ᠮᠠᠨ ᠤ ᠣᠷᠣᠨ 2014 ᠣᠨ ᠤ 7 ᠳ᠋ᠤᠭᠠᠷ ᠰᠠᠷ᠎ᠠ ᠠᠴᠠ ᠡᠬᠢᠯᠡᠨ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠪᠠᠷᠢᠮᠵᠢᠶᠠᠵᠢᠭᠤᠯᠤᠯᠲᠠ ᠶᠢᠨ ᠠᠵᠢᠯ ᠢ ᠠᠬᠢᠭᠤᠯᠬᠤ ᠭᠤᠷᠪᠠᠨ ᠵᠢᠯ ᠤᠨ ᠠᠵᠢᠯᠯᠠᠭᠠᠨ ᠤ | ᠲᠥᠯᠥᠪᠯᠡᠭᠡ︾ ᠶᠢ ᠬᠡᠷᠡᠭᠵᠢᠭᠦᠯᠦᠭᠰᠡᠨ ᠠᠴᠠ ᠨᠠᠰᠢ ᠢᠯᠡᠳᠲᠡ ᠠᠮᠵᠢᠯᠲᠠ ᠪᠦᠲᠦᠮᠵᠢ ᠣᠯᠵᠠᠶ᠃ | ᠪᠠᠷᠢᠮᠵᠢᠶ᠎ᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠲᠠᠯ᠎ᠠ ᠪᠠᠷ᠄ ᠰᠢᠨ᠎ᠡ ᠬᠡᠯᠪᠡᠷᠢ ᠶᠢᠨ ᠠᠵᠤ | ᠦᠢᠯᠡᠳᠪᠦᠷᠢ᠂ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠶ᠂ ᠦᠢᠯᠡᠴᠢᠯᠡᠭᠡᠨ ᠤ ᠦᠢᠯᠡᠰ᠂ ᠨᠡᠶᠢᠭᠡᠮ ᠤᠨ | ᠬᠠᠮᠢᠶᠠᠷᠤᠯᠲᠠ ᠪᠠ ᠤᠯᠠᠨ ᠨᠡᠶᠢᠲᠡ ᠶᠢᠨ ᠦᠢᠯᠡᠴᠢᠯᠡᠭᠡ 4 ᠶᠡᠭᠡ ᠪᠠᠷᠢᠮᠵᠢᠶ᠎ᠠ ᠶᠢᠨ ᠰᠢᠰᠲ᠋ᠧᠮᠵᠢ ᠪᠣᠯᠤᠨ 29 ᠳᠡᠳ᠋ | ᠰᠢᠰᠲ᠋ᠧᠮᠵᠢ ᠶᠢᠨ ᠪᠣᠷᠣ ᠲᠥᠯᠥᠪ ᠢ ᠠᠩᠬ᠎ᠠ ᠠᠯᠬᠤᠮ ᠪᠦᠷᠢᠯᠳᠦᠭᠦᠯᠵᠦ᠂ ᠡᠯ᠎ᠡ ᠳᠡᠰ ᠤᠨ ᠪᠠᠷᠢᠮᠵᠢᠶ᠎ᠠ ᠶᠢ 13552 | ᠵᠦᠢᠯ ᠢᠯᠭᠠᠷᠠᠭᠤᠯᠪᠠ᠃ ᠪᠠᠷᠢᠮᠵᠢᠶ᠎ᠠ ᠶᠢ ᠲᠣᠭᠲᠠᠭᠠᠬᠤ ᠪᠠ ᠵᠠᠰᠠᠪᠤᠷᠢ ᠣᠷᠣᠭᠤᠯᠬᠤ ᠲᠠᠯ᠎ᠠ ᠪᠠᠷ᠄ ᠨᠡᠶᠢᠳᠡ 797 | ᠵᠦᠢᠯ ᠤᠨ ᠪᠠᠷᠢᠮᠵᠢᠶ᠎ᠠ ᠶᠢ ᠲᠣᠭᠲᠠᠭᠠᠭᠰᠠᠨ ᠪᠠ ᠵᠠᠰᠠᠪᠤᠷᠢ ᠣᠷᠣᠭᠤᠯᠪᠠ᠃ ᠡᠭᠦᠨ ᠳᠤ᠂ ᠤᠯᠠᠨ ᠤᠯᠤᠰ ᠤᠨ | ᠪᠠᠷᠢᠮᠵᠢᠶ᠎ᠠ 3 ᠵᠦᠢᠯ᠂ ᠤᠯᠤᠰ ᠤᠨ ᠪᠠᠷᠢᠮᠵᠢᠶ᠎ᠠ 62 ᠵᠦᠢᠯ᠂ ᠠᠵᠢᠯ ᠲᠦᠷᠦᠯ ᠤᠨ ᠪᠠᠷᠢᠮᠵᠢᠶ᠎ᠠ 51 ᠵᠦᠢᠯ᠂ | ᠣᠷᠣᠨ ᠨᠤᠲᠤᠭ ᠤᠨ ᠪᠠᠷᠢᠮᠵᠢᠶ᠎ᠠ 681 ᠵᠦᠢᠯ ᠪᠠᠶᠢᠨ᠎ᠠ᠃ ᠣᠷᠣᠨ ᠨᠤᠲᠤᠭ ᠤᠨ ᠪᠠᠷᠢᠮᠵᠢᠶ᠎ᠠ ᠶᠢᠨ ᠲᠤᠭ᠎ᠠ | ᠨᠢ ᠨᠡᠶᠢᠯᠡᠭᠡᠳ 1171 ᠵᠦᠢᠯ ᠪᠠᠶᠢᠨ᠎ᠠ᠃ ᠪᠥᠬᠦ ᠣᠷᠣᠨ ᠤ ᠣᠷᠣᠨ ᠨᠤᠲᠤᠭ ᠤᠨ ᠪᠠᠷᠢᠮᠵᠢᠶ᠎ᠠ ᠶᠢᠨ ᠳᠠᠩᠰᠠᠯᠠᠭᠰᠠᠨ | ᠲᠤᠭ᠎ᠠ ᠬᠡᠮᠵᠢᠶ᠎ᠡ ᠨᠢ ᠪᠦᠬᠦ ᠤᠯᠤᠰ ᠲᠤ 20 ᠳ᠋ᠤᠭᠠᠷ ᠲᠤ ᠪᠠᠶᠢᠷᠢᠯᠠᠵᠤ᠂ ︽ᠠᠵᠢᠯᠯᠠᠭᠠᠨ ᠤ ᠲᠥᠯᠥᠪᠯᠡᠭᠡ︾ ᠶᠢ | ᠬᠡᠷᠡᠭᠵᠢᠭᠦᠯᠬᠦ ᠠᠴᠠ ᠡᠮᠦᠨ᠎ᠡ 27 ᠳ᠋ᠤᠭᠠᠷ ᠲᠤ ᠪᠠᠶᠢᠭᠰᠠᠨ ᠠᠴᠠ ᠪᠠᠨ 7 ᠪᠠᠶᠢᠷᠢ ᠳᠠᠪᠰᠢᠵᠤ᠂ ᠨᠡᠮᠡᠭᠳᠡᠯ ᠤᠨ | ᠬᠤᠷᠳᠤᠴᠠ ᠨᠢ ᠪᠦᠬᠦ ᠤᠯᠤᠰ ᠲᠤ ᠳᠡᠳ᠋ᠯᠡᠪᠡ᠃ | ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢᠨ ᠲᠠᠯ᠎ᠠ ᠪᠠᠷ᠄ ᠮᠣᠩᠭᠤᠯ ᠡᠮ᠂ ᠭᠠᠵᠠᠷ ᠵᠦᠶ ᠬᠡᠮᠵᠢᠨ | ᠵᠢᠷᠤᠭᠯᠠᠬᠤ᠂ ᠴᠠᠭ ᠠᠭᠤᠷ ᠵᠡᠷᠭᠡ ᠥᠪᠡᠷᠲᠡᠭᠡᠨ ᠵᠠᠰᠠᠬᠤ ᠣᠷᠣᠨ ᠤ ᠪᠠᠷᠢᠮᠵᠢᠶᠠᠵᠢᠭᠤᠯᠤᠯᠲᠠ ᠶᠢᠨ ᠵᠥᠪᠯᠡᠯ ᠢ 44 | ᠪᠠᠶᠢᠭᠤᠯᠪᠠ᠃ ᠪᠠᠷᠢᠮᠵᠢᠶᠠᠵᠢᠭᠤᠯᠤᠯᠲᠠ ᠶᠢᠨ ᠮᠡᠷᠭᠡᠵᠢᠯ ᠤᠨ ᠲᠤᠰᠬᠠᠶ ᠮᠡᠷᠭᠡᠵᠢᠯᠲᠡᠤᠨ 800 ᠭᠠᠷᠤᠶ ᠬᠥᠮᠦᠨ | ᠪᠠᠶᠢᠨ᠎ᠠ᠃ ᠪᠠᠷᠢᠮᠵᠢᠶᠠᠵᠢᠭᠤᠯᠤᠯᠲᠠ ᠶᠢᠨ ᠲᠥᠷᠥᠯ ᠵᠦᠢᠯ ᠤᠨ ᠲᠠᠯ᠎ᠠ ᠪᠠᠷ᠄ ᠪᠦᠲᠦᠭᠡᠨ ᠪᠠᠶᠢᠭᠤᠯᠵᠤ ᠪᠠᠶᠢᠭ᠎ᠠ | ᠤᠯᠤᠰ ᠤᠨ ᠲᠡᠰ ᠤᠨ ᠲᠠᠷᠢᠶᠠᠯᠠᠩ ᠤᠨ ᠪᠠᠷᠢᠮᠵᠢᠶᠠᠵᠢᠭᠤᠯᠤᠯᠲᠠ ᠶᠢᠨ ᠵᠢᠱᠢᠶ᠎ᠡ ᠦᠵᠡᠭᠦᠯᠬᠦ ᠲᠣᠭᠤᠷᠢᠭ 14᠂ | ᠦᠢᠯᠡᠴᠢᠯᠡᠭᠡᠨ ᠤ ᠦᠢᠯᠡᠰ ᠤᠨ ᠪᠠᠷᠢᠮᠵᠢᠶᠠᠵᠢᠭᠤᠯᠤᠯᠲᠠ ᠶᠢᠨ ᠲᠤᠷᠰᠢᠯᠲᠠ ᠶᠢᠨ ᠴᠢᠭ᠋ 16᠂ ᠨᠡᠶᠢᠭᠡᠮ ᠤᠨ | ᠬᠠᠮᠢᠶᠠᠷᠤᠯᠲᠠ ᠪᠣᠯᠤᠨ ᠤᠯᠠᠨ ᠨᠡᠶᠢᠲᠡ ᠶᠢᠨ ᠦᠢᠯᠡᠴᠢᠯᠡᠭᠡ ᠶᠢᠨ ᠪᠠᠷᠢᠮᠵᠢᠶᠠᠵᠢᠭᠤᠯᠤᠯᠲᠠ ᠶᠢᠨ ᠲᠤᠷᠰᠢᠯᠲᠠ ᠶᠢᠨ ᠴᠢᠭ᠋ | 15 ᠪᠠᠶᠢᠨ᠎ᠠ᠂ ᠤᠯᠤᠰ ᠤᠨ ᠲᠡᠰ ᠤᠨ ᠪᠠᠷᠢᠮᠵᠢᠶᠠᠵᠢᠭᠤᠯᠤᠯᠲᠠ ᠶᠢᠨ ᠲᠤᠷᠰᠢᠯᠲᠠ ᠶᠢᠨ ᠵᠢᠱᠢᠶ᠎ᠡ ᠦᠵᠡᠭᠦᠯᠬᠦ 148 | ᠲᠥᠷᠥᠯ ᠵᠦᠢᠯ ᠢ ᠪᠠᠶᠢᠭᠤᠯᠪᠠ᠃ ᠪᠦᠲᠦᠭᠡᠨ ᠪᠠᠶᠢᠭᠤᠯᠵᠤ ᠪᠠᠶᠢᠭ᠎ᠠ ᠥᠪᠡᠷᠲᠡᠭᠡᠨ ᠵᠠᠰᠠᠬᠤ ᠣᠷᠣᠨ ᠤ ᠬᠡᠷᠡᠯ ᠴᠡᠨᠡᠭ᠂ | ᠬᠤᠪᠣᠷ ᠰᠢᠷᠣᠶ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠣᠷᠴᠢᠯ ᠠᠵᠤ ᠠᠬᠤᠶ ᠶᠢᠨ ᠠᠵᠤ ᠦᠢᠯᠡᠰ ᠤᠨ | ᠪᠦᠯᠦᠭᠯᠡᠯ ᠤᠨ ᠬᠦᠷᠢᠶᠡᠯᠡᠩ ᠲᠣᠭᠤᠷᠢᠭ ᠤᠨ ᠪᠠᠷᠢᠮᠵᠢᠶᠠᠵᠢᠭᠤᠯᠤᠯᠲᠠ ᠶᠢᠨ ᠲᠤᠷᠰᠢᠯᠲᠠ ᠶᠢᠨ ᠴᠢᠭ᠋ 3᠂ | ᠥᠪᠡᠷᠲᠡᠭᠡᠨ ᠵᠠᠰᠠᠬᠤ ᠣᠷᠣᠨ ᠤ ᠲᠡᠰ ᠤᠨ ᠲᠠᠷᠢᠶᠠᠯᠠᠩ ᠤᠨ ᠪᠠᠷᠢᠮᠵᠢᠶᠠᠵᠢᠭᠤᠯᠤᠯᠲᠠ ᠶᠢᠨ ᠵᠢᠱᠢᠶ᠎ᠡ ᠦᠵᠡᠭᠦᠯᠬᠦ | ᠲᠤᠭᠤᠷᠢᠭ 22 ᠪᠠᠶᠢᠵᠤ᠂ ᠤᠯᠤᠰ ᠤᠨ ᠭᠠᠵᠠᠷ ᠵᠦᠢ ᠶᠢᠨ ᠪᠡᠯᠭᠡ ᠲᠡᠮᠳᠡᠭᠲᠦ ᠪᠦᠲᠦᠭᠡᠭᠳᠡᠬᠦᠨ ᠢ 94 ᠶᠢ | ᠠᠮᠵᠢᠯᠲᠠ ᠲᠠᠢ ᠪᠠᠷ ᠭᠤᠶᠤᠴᠢᠯᠠᠨ ᠮᠡᠳᠡᠭᠦᠯᠪᠡ᠃ | ᠤᠯᠠᠨ ᠤᠯᠤᠰ ᠤᠨ ᠪᠠᠷᠢᠮᠵᠢᠶᠠᠵᠢᠭᠤᠯᠤᠯᠲᠠ ᠶᠢᠨ ᠲᠠᠯ᠎ᠠ ᠪᠠᠷ᠄ ᠮᠣᠩᠭᠤᠯ ᠤᠯᠤᠰ ᠤᠨ | ᠪᠠᠷᠢᠮᠵᠢᠶᠠᠵᠢᠭᠤᠯᠤᠯᠲᠠ ᠶᠢᠨ ︵ᠥᠪᠥᠷ ᠮᠣᠩᠭᠤᠯ︶ ᠰᠤᠳᠤᠯᠤᠯ ᠤᠨ ᠲᠥᠪ ᠢ ᠪᠡᠯᠡᠳᠬᠡᠨ ᠪᠠᠶᠢᠭᠤᠯᠵᠤ᠂ ᠳᠤᠮᠳᠠᠳᠤ | ᠤᠯᠤᠰ ᠤᠨ ᠥᠪᠥᠷ ᠮᠣᠩᠭᠤᠯ ᠤᠨ ᠶᠠᠰᠤ ᠴᠢᠨᠠᠷ ᠲᠤ ᠬᠢᠨᠠᠯᠲᠠ ᠲᠠᠯᠪᠢᠬᠤ ᠲᠣᠪᠴᠢᠶ᠎ᠠ ᠨᠢ ᠮᠣᠩᠭᠤᠯ ᠤᠯᠤᠰ ᠤᠨ | ᠪᠠᠷᠢᠮᠵᠢᠶ᠎ᠠ ᠬᠡᠮᠵᠢᠯᠲᠡ ᠶᠢᠨ ᠲᠣᠪᠴᠢᠶ᠎ᠠ ᠯᠤᠭ᠎ᠠ ᠣᠷᠣᠨ ᠪᠦᠰᠡ ᠶᠢᠨ ᠪᠠᠷᠢᠮᠵᠢᠶᠠᠵᠢᠭᠤᠯᠤᠯᠲᠠ ᠶᠢᠨ ᠬᠠᠮᠲᠤᠷᠠᠨ | ᠠᠵᠢᠯᠯᠠᠬᠤ ᠠᠩᠬᠠᠳᠤᠭᠠᠷ ᠬᠤᠷᠠᠯ ᠬᠢᠵᠤ ︽ᠣᠷᠣᠨ ᠪᠦᠰᠡ ᠶᠢᠨ ᠪᠠᠷᠢᠮᠵᠢᠶᠠᠵᠢᠭᠤᠯᠤᠯᠲᠠ ᠶᠢᠨ ᠬᠠᠮᠲᠤᠷᠠᠨ | ᠠᠵᠢᠯᠯᠠᠬᠤ ᠵᠥᠪᠳᠡᠯᠴᠡᠭᠡᠷ︾ ᠲᠤ ᠭᠠᠷ ᠤᠨ ᠤᠢᠰᠦᠭ ᠵᠢᠷᠤᠵᠤ᠂ ᠣᠯᠠᠨ ᠬᠦᠷᠢᠶᠡᠨ ᠳᠤ ᠭᠦᠨᠵᠡᠭᠡᠶ ᠬᠠᠮᠲᠤᠷᠠᠯᠴᠠᠭ᠎ᠠ | ᠥᠷᠨᠢᠭᠦᠯᠪᠡ᠃ |