ᠢᠷᠡᠬᠦ ᠳᠦᠷᠪᠡᠨ ᠡᠳᠦᠷ ᠲᠤ ᠥᠪᠥᠷ ᠮᠣᠩᠭᠤᠯ ᠤᠨ ᠣᠯᠠᠨ ᠠᠶᠢᠮᠠᠭ ᠬᠤᠲᠠ ᠳᠤ ᠪᠣᠷᠣᠭᠠᠨ ᠴᠠᠰᠤ ᠤᠷᠤᠵᠤ᠂ ᠠᠭᠤᠷ ᠠᠮᠢᠰᠬᠤᠯ ᠬᠦᠢᠲᠡᠷᠡᠨ᠎ᠡ
ᠨᠡᠶᠢᠲᠡᠯᠡᠭᠰᠡᠨ ᠴᠠᠭ᠄
2016/10/18
      ᠥᠪᠥᠷ ᠮᠣᠩᠭᠤᠯ ᠤᠨ ᠴᠠᠭ ᠠᠭᠤᠷ ᠤᠨ ᠲᠣᠪᠴᠢᠶ᠎ᠠ ᠠᠴᠠ ᠣᠶᠢᠯᠠᠭᠠᠵᠤ ᠮᠡᠳᠡᠭᠰᠡᠨ ᠨᠢ᠂ 18᠎ ᠤ ᠡᠳᠦᠷ ᠤᠨ ᠰᠥᠨᠢ ᠠᠴᠠ 22᠎ ᠤᠨ ᠡᠳᠦᠷ ᠪᠣᠯᠲᠠᠯ᠎ᠠ᠂ ᠬᠦᠢᠲᠡᠨ ᠠᠭᠤᠷ ᠠᠮᠢᠰᠬᠤᠯ ᠪᠣᠯᠣᠨ ᠳᠤᠯᠠᠭᠠᠨ ᠴᠢᠭᠢᠭᠯᠢᠭ ᠠᠭᠠᠷ ᠤᠨ ᠤᠷᠤᠰᠬᠠᠯ ᠤᠨ ᠬᠠᠮᠲᠤ ᠶᠢᠨ ᠨᠦᠯᠦᠭᠡ ᠪᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠪᠠᠷᠠᠭᠤᠨ ᠠᠴᠠ ᠵᠡᠭᠦᠨᠰᠢ ᠤᠷᠢᠳ ᠬᠤᠵᠢᠳ ᠪᠣᠷᠣᠭᠠᠨ ᠴᠠᠰᠤ ᠤᠷᠤᠵᠤ ᠠᠭᠤᠷ ᠠᠮᠢᠰᠬᠤᠯ ᠬᠦᠢᠲᠡᠷᠡᠨ᠎ᠡ᠃      18᠎ ᠤ ᠡᠳᠦᠷ ᠤᠨ 20 ᠴᠠᠭ ᠠᠴᠠ 19᠎ ᠤ ᠡᠳᠦᠷ ᠤᠨ 20 ᠴᠠᠭ ᠪᠣᠯᠲᠠᠯ᠎ᠠ᠂ ᠰᠢᠯᠢ ᠶᠢᠨ ᠭᠤᠣᠯ ᠠᠶᠢᠮᠠᠭ ᠤᠨ ᠵᠡᠭᠦᠨ ᠬᠤᠶᠢᠲᠤ ᠬᠡᠰᠡᠭ᠂ ᠬᠢᠩᠭᠠᠨ ᠠᠶᠢᠮᠠᠭ᠂ ᠬᠥᠯᠥᠨ ᠪᠤᠶᠢᠷ ᠬᠤᠳᠠ ᠳᠤ 0.0 —2.4 ᠮᠢᠯᠢᠮᠧᠲᠷ ᠴᠠᠰᠤ ᠤᠷᠤᠬᠤ ᠪᠤᠶᠤ ᠪᠣᠷᠤᠭᠠᠨ ᠴᠠᠰᠤ ᠬᠤᠯᠢᠯᠳᠤᠨ ᠤᠷᠤᠵᠤ᠂ ᠬᠢᠩᠭᠠᠨ ᠠᠶᠢᠮᠠᠭ ᠤᠨ ᠬᠤᠶᠢᠲᠤ ᠬᠡᠰᠡᠭ᠂ ᠬᠥᠯᠥᠨ ᠪᠤᠶᠢᠷ ᠬᠤᠳᠠ ᠶᠢᠨ ᠳᠤᠮᠳᠠ ᠬᠡᠰᠡᠭ ᠤᠨ ᠭᠠᠵᠠᠷ ᠣᠷᠣᠨ ᠳᠤ ᠴᠠᠰᠤ ᠤᠷᠤᠵᠤ᠂ ᠬᠢᠩᠭᠠᠨ ᠠᠶᠢᠮᠠᠭ ᠤᠨ ᠵᠡᠭᠦᠨ ᠬᠤᠶᠢᠲᠤ ᠬᠡᠰᠡᠭ᠂ ᠬᠥᠯᠥᠨ ᠪᠤᠶᠢᠷ ᠬᠤᠲᠠ ᠶᠢᠨ ᠡᠮᠦᠨᠡᠲᠦ ᠬᠡᠰᠡᠭ ᠤᠨ ᠭᠠᠵᠠᠷ ᠤᠷᠤᠨ ᠳᠤ 5.0 ᠮᠢᠯᠢᠮᠧᠲᠷ ᠢ ᠳᠠᠪᠠᠭ᠋ᠤ ᠪᠣᠯᠣᠨ᠎ᠠ᠃      20᠎ ᠤ ᠡᠳᠦᠷ ᠠᠴᠠ 22᠎ ᠤᠨ ᠡᠳᠦᠷ ᠤᠨ 20 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠠᠨᠨᠠᠭᠤᠷ ᠬᠤᠳᠠ ᠶᠢᠨ ᠵᠡᠭᠦᠨ ᠬᠡᠰᠡᠭ ᠪᠠ ᠡᠮᠦᠨᠡᠲᠦ ᠬᠡᠰᠡᠭ᠂ ᠤᠷᠳᠤᠰ ᠬᠤᠳᠠ ᠵᠢᠴᠢ ᠲᠡᠭᠦᠨ ᠠᠴᠠ ᠵᠡᠭᠦᠨᠰᠢᠬᠢ ᠶᠡᠬᠡᠩᠬᠢ ᠭᠠᠵᠠᠷ ᠲᠤ ᠤᠷᠢᠳ ᠬᠤᠵᠢᠳ ᠪᠣᠷᠣᠭᠠᠨ ᠤᠷᠤᠬᠤ᠂ ᠪᠣᠷᠤᠭᠠᠨ ᠴᠠᠰᠤ ᠬᠤᠯᠢᠯᠳᠤᠨ ᠤᠷᠤᠬᠤ ᠪᠤᠶᠤ ᠴᠠᠰᠤ ᠤᠷᠤᠬᠤ ᠪᠣᠯᠣᠨ᠎ᠠ᠂ ᠶᠡᠬᠡᠩᠬᠢ ᠬᠡᠰᠡᠭ ᠭᠠᠵᠠᠷ ᠣᠷᠣᠨ ᠤ ᠬᠤᠷ᠎ᠠ ᠲᠤᠨᠳᠠᠰᠤ ᠶᠢᠨ ᠬᠡᠮᠵᠢᠶ᠎ᠡ ᠨᠢ 0.0 ~ 9.9 ᠮᠢᠯᠢᠮᠧᠲᠷ ᠲᠤ ᠬᠦᠷᠴᠦ᠂ ᠤᠷᠳᠤᠰ ᠬᠤᠳ᠋ᠨ ᠶᠢᠨ ᠵᠡᠭᠦᠨ ᠬᠡᠰᠡᠭ᠂ ᠬᠥᠬᠡᠬᠤᠳ᠋ᠨ ᠶᠢᠨ ᠡᠮᠦᠨᠡᠲᠦ ᠬᠡᠰᠡᠭ᠂ ᠤᠯᠠᠭᠠᠨᠴᠠᠪ ᠬᠤᠳ᠋ᠨ ᠶᠢᠨ ᠡᠮᠦᠨᠡᠲᠦ ᠬᠡᠰᠡᠭ᠂ ᠰᠢᠯᠢ ᠶᠢᠨ ᠭᠤᠣᠯ ᠠᠶᠢᠮᠠᠭ ᠤᠨ ᠡᠮᠦᠨᠡᠲᠦ ᠬᠡᠰᠡᠭ᠂ ᠤᠯᠠᠭᠠᠨᠬᠠᠳᠠ ᠬᠤᠳᠠ᠂ ᠲᠦᠩᠯᠢᠶᠣᠤ ᠬᠤᠳᠠ ᠶᠢᠨ ᠳᠤᠮᠳᠠ ᠬᠡᠰᠡᠭ ᠪᠠ ᠡᠮᠦᠨᠡᠲᠦ ᠬᠡᠰᠡᠭ ᠤᠨ ᠲᠡᠭᠰᠢᠳᠬᠡᠭᠰᠡᠨ ᠲᠤᠨᠳᠠᠰᠤ ᠶᠢᠨ ᠬᠡᠮᠵᠢᠶ᠎ᠡ ᠨᠢ 10.0 ~ 24.9 ᠮᠢᠯᠢᠮᠧᠲᠷ ᠬᠦᠷᠴᠦ᠂ ᠰᠢᠯᠢ ᠶᠢᠨ ᠭᠤᠣᠯ ᠠᠶᠢᠮᠠᠭ ᠤᠨ ᠬᠤᠶᠢᠲᠤ ᠬᠡᠰᠡᠭ᠂ ᠬᠢᠩᠭᠠᠨ ᠠᠶᠢᠮᠠᠭ ᠪᠠ ᠬᠥᠯᠥᠨ ᠪᠤᠶᠢᠷ ᠬᠤᠲᠠ ᠳᠤ ᠭᠤᠣᠯᠳᠠᠭᠤ ᠴᠠᠰᠤ ᠤᠷᠤᠵᠤ᠂ ᠲᠡᠭᠰᠢᠳᠭᠡᠭᠡᠳ 0.0 ~ 2.4 ᠮᠢᠯᠢᠮᠧᠲᠷ ᠬᠦᠷᠬᠦ ᠪᠣᠯᠣᠨ᠎ᠠ᠃      20᠎ ᠤ ᠡᠳᠦᠷ ᠠᠴᠠ 22᠎ ᠤᠨ ᠡᠳᠦᠷ ᠤᠨ 20 ᠴᠠᠭ ᠪᠣᠯᠲᠠᠯ᠎ᠠ᠂ ᠥᠪᠥᠷ ᠮᠣᠩᠭᠤᠯ ᠳᠤ ᠪᠠᠷᠠᠭᠤᠨ ᠠᠴᠠ ᠵᠡᠭᠦᠨᠰᠢ ᠠᠭᠠᠷ ᠤᠨ ᠳᠤᠯᠠᠭᠠᠨ ᠳᠣᠷᠤᠭᠰᠢᠯᠠᠵᠤ᠂ ᠪᠠᠶᠠᠨᠨᠠᠭᠤᠷ ᠬᠤᠳᠠ᠂ ᠪᠤᠭᠤᠲᠤ ᠬᠤᠳᠠ᠂ ᠬᠥᠬᠡᠬᠤᠲᠠ ᠶᠢᠨ ᠬᠤᠶᠢᠲᠤ ᠬᠡᠰᠡᠭ᠂ ᠤᠯᠠᠭᠠᠨᠴᠠᠪ ᠬᠤᠲᠠ ᠶᠢᠨ ᠬᠤᠶᠢᠲᠤ ᠬᠡᠰᠡᠭ᠂ ᠳᠤᠮᠳᠠ ᠬᠡᠰᠡᠭ᠂ ᠤᠯᠠᠭᠠᠨᠬᠠᠳᠠ ᠬᠤᠲᠠ ᠶᠢᠨ ᠡᠮᠦᠨᠡᠲᠦ ᠬᠡᠰᠡᠭ᠂ ᠲᠦᠩᠯᠢᠶᠣᠤ ᠬᠤᠳᠠ ᠶᠢᠨ ᠡᠮᠦᠨᠡᠲᠦ ᠬᠡᠰᠡᠭ ᠪᠣᠯᠣᠨ ᠬᠢᠩᠭᠠᠨ ᠠᠶᠢᠮᠠᠭ ᠤᠨ ᠡᠮᠦᠨᠡᠲᠦ ᠬᠡᠰᠡᠭ ᠎ ᠲᠤ ᠠᠭᠠᠷ ᠤᠨ ᠳᠤᠯᠠᠭᠠᠨ 6 ~ 8 ᠭᠷᠠᠳᠦ᠋ᠰ ᠳᠣᠷᠤᠭᠰᠢᠯᠠᠵᠤ᠂ ᠰᠢᠯᠢ ᠶᠢᠨ ᠭᠤᠣᠯ ᠠᠶᠢᠮᠠᠭ ᠤᠨ ᠶᠡᠬᠡᠩᠬᠢ ᠬᠡᠰᠡᠭ᠂ ᠤᠯᠠᠭᠠᠨᠬᠠᠳᠠ ᠬᠤᠲᠠ ᠶᠢᠨ ᠬᠤᠶᠢᠲᠤ ᠬᠡᠰᠡᠭ ᠪᠣᠯᠣᠨ ᠲᠦᠩᠯᠢᠶᠣᠤ ᠬᠤᠲᠠ ᠶᠢᠨ ᠬᠤᠶᠢᠲᠤ ᠬᠡᠰᠡᠭ ᠲᠤ ᠠᠭᠠᠷ ᠤᠨ ᠳᠤᠯᠠᠭᠠᠨ 8 ~10 ᠭᠷᠠᠳᠦ᠋ᠰ ᠳᠣᠷᠤᠭᠰᠢᠯᠠᠵᠤ᠂ ᠡᠭᠦᠨ ᠤ ᠬᠠᠮᠲᠤ ᠦᠪᠦᠷ ᠮᠣᠩᠭᠤᠯ ᠤᠨ ᠪᠠᠷᠠᠭᠤᠨ ᠳᠤᠮᠳᠠ ᠬᠡᠰᠡᠭ ᠤᠨ ᠬᠤᠶᠢᠭᠤᠷᠬᠢ ᠭᠠᠵᠠᠷ ᠣᠷᠣᠨ ᠳᠤ ᠪᠠᠷᠠᠭᠤᠨᠲᠠᠢ ᠠᠴᠠ ᠪᠣᠶᠣ ᠪᠠᠷᠠᠭᠤᠨ ᠬᠤᠶᠢᠨ᠎ᠠ ᠠᠴᠠ 5 ᠲᠠᠰ ᠣᠷᠴᠢᠮ ᠤᠨ ᠰᠠᠯᠬᠢ ᠰᠠᠯᠬᠢᠯᠠᠬᠤ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号