ᠥᠪᠥᠷ ᠮᠣᠩᠭᠤᠯ ᠰᠢᠨ᠎ᠡ ᠶᠢ ᠡᠭᠦᠳᠬᠦ ᠠᠳᠠᠯ ᠦᠢᠯᠡᠰ ᠴᠣᠭᠴᠠᠯᠠᠬᠤ ᠪᠡᠯᠡ ᠣᠷᠣᠭᠤᠯᠤᠯᠲᠠ ᠶᠢᠨ ᠬᠥᠲᠥᠯᠥᠨ ᠵᠢᠯᠣᠭᠤᠳᠬᠤ ᠲᠦᠷᠦᠯ ᠤᠨ ᠰᠠᠭᠤᠷᠢ ᠮᠥᠩᠭᠦ ᠪᠠᠶᠢᠭᠤᠯᠬᠤ ᠶᠢ ᠵᠣᠷᠢᠭᠵᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2016/10/14
      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠣᠷᠴᠢᠮᠬᠠᠨ ︽ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠮᠡᠳᠡᠭᠳᠡᠯ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠤᠯᠠᠮᠵᠢᠯᠠᠨ ᠲᠠᠷᠬᠠᠭᠠᠬᠤ ᠲᠤᠬᠠᠶ ᠮᠡᠳᠡᠭᠳᠡᠯ︾ ︵ᠳᠣᠷᠣᠭᠰᠢ ︽ᠮᠡᠳᠡᠭᠳᠡᠯ ᠭᠡᠵᠦ ᠲᠣᠪᠴᠢᠯᠠᠨ᠎ᠠ︶᠎ ᠢ ᠳᠠᠷᠤᠮᠠᠯᠯᠠᠨ ᠲᠠᠷᠬᠠᠭᠠᠪᠠ᠃ ︽ᠮᠡᠳᠡᠭᠳᠡᠯ︾᠎ ᠳᠤ ᠲᠣᠳᠣᠷᠬᠠᠶᠢᠯᠠᠭᠰᠠᠨ ᠨᠢ᠂ ᠨᠥᠬᠦᠴᠡᠯ ᠲᠠᠢ ᠭᠠᠵᠠᠷ ᠣᠷᠣᠨ ᠪᠣᠯᠤᠨ ᠰᠠᠯᠠᠭ᠎ᠠ ᠮᠥᠴᠢᠷ ᠤᠨ ᠰᠢᠨ᠎ᠡ ᠶᠢ ᠡᠭᠦᠳᠬᠦ ᠰᠠᠭᠤᠷᠢ ᠮᠥᠩᠭᠦ ᠪᠠᠶᠢᠭᠤᠯᠬᠤ ᠶᠢ ᠵᠣᠷᠢᠭᠵᠢᠭᠤᠯᠵᠤ᠂ ᠡᠳ᠋ ᠤᠨ ᠵᠠᠰᠠᠭ ᠤᠨ ᠪᠡᠯᠡ ᠮᠥᠩᠭᠦ ᠶᠢᠨ ᠬᠦᠰᠢᠭᠦᠷᠭᠡ ᠶᠢᠨ ᠦᠢᠯᠡᠳᠦᠯ ᠢ ᠪᠠᠳᠠᠷᠠᠭᠤᠯᠤᠨ᠂ ᠨᠡᠶᠢᠭᠡᠮ ᠤᠨ ᠬᠥᠷᠥᠩᠭᠡ ᠪᠠ ᠮᠥᠩᠭᠦᠨ ᠭᠦᠢᠯᠭᠡᠭᠡᠨ ᠤ ᠬᠦᠷᠦᠩᠭᠡ ᠶᠢ ᠵᠢᠯᠣᠭᠤᠳᠤᠨ ᠳᠠᠶᠢᠴᠢᠯᠠᠵᠤ ᠰᠢᠨ᠎ᠡ ᠶᠢ ᠡᠭᠦᠳᠬᠦ ᠠᠳᠠᠯ ᠦᠢᠯᠡᠰ ᠴᠣᠭᠴᠠᠯᠠᠬᠤ ᠠᠵᠤ ᠠᠬᠤᠶᠢᠯᠠᠯ ᠪᠣᠯᠣᠨ ᠲᠥᠷᠥᠯ ᠵᠦᠢᠯ ᠳᠤ ᠰᠲ᠋ᠣᠺ ᠤᠨ ᠡᠷᠬᠡ ᠪᠠ ᠠᠪᠴᠠᠭ᠎ᠠ ᠶᠢ ᠤᠶᠠᠯᠳᠤᠭᠤᠯᠤᠭᠰᠠᠨ ᠪᠡᠯᠡ ᠲᠣᠬᠢᠷᠠᠭᠤᠯᠤᠯᠲᠠ ᠶᠢᠨ ᠳᠡᠮᠵᠢᠯᠭᠡ ᠦᠵᠡᠭᠦᠯᠬᠦ ᠬᠡᠷᠡᠭᠲᠡᠶ ᠭᠡᠵᠡᠢ᠃      ︽ᠮᠡᠳᠡᠭᠳᠡᠯ︾᠎ ᠳᠤ ᠱᠠᠭᠠᠷᠳᠠᠭᠰᠠᠨ ᠨᠢ᠂ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠥᠬᠦᠢ ᠰᠠᠯᠠᠭ᠎ᠠ ᠮᠥᠴᠢᠷ ᠤᠳ ᠦᠢ ᠣᠯᠠᠨ ᠢᠶᠠᠷ ᠢᠶᠠᠨ ᠰᠢᠨ᠎ᠡ ᠶᠢ ᠡᠭᠦᠳᠬᠦ ᠣᠷᠣᠨ ᠵᠠᠶ ᠶᠢᠨ ᠪᠠᠶᠢᠭᠤᠯᠤᠯᠲᠠ ᠪᠠ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠣᠷᠣᠨ ᠨᠤᠲᠤᠭ ᠪᠠ ᠠᠵᠢᠯ ᠲᠦᠷᠦᠯ ᠤᠨ ᠬᠥᠭᠵᠢᠯᠲᠡ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠥᠪᠡᠷ ᠥᠪᠡᠷ ᠤᠨ ᠣᠨᠴᠠᠯᠢᠭ ᠪᠦᠬᠦᠢ ᠦᠢ ᠣᠯᠠᠨ ᠢᠶᠠᠷ ᠢᠶᠠᠨ ᠰᠢᠨ᠎ᠡ ᠶᠢ ᠡᠭᠦᠳᠬᠦ ᠣᠷᠣᠨ ᠵᠠᠶ ᠶᠢᠨ ᠪᠠᠶᠢᠭᠤᠯᠤᠯᠲᠠ ᠪᠠ ᠬᠥᠭᠵᠢᠯᠲᠡ ᠶᠢ ᠶᠡᠬᠡᠪᠡᠷ ᠲᠦᠯᠬᠢᠨ ᠠᠬᠢᠭᠤᠯᠵᠤ᠂ ᠡᠳ᠋ ᠤᠨ ᠵᠠᠰᠠᠭ ᠤᠨ ᠲᠤᠰᠬᠠᠶ ᠪᠡᠯᠡ ᠮᠥᠩᠭᠦ ᠶᠢ ᠪᠠᠶᠢᠭᠤᠯᠬᠤ ᠪᠤᠶᠤ ᠲᠣᠬᠢᠷᠠᠭᠤᠯᠵᠤ᠂ ᠡᠵᠡᠩᠨᠡᠯᠲᠡ ᠶᠢᠨ ᠲᠠᠯ᠎ᠠ ᠪᠠᠷ ᠰᠢᠯᠢᠳᠡᠭ ᠰᠠᠶᠢᠨ ᠦᠷ᠎ᠡ ᠪᠦᠲᠦᠮᠵᠢ ᠲᠠᠢ ᠦᠢ ᠣᠯᠠᠨ ᠢᠶᠠᠷ ᠢᠶᠠᠨ ᠰᠢᠨ᠎ᠡ ᠶᠢ ᠡᠭᠦᠳᠬᠦ ᠣᠷᠣᠨ ᠵᠠᠶ ᠳᠤ ᠨᠥᠬᠦᠪᠥᠷᠢ ᠣᠯᠭᠤᠵᠤ᠂ ᠦᠢ ᠣᠯᠠᠨ ᠢᠶᠠᠷ ᠢᠶᠠᠨ ᠰᠢᠨ᠎ᠡ ᠶᠢ ᠡᠭᠦᠳᠬᠦ ᠣᠷᠣᠨ ᠵᠠᠶ ᠲᠣᠲᠣᠷ᠎ᠠ ᠬᠡᠷᠡᠭᠵᠢᠭᠦᠯᠦᠭᠰᠡᠨ ᠵᠠᠬ᠎ᠠ ᠳᠡᠯᠭᠡᠭᠦᠷ ᠤᠨ ᠬᠡᠳᠦ ᠶᠢᠨ ᠲᠥᠯᠥᠪ ᠨᠡᠯᠢᠶᠡᠳ ᠰᠠᠶᠢᠨ᠂ ᠰᠢᠨ᠎ᠡ ᠶᠢ ᠡᠭᠦᠳᠬᠦ ᠴᠢᠨᠠᠷ ᠢᠶᠠᠷ ᠨᠡᠯᠢᠶᠡᠳ ᠴᠢᠩᠭ᠎ᠠ ᠰᠢᠨ᠎ᠡ ᠶᠢ ᠡᠭᠦᠳᠬᠦ ᠠᠳᠠᠯ ᠦᠢᠯᠡᠰ ᠴᠣᠭᠴᠠᠯᠠᠬᠤ ᠲᠦᠷᠦᠯ ᠵᠦᠢᠯ ᠪᠣᠯᠣᠨ ᠠᠳᠠᠯ ᠦᠢᠯᠡᠰ ᠴᠣᠭᠴᠠᠯᠠᠬᠤ ᠬᠠᠪᠰᠤᠷᠤᠮᠵᠢ ᠵᠢᠯᠣᠭᠤᠳᠣᠭᠴᠢ ᠳᠤ ᠳᠡᠮᠵᠢᠯᠭᠡ ᠦᠵᠡᠭᠦᠯᠬᠦ ᠬᠡᠷᠡᠭᠲᠡᠶ ᠭᠡᠵᠡᠢ᠃      ︽ᠮᠡᠳᠡᠭᠳᠡᠯ︾᠎ ᠳᠤ ᠳᠤᠷᠠᠳᠤᠭᠰᠠᠨ ᠨᠢ᠂ ᠭᠤᠣᠯᠳᠠᠯᠭ᠎ᠠ ᠲᠠᠢ ᠠᠵᠤ ᠦᠢᠯᠡᠰ ᠤᠨ ᠳᠠᠭᠠᠭᠤᠯᠤᠭᠴᠢ ᠠᠵᠤ ᠠᠬᠤᠶᠢᠯᠠᠯ ᠢ ᠵᠣᠷᠢᠭᠵᠢᠭᠤᠯᠵᠤ ᠪᠠᠶᠢᠭᠠᠳ ᠭᠤᠣᠯᠯᠠᠨ ᠡᠵᠡᠩᠨᠡᠬᠦ ᠲᠤᠬᠠᠶᠢᠯᠠᠭᠰᠠᠨ ᠠᠵᠢᠯ ᠤᠨ ᠴᠢᠭᠯᠡᠯ ᠢᠶᠠᠷ ᠢᠶᠠᠨ ᠲᠤᠰᠬᠠᠶᠢᠵᠢᠭᠰᠠᠨ ᠦᠢ ᠣᠯᠠᠨ ᠢᠶᠠᠷ ᠢᠶᠠᠨ ᠰᠢᠨ᠎ᠡ ᠶᠢ ᠡᠭᠦᠳᠬᠦ ᠣᠷᠣᠨ ᠵᠠᠶ ᠪᠠᠶᠢᠭᠤᠯᠵᠤ᠂ ᠠᠵᠤ ᠠᠬᠤᠶᠢᠯᠠᠯ ᠤᠨ ᠳᠣᠲᠣᠭᠠᠳᠤ ᠶᠢᠨ ᠠᠵᠢᠯᠳᠠᠨ ᠠᠵᠢᠯᠴᠢᠨ ᠪᠣᠯᠤᠨ ᠠᠵᠤ ᠦᠢᠯᠡᠰ ᠤᠨ ᠬᠡᠯᠬᠢᠶ᠎ᠡ ᠳᠠᠬᠢ ᠳᠤᠮᠳᠠ ᠵᠢᠵᠢᠭ ᠪᠢᠴᠢᠯ ᠠᠵᠤ ᠠᠬᠤᠶᠢᠯᠠᠯ᠂ ᠡᠯ᠎ᠡ ᠲᠦᠷᠦᠯ ᠤᠨ ᠡᠭᠦᠳᠦᠨ ᠴᠣᠭᠴᠠᠯᠠᠭᠴᠢ ᠳᠤ ᠰᠢᠨ᠎ᠡ ᠶᠢ ᠡᠭᠦᠳᠬᠦ ᠠᠳᠠᠯ ᠦᠢᠯᠡᠰ ᠴᠣᠭᠴᠠᠯᠠᠬᠤ ᠲᠠᠪᠴᠠᠩ ᠢ ᠪᠠᠶᠢᠭᠤᠯᠵᠤ ᠥᠭᠬᠦ ᠬᠡᠷᠡᠭᠲᠡᠢ᠃ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠳᠡᠭᠡᠳᠦ ᠰᠢᠨ᠎ᠡ ᠮᠡᠷᠭᠡᠵᠢᠯ ᠤᠨ ᠨᠡᠭᠡᠭᠡᠯᠲᠡ ᠶᠢᠨ ᠣᠷᠣᠨ᠂ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠲᠣᠭᠤᠷᠢᠭ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠪᠴᠢᠭᠦᠯᠦᠭᠦᠷ᠂ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ᠂ ᠢᠨᠵᠧᠨᠧᠷᠢᠩ ︵ᠮᠡᠷᠭᠡᠵᠢᠯ︶᠎ ᠤᠨ ᠰᠤᠳᠤᠯᠤᠯ ᠤᠨ ᠲᠥᠪ ᠢ ᠬᠥᠲᠥᠯᠥᠨ ᠵᠢᠯᠣᠭᠤᠳᠴᠤ ᠪᠠᠶᠢᠭᠠᠳ ᠳᠠᠪᠠᠭᠤᠯᠢᠭ ᠲᠤᠰᠬᠠᠶ ᠮᠡᠷᠭᠡᠵᠢᠯ ᠤᠨ ᠬᠦᠷᠢᠶ᠎ᠡ ᠬᠡᠪᠴᠢᠶᠡᠨ ᠤ ᠲᠣᠭᠤᠷᠢᠨ ᠳᠠᠭᠠᠨ ᠲᠤᠰᠬᠠᠶᠢᠵᠢᠭᠰᠠᠨ ᠦᠢ ᠣᠯᠠᠨ ᠢᠶᠠᠷ ᠢᠶᠠᠨ ᠰᠢᠨ᠎ᠡ ᠶᠢ ᠡᠭᠦᠳᠬᠦ ᠣᠷᠣᠨ ᠵᠠᠶ ᠪᠠᠶᠢᠭᠤᠯᠵᠤ᠂ ᠭᠤᠣᠯᠳᠠᠭᠤ ᠶᠡᠭᠡ ᠳᠡᠭᠡᠳᠦ ᠰᠤᠷᠭᠠᠭᠤᠯᠢ ᠶᠢᠨ ᠪᠠᠭᠰᠢ ᠰᠤᠷᠤᠭᠴᠢ᠂ ᠡᠷᠳᠡᠮ ᠰᠢᠨᠵᠢᠯᠡᠭᠡᠨ ᠤ ᠠᠵᠢᠯᠳᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠤᠯᠠᠷᠢᠭᠤᠯᠤᠯᠲᠠ ᠳᠤ ᠰᠢᠨ᠎ᠡ ᠶᠢ ᠡᠭᠦᠳᠬᠦ ᠠᠳᠠᠯ ᠦᠢᠯᠡᠰ ᠴᠣᠭᠴᠠᠯᠠᠬᠤ ᠲᠠᠪᠴᠠᠩ ᠪᠠᠶᠢᠭᠤᠯᠤᠨ ᠥᠭᠴᠦ᠂ ᠲᠤᠰᠬᠠᠶᠢᠵᠢᠭᠰᠠᠨ ᠦᠢᠯᠡᠴᠢᠯᠡᠭᠡ ᠬᠠᠩᠭᠠᠬᠤ ᠬᠡᠷᠡᠭᠲᠡᠢ᠃ ᠦᠢ ᠣᠯᠠᠨ ᠢᠶᠠᠷ ᠢᠶᠠᠨ ᠰᠢᠨ᠎ᠡ ᠶᠢ ᠡᠭᠦᠳᠬᠦ ᠣᠷᠣᠨ ᠵᠠᠶ ᠶᠢᠨ ᠣᠷᠣᠨ ᠤ ᠳᠣᠲᠣᠷ᠎ᠠ ᠭᠠᠳᠠᠨᠠᠬᠢ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠲᠠᠭᠠᠭᠤᠯᠤᠭᠴᠢ ᠠᠵᠤ ᠠᠬᠤᠶᠢᠯᠠᠯ᠂ ᠠᠳᠠᠯ ᠦᠢᠯᠡᠰ ᠴᠣᠭᠴᠠᠯᠠᠬᠤ ᠶᠢ ᠨᠡᠪᠴᠢᠭᠦᠯᠬᠦ ᠪᠠᠶᠢᠭᠤᠯᠤᠮᠵᠢ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠵᠢᠴᠢ ᠦᠢ ᠣᠯᠠᠨ ᠢᠶᠠᠷ ᠢᠶᠠᠨ ᠰᠢᠨ᠎ᠡ ᠶᠢ ᠡᠭᠦᠳᠬᠦ ᠣᠷᠣᠨ ᠵᠠᠶ ᠯᠤᠭ᠎ᠠ ᠬᠠᠮᠲᠤᠷᠠᠯᠴᠠᠭ᠎ᠠ ᠰᠣᠯᠢᠯᠴᠠᠭ᠎ᠠ ᠪᠠᠨ ᠴᠢᠩᠭᠠᠳᠬᠠᠬᠤ ᠶᠢ ᠨᠢ ᠵᠣᠷᠢᠭᠵᠢᠭᠤᠯᠵᠤ᠂ ᠲᠡᠷᠢᠭᠦᠨ ᠤ ᠰᠢᠨ᠎ᠡ ᠡᠭᠦᠳᠦᠯᠲᠡ ᠶᠢᠨ ᠡᠬᠢ ᠪᠠᠶᠠᠯᠢᠭ ᠢ ᠤᠯᠠᠨ ᠵᠦᠢᠯ ᠤᠨ ᠠᠷᠭ᠎ᠠ ᠬᠡᠯᠪᠡᠷᠢ ᠪᠠᠷ ᠣᠷᠣᠭᠤᠯᠤᠨ ᠠᠪᠴᠢᠷᠠᠵᠤ᠂ ᠮᠠᠨ ᠤ ᠣᠷᠣᠨ ᠤ ᠰᠢᠨ᠎ᠡ ᠶᠢ ᠡᠭᠦᠳᠬᠦ ᠠᠳᠠᠯ ᠦᠢᠯᠡᠰ ᠴᠣᠭᠴᠠᠯᠠᠬᠤ ᠳᠤ ᠦᠢᠯᠡᠴᠢᠯᠡᠭᠡ ᠪᠠ ᠳᠡᠮᠵᠢᠯᠭᠡ ᠦᠵᠡᠭᠦᠯᠬᠦ ᠬᠡᠷᠡᠭᠲᠡᠶ ᠭᠡᠵᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号