠰᠢᠯᠲᠠ ᠶᠢ ᠦᠷᠨᠢᠭᠦᠯᠦᠭᠰᠡᠨ ᠠᠵᠢᠯ ᠢ ᠵᠢᠭᠠᠨ ᠵᠢᠯᠣᠭᠤᠳᠬᠤ ᠪᠠ ᠮᠦᠷᠳᠡᠵᠦ᠂ ᠲᠤᠷᠰᠢᠯᠲᠠ ᠶᠢ ᠲᠥᠯᠬᠢᠨ ᠠᠬᠢᠭᠤᠯᠬᠤ ᠢᠨᠵᠧᠨᠧᠷᠢᠩ ᠢ ᠨᠢᠭᠲᠠ ᠠᠩᠬᠠᠷᠴᠤ᠂ ᠲᠤᠷᠰᠢᠯᠲᠠ ᠶᠢᠨ ᠲᠤᠷᠰᠢᠯᠭ᠎ᠠ ᠪᠠᠨ ᠴᠠᠭ ᠲᠤᠬᠠᠶ ᠳᠤᠨᠢ ᠳ᠋ᠦᠩᠨᠡᠵᠦ᠂ ᠲᠤᠷᠰᠢᠯᠲᠠ ᠶᠢᠨ ᠳᠤᠮᠳᠠ ᠲᠣᠬᠢᠶᠠᠯᠳᠤᠭᠰᠠᠨ ᠠᠰᠠᠭᠤᠳᠠᠯ ᠢ ᠰᠢᠢᠳᠪᠦᠷᠢᠯᠡᠨ᠂ ᠪᠦᠬᠦ ᠤᠯᠤᠰ ᠲᠤ ︽ᠬᠤᠶᠠᠷ ᠦᠨᠡᠮᠯᠡᠯ ᠢ ᠨᠡᠶᠢᠯᠡᠭᠦᠯᠬᠦ︾ ᠶᠢ ᠬᠡᠷᠡᠭᠵᠢᠭᠦᠯᠬᠦ ᠳᠤ ᠲᠤᠷᠰᠢᠯᠭ᠎ᠠ ᠬᠤᠷᠠᠮᠳᠤᠭᠤᠯᠵᠤ ᠥᠭᠬᠦ ᠬᠡᠷᠡᠭᠲᠡᠶ᠃      ᠲᠦᠷᠪᠡ ᠳᠤ ᠬᠤᠶᠠᠷ ᠰᠠᠯᠠᠭ᠎ᠠ ᠮᠥᠴᠢᠷ ᠬᠠᠮᠲᠤᠷᠠᠨ ᠰᠢᠰᠲ᠋ᠧᠮ ᠲᠠᠢ ᠪᠣᠯᠪᠠᠰᠤᠷᠠᠭᠤᠯᠬᠤ ᠶᠢ  ᠦᠷᠨᠢᠭᠦᠯᠬᠦ ᠬᠡᠷᠡᠭᠲᠡᠶ᠃ ᠬᠤᠪᠢ ᠶᠢᠨ ᠠᠵᠤ ᠦᠢᠯᠡᠳᠪᠦᠷᠢ ᠬᠤᠳᠠᠯᠳᠤᠭ᠎ᠠ ᠶᠢᠨ ᠡᠷᠦᠬᠡ ᠶᠢᠨ ᠳᠠᠩᠰᠠᠯᠠᠭᠤᠯᠤᠯ ᠪᠣᠯᠣᠨ ᠭᠠᠶᠢᠯᠢ ᠶᠢᠨ ᠶᠠᠪᠤᠳᠠᠯ ᠤᠨ ᠬᠠᠮᠢᠶᠠᠷᠤᠯᠲᠠ ᠨᠢ ᠴᠥᠮ ᠦᠨᠳᠦᠰᠦᠨ ᠱᠠᠲᠤᠨ ᠳᠤ  ᠪᠤᠢ᠂ ᠣᠳᠣᠬᠠᠨ ᠳᠤ ᠪᠦᠬᠦ ᠤᠯᠤᠰ ᠲᠤ 22000 ᠭᠠᠷᠤᠶ ᠠᠵᠤ ᠦᠢᠯᠡᠳᠪᠦᠷᠢ ᠬᠤᠳᠠᠯᠳᠤᠭ᠎ᠠ ᠶᠢᠨ ᠭᠠᠵᠠᠷ  ᠳᠠᠩᠰᠠᠯᠠᠬᠤ ᠠᠵᠢᠯ ᠢ ᠥᠷᠨᠢᠭᠦᠯᠵᠦ᠂ 21000 ᠭᠠᠶᠢᠯᠢ ᠶᠢᠨ ᠶᠠᠪᠤᠳᠠᠯ ᠤᠨ ᠬᠤᠪᠢᠶᠠᠷᠢ ᠲᠣᠪᠴᠢᠶ᠎ᠠ ︵ᠭᠠᠵᠠᠷ︶ ᠭᠠᠶᠢᠯᠢ ᠲᠠᠲᠠᠪᠤᠷᠢ ᠶᠢᠨ ᠬᠠᠮᠢᠶᠠᠷᠤᠯᠲᠠ ᠶᠢᠨ ᠠᠵᠢᠯ ᠢ ᠥᠷᠨᠢᠭᠦᠯᠵᠦ ᠪᠠᠶᠢᠨ᠎ᠠ᠂ ᠡᠨᠡ ᠬᠦ ᠥᠭᠡᠷᠡᠴᠢᠯᠡᠯᠲᠡ ᠶᠢᠨ ᠬᠤᠶᠠᠷ ᠰᠠᠯᠠᠭ᠎ᠠ ᠮᠥᠴᠢᠷ  ᠲᠤ ᠬᠤᠯᠪᠣᠭᠳᠠᠬᠤ ᠦᠨᠳᠦᠰᠦᠨ ᠱᠠᠲᠤᠨ ᠤ ᠪᠠᠶᠢᠭᠤᠯᠤᠮᠵᠢ ᠪᠣᠯᠣᠨ ᠠᠵᠤ ᠦᠢᠯᠡᠳᠪᠦᠷᠢ ᠬᠤᠳᠠᠯᠳᠤᠭ᠎ᠠ᠂ ᠭᠠᠶᠢᠯᠢ ᠶᠢᠨ ᠶᠠᠪᠤᠳᠠᠯ ᠤᠨ ᠺᠠᠳ᠋ᠷ ᠤᠨ ᠲᠤᠭ᠎ᠠ ᠨᠢ ᠯᠣᠲᠤ ᠣᠯᠠᠨ ᠪᠠᠶᠢᠵᠤ᠂ ᠪᠣᠯᠪᠠᠰᠤᠷᠠᠭᠤᠯᠤᠯ ᠤᠨ ᠠᠭᠤᠯᠭ᠎ᠠ ᠨᠢ ᠣᠯᠠᠨ᠂ ᠪᠣᠯᠪᠠᠰᠤᠷᠠᠭᠤᠯᠤᠯ ᠤᠨ ᠡᠭᠦᠷᠭᠡ ᠬᠦᠨᠳᠦ ᠪᠠᠶᠢᠨ᠎ᠠ᠃ ᠭᠡᠪᠡᠴᠦ᠂ ᠦᠨᠳᠦᠰᠦᠨ ᠱᠠᠲᠤᠨ ᠤ ᠺᠠᠳ᠋ᠷᠴᠤᠳ ᠤᠨ ᠠᠵᠢᠯ ᠤᠨ ᠴᠢᠳᠠᠪᠤᠷᠢ ᠪᠣᠯᠣᠨ ᠲᠤᠬᠠᠶᠢᠯᠠᠭᠰᠠᠨ ᠠᠵᠢᠯ ᠤᠨ ᠬᠢᠷᠢ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠨᠢ ᠡᠨᠡ ᠬᠦ ᠥᠭᠡᠷᠡᠴᠢᠯᠡᠯᠲᠡ ᠶᠢ ᠤᠷᠤᠭᠰᠢᠲᠠᠶ ᠬᠡᠷᠡᠭᠵᠢᠭᠦᠯᠬᠦ ᠶᠢᠨ ᠵᠠᠩᠭᠢᠯᠠᠭ᠎ᠠ ᠪᠣᠯᠤᠨ᠎ᠠ᠃ ᠡᠶᠢᠮᠦ ᠠᠴᠠ᠂ ᠪᠣᠯᠪᠠᠰᠤᠷᠠᠭᠤᠯᠬᠤ ᠠᠵᠢᠯ ᠳᠤ ᠡᠷᠬᠡᠪᠰᠢ ᠶᠡᠭᠡ ᠴᠠᠭ ᠵᠠᠷᠤᠴᠠᠭᠤᠯᠤᠨ᠂ ᠶᠡᠬᠡᠬᠡᠨ ᠬᠦᠴᠦ ᠣᠷᠣᠭᠤᠯᠵᠤ᠂ ᠬᠢᠨᠠᠮᠠᠭᠠᠶ ᠰᠠᠶᠢᠨ ᠬᠢᠬᠦ ᠬᠡᠷᠡᠭᠲᠡᠶ᠃      ᠲᠠᠪᠤ ᠳᠤ ᠲᠥᠪ ᠤᠨ ᠵᠠᠭᠤᠴᠢᠯᠠᠭᠤᠷ ᠢ ᠭᠦᠢᠴᠡᠳ ᠠᠰᠢᠭᠯᠠᠨ ᠤᠬᠠᠭᠤᠯᠭ᠎ᠠ ᠶᠢᠨ ᠠᠵᠢᠯ ᠢ ᠰᠠᠶᠢᠲᠤᠷ ᠬᠢᠬᠦ ᠶᠢᠨ ᠬᠠᠮᠲᠤ ᠡᠯ᠎ᠡ ᠭᠠᠵᠠᠷ ᠤᠨ ᠬᠢᠨ ᠢ ᠵᠢᠯᠣᠭᠤᠳᠤᠨ ᠬᠤᠪᠢ ᠶᠢᠨ ᠠᠵᠤ ᠦᠢᠯᠡᠳᠪᠦᠷᠢ  ᠬᠤᠳᠠᠯᠳᠤᠭ᠎ᠠ ᠶᠢᠨ ᠡᠷᠦᠭᠡ ᠶᠢᠨ ︽ᠬᠤᠶᠠᠷ ᠦᠨᠡᠮᠯᠡᠯ ᠢ ᠨᠡᠶᠢᠯᠡᠭᠦᠯᠬᠦ︾ ᠤᠬᠠᠭᠤᠯᠭ᠎ᠠ ᠶᠢᠨ ᠠᠵᠢᠯ ᠢ ᠥᠷᠭᠡᠨ ᠳᠡᠯᠭᠡᠷ ᠦᠷᠨᠢᠭᠦᠯᠵᠦ᠂ ᠨᠡᠶᠢᠭᠡᠮ ᠤᠨ ᠣᠯᠠᠨ ᠨᠡᠶᠢᠳᠡ ᠢᠯᠠᠩᠭᠤᠶ᠎ᠠ ᠥᠷᠭᠡᠨ ᠤᠯᠠᠨ ᠬᠤᠪᠢ ᠶᠢᠨ ᠡᠵᠡᠩᠨᠡᠭᠴᠢᠳ ᠲᠤ ᠥᠭᠡᠷᠡᠴᠢᠯᠡᠯᠲᠡ ᠶᠢ ᠣᠶᠢᠯᠠᠭᠠᠭᠤᠯᠵᠤ᠂ ᠥᠭᠡᠷᠡᠴᠢᠯᠡᠯᠲᠡ ᠶᠢ ᠳᠡᠮᠵᠢᠭᠦᠯᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠡᠨᠡ ᠬᠦ ᠲᠦᠭ ᠲᠦᠮᠡᠨ ᠤᠯᠠᠨ ᠲᠦᠮᠡᠨ ᠳᠤ ᠠᠰᠢᠭ ᠬᠦᠷᠲᠡᠭᠡᠬᠦ ᠥᠭᠡᠷᠡᠴᠢᠯᠡᠯᠲᠡ ᠶᠢ ᠦᠨᠡᠨ ᠪᠤᠳᠠᠲᠠᠢ ᠰᠠᠶᠢᠲᠤᠷ ᠬᠢᠬᠦ  ᠬᠡᠷᠡᠭᠲᠡᠢ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ