ᠣᠷᠴᠢᠮᠬᠠᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠥᠯᠥᠪᠯᠡᠭᠡᠲᠦ | ᠦᠷᠡᠵᠢᠯ ᠤᠨ ᠵᠦᠪᠡᠯᠡᠯ᠂ ᠰᠤᠷᠭᠠᠨ ᠬᠥᠮᠦᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠬᠠᠮᠲᠤᠷᠠᠨ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠦᠷᠦᠭᠡ ᠳᠤ | ᠬᠠᠨᠳᠤᠭᠤᠯᠤᠨ 3 ᠵᠢᠯ ᠤᠨ ᠳᠦᠷᠢᠮᠲᠦ ᠳᠤᠮᠳᠠᠳᠤ ᠵᠡᠷᠭᠡ ᠶᠢᠨ ᠠᠵᠢᠯ ᠮᠡᠷᠭᠡᠵᠢᠯ ᠤᠨ ᠰᠦᠢᠳᠬᠡᠯ ᠦᠯᠦ ᠬᠤᠷᠢᠶᠠᠬᠤ | ᠡᠮᠨᠡᠯᠭᠡ ᠶᠢᠨ ᠤᠬᠠᠭᠠᠨ ᠤ ᠰᠤᠷᠤᠭᠴᠢ ᠶᠢ ᠬᠦᠮᠦᠵᠢᠭᠦᠯᠬᠦ ᠲᠥᠯᠥᠪᠵᠢᠭᠦᠯᠭᠡ ︵2016 - 2020︶︾ ᠶᠢᠨ | ᠮᠡᠳᠡᠭᠳᠡᠯ ᠲᠠᠷᠬᠠᠭᠠᠵᠤ᠂ ᠭᠠᠴᠠᠭᠠᠨ ᠠᠴᠠ ᠢᠷᠡᠵᠦ ᠭᠠᠴᠠᠭᠠᠨ ᠳᠠᠭᠠᠨ ᠪᠤᠴᠠᠬᠤ ᠵᠠᠷᠴᠢᠮ ᠶᠣᠰᠣᠭᠠᠷ᠂ 5 ᠵᠢᠯ ᠤᠨ | ᠬᠤᠭᠤᠴᠠᠭᠠᠨ ᠳᠤ 1 ᠲᠦᠮᠡᠨ ᠨᠡᠷᠡᠰ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠪᠦᠬᠦᠯᠢ ᠡᠳᠦᠷ ᠤᠨ ᠳᠦᠷᠢᠮᠲᠦ | ᠡᠮᠨᠡᠯᠭᠡ ᠶᠢᠨ ᠰᠤᠷᠤᠭᠴᠢ ᠡᠯᠰᠡᠵᠦ᠂ ᠬᠦᠮᠦᠵᠢᠭᠦᠯᠦᠭᠡᠳ ᠬᠢᠷᠢ ᠲᠡᠩᠴᠡᠭᠰᠡᠨ ᠤ ᠰᠡᠭᠦᠯᠡᠷ ᠲᠣᠰᠬᠤᠨ ᠤ ᠡᠮᠴᠢ ᠶᠢᠨ | ᠡᠩᠨᠡᠭᠡ ᠶᠢ ᠲᠡᠭᠦᠯᠳᠡᠷᠵᠢᠭᠦᠯᠬᠦ ᠪᠠᠷ ᠲᠦᠯᠦᠪᠯᠡᠵᠡᠢ᠃ | ᠣᠶᠢᠯᠠᠭᠠᠭᠰᠠᠨ ᠢᠶᠠᠷ᠂ ᠣᠳᠣᠬᠠᠨ ᠳᠤ ᠥᠪᠡᠷᠲᠡᠭᠡᠨ ᠵᠠᠰᠠᠭ ᠣᠷᠣᠨ ᠳᠤ ᠭᠠᠴᠠᠭ᠎ᠠ ᠲᠣᠰᠬᠤᠨ ᠤ ᠡᠷᠡᠭᠦᠯ | ᠬᠠᠮᠠᠭᠠᠯᠠᠯ ᠤᠨ ᠦᠷᠦᠭᠡ ᠳᠤ ᠠᠵᠢᠯᠯᠠᠵᠤ ᠪᠠᠶᠢᠭ᠎ᠠ ᠬᠦᠮᠦᠨ 20633 ᠪᠠᠶᠢᠵᠤ᠂ ᠡᠭᠦᠨ ᠳᠤ ᠠᠵᠢᠯ ᠡᠷᠬᠢᠯᠡᠬᠦ ︵ | ᠲᠤᠰᠠᠯᠠᠬᠤ︶ ᠶᠡᠭᠡ ᠡᠮᠴᠢ 1911 ᠬᠥᠮᠦᠨ ᠪᠠᠶᠢᠵᠤ᠂ ᠠᠵᠢᠯᠯᠠᠵᠤ ᠪᠠᠶᠢᠭ᠎ᠠ ᠬᠥᠮᠦᠰ ᠤᠨ 9.3% ᠶᠢ ᠯᠠ | ᠡᠵᠡᠯᠡᠵᠦ ᠪᠠᠶᠢᠨ᠎ᠠ᠃ ᠥᠪᠡᠷᠲᠡᠭᠡᠨ ᠵᠠᠰᠠᠬᠤ ᠣᠷᠣᠨ 2013 ᠣᠨ ᠳᠤ ᠬᠥᠳᠡᠭᠡ ᠲᠣᠰᠬᠤᠨ ᠤ ᠶᠡᠭᠡ ᠡᠮᠴᠢ ᠳᠤ | ᠠᠵᠢᠯ ᠤᠨ ᠪᠠᠶᠢᠷᠢ ᠳᠤᠨᠢ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠰᠤᠷᠤᠯᠭ᠎ᠠ ᠶᠢᠨ ᠨᠠᠮᠲᠠᠷ ᠤᠨ ᠬᠥᠮᠦᠵᠢᠯ | ᠪᠣᠯᠪᠠᠰᠤᠷᠠᠭᠤᠯᠤᠯ ᠬᠢᠬᠦ ᠲᠥᠷᠥᠯ ᠵᠦᠢᠯ ᠢ ᠡᠬᠢᠯᠡᠨ ᠬᠡᠷᠡᠭᠵᠢᠭᠦᠯᠵᠦ᠂ ᠣᠳᠣᠬᠠᠨ ᠳᠤ ᠪᠣᠯᠪᠠᠰᠤᠷᠠᠭᠤᠯᠵᠤ ᠪᠠᠶᠢᠭ᠎ᠠ | ᠬᠥᠮᠦᠨ ᠤ ᠲᠤᠭ᠎ᠠ 1.2 ᠲᠦᠮᠡᠨ ᠬᠥᠮᠦᠨ ᠪᠠᠶᠢᠵᠤ᠂ ᠬᠥᠳᠡᠭᠡ ᠲᠣᠰᠬᠤᠨ ᠤ ᠡᠮᠴᠢ ᠶᠢᠨ ᠰᠤᠷᠤᠯᠭ᠎ᠠ ᠶᠢᠨ | ᠨᠠᠮᠲᠠᠷ ᠤᠨ ᠲᠡᠰ ᠵᠡᠷᠭᠡ ᠪᠤᠯᠤᠨ ᠠᠵᠢᠯ ᠡᠷᠬᠢᠯᠡᠬᠦ ︵ᠲᠤᠰᠠᠯᠠᠬᠤ︶ ᠡᠮᠴᠢ ᠶᠢᠨ ᠡᠵᠡᠯᠡᠬᠦ ᠬᠠᠷᠢᠴᠠᠯ ᠢ ᠳᠡᠭᠡᠭᠰᠢᠯᠡᠭᠦᠯᠬᠦ | ᠳᠤ ᠵᠣᠬᠢᠬᠤ ᠦᠢᠯᠡᠳᠦᠯ ᠦᠵᠡᠭᠦᠯᠦᠭᠰᠡᠨ ᠪᠠᠶᠢᠨ᠎ᠠ᠃ ᠭᠡᠪᠡᠴᠦ ᠶᠡᠷᠦᠩᠬᠡᠶ ᠳᠤᠨᠢ ᠠᠪᠴᠤ ᠦᠵᠡᠪᠡᠯ᠂ ᠬᠥᠳᠡᠭᠡ | ᠲᠣᠰᠬᠤᠨ ᠤ ᠡᠮᠴᠢ ᠶᠢᠨ ᠡᠩᠨᠡᠭᠡᠨ ᠳᠤ ᠠᠵᠢᠯᠲᠠᠨ ᠨᠢ ᠨᠠᠰᠤᠵᠢᠭᠰᠠᠨ᠂ ᠰᠢᠯᠵᠢᠵᠦ ᠶᠠᠪᠤᠵᠤ ᠪᠠᠶᠢᠬᠤ ᠨᠢ ᠤᠯᠠᠨ᠂ | ᠰᠤᠷᠤᠯᠭ᠎ᠠ ᠶᠢᠨ ᠨᠠᠮᠲᠠᠷ ᠨᠢ ᠳᠣᠣᠷ᠎ᠠ᠂ ᠪᠦᠬᠦᠯᠢ ᠡᠳᠦᠷ ᠤᠨ ᠳᠦᠷᠢᠮᠲᠦ ᠰᠤᠷᠤᠯᠭ᠎ᠠ ᠶᠢᠨ ᠨᠠᠮᠲᠠᠷ ᠤᠨ ᠰᠤᠷᠭᠠᠨ | ᠬᠥᠮᠦᠵᠢᠯ ᠬᠦᠷᠲᠡᠭᠰᠡᠨ ᠬᠥᠳᠡᠭᠡ ᠲᠣᠰᠬᠤᠨ ᠤ ᠡᠮᠴᠢ ᠴᠥᠭᠡᠨ᠂ ᠣᠯᠠᠩᠬᠢ ᠨᠢ ᠠᠵᠢᠯ ᠡᠷᠬᠢᠯᠡᠬᠦ ︵ᠲᠤᠰᠠᠯᠠᠬᠤ︶ | ᠶᠡᠭᠡ ᠡᠮᠴᠢ ᠶᠢᠨ ᠰᠢᠯᠭᠠᠯᠲᠠ ᠶᠢᠨ ᠬᠢᠷᠢ ᠬᠡᠮ ᠢ ᠪᠦᠷᠢᠯᠳᠦᠭᠦᠯᠦᠭᠰᠡᠨ ᠦᠭᠡᠢ ᠵᠡᠷᠭᠡ ᠠᠰᠠᠭᠤᠳᠠᠯ ᠮᠦᠨ ᠯᠡ | ᠤᠷᠤᠰᠢᠵᠤ ᠪᠠᠶᠢᠨ᠎ᠠ᠃ | ᠡᠭᠦᠨ ᠤ ᠲᠤᠯᠠᠳᠠ᠂ ᠥᠪᠡᠷᠲᠡᠭᠡᠨ ᠵᠠᠰᠠᠬᠤ ᠣᠷᠣᠨ ᠲᠣᠰᠬᠤᠨ ᠤ ᠡᠮᠴᠢ ᠳᠤ ᠬᠠᠨᠳᠤᠭᠤᠯᠤᠭᠰᠠᠨ 3 | ᠵᠢᠯ ᠤᠨ ᠪᠦᠬᠦᠯᠢ ᠡᠳᠦᠷ ᠤᠨ ᠳᠦᠷᠢᠮᠲᠦ ᠦᠢᠯᠡᠳᠪᠦᠷᠢᠯᠡᠯ ᠠᠴᠠ ᠰᠠᠯᠬᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ | ᠰᠦᠢᠳᠬᠡᠯ ᠦᠯᠦ ᠬᠤᠷᠢᠶᠠᠬᠤ ᠡᠮᠨᠡᠯᠭᠡ ᠶᠢᠨ ᠤᠬᠠᠭᠠᠨ ᠤ ᠰᠤᠷᠤᠭᠴᠢ ᠶᠢ ᠬᠦᠮᠦᠵᠢᠭᠦᠯᠬᠦ ᠲᠥᠯᠥᠪᠵᠢᠭᠦᠯᠭᠡ ᠶᠢ | ᠨᠡᠶᠢᠲᠡᠯᠡᠪᠡ᠃ ᠡᠨᠡ ᠵᠢᠯ ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ ᠵᠢᠯ ᠪᠦᠷᠢ 2000 ᠰᠤᠷᠤᠭᠴᠢ ᠡᠯᠰᠡᠵᠦ᠂ | ᠬᠥᠳᠡᠭᠡ ᠲᠣᠰᠬᠤᠨ ᠤ ᠡᠮᠨᠡᠯᠭᠡ ᠶᠢᠨ ᠤᠬᠠᠭᠠᠨ᠂ ᠮᠣᠩᠭᠤᠯ ᠡᠮ ᠡᠮᠨᠡᠯᠭᠡ ︵ᠰᠤᠮᠤ ᠶᠢᠨ ᠡᠮᠴᠢ︶᠂ ᠬᠢᠲᠠᠳ ᠡᠮ | ᠡᠮᠨᠡᠯᠭᠡ ︵ᠰᠤᠮᠤ ᠶᠢᠨ ᠡᠮᠴᠢ︶ ᠲᠤᠰᠬᠠᠶ ᠮᠡᠷᠭᠡᠵᠢᠯ ᠶᠢ ᠪᠠᠭᠲᠠᠭᠠᠭᠰᠠᠨ ᠢ ᠰᠤᠷᠤᠯᠴᠠᠭᠤᠯᠤᠨ᠎ᠠ ᠃ ᠰᠤᠷᠦᠬᠴᠢ | ᠡᠯᠰᠡᠬᠦ ᠳᠡᠭᠡᠨ ᠭᠤᠣᠯᠳᠠᠭᠤ ᠲᠤᠰ ᠬᠤᠭᠤᠴᠠᠭ᠎ᠠ᠂ ᠦᠩᠭᠡᠷᠡᠭᠰᠡᠨ ᠬᠤᠭᠤᠴᠠᠭᠠᠨ ᠤ ᠠᠩᠬ᠎ᠠ ᠵᠡᠷᠭᠡ ᠶᠢᠨ ᠳᠤᠮᠳᠠᠳᠤ | ᠰᠤᠷᠭᠠᠭᠤᠯᠢ ᠠᠴᠠ ᠳᠡᠭᠡᠭᠰᠢᠬᠢ ︵ᠠᠩᠬ᠎ᠠ ᠵᠡᠷᠭᠡ ᠪᠠᠭᠲᠠᠨ᠎ᠠ︶ ᠰᠤᠷᠤᠯᠭ᠎ᠠ ᠶᠢᠨ ᠨᠠᠮᠲᠠᠷ ᠲᠠᠢ᠂ ᠪᠦᠬᠦᠯᠢ 30 | ᠨᠠᠰᠤᠨ ᠠᠴᠠ ᠳᠣᠷᠣᠭᠰᠢ᠂ ᠬᠥᠳᠡᠭᠡ ᠲᠣᠰᠬᠤᠨ ᠤ ᠡᠮᠴᠢ ᠶᠢᠨ ᠠᠵᠢᠯ ᠢ ᠬᠢᠬᠦ ᠵᠣᠷᠢᠭ ᠰᠥᠰᠥ ᠲᠠᠢ ᠪᠥᠭᠡᠳ | ᠰᠤᠷᠤᠯᠭ᠎ᠠ ᠪᠠᠨ ᠲᠡᠭᠦᠰᠭᠡᠭᠰᠡᠨ ᠬᠦᠮᠦᠰ ᠤᠨ ᠳᠤᠲᠤᠷ᠎ᠠ ᠡᠯᠰᠡᠨ᠎ᠡ᠃ ᠬᠢᠨᠠᠨ ᠬᠠᠷᠭᠤᠭᠤᠯᠤᠭᠠᠳ ᠪᠠᠲᠤᠯᠠᠨ | ᠡᠯᠰᠡᠭᠳᠡᠭᠰᠡᠨ ᠰᠤᠷᠤᠭᠴᠢ ᠶᠢ ᠡᠮᠨᠡᠯᠭᠡ ᠶᠢᠨ ᠶᠡᠭᠡ ᠳᠡᠭᠡᠳᠦ ᠰᠤᠷᠭᠠᠭᠤᠯᠢ ᠠᠴᠠ ᠥᠪᠡᠷᠲᠡᠭᠡᠨ ᠵᠠᠰᠠᠭ ᠣᠷᠣᠨ ᠤ | ᠰᠤᠷᠭᠠᠨ ᠬᠥᠮᠦᠵᠢᠯ ᠤᠨ ᠲᠢᠩᠬᠢᠮ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ | ᠬᠠᠷᠢᠶᠠᠯᠠᠯ ᠤᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠲᠣᠭᠲᠠᠭᠠᠯ ᠢᠶᠠᠷ ᠰᠤᠷᠤᠯᠭ᠎ᠠ ᠶᠢᠨ ᠬᠠᠷᠢᠶᠠᠯᠠᠯ ᠢ ᠨᠢ | ᠨᠢᠭᠡᠳᠦᠯᠲᠡᠢ ᠳᠠᠩᠰᠠᠯᠠᠭᠤᠯᠤᠨ᠎ᠠ᠃ ᠰᠤᠷᠤᠭᠴᠢᠳ ᠲᠥᠯᠥᠪᠯᠡᠭᠡ ᠶᠣᠰᠣᠭᠠᠷ ᠡᠯ᠎ᠡ ᠲᠥᠷᠥᠯ ᠤᠨ ᠬᠢᠴᠢᠶᠡᠯ ᠢᠶᠠᠨ | ᠰᠤᠷᠴᠤ ᠲᠡᠭᠦᠰᠦᠭᠡᠳ ᠰᠢᠯᠭᠠᠯᠲᠠ ᠳᠤ ᠬᠢᠷᠢ ᠲᠡᠩᠴᠡᠭᠰᠡᠨ ᠪᠤᠯ᠂ ᠡᠮᠨᠡᠯᠭᠡ ᠶᠢᠨ ᠶᠡᠭᠡ ᠳᠡᠭᠡᠳᠦ ᠰᠤᠷᠭᠠᠭᠤᠯᠢ ᠠᠴᠠ | ᠨᠢᠭᠡᠳᠦᠯᠲᠡᠢ ᠲᠡᠭᠦᠰᠬᠦ ᠦᠨᠡᠮᠯᠡᠯ ᠤᠯᠭᠤᠬᠤ ᠶᠢᠨ ᠬᠠᠮᠲᠤ ᠪᠠᠰᠠ ᠠᠵᠢᠯ ᠡᠷᠬᠢᠯᠡᠬᠦ ︵ᠲᠤᠰᠠᠯᠠᠬᠤ︶ ᠶᠡᠭᠡ ᠡᠮᠴᠢ ᠶᠢᠨ | ᠰᠢᠯᠭᠠᠯᠲᠠ ᠳᠤ ᠣᠷᠣᠯᠴᠠᠬᠤ ᠬᠢᠷᠢ ᠬᠡᠮ ᠪᠤᠯᠤᠨ᠎ᠠ᠃ ᠡᠭᠦᠨ ᠠᠴᠠ ᠭᠠᠳᠠᠨ᠎ᠠ᠂ ᠰᠤᠷᠤᠭᠴᠢᠳ ᠳᠤᠮᠳᠠ ᠵᠡᠷᠭᠡ ᠶᠢᠨ | ᠠᠵᠢᠯ ᠮᠡᠷᠭᠡᠵᠢᠯ ᠤᠨ ᠰᠤᠷᠤᠯᠭ᠎ᠠ ᠶᠢᠨ ᠨᠠᠮᠲᠠᠷ ᠤᠨ ᠰᠤᠷᠭᠠᠨ ᠬᠥᠮᠦᠵᠢᠯ ᠤᠨ ︽ᠬᠤᠶᠠᠷ ᠢ ᠬᠡᠯᠲᠦᠷᠢᠭᠦᠯᠵᠦ ᠬᠤᠶᠠᠷ | ᠨᠥᠬᠦᠪᠥᠷᠢᠯᠡᠬᠦ︾ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠢ ᠬᠦᠷᠲᠡᠵᠦ ᠪᠤᠯᠤᠨ᠎ᠠ᠂ ᠲᠤᠬᠠᠶᠢᠯᠠᠪᠠᠯ | ᠰᠤᠷᠤᠯᠭ᠎ᠠ ᠶᠢᠨ ᠰᠦᠢᠳᠬᠡᠯ ᠢ ᠬᠡᠯᠲᠦᠷᠢᠭᠦᠯᠬᠦ᠂ ᠰᠤᠷᠬᠤ ᠪᠢᠴᠢᠭ ᠤᠨ ᠰᠦᠢᠳᠬᠡᠯ ᠦᠯᠦ ᠲᠤᠰᠢᠶᠠᠬᠤ᠂ ᠪᠠᠶᠢᠷᠢ ᠳᠤ | ᠰᠠᠭᠤᠬᠤ ᠵᠢᠴᠢ ᠬᠤᠨᠤᠭ ᠤᠨ ᠵᠠᠷᠤᠳᠠᠯ ᠤᠨ ᠨᠥᠬᠦᠪᠥᠷᠢ ᠤᠯᠬᠤ ᠪᠤᠯᠤᠨ᠎ᠠ᠂ ᠲᠠᠷᠢᠶᠠᠯᠠᠩ ᠳᠤ ᠬᠤᠯᠪᠤᠭᠳᠠᠬᠤ | ᠲᠠᠷᠢᠶᠠᠯᠠᠩ ᠳᠤ ᠬᠤᠯᠪᠣᠭᠳᠠᠬᠤ ᠪᠤᠰᠤ ᠲᠤᠰᠬᠠᠶ ᠮᠡᠷᠭᠡᠵᠢᠯ ᠤᠨ ᠭᠡᠷ ᠪᠦᠯᠢ ᠶᠢᠨ ᠠᠵᠤ ᠠᠬᠤᠶ ᠨᠢ ᠬᠦᠴᠢᠷᠳᠡᠯ ᠲᠠᠢ | ᠰᠤᠷᠤᠭᠴᠢᠳ ᠲᠤ ᠠᠮᠢᠳᠤᠷᠠᠯ ᠤᠨ ᠰᠦᠢᠳᠬᠡᠯ ᠨᠦᠬᠦᠪᠦᠷᠢᠯᠡᠵᠦ᠂ ︽ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ | ᠰᠤᠷᠭᠠᠭᠤᠯᠢ ᠲᠡᠭᠦᠰᠦᠭᠰᠡᠨ ᠦᠨᠡᠮᠯᠡᠯ︾ ᠤᠯᠤᠭᠰᠠᠨ ᠪᠥᠭᠡᠳ ︽ᠠᠵᠢᠯ ᠡᠷᠬᠢᠯᠡᠬᠦ ᠲᠤᠰᠠᠯᠠᠬᠤ ᠡᠮᠴᠢ ᠶᠢᠨ ᠭᠡᠷᠡᠴᠢ | ᠦᠨᠡᠮᠯᠡᠯ︾ ᠰᠢᠯᠭᠠᠨ ᠤᠯᠤᠭᠰᠠᠨ ᠰᠤᠷᠭᠠᠭᠤᠯᠢ ᠲᠡᠭᠦᠰᠦᠭᠰᠡᠨ ᠰᠤᠷᠤᠭᠴᠢᠳ ᠢ ᠬᠡᠷᠡᠭᠴᠡᠭᠡ ᠱᠠᠭᠠᠷᠳᠠᠯᠭ᠎ᠠ ᠶᠤᠰᠤᠭᠠᠷ | ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠦᠷᠦᠭᠡᠨ ᠳᠤ ᠤᠷᠢᠳᠠᠪᠠᠷ ᠲᠤᠬᠢᠷᠠᠭᠤᠯᠤᠨ ᠠᠵᠢᠯᠯᠠᠭᠤᠯᠤᠨ᠎ᠠ᠃ |