ᠤᠯᠠᠭᠠᠨ᠄ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠪᠠᠷ ᠭᠤᠣᠯᠳᠠᠯᠭ᠎ᠠ ᠪᠣᠯᠭᠠᠵᠤ    ᠶᠠᠳᠠᠭᠤ ᠬᠦᠴᠢᠷᠳᠡᠯᠲᠡᠢ ᠡᠷᠦᠬᠡ ᠶᠢ ᠲᠣᠭᠳᠠᠭᠤᠨ ᠢᠶᠠᠷ ᠶᠠᠳᠠᠭᠤ ᠠᠴᠠ ᠠᠩᠭᠢᠵᠢᠷᠠᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2016/10/17
     10 ᠳ᠋ᠤᠭᠠᠷ ᠰᠠᠷ᠎ᠠ ᠶᠢᠨ 16᠎ ᠤ ᠡᠳᠦᠷ᠂ ᠦᠪᠡᠷᠲᠡᠭᠡᠨ ᠵᠠᠰᠠᠬᠤ ᠤᠷᠤᠨ ᠤ ᠲᠢᠩᠬᠢᠮ ᠲᠤᠪᠴᠢᠶ᠎ᠠ ᠶᠢᠨ ᠳᠡᠰ ᠤᠨ ᠪᠠᠶᠢᠭᠤᠯᠭ᠎ᠠ ᠶᠢᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠶᠢ ᠬᠠᠪᠰᠤᠷᠤᠨ ᠳᠡᠳᠬᠦᠬᠦ ᠲᠤᠬᠠᠢ ᠶᠢᠨ ᠲᠠᠯᠠᠪᠠᠢ ᠶᠢᠨ ᠲᠤᠭᠤᠷᠢᠨ ᠦᠵᠡᠬᠦ ᠬᠤᠷᠠᠯ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠬᠤᠷᠠᠯᠳᠤᠵᠦ᠂ ᠦᠪᠡᠷᠲᠡᠭᠡᠨ ᠵᠠᠰᠠᠬᠤ ᠤᠷᠤᠨ ᠤ ᠲᠢᠩᠬᠢᠮ ᠲᠤᠪᠴᠢᠶ᠎ᠠ ᠶᠢᠨ ᠱᠠᠳᠤᠨ ᠤ 30 ᠬᠠᠪᠰᠤᠷᠤᠨ ᠲᠡᠳᠬᠦᠬᠦ ᠪᠠᠶᠢᠭᠤᠯᠭ᠎ᠠ ᠶᠢᠨ ᠬᠠᠷᠢᠭᠤᠴᠠᠯᠭᠠᠳᠠᠨ ᠪᠣᠯᠣᠨ ᠲᠤᠰᠬᠤᠨ ᠳᠤ ᠰᠠᠭᠤᠭ᠎ᠠ ᠠᠵᠢᠯᠲᠠᠨ ᠲᠤᠬᠠᠢ ᠶᠢᠨ ᠲᠠᠯᠠᠪᠠᠢ ᠶᠢᠨ ᠬᠤᠷᠠᠯ ᠳᠤ ᠤᠷᠤᠯᠴᠠᠵᠠᠢ᠃ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠬᠦᠨ᠂ ᠤᠬᠠᠭᠤᠯᠬᠤ ᠭᠡᠯᠳᠡᠰ ᠤᠨ ᠳᠠᠷᠤᠭ᠎ᠠ ᠤᠯᠠᠭᠠᠨ ᠬᠤᠷᠠᠯ ᠳᠤ ᠤᠷᠤᠯᠴᠠᠨ ᠶᠠᠷᠢᠶ᠎ᠠ ᠲᠠᠯᠪᠢᠪᠠ᠃      ᠤᠯᠠᠭᠠᠨ ᠵᠢᠭᠠᠵᠤ ᠭᠠᠷᠭᠠᠭᠰᠠᠨ ᠨᠢ᠂ ᠨᠢᠳᠤᠨᠤᠨ ᠵᠢᠯ ᠠᠴᠠ ᠨᠠᠰᠢ᠂ ᠦᠪᠡᠷᠲᠡᠭᠡᠨ ᠵᠠᠰᠠᠬᠤ ᠤᠷᠤᠨ ᠤ ᠲᠢᠩᠬᠢᠮ ᠲᠤᠪᠴᠢᠶ᠎ᠠ᠂ ᠬᠢᠩᠭᠠᠨ ᠠᠶᠢᠮᠠᠬ ᠤᠨ ᠰᠢᠭᠤᠳ ᠬᠠᠪᠰᠤᠷᠤᠨ ᠳᠡᠳᠬᠦᠬᠦ ᠪᠠᠶᠢᠭᠤᠯᠭ᠎ᠠ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠶᠢᠨ ᠦᠨᠳᠦᠰᠦᠳᠡᠨ ᠨᠦᠭᠦᠳ ᠤᠨ ᠺᠠᠳ᠋ᠷ ᠤᠯᠠᠨ ᠲᠦᠮᠡᠨ ᠭᠡᠰᠡᠨ ᠦᠭᠡᠢ ᠤᠯᠠᠨ ᠢᠶᠠᠷ ᠢᠶᠠᠨ ᠤᠶᠤᠨ ᠤᠬᠠᠭᠠᠨ ᠢᠶᠠᠨ ᠲᠦᠪᠯᠡᠷᠡᠭᠦᠯᠦᠨ᠂ ᠬᠦᠴᠦ ᠪᠠᠨ ᠬᠠᠮᠳᠤᠳᠬᠠᠨ ᠰᠢᠪᠲᠤᠯᠤᠯᠲᠠ ᠬᠢᠵᠦ᠂ ᠶᠠᠳᠠᠭᠤ ᠶᠢ ᠳᠡᠳᠬᠦᠬᠦ ᠡᠯ᠎ᠠ ᠲᠦᠷᠦᠯ ᠤᠨ ᠠᠵᠢᠯ ᠰᠢᠨ᠎ᠠ ᠨᠢᠭᠡᠨ ᠳᠡᠭᠲᠡᠷ ᠲᠤ ᠭᠠᠷᠬᠤ ᠶᠢ ᠠᠬᠢᠭᠤᠯᠵᠠᠢ᠃ ᠬᠠᠪᠰᠤᠷᠤᠨ ᠳᠡᠳᠬᠦᠬᠦ ᠠᠷᠭ᠎ᠠ ᠭᠡᠮᠵᠢᠶ᠎ᠠ ᠨᠡᠩ ᠤᠨᠤᠪᠴᠢᠳᠠᠢ ᠪᠤᠯᠵᠦ᠂ ᠠᠵᠤ ᠦᠢᠯᠡᠰ ᠢᠶᠠᠷ ᠶᠠᠳᠠᠭᠤ ᠶᠢ ᠳᠡᠳᠬᠦᠬᠦ ᠦᠷ᠎ᠠ ᠪᠦᠳᠦᠮᠵᠢ ᠢᠯᠡᠷᠬᠡᠢ ᠪᠤᠯᠵᠤ᠂ ᠤᠷᠴᠢᠨ ᠲᠤᠭᠤᠷᠢᠨ ᠤ ᠲᠦᠷᠢ ᠲᠦᠷᠬᠦ ᠯᠤᠳᠤ ᠶᠡᠭᠡ ᠬᠤᠪᠢᠷᠠᠯᠳᠠ ᠭᠠᠷᠴᠦ᠂ ᠶᠠᠳᠠᠭᠤ ᠬᠦᠴᠢᠷᠳᠡᠯᠲᠡᠢ ᠶᠢ ᠪᠠᠭᠠᠰᠬᠠᠬᠤ ᠦᠷ᠎ᠠ ᠪᠦᠳᠦᠮᠵᠢ ᠨᠡᠯᠢᠶᠡᠳ ᠲᠤᠪᠤᠶᠢᠮ᠎ᠠ ᠪᠤᠯᠵᠦ᠂ ᠶᠠᠳᠠᠭᠤ ᠬᠦᠴᠢᠷᠳᠡᠯᠳᠠᠢ ᠬᠦᠮᠦᠨ ᠠᠮᠠ 1.7 ᠲᠦᠮᠡ ᠪᠠᠶᠢᠭᠰᠠᠨ ᠠᠴᠠ ᠪᠠᠨ ᠪᠠᠭᠠᠰᠤᠭᠠᠳ 1.2 ᠲᠦᠮᠡᠨ ᠬᠦᠮᠦᠨ ᠪᠤᠯᠵᠦ᠂ ᠶᠠᠳᠠᠭᠤᠷᠠᠬᠤ ᠨᠤᠷᠮ᠎ᠠ ᠪᠠᠭᠤᠷᠠᠭᠠᠳ ᠤᠳᠤ ᠶᠢᠨ 6.7% ᠪᠤᠯᠵᠦ᠂ ᠶᠠᠳᠠᠭᠤ ᠶᠢ ᠳᠡᠳᠬᠦᠬᠦ ᠠᠵᠢᠯ ᠱᠠᠲᠤ ᠦᠶ᠎ᠡ ᠶᠢᠨ ᠴᠢᠨᠠᠷᠳᠠᠢ ᠴᠢᠬᠤᠯᠠ ᠶᠡᠭᠡ ᠦᠷ᠎ᠠ ᠪᠦᠳᠦᠮᠵᠢ ᠣᠯᠪᠠ ᠭᠡᠵᠡᠢ᠃      ᠤᠯᠠᠭᠠᠨ ᠱᠠᠭᠠᠷᠳᠠᠭᠰᠠᠨ ᠨᠢ᠂ ᠠᠵᠤ ᠦᠢᠯᠡᠰ ᠢᠶᠠᠷ ᠶᠠᠳᠠᠭᠤ ᠶᠢ ᠳᠡᠳᠬᠦᠬᠦ ᠪᠠᠷ ᠭᠤᠣᠯᠳᠠᠯᠭ᠎ᠠ ᠪᠣᠯᠭᠠᠬᠤ ᠶᠢ ᠢᠮᠠᠭᠳᠠ ᠪᠠᠷᠢᠮᠳᠠᠯᠠᠵᠦ᠂ ᠲᠤᠭᠳᠠᠭᠤᠨ ᠢᠶᠠᠷ ᠶᠠᠳᠠᠭᠤ ᠠᠴᠠ ᠠᠩᠬᠢᠵᠢᠷᠠᠭᠤᠯᠬᠤ ᠶᠢᠨ ᠠᠰᠠᠭᠤᠳᠠᠯ ᠢ ᠦᠨᠳᠦᠰᠦᠨ ᠠᠴᠠ ᠨᠢ ᠰᠢᠢᠳᠪᠤᠷᠢᠯᠡᠵᠦ᠂ ᠨᠢᠭᠡᠨᠳᠠ ᠲᠤᠭᠳᠠᠭᠰᠠᠨ ᠬᠦᠭᠵᠢᠯᠳᠠ ᠶᠢᠨ ᠰᠡᠳᠭᠢᠮᠵᠢ ᠶᠢ ᠡᠷᠡᠰ ᠭᠤᠶᠢᠪᠢᠰᠢ ᠦᠭᠡᠢ ᠠᠬᠢᠭᠤᠯᠵᠦ᠂ ᠡᠪᠡᠰᠦᠨ ᠤ ᠠᠵᠤ ᠦᠢᠯᠡᠰ ᠪᠤᠯᠤᠨ ᠮᠠᠯ ᠠᠵᠤ ᠠᠬᠤᠢ ᠶᠢᠨ ᠬᠦᠭᠵᠢᠯᠳᠠ᠂ ᠠᠮᠢ ᠠᠬᠤᠢ ᠶᠢᠨ ᠵᠠᠰᠠᠯᠳᠠ ᠶᠢ ᠬᠠᠷᠢᠯᠴᠠᠨ ᠤᠶᠠᠯᠳᠤᠭᠤᠯᠤᠭᠰᠠᠨ ᠰᠢᠨ᠎ᠠ ᠵᠠᠮ ᠢ ᠢᠳᠡᠪᠬᠢᠲᠡᠢ ᠰᠦᠪᠡᠭᠴᠢᠯᠡᠵᠦ᠂ ᠲᠠᠪᠠᠭᠤᠯᠢᠭ ᠠᠵᠤ ᠦᠢᠯᠡᠰ ᠤᠨ ᠲᠡᠰ ᠲᠠᠪᠰᠢᠬᠦ ᠶᠢ ᠬᠦᠴᠦᠯᠡᠨ ᠠᠬᠢᠭᠤᠯᠵᠦ᠂ ᠰᠠᠨᠠᠭᠠᠴᠢᠯᠠᠭ᠎ᠠ ᠠᠴᠠ ᠪᠠᠨ ︽ᠵᠠᠬ᠎ᠠ ᠳᠡᠯᠭᠡᠬᠦᠷ ᠡᠷᠢᠬᠦ︾ ᠤᠬᠠᠮᠰᠠᠷ ᠢ ᠪᠠᠳᠤ ᠪᠤᠢ ᠪᠤᠯᠭᠠᠬᠤ ᠭᠡᠷᠡᠭᠲᠡᠢ᠃ ᠲᠠᠭᠠᠭᠤᠯᠤᠭᠴᠢ ᠠᠵᠤ ᠠᠬᠤᠢᠢᠯᠠᠯ ᠪᠣᠯᠣᠨ ᠲᠤᠰᠬᠠᠢ ᠬᠤᠷᠰᠢᠶᠠᠵᠢᠯ ᠢ ᠪᠤᠶᠢᠵᠢᠭᠤᠯᠤᠨ ᠬᠦᠭᠵᠢᠬᠦᠯᠬᠦ ᠶᠢ ᠲᠤᠪᠤᠶᠢᠮ᠎ᠠ ᠪᠠᠶᠢᠷᠢᠨ ᠳᠤ ᠲᠠᠯᠪᠢᠬᠤ ᠶᠢ ᠢᠮᠠᠭᠳᠠ ᠪᠠᠷᠢᠮᠳᠠᠯᠠᠵᠦ᠂ ᠲᠡᠭᠦᠨ ᠤ ᠪᠠᠨ ᠶᠠᠳᠠᠭᠤ ᠬᠦᠴᠢᠷᠳᠡᠯᠳᠠᠢ ᠬᠦᠮᠦᠨ ᠠᠮᠠ ᠶᠢ ᠵᠤᠬᠢᠶᠠᠨ ᠪᠠᠶᠢᠭᠤᠯᠤᠨ ᠲᠠᠶᠢᠴᠢᠯᠠᠬᠤ ᠦᠢᠯᠡᠳᠦᠯ ᠢ ᠪᠠᠳᠠᠷᠠᠭᠤᠯᠬᠤ ᠭᠡᠷᠡᠭᠲᠡᠢ᠃ ︽ᠵᠤᠷᠢᠭ ᠰᠠᠨᠠᠭ᠎ᠠ ᠪᠠᠷ ᠳᠡᠳᠬᠦᠬᠦ︾ ︽ᠤᠶᠤᠨ ᠤᠬᠠᠭᠠᠨ ᠢᠶᠠᠷ ᠳᠡᠳᠬᠦᠬᠦ︾᠎ ᠪᠠᠷ ᠦᠨᠳᠦᠰᠦᠨ ᠡᠬᠦᠷᠭᠡ ᠪᠤᠯᠭᠠᠬᠤ ᠶᠢ ᠢᠮᠠᠭᠳᠠ ᠪᠠᠷᠢᠮᠳᠠᠯᠠᠵᠦ᠂ ᠦᠢᠯᠡᠳᠪᠤᠷᠢᠯᠡᠯ ᠤᠨ ᠭᠡᠯᠪᠡᠷᠢ ᠬᠢᠭᠡᠳ ᠠᠮᠢᠳᠤᠷᠠᠯ ᠤᠨ ᠭᠡᠯᠪᠡᠷᠢ᠂ ᠤᠷᠴᠢᠨ ᠲᠤᠭᠤᠷᠢᠨ ᠤ ᠲᠦᠷᠢ ᠲᠦᠷᠬᠦ ᠬᠢᠭᠡᠳ ᠬᠦᠮᠦᠨ ᠤ ᠬᠡᠪ ᠴᠢᠨᠠᠷ ᠢ ᠵᠡᠷᠭᠡ ᠳᠤᠨᠢ ᠬᠤᠪᠢᠷᠠᠭᠤᠯᠬᠤ ᠶᠢ ᠪᠡᠶᠡᠯᠡᠬᠦᠯᠬᠦ ᠭᠡᠷᠡᠭᠲᠡᠢ᠃ ᠳᠤᠳᠤᠭᠠᠳᠦ ᠬᠦᠴᠦ ᠪᠤᠯᠤᠨ ᠭᠠᠳᠠᠭᠠᠳᠦ ᠬᠦᠴᠦ ᠶᠢᠨ ᠬᠠᠷᠢᠴᠠᠭ᠎ᠠ ᠶᠢ ᠰᠢᠨᠵᠢᠯᠡᠬᠦ ᠤᠬᠠᠭᠠᠨᠴᠢ ᠪᠠᠷ ᠨᠢᠭᠡᠳᠦᠯᠳᠠᠢ ᠲᠦᠯᠦᠪᠵᠢᠬᠦᠯᠬᠦ ᠶᠢ ᠴᠢᠬᠤᠯᠠ ᠠᠷᠭ᠎ᠠ ᠪᠠᠷᠢᠯ ᠪᠤᠯᠭᠠᠬᠤ ᠶᠢ ᠢᠮᠠᠭᠳᠠ ᠪᠠᠷᠢᠮᠳᠠᠯᠠᠵᠦ᠂ ᠶᠠᠳᠠᠭᠤ ᠶᠢ ᠲᠡᠳᠬᠦᠬᠦ ᠰᠢᠪᠲᠤᠯᠤᠯᠲᠠ ᠳᠤ ᠬᠦᠴᠦᠳᠠᠢ ᠪᠦᠭᠡᠳ ᠦᠷᠬᠦᠯᠵᠢᠯᠡᠬᠦ ᠬᠦᠳᠡᠯᠭᠡᠬᠦ ᠬᠦᠴᠦ ᠬᠠᠩᠭᠠᠬᠤ ᠭᠡᠷᠡᠭᠲᠡᠢ᠃ ᠶᠠᠳᠠᠭᠤ ᠶᠢ ᠲᠡᠳᠬᠦᠵᠦ ᠶᠠᠳᠠᠭᠤ ᠠᠴᠠ ᠠᠩᠬᠢᠵᠢᠷᠠᠭᠤᠯᠬᠤ ᠤᠷᠳᠤ ᠬᠤᠭᠤᠴᠠᠭᠠᠨ ᠤ ᠪᠦᠳᠦᠮᠵᠢᠳᠦ ᠲᠤᠭᠳᠠᠴᠠ ᠶᠢ ᠪᠠᠶᠢᠭᠤᠯᠤᠨ ᠪᠦᠷᠢᠨᠰᠢᠬᠦᠯᠬᠦ ᠪᠠᠷ ᠵᠠᠩᠬᠢᠯᠠᠭ᠎ᠠ ᠶᠢᠨ ᠭᠤᠭᠴᠤᠭ᠎ᠠ ᠪᠤᠯᠭᠠᠬᠤ ᠶᠢ ᠢᠮᠠᠭᠳᠠ ᠪᠠᠷᠢᠮᠳᠠᠯᠠᠵᠦ᠂ ᠶᠠᠳᠠᠭᠤ ᠶᠢ ᠲᠡᠳᠬᠦᠬᠦ ᠰᠢᠪᠲᠤᠯᠤᠯᠲᠠ ᠶᠢᠨ ᠪᠦᠳᠦᠮᠵᠢᠳᠠᠢ ᠠᠬᠢᠭᠤᠯᠬᠤ ᠪᠠ ᠶᠠᠳᠠᠭᠤ ᠠᠴᠠ ᠠᠩᠬᠢᠵᠢᠷᠠᠭᠤᠯᠬᠤ ᠦᠷ᠎ᠠ ᠪᠦᠳᠦᠮᠵᠢ ᠶᠢ ᠦᠷᠬᠦᠯᠵᠢᠯᠡᠨ ᠪᠠᠳᠤᠳᠬᠠᠬᠤ ᠶᠢ ᠪᠠᠳᠤᠯᠠᠬᠤ ᠭᠡᠷᠡᠭᠲᠡᠢ᠃ ᠢᠳᠡᠭᠡᠯ ᠢᠶᠠᠨ ᠪᠠᠲᠤᠳᠬᠠᠨ᠂ ᠤᠨᠢᠨ ᠳᠡᠭᠡᠷ᠎ᠠ ᠨᠢ ᠬᠦᠴᠦᠯᠡᠵᠦ᠂ ᠲᠤᠭᠳᠠᠭᠰᠠᠨ ᠬᠤᠭᠤᠴᠠᠭᠠᠨ ᠳᠤ ᠶᠠᠳᠠᠭᠤ ᠠᠴᠠ ᠠᠩᠬᠢᠵᠢᠷᠠᠭᠤᠯᠬᠤ ᠬᠠᠷᠠᠯᠳᠠ ᠶᠢ ᠡᠷᠡᠰ ᠰᠢᠢᠳᠮᠡᠭ ᠢᠶᠠᠷ ᠪᠡᠶᠡᠯᠡᠬᠦᠯᠵᠦ᠂ ᠰᠢᠯᠢᠳᠡᠭ ᠬᠢᠷᠢ ᠪᠦᠳᠦᠮᠵᠢ ᠪᠠᠷ ᠦᠪᠡᠷᠲᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠳᠤ ᠪᠡᠯᠡᠭ ᠪᠤᠯᠭᠠᠨ ᠲᠡᠪᠰᠢᠬᠦᠯᠬᠦ ᠭᠡᠷᠡᠭᠲᠡᠢ ᠭᠡᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号