ᠳᠤᠮᠳᠠᠳᠤ ᠤᠯᠤᠰ ᠤᠨ ᠮᠣᠩᠭᠤᠯ ᠤᠯᠤᠰ ᠲᠤ ᠬᠠᠨᠳᠤᠭᠤᠯᠤᠭᠰᠠᠨ ᠬᠠᠮᠤᠭ ᠤᠨ ᠶᠡᠭᠡ ᠬᠠᠭᠤᠷᠠᠶ ᠵᠠᠮ ᠤᠨ ᠪᠣᠭᠤᠮᠲᠠ ᠶᠢᠨ ᠲᠦᠷᠦᠭᠦᠦ ᠭᠤᠷᠪᠠᠨ ᠤᠯᠠᠷᠢᠯ ᠳᠤ ᠣᠷᠣᠰ ᠲᠠᠢ ᠬᠢᠭᠰᠡᠨ ᠠᠷᠠᠯᠵᠢᠶ᠎ᠠ ᠦᠷᠭᠦᠯᠵᠢᠯᠡᠨ ᠨᠡᠮᠡᠭᠳᠡᠪᠡ
ᠨᠡᠶᠢᠲᠡᠯᠡᠭᠰᠡᠨ ᠴᠠᠭ᠄
2016/10/17
     2016 ᠣᠨ ᠤ ᠲᠦᠷᠦᠭᠦᠦ ᠭᠤᠷᠪᠠᠨ ᠤᠯᠠᠷᠢᠯ ᠳᠤ᠂ ᠳᠤᠮᠳᠠᠳᠤ ᠤᠯᠤᠰ ᠤᠨ ᠮᠣᠩᠭᠤᠯ ᠤᠯᠤᠰ ᠲᠤ ᠬᠠᠨᠳᠤᠭᠤᠯᠤᠭᠰᠠᠨ ᠬᠠᠮᠤᠭ ᠤᠨ ᠶᠡᠭᠡ ᠬᠠᠭᠤᠷᠠᠶ ᠵᠠᠮ ᠤᠨ ᠪᠣᠭᠤᠮᠲᠠ ᠪᠤᠯᠤᠭᠰᠠᠨ ᠡᠷᠢᠶᠡᠨ ᠪᠤᠭᠤᠮᠲᠠ ᠶᠢᠨ ᠭᠠᠳᠠᠭᠠᠳᠤ ᠠᠷᠠᠯᠵᠢᠶᠠᠨ ᠤ ᠥᠷᠲᠡᠭ 115.9 ᠳ᠋ᠦᠩᠰᠢᠭᠤᠷ ᠲᠥᠭᠦᠷᠢᠭ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭ᠎ᠠ ᠲᠠᠢ ᠠᠳᠠᠯᠢᠳᠬᠠᠪᠠᠯ 15.8% ᠪᠠᠭᠤᠷᠠᠵᠤ᠂ ᠡᠭᠦᠨ ᠳᠤ ᠮᠣᠩᠭᠤᠯ ᠲᠠᠢ ᠬᠢᠭᠰᠡᠨ ᠠᠷᠠᠯᠵᠢᠶᠠᠨ ᠤ ᠶᠡᠷᠦᠩᠬᠡᠶ ᠲᠤᠭ᠎ᠠ ᠪᠠᠭᠤᠷᠠᠵᠤ︔ ᠣᠷᠣᠰ ᠲᠠᠢ ᠬᠢᠭᠰᠡᠨ ᠠᠷᠠᠯᠵᠢᠶᠠᠨ ᠤ ᠬᠡᠮᠵᠢᠶ᠎ᠡ ᠨᠡᠮᠡᠭᠳᠡᠪᠡ᠃      ᠳᠤᠮᠳᠠᠳᠤ ᠤᠯᠤᠰ ᠤᠨ ᠤᠮᠠᠷᠠᠲᠤ ᠬᠢᠯᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠯᠢ ᠶᠢᠨ ᠳᠤᠲᠤᠷ᠎ᠠ ᠪᠠᠶᠢᠷᠢᠯᠠᠭ᠎ᠠ ᠡᠷᠢᠶᠡᠨ ᠬᠤᠲᠠ ᠪᠤᠯ ᠪᠠᠶᠢᠭᠤᠯᠤᠭᠳᠠᠭᠰᠠᠨ ᠠᠴᠠ ᠪᠠᠨ ᠠᠪᠤᠭᠠᠳ ᠳᠤᠮᠳᠠᠳᠤ ᠤᠯᠤᠰ ᠤᠨ ᠮᠣᠩᠭᠤᠯ ᠤᠯᠤᠰ ᠲᠤ ᠬᠠᠨᠳᠤᠭᠤᠯᠤᠭᠰᠠᠨ ᠬᠠᠮᠤᠭ ᠤᠨ ᠲᠣᠮᠣ ᠬᠠᠭᠤᠷᠠᠶ ᠵᠠᠮ ᠤᠨ ᠪᠤᠭᠤᠮᠲᠠ ᠪᠣᠯᠤᠨ᠎ᠠ᠃ ᠤᠢᠢᠷ᠎ᠠ ᠶᠢᠨ ᠵᠢᠯ ᠤᠳ ᠲᠤ᠂ ᠳᠤᠮᠳᠠᠳᠤ ᠤᠷᠤᠰ ᠤᠨ ᠠᠷᠠᠯᠵᠢᠶᠠᠨ ᠤ ᠲᠣᠭᠲᠠᠭᠤᠨ ᠬᠥᠭᠵᠢᠯᠲᠡ ᠶᠢ ᠳᠠᠭᠠᠯᠳᠤᠨ᠂ ᠡᠷᠢᠶᠡᠨ ᠪᠣᠭᠤᠮᠲᠠ ᠴᠤ ᠠᠭᠠᠵᠢᠮ ᠢᠶᠠᠷ ᠳᠤᠮᠳᠠᠳᠤ ᠤᠷᠤᠰ ᠤᠨ ᠠᠷᠠᠯᠵᠢᠶᠠᠨ ᠤ ᠴᠢᠬᠤᠯᠠ ᠵᠠᠮ ᠪᠤᠯᠪᠠ᠃ ᠣᠳᠣᠬᠠᠨ ᠳᠤ ᠳᠤᠮᠳᠠᠳᠤ ᠣᠷᠣᠰ ᠤᠨ ᠣᠯᠠᠨ ᠤᠯᠤᠰ ᠤᠨ ᠰᠢᠦᠳᠠᠨ ᠲᠡᠭᠡᠭᠡᠪᠦᠷᠢ ᠶᠢᠨ ᠭᠤᠣᠯ ᠪᠣᠯᠬᠤ ᠬᠤᠶᠠᠷ ᠱᠤᠭᠤᠮ ᠪᠠᠶᠢᠳᠠᠭ᠂ ᠲᠡᠭᠦᠨ ᠤ ᠳᠣᠲᠣᠷᠠᠬᠢ ᠨᠢᠭᠡ ᠨᠢ ᠡᠷᠢᠶᠡᠨ ᠬᠤᠲᠠ ᠪᠠᠷ ᠦᠩᠭᠡᠷᠡᠨ ᠬᠢᠯᠢ ᠠᠴᠠ ᠭᠠᠷᠴᠤ᠂ ᠮᠣᠩᠭᠤᠯ ᠤᠯᠤᠰ ᠢᠶᠠᠷ ᠦᠩᠭᠡᠷᠡᠨ᠂ 5 ᠬᠤᠨᠤᠭ ᠤᠨ ᠳᠠᠷᠠᠭ᠎ᠠ ᠣᠷᠣᠰ ᠲᠤ ᠬᠦᠷᠬᠦ ᠱᠤᠭᠤᠮ ᠪᠤᠯᠤᠨ᠎ᠠ᠃      2016 ᠣᠨ ᠤ ᠲᠦᠷᠦᠭᠦᠦ ᠭᠤᠷᠪᠠᠨ ᠤᠯᠠᠷᠢᠯ ᠳᠤ᠂ ᠡᠷᠢᠶᠡᠨ ᠪᠤᠭᠤᠮᠲᠠ ᠶᠢᠨ ᠣᠷᠣᠰ᠂ ᠮᠤᠩᠭᠤᠯ ᠎ ᠯᠤᠭ᠎ᠠ ᠶᠢᠨ ᠠᠷᠠᠯᠵᠢᠶᠠᠨ ᠤ ᠥᠷᠳᠡᠭ ᠠᠳᠠᠯᠢ ᠬᠤᠭᠤᠴᠠᠭᠠᠨ ᠤ ᠶᠡᠷᠦᠩᠬᠡᠶ ᠦᠷᠲᠡᠭ ᠤᠨ 99.6%᠎ ᠢ ᠡᠵᠡᠯᠡᠪᠡ᠃ ᠡᠭᠦᠨ ᠳᠤ ᠮᠣᠩᠭᠤᠯ ᠤᠯᠤᠰ ᠲᠠᠬᠢ ᠤᠷᠤᠭᠤᠯᠤᠯᠲᠠ ᠭᠠᠷᠭᠠᠯᠲᠠ ᠶᠢᠨ ᠪᠦᠬᠦ ᠲᠤᠭ᠎ᠠ 76.5 ᠳ᠋ᠦᠩᠰᠢᠭᠤᠷ ᠲᠥᠭᠦᠷᠢᠭ ᠬᠦᠷᠴᠦ᠂ ᠪᠠᠭᠤᠷᠠᠯᠲᠠ ᠶᠢᠨ ᠬᠡᠮᠵᠢᠶ᠎ᠡ ᠨᠢ ᠳᠦᠷᠪᠡᠨ ᠤ ᠨᠢᠭᠡ ᠰᠢᠬᠠᠮ ᠪᠤᠯᠵᠤ᠂ ᠠᠳᠠᠯᠢ ᠬᠤᠭᠤᠴᠠᠭᠠᠨ ᠤ ᠡᠷᠢᠶᠡᠨ ᠪᠤᠭᠤᠮᠲᠠ ᠶᠢᠨ ᠭᠠᠳᠠᠭᠠᠳᠤ ᠠᠷᠠᠯᠵᠢᠶᠠᠨ ᠤ ᠶᠡᠷᠦᠩᠬᠡᠶ ᠦᠷᠲᠡᠭ ᠤᠨ 66%᠎ ᠶᠢ ᠡᠵᠡᠯᠡᠪᠡ︔ ᠤᠷᠤᠰ ᠲᠠᠬᠢ ᠤᠷᠤᠭᠤᠯᠤᠯᠲᠠ ᠭᠠᠷᠭᠠᠯᠲᠠ ᠶᠢᠨ ᠠᠷᠠᠯᠵᠢᠶᠠᠨ ᠤ ᠪᠦᠬᠦ ᠲᠤᠭ᠎ᠠ 38.9 ᠳ᠋ᠦᠩᠰᠢᠭᠤᠷ ᠲᠥᠭᠦᠷᠢᠭ ᠲᠤ ᠬᠦᠷᠴᠦ᠂ 8.4% ᠨᠡᠮᠡᠭᠳᠡᠪᠡ᠃ ᠬᠠᠷᠢᠨ ᠴᠠᠭᠠᠰᠤᠨ ᠡᠭᠡᠳᠡᠩ᠂ ᠬᠠᠪᠲᠠᠰᠤᠨ ᠡᠳ᠋ ᠮᠠᠲ᠋ᠧᠷᠢᠶᠠᠯ᠂ ᠲᠦᠭᠦᠬᠡᠶ ᠴᠢᠯᠠᠭᠤᠨ ᠲᠤᠰᠤ᠂ ᠠᠷᠭ᠎ᠠ ᠲᠦᠢᠯ ᠤᠨ ᠨᠡᠭᠦᠷᠡᠰᠦᠨ ᠬᠡᠰᠡᠭ ᠵᠡᠷᠭᠡ ᠭᠠᠳᠠᠭᠠᠳᠤ ᠤᠷᠤᠭᠤᠯᠤᠯᠲᠠ ᠭᠠᠷᠭᠠᠯᠲᠠ ᠨᠢ ᠠᠳᠠᠯᠢ ᠪᠤᠰᠤ ᠬᠡᠮᠵᠢᠶ᠎ᠡ ᠪᠠᠷ ᠨᠡᠮᠡᠭᠳᠡᠵᠦ᠂ ᠳᠤᠮᠳᠠᠳᠤ ᠤᠷᠤᠰ ᠤᠨ ᠪᠤᠭᠤᠮᠲᠠ ᠶᠢᠨ ᠠᠷᠠᠯᠵᠢᠶᠠᠨ ᠤ ᠬᠥᠭᠵᠢᠯᠲᠡ ᠶᠢ ᠲᠦᠯᠬᠢᠨ ᠠᠬᠢᠭᠤᠯᠪᠠ᠃ ᠮᠣᠳᠣᠨ ᠮᠠᠲ᠋ᠧᠷᠢᠶᠠᠯ ᠢᠶᠠᠷ ᠵᠢᠱᠢᠶᠡᠯᠡᠪᠡᠯ᠂ 2016 ᠣᠨ ᠤ ᠲᠦᠷᠦᠭᠦᠦ 3 ᠤᠯᠠᠷᠢᠯ ᠳᠤ ᠡᠷᠢᠶᠡᠨ ᠪᠣᠭᠤᠮᠲᠠ 97 ᠲᠦᠮᠡᠨ ᠲᠣᠨ ᠮᠣᠳᠣᠨ ᠮᠠᠲ᠋ᠧᠷᠢᠶᠠᠯ ᠭᠠᠳᠠᠭᠠᠳᠦ ᠠᠴᠠ ᠤᠷᠤᠭᠤᠯᠵᠤ᠂ ᠠᠳᠠᠯᠢ ᠬᠤᠭᠤᠴᠠᠭᠠᠨ ᠤ ᠬᠢ ᠠᠴᠠ 22% ᠨᠡᠮᠡᠭᠳᠡᠪᠡ︔ ᠭᠠᠳᠠᠭᠠᠳᠤ ᠠᠴᠠ ᠤᠷᠤᠭᠤᠯᠤᠭᠰᠠᠨ ᠪᠦᠬᠦ ᠦᠷᠳᠡᠭ ᠨᠢ 13.2% ᠬᠦᠷᠴᠦ᠂ 25.7% ᠨᠡᠮᠡᠭᠳᠡᠪᠡ᠃ ᠪᠦᠷᠢᠳᠬᠡᠯ ᠢ ᠦᠨᠳᠦᠰᠦᠯᠡᠪᠡᠯ᠂ ᠣᠷᠣᠰ ᠤᠨ ᠮᠣᠳᠣᠨ ᠮᠠᠲ᠋ᠧᠷᠢᠶᠠᠯ ᠤᠨ ᠳᠤᠮᠳᠠᠳᠤ ᠤᠯᠤᠰ ᠲᠤ ᠪᠤᠷᠤᠯᠠᠭᠤᠯᠤᠭᠳᠠᠬᠤ ᠬᠦᠷᠢᠶ᠎ᠡ ᠬᠡᠪᠴᠢᠶ᠎ᠡ ᠨᠢ ᠵᠡᠭᠦᠨ ᠬᠤᠶᠢᠲᠤ ᠣᠷᠣᠨ᠂ ᠤᠮᠠᠷᠠᠲᠤ ᠣᠷᠣᠨ᠂ ᠪᠠᠷᠠᠭᠤᠨ ᠬᠤᠶᠢᠲᠤ ᠤᠷᠤᠨ᠂ ᠵᠡᠭᠦᠨ ᠡᠮᠦᠨᠡᠲᠦ ᠳᠠᠯᠠᠶ ᠳᠠᠭᠠᠤ ᠤᠷᠤᠨ ᠢᠶᠠᠷ ᠲᠦᠪᠯᠡᠷᠡᠵᠦ ᠪᠠᠶᠢᠭᠰᠠᠨ ᠠᠴᠠ ᠪᠠᠨ ᠠᠭᠠᠵᠢᠮ ᠢᠶᠠᠷ ᠳᠤᠮᠳᠠᠳᠤ ᠣᠷᠣᠨ᠂ ᠪᠠᠷᠠᠭᠤᠨ ᠡᠮᠦᠨᠡᠲᠦ ᠤᠷᠤᠨ ᠬᠦᠷᠲᠡᠯ᠎ᠡ ᠦᠷᠭᠡᠳᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号