| ᠰᠤᠷᠪᠣᠯᠵᠢᠯᠠᠭᠰᠠᠨ ᠴᠠᠭ᠄ | 2016 ᠣᠨ ᠤ 10 ᠳ᠋ᠤᠭᠠᠷ ᠰᠠᠷ᠎ᠠ ᠶᠢᠨ 8 ᠤ ᠡᠳᠦᠷ ᠤᠨ ᠦᠳᠡ ᠶᠢᠨ ᠡᠮᠦᠨᠡᠬᠢ 10 ᠴᠠᠭ | ᠰᠣᠷᠪᠣᠯᠵᠢᠯᠠᠭᠰᠠᠨ ᠵᠣᠴᠢᠨ᠄ | ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠳᠡᠳ᠋ ᠳᠠᠷᠤᠭ᠎ᠠ | ᠯᠢ ᠵᠢᠶᠦ᠋ᠨ | ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄ | ᠨᠢᠳᠤᠨᠤᠨ ᠤ 10 ᠳ᠋ᠤᠭᠠᠷ ᠰᠠᠷ᠎ᠠ ᠶᠢᠨ ᠰᠡᠭᠦᠯᠴᠢ ᠪᠠᠷ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ | ᠲᠢᠩᠬᠢᠮ ︽ᠬᠥᠳᠡᠭᠡ ᠲᠣᠰᠬᠤᠨ ᠤ ᠬᠤᠳᠠᠯᠳᠤᠭᠠᠨ ᠤ ᠶᠠᠪᠤᠳᠠᠯ ᠤᠨ ᠲᠥᠷᠭᠡᠨ ᠬᠦᠭᠵᠢᠯᠲᠡ ᠶᠢ ᠠᠬᠢᠭᠤᠯᠬᠤ ᠲᠤᠬᠠᠶ | ᠵᠢᠯᠣᠭᠤᠳᠬᠤ ᠰᠠᠨᠠᠯ︾ ︵ᠲᠥᠷᠥ ᠲᠠᠷᠬᠠᠭᠠᠭᠰᠠᠨ ﹇2015﹈ 78 ᠳ᠋ᠤᠭᠠᠷ ᠲᠣᠭᠠᠲᠤ︶ ᠢ ᠲᠠᠷᠬᠠᠭᠠᠵᠤ᠂ ᠡᠯ᠎ᠡ | ᠭᠠᠵᠠᠷ ᠲᠤ ᠪᠤᠳᠠᠲᠠᠢ ᠲᠠᠢ ᠪᠠᠨ ᠤᠶᠠᠯᠳᠤᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠬᠥᠳᠡᠭᠡ | ᠲᠣᠰᠬᠤᠨ ᠤ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢ ᠠᠬᠢᠭᠤᠯᠬᠤ ᠬᠡᠷᠡᠭᠵᠢᠭᠦᠯᠬᠦ ᠲᠦᠰᠦᠯ | ᠢᠶᠠᠨ ᠲᠣᠭᠲᠠᠭᠠᠬᠤ ᠬᠡᠷᠡᠭᠲᠡᠢ ᠭᠡᠵᠦ ᠱᠠᠭᠠᠷᠳᠠᠪᠠ᠃ ᠲᠥᠪ ᠤᠨ ᠪᠠ ᠲᠦᠷᠦ ᠶᠢᠨ ᠶᠠᠪᠤᠳᠠᠯ ᠤᠨ ᠬᠤᠷᠢᠶᠠᠨ ᠤ | ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠥᠳᠡᠭᠡ | ᠲᠣᠰᠬᠤᠨ ᠤ ᠤᠳᠤ ᠦᠶ᠎ᠡ ᠶᠢᠨ ᠵᠠᠬ᠎ᠠ ᠳᠡᠯᠭᠡᠭᠦᠷ ᠤᠨ ᠰᠢᠰᠲ᠋ᠧᠮᠵᠢ ᠶᠢ ᠪᠦᠷᠢᠨᠰᠢᠭᠦᠯᠦᠨ᠂ ᠬᠥᠳᠡᠭᠡ ᠲᠣᠰᠬᠤᠨ ᠤ | ᠭᠦᠢᠯᠭᠡᠭᠡᠨ ᠤ ᠣᠳᠣᠬᠢᠴᠢᠯᠠᠯᠲᠠ ᠶᠢ ᠠᠬᠢᠭᠤᠯᠵᠤ᠂ ᠬᠥᠳᠡᠭᠡ ᠲᠣᠰᠬᠤᠨ ᠤ ᠭᠦᠢᠯᠭᠡᠭᠡᠨ ᠤ ᠦᠷ᠎ᠡ ᠪᠦᠲᠦᠮᠵᠢ ᠶᠢ | ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠬᠡᠷᠡᠭᠯᠡᠭᠡᠨ ᠤ ᠳᠠᠯᠳᠠ ᠬᠦᠴᠦᠨ ᠢ ᠬᠦᠭᠵᠢᠭᠡᠬᠦ ᠶᠢᠨ ᠲᠥᠯᠥᠭᠡ᠂ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ︽ᠬᠥᠳᠡᠭᠡ ᠲᠣᠰᠬᠤᠨ ᠤ ᠡᠯᠧᠺᠲᠷᠤᠨ | ᠬᠤᠳᠠᠯᠳᠤᠭᠠᠨ ᠤ ᠶᠠᠪᠤᠳᠠᠯ ᠤᠨ ᠲᠥᠷᠭᠡᠨ ᠬᠦᠭᠵᠢᠯᠲᠡ ᠶᠢ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ︾ ︵ | ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶ ᠢ ᠲᠣᠭᠲᠠᠭᠠᠪᠠ᠃ ︽ᠰᠠᠨᠠᠯ︾ ᠢ ᠨᠠᠷᠢᠨ ᠣᠶᠢᠯᠠᠭᠠᠬᠤ ᠶᠢᠨ | ᠲᠥᠯᠥᠭᠡ᠂ ᠣᠶᠢᠷ᠎ᠡ ᠳᠤ ᠪᠢᠳᠡ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ | ᠳᠡᠳ᠋ ᠳᠠᠷᠤᠭ᠎ᠠ ᠯᠢ ᠵᠢᠶᠦ᠋ᠨ ᠢ ︽ᠳᠤᠮᠳᠠᠳᠤ ᠤᠯᠤᠰ · ᠥᠪᠥᠷ ᠮᠣᠩᠭᠤᠯ︾ ᠰᠦᠯᠵᠢᠶᠡᠨ ᠳᠡᠭᠡᠨ ᠤᠷᠢᠯ᠎ᠠ᠃ | ᠥᠷᠭᠡᠨ ᠣᠯᠠᠨ ᠰᠦᠯᠵᠢᠶᠡᠨ ᠤ ᠠᠨᠳᠠ ᠨᠠᠷ ᠢᠳᠡᠪᠬᠢᠲᠡᠶ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ︕ | | ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ | | | ᠬᠥᠲᠥᠯᠥᠭᠴᠢ᠄ | ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠤᠤ᠂ ᠲᠤᠰ ᠬᠤᠭᠤᠴᠠᠭᠠᠨ ᠤ ︽ᠳᠤᠮᠳᠠᠳᠤ ᠤᠯᠤᠰ· | ᠥᠪᠥᠷ ᠮᠣᠩᠭᠤᠯ︾ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢ ᠬᠦᠯᠢᠶᠡᠨ ᠠᠪᠴᠤ ᠦᠵᠡᠬᠦ ᠶᠢ ᠪᠠᠶᠠᠷᠯᠠᠨ | ᠤᠭᠲᠤᠵᠤ ᠪᠠᠶᠢᠨ᠎ᠠ᠃ ᠥᠨᠥᠳᠦᠷ ᠪᠢᠳᠠᠨ ᠤ ᠤᠷᠢᠭᠰᠠᠨ ᠵᠣᠴᠢᠨ ᠪᠣᠯ ᠥᠪᠡᠷᠲᠡᠭᠡᠨ ᠵᠠᠰᠠᠬᠤ ᠣᠷᠣᠨ ᠤ | ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠳᠡᠳ᠋ ᠳᠠᠷᠤᠭ᠎ᠠ ᠯᠢ ᠵᠢᠶᠦ᠋ᠨ ᠪᠣᠯᠣᠨ᠎ᠠ᠃ ᠯᠢ ᠲᠢᠩᠬᠢᠮ ᠤᠨ ᠳᠠᠷᠤᠭ᠎ᠠ᠂ | ᠲᠠᠨ ᠢ ᠪᠠᠶᠠᠷᠯᠠᠨ ᠤᠭᠲᠤᠵᠤ ᠪᠠᠶᠢᠨ᠎ᠠ︕ | ᠯᠢ ᠵᠢᠶᠦ᠋ᠨ᠄ | ᠬᠥᠲᠥᠯᠥᠭᠴᠢ ᠰᠠᠶᠢᠨ ᠤᠤ᠂ ᠰᠦᠯᠵᠢᠶᠡᠨ ᠤ ᠠᠨᠳᠠ ᠨᠠᠷ ᠲᠠ ᠪᠦᠭᠦᠨ ᠰᠠᠶᠢᠨ ᠪᠠᠶᠢᠵᠠᠭᠠᠨ᠎ᠠ ᠤᠤ︕ | ᠬᠥᠲᠥᠯᠥᠭᠴᠢ᠄ | ᠯᠢ ᠲᠢᠩᠬᠢᠮ ᠤᠨ ᠳᠠᠷᠤᠭ᠎ᠠ ᠡ᠂ 8 ᠳ᠋ᠤᠭᠠᠷ ᠰᠠᠷ᠎ᠠ ᠶᠢᠨ 31 ᠤ ᠡᠳᠦᠷ᠂ ᠮᠠᠨ ᠤ ᠣᠷᠣᠨ ︽ᠬᠥᠳᠡᠭᠡ | ᠲᠣᠰᠬᠤᠨ ᠤ ᠡᠯᠧᠺᠲᠷᠤᠨ ᠬᠤᠳᠠᠯᠳᠤᠭᠠᠨ ᠤ ᠶᠠᠪᠤᠳᠠᠯ ᠢ ᠲᠦᠷᠭᠡᠨ ᠬᠦᠭᠵᠢᠭᠦᠯᠬᠦ ᠲᠣᠬᠠᠢ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ | ︵ᠥᠪᠥᠷ ᠵᠠᠰᠠᠭ ᠠᠯᠪᠠᠨ ᠲᠠᠷᠬᠠᠭᠠᠭᠰᠠᠨ ﹇2016﹈ 112 ᠳ᠋ᠤᠭᠠᠷ ᠲᠣᠭᠠᠲᠤ︶ ᠢ ᠳᠠᠷᠤᠮᠠᠯᠯᠠᠨ ᠲᠠᠷᠬᠠᠭᠠᠪᠠ᠂ | ᠲᠠ ᠣᠳᠣ ᠬᠡᠷᠡᠭᠵᠢᠭᠦᠯᠬᠦ ᠰᠠᠨᠠᠯ ᠢ ᠲᠣᠭᠲᠠᠭᠠᠭᠰᠠᠨ ᠠᠬᠤᠶ ᠪᠠᠶᠢᠳᠠᠯ ᠢ ᠶᠠᠷᠢᠭᠠᠳ ᠥᠭᠭᠦᠨ᠎ᠡ ᠤᠤ︖ | ᠯᠢ ᠵᠢᠶᠦ᠋ᠨ᠄ | ᠤᠢᠢᠷ᠎ᠠ ᠶᠢᠨ ᠵᠢᠯ ᠤᠳ ᠲᠤ᠂ ᠢᠨᠲ᠋ᠧᠷ ᠰᠦᠯᠵᠢᠶᠡᠨ ᠤ ᠲᠦᠭᠡᠮᠡᠯᠵᠢᠬᠦ ᠪᠠ ᠬᠥᠳᠡᠭᠡ ᠲᠣᠰᠬᠤᠨ ᠤ ᠰᠠᠭᠤᠷᠢ | ᠪᠡᠯᠡᠳᠬᠡᠮᠵᠢ ᠶᠢᠨ ᠪᠦᠷᠢᠨᠰᠢᠬᠦ ᠶᠢ ᠳᠠᠭᠠᠯᠳᠤᠨ᠂ ᠮᠠᠨ ᠤ ᠣᠷᠣᠨ ᠤ ᠬᠥᠳᠡᠭᠡ ᠲᠣᠰᠬᠤᠨ ᠤ ᠡᠯᠧᠺᠲᠷᠣᠨ | ᠬᠤᠳᠠᠯᠳᠤᠭᠠᠨ ᠤ ᠶᠠᠪᠤᠳᠠᠯ ᠲᠦᠷᠭᠡᠨ ᠬᠥᠭᠵᠢᠵᠦ᠂ ᠬᠥᠳᠡᠭᠡ ᠲᠣᠰᠬᠤᠨ ᠤ ᠬᠤᠳᠠᠯᠳᠤᠭᠠᠨ ᠤ ᠵᠠᠭᠪᠤᠷᠰᠢᠯ | ᠲᠠᠰᠤᠷᠠᠯᠲᠠ ᠦᠭᠡᠢ ᠰᠢᠨᠡᠴᠢᠯᠡᠭᠳᠡᠵᠦ᠂ ᠦᠢᠯᠡᠴᠢᠯᠡᠭᠡᠨ ᠤ ᠠᠭᠤᠯᠭ᠎ᠠ ᠲᠠᠰᠤᠷᠠᠯᠲᠠ ᠦᠭᠡᠶ ᠪᠠᠶᠠᠯᠢᠭᠵᠢᠵᠤ᠂ | ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠷᠠᠯᠵᠢᠶᠠᠨ ᠤ ᠬᠡᠪᠴᠢᠶ᠎ᠡ ᠲᠡᠰᠦᠷᠡᠯᠳᠠ ᠤᠢᠭᠡᠢ ᠥᠷᠭᠡᠳᠴᠦ ᠪᠠᠶᠢᠨ᠎ᠠ᠃ | ᠭᠡᠪᠡᠴᠦ ᠶᠡᠷᠦᠩᠬᠡᠶ ᠳᠤᠨᠢ ᠠᠪᠴᠤ ᠦᠵᠡᠪᠡᠯ᠂ ᠮᠠᠨ ᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ | ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠮᠥᠨ ᠬᠦ ᠡᠬᠢᠯᠡᠯᠲᠡ ᠶᠢᠨ ᠱᠠᠲᠤᠨ ᠳᠠᠭᠠᠨ ᠪᠠᠶᠢᠵᠤ᠂ ᠵᠠᠬ᠎ᠠ | ᠳᠡᠯᠭᠡᠭᠦᠷ ᠤᠨ ᠭᠤᠣᠯ ᠴᠣᠭᠴᠠ ᠶᠢᠨ ᠪᠤᠶᠢᠵᠢᠯᠲᠠ ᠲᠡᠭᠦᠯᠳᠡᠷᠵᠢᠭᠡᠳᠦᠶ᠂ ᠪᠠᠷᠠᠭ᠎ᠠ ᠶᠢᠨ ᠭᠦᠢᠯᠭᠡᠭᠡᠨ ᠤ ᠲᠣᠬᠢᠷᠠᠭᠤᠯᠤᠨ | ᠬᠦᠷᠭᠡᠬᠦ ᠵᠡᠷᠭᠡ ᠰᠠᠭᠤᠷᠢ ᠪᠡᠯᠡᠳᠬᠡᠮᠵᠢ ᠬᠤᠴᠣᠷᠤᠩᠭᠤᠶ᠂ ᠬᠥᠭᠵᠢᠯᠲᠡ ᠶᠢᠨ ᠣᠷᠴᠢᠨ ᠨᠦᠬᠦᠴᠡᠯ ᠪᠦᠷᠢᠨ ᠪᠤᠰᠤ ᠪᠠ | ᠴᠢᠳᠠᠪᠤᠷᠢᠲᠠᠨ ᠳᠤᠲᠠᠭᠳᠠᠵᠤ ᠪᠠᠶᠢᠬᠤ ᠵᠡᠷᠭᠡ ᠠᠰᠠᠭᠤᠳᠠᠯ ᠣᠷᠣᠰᠢᠵᠤ ᠪᠠᠶᠢᠨ᠎ᠠ᠃ ᠤᠢᠢᠷ᠎ᠠ ᠶᠢᠨ ᠬᠤᠶᠠᠷ ᠵᠢᠯ ᠤᠨ | ᠲᠥᠪ ᠤᠨ 1 ᠳ᠋ᠤᠭᠡᠷ ᠲᠣᠭᠠᠲᠤ ᠪᠢᠴᠢᠭ ᠮᠠᠲ᠋ᠧᠷᠢᠶᠠᠯ ᠳᠤ ᠡᠯᠧᠺᠲᠷᠣᠨ ᠬᠤᠳᠠᠯᠳᠤᠭ᠎ᠠ ᠶᠢ ᠬᠥᠳᠡᠭᠡ ᠲᠣᠰᠬᠤᠨ ᠳᠤ | ᠣᠷᠣᠭᠤᠯᠵᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠬᠡᠷᠡᠭᠲᠡᠢ ᠭᠡᠵᠦ ᠲᠤᠲᠤᠷᠬᠠᠢ ᠳᠤᠷᠠᠳᠪᠠ︔ ᠶᠡᠷᠦᠩᠬᠡᠶ ᠰᠠᠶᠢᠳ | ᠯᠢ ᠺᠧ ᠴᠢᠶᠠᠩ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠡᠭᠡᠨ ︽ᠢᠨᠲ᠋ᠧᠷ ᠰᠦᠯᠵᠢᠶ᠎ᠡ +︾ | ᠠᠵᠢᠯᠯᠠᠭᠠᠨ ᠤ ᠲᠥᠯᠥᠪᠯᠡᠭᠡ ᠶᠢ ᠳᠤᠷᠠᠳᠪᠠ᠃ ᠨᠢᠳᠤᠨᠤᠨ ᠤ 10 ᠳ᠋ᠤᠭᠠᠷ ᠰᠠᠷ᠎ᠠ ᠶᠢᠨ ᠰᠡᠭᠦᠯᠴᠢ ᠳᠤ᠂ ᠲᠥᠷᠥ ᠶᠢᠨ | ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ︽ᠬᠥᠳᠡᠭᠡ ᠲᠣᠰᠬᠤᠨ ᠤ ᠡᠯᠧᠺᠲᠷᠤᠨ ᠬᠤᠳᠠᠯᠳᠤᠭᠠᠨ ᠤ ᠶᠠᠪᠤᠳᠠᠯ | ᠤᠨ ᠲᠥᠷᠭᠡᠨ ᠬᠦᠭᠵᠢᠯᠲᠡ ᠶᠢ ᠲᠦᠯᠬᠢᠨ ᠠᠬᠢᠭᠤᠯᠬᠤ ᠲᠤᠬᠠᠶ ᠵᠢᠯᠣᠭᠤᠳᠬᠤ ᠰᠠᠨᠠᠯ︾ ︵ᠲᠥᠷᠥ ᠲᠠᠷᠬᠠᠭᠠᠭᠰᠠᠨ ﹇ | 2015﹈ 78 ᠳ᠋ᠤᠭᠠᠷ ᠲᠣᠭᠠᠲᠤ︶ ᠢ ᠨᠡᠶᠢᠲᠡᠯᠡᠵᠦ᠂ ᠡᠯ᠎ᠡ ᠭᠠᠵᠠᠷ ᠲᠤ ᠪᠤᠳᠠᠲᠠᠢ ᠲᠠᠢ ᠪᠠᠨ ᠤᠶᠠᠯᠳᠤᠭᠤᠯᠵᠤ᠂ | ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠬᠥᠳᠡᠭᠡ ᠲᠣᠰᠬᠤᠨ ᠤ ᠡᠯᠧᠺᠲᠷᠤᠨ ᠬᠤᠳᠠᠯᠳᠤᠭᠠᠨ ᠤ | ᠶᠠᠪᠤᠳᠠᠯ ᠤᠨ ᠬᠥᠭᠵᠢᠯᠲᠡ ᠶᠢ ᠠᠬᠢᠭᠤᠯᠬᠤ ᠬᠡᠷᠡᠭᠵᠢᠭᠦᠯᠬᠦ ᠲᠦᠰᠦᠯ ᠢᠶᠠᠨ ᠲᠣᠭᠲᠠᠭᠠᠬᠤ ᠬᠡᠷᠡᠭᠲᠡᠢ ᠭᠡᠵᠦ ᠱᠠᠭᠠᠷᠳᠠᠪᠠ | ᠃ ᠲᠥᠪ ᠤᠨ ᠪᠠ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠤ ᠤᠳᠤ ᠦᠶ᠎ᠡ ᠶᠢᠨ ᠵᠠᠬ᠎ᠠ ᠳᠡᠯᠭᠡᠭᠦᠷ ᠤᠨ | ᠰᠢᠰᠲ᠋ᠧᠮᠵᠢ ᠶᠢ ᠪᠦᠷᠢᠨᠰᠢᠭᠦᠯᠦᠨ᠂ ᠬᠥᠳᠡᠭᠡ ᠲᠣᠰᠬᠤᠨ ᠤ ᠭᠦᠢᠯᠭᠡᠭᠡᠨ ᠤ ᠣᠳᠣᠬᠢᠴᠢᠯᠠᠯᠲᠠ ᠶᠢ ᠠᠬᠢᠭᠤᠯᠵᠤ᠂ | ᠬᠥᠳᠡᠭᠡ ᠲᠣᠰᠬᠤᠨ ᠤ ᠭᠦᠢᠯᠭᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠥᠳᠡᠭᠡ ᠲᠣᠰᠬᠤᠨ ᠤ | ᠬᠡᠷᠡᠭᠯᠡᠭᠡᠨ ᠤ ᠳᠠᠯᠳᠠ ᠬᠦᠴᠦᠨ ᠢ ᠬᠦᠭᠵᠢᠭᠡᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠣᠷᠳᠣᠨ ᠤ ᠠᠯᠪᠠᠨ ᠲᠢᠩᠬᠢᠮ ︽ᠬᠥᠳᠡᠭᠡ ᠲᠣᠰᠬᠤᠨ ᠤ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠲᠥᠷᠭᠡᠨ | ᠬᠦᠭᠵᠢᠯᠲᠡ ᠶᠢ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶ ᠢ | ᠲᠣᠭᠲᠠᠭᠠᠭᠰᠠᠨ ᠶᠤᠮ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠮᠠᠯᠵᠢᠬᠤ ᠲᠠᠷᠢᠶᠠᠯᠠᠬᠤ ᠣᠷᠣᠨ ᠤ | ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ | ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠴᠢᠬᠤᠯᠠ ᠴᠣᠬᠤᠯᠠᠪᠤᠷᠢ ᠥᠭᠪᠡ᠃ ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠣᠷᠳᠣᠨ ᠤ ᠳᠣᠲᠣᠭᠠᠳᠤ ᠠᠷᠠᠯᠵᠢᠶᠠᠨ ᠤ ᠭᠦᠢᠯᠭᠡᠭᠡᠨ ᠤ ᠠᠵᠢᠯ ᠢ ᠭᠤᠣᠯᠯᠠᠨ ᠬᠠᠮᠢᠶᠠᠷᠬᠤ | ᠡᠭᠦᠷᠭᠡ ᠴᠢᠳᠠᠪᠤᠷᠢ ᠪᠦᠬᠦᠢ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠬᠤᠳᠠᠯᠳᠤᠭᠠᠨ ᠤ ᠶᠠᠪᠤᠳᠠᠯ ᠤᠨ | ᠲᠢᠩᠬᠢᠮ ᠳᠠᠷᠤᠶ ᠲᠦᠷᠭᠡᠨ ᠬᠥᠳᠡᠯᠦᠯᠴᠡᠵᠦ᠂ ᠬᠢᠨᠠᠮᠠᠭᠠᠶ ᠰᠤᠳᠤᠯᠤᠨ ᠵᠠᠳᠠᠯᠵᠤ᠂ ᠭᠦᠢᠴᠡᠳ ᠪᠠᠶᠢᠴᠠᠭᠠᠨ | ᠰᠤᠳᠤᠯᠬᠤ ᠠᠵᠢᠯ ᠢ ᠭᠦᠢᠴᠡᠳ ᠬᠢᠭᠰᠡᠨ ᠰᠠᠭᠤᠷᠢᠨ ᠳᠡᠭᠡᠷ᠎ᠡ᠂ ᠴᠢᠭᠯᠡᠭᠦᠯᠬᠦ ᠴᠢᠨᠠᠷ ᠲᠠᠢ᠂ ᠬᠡᠷᠡᠭᠵᠢᠭᠦᠯᠵᠦ | ᠪᠣᠯᠬᠤᠶᠢᠴᠠ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢᠨ ᠪᠢᠴᠢᠭ ᠮᠠᠲ᠋ᠧᠷᠢᠶᠠᠯ ᠤᠨ ᠡᠬᠡ ᠨᠤᠤᠷᠠᠭ ᠢ | ᠳᠤᠷᠠᠳᠪᠠ᠃ ᠪᠢᠳᠡ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ | ᠵᠠᠰᠠᠭ ᠤᠨ ᠲᠢᠩᠬᠢᠮ᠂ ᠠᠵᠤ ᠠᠬᠤᠶ ᠪᠠ ᠮᠡᠳᠡᠭᠡ ᠵᠠᠩᠬᠢᠵᠢᠯᠲᠡ ᠶᠢᠨ ᠵᠥᠪᠯᠡᠯ᠂ ᠶᠠᠳᠠᠭᠤ ᠶᠢ ᠲᠡᠳᠬᠦᠬᠦ ᠠᠯᠪᠠᠨ ᠭᠡᠷ | ᠵᠡᠷᠭᠡ 20 ᠭᠠᠷᠤᠶ ᠰᠠᠯᠠᠭ᠎ᠠ ᠮᠥᠴᠢᠷ ᠪᠣᠯᠣᠨ ᠨᠢᠭᠡᠴᠡ ᠠᠴᠠ ᠤᠯᠠᠮ ᠨᠢᠭᠡ ᠠᠯᠬᠤᠮ ᠰᠠᠨᠠᠯ ᠬᠤᠷᠢᠶᠠᠵᠤ᠂ ᠮᠠᠨ ᠤ | ᠣᠷᠣᠨ ᠤ ᠬᠥᠭᠵᠢᠯᠲᠡ ᠶᠢᠨ ᠪᠤᠳᠠᠲᠠᠢ ᠲᠠᠢ ᠤᠶᠠᠯᠳᠤᠭᠤᠯᠤᠨ᠂ ︽ᠬᠡᠷᠡᠭᠵᠢᠭᠦᠯᠬᠦ ᠰᠠᠨᠠᠯ︾ ᠢ ᠪᠦᠷᠢᠨᠰᠢᠭᠦᠯᠵᠦ᠂ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠳᠤ ᠮᠡᠳᠡᠭᠦᠯᠪᠡ᠃ ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠣᠷᠳᠣᠨ ᠤ ᠠᠯᠪᠠᠨ ᠲᠢᠩᠬᠢᠮ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠠᠵᠢᠯ ᠲᠥᠷᠥᠯ ᠤᠨ ᠬᠢᠨ ᠲᠠᠢ | ᠬᠠᠮᠲᠤᠷᠠᠵᠤ ᠪᠠᠶᠢᠭᠠᠳ ᠪᠦᠷᠢᠨ ᠭᠦᠢᠴᠡᠳ ᠨᠤᠲᠠᠯᠠᠯᠲᠠ ᠬᠢᠵᠦ᠂ ᠡᠨᠡ ᠬᠦ ︽ᠰᠠᠨᠠᠯ︾ ᠢ ᠨᠡᠶᠢᠲᠡᠯᠡᠪᠡ᠃ | ᠬᠥᠲᠥᠯᠥᠭᠴᠢ᠄ | ︽ᠰᠠᠨᠠᠯ︾ ᠤᠨ ᠠᠵᠢᠯ ᠤᠨ ᠰᠡᠳᠬᠢᠮᠵᠢ ᠪᠣᠯᠣᠨ ᠭᠤᠣᠯ ᠬᠠᠷᠠᠯᠲᠠ ᠨᠢ ᠶᠠᠭᠤ ᠪᠤᠢ︖ | ᠯᠢ ᠵᠢᠶᠦ᠋ᠨ᠄ | ᠮᠠᠨ ᠤ ᠠᠵᠢᠯ ᠤᠨ ᠰᠡᠳᠬᠢᠮᠵᠢ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠡᠶᠡᠯᠡᠭᠦᠯᠬᠦ | ᠬᠠᠷᠠᠯᠲᠠ ᠪᠣᠯᠣᠨ ᠠᠵᠤ ᠦᠢᠯᠡᠳᠪᠦᠷᠢᠵᠢᠯᠲᠡ᠂ ᠮᠡᠳᠡᠭᠡ ᠵᠠᠩᠭᠢᠵᠢᠯᠲᠠ᠂ ᠰᠢᠨ᠎ᠡ ᠮᠠᠶ᠋ᠢᠭ ᠤᠨ ᠬᠤᠲᠠ | ᠪᠠᠯᠭᠠᠰᠤᠵᠢᠯᠲᠠ᠂ ᠲᠠᠷᠢᠶᠠᠯᠠᠩ ᠤᠨ ᠣᠳᠣᠬᠢᠴᠢᠯᠠᠯᠲᠠ ᠶᠢ ᠵᠡᠷᠭᠡᠪᠡᠷ ᠬᠦᠭᠵᠢᠭᠦᠯᠬᠦ ᠱᠠᠭᠠᠷᠳᠠᠯᠭ᠎ᠠ ᠶᠣᠰᠣᠭᠠᠷ᠂ ᠠᠵᠤ | ᠠᠬᠤᠶ ᠶᠢᠨ ᠬᠥᠭᠵᠢᠯᠲᠡ ᠶᠢᠨ ᠰᠢᠨ᠎ᠡ ᠬᠡᠪ ᠪᠠᠶᠢᠳᠠᠯ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠡᠬᠢ ᠪᠠᠶᠠᠯᠢᠭ ᠤᠨ | ᠲᠤᠬᠢᠷᠠᠭᠤᠯᠤᠯᠳᠠ ᠳᠠᠬᠢ ᠵᠠᠬ᠎ᠠ ᠳᠡᠯᠭᠡᠭᠦᠷ ᠤᠨ ᠰᠢᠢᠳᠪᠦᠷᠢᠯᠡᠭᠴᠢ ᠴᠢᠨᠠᠷᠲᠠᠶ ᠦᠢᠯᠡᠳᠦᠯ ᠢ ᠭᠦᠢᠴᠡᠳ ᠪᠠᠳᠠᠷᠠᠭᠤᠯᠵᠤ᠂ | ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠲᠦᠷᠦ ᠶᠢᠨ ᠪᠤᠳᠤᠯᠭ᠎ᠠ ᠶᠢᠨ ᠣᠷᠴᠢᠨ | ᠨᠦᠬᠦᠴᠡᠯ ᠢ ᠪᠦᠷᠢᠨᠰᠢᠭᠦᠯᠦᠨ᠂ ᠬᠥᠳᠡᠭᠡ ᠲᠣᠰᠬᠤᠨ ᠤ ᠭᠦᠢᠯᠭᠡᠭᠡᠨ ᠤ ᠪᠠᠶᠢᠭᠤᠯᠤᠯ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠬᠥᠳᠡᠭᠡ ᠲᠣᠰᠬᠤᠨ ᠤ ᠬᠤᠳᠠᠯᠳᠤᠭᠠᠨ ᠤ ᠵᠠᠭᠪᠤᠷᠰᠢᠯ ᠢ ᠰᠢᠨᠡᠴᠢᠯᠡᠵᠦ᠂ ᠬᠥᠳᠡᠭᠡ | ᠲᠣᠰᠬᠤᠨ ᠤ ᠡᠯᠧᠺᠲᠷᠣᠨ ᠬᠤᠳᠠᠯᠳᠤᠭᠠᠨ ᠤ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠣᠶᠢᠵᠢᠭᠤᠯᠤᠨ | ᠬᠦᠴᠦᠷᠬᠡᠭᠵᠢᠭᠦᠯᠵᠦ᠂ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠨ᠎ᠠ ᠠᠭᠤᠰᠤᠯᠴᠠᠬᠤ᠂ ᠪᠦᠬᠦ ᠶᠠᠪᠤᠴᠠ ᠶᠢ | ᠬᠠᠮᠤᠷᠬᠤ᠂ ᠶᠡᠷᠦᠩᠬᠡᠶᠢᠯᠡᠨ ᠢᠵᠢ ᠪᠦᠷᠢᠳᠦᠭᠦᠯᠬᠦ᠂ ᠠᠮᠤᠷ ᠲᠦᠪᠰᠢᠨ ᠪᠥᠭᠡᠳ ᠥᠨᠳᠥᠷ ᠪᠦᠲᠦᠮᠵᠢᠲᠡᠶ᠂ ᠳᠥᠭᠦᠮ | ᠳᠥᠲᠡ ᠪᠦᠭᠡᠳ ᠠᠰᠢᠭᠲᠠᠢ ᠤᠳᠤ ᠦᠶ᠎ᠡ ᠶᠢᠨ ᠬᠥᠳᠡᠭᠡ ᠲᠣᠰᠬᠤᠨ ᠤ ᠲᠠᠸᠠᠷ ᠤᠨ ᠭᠦᠢᠯᠭᠡᠭᠡ ᠪᠠ | ᠦᠢᠯᠡᠴᠢᠯᠡᠭᠡᠨ ᠤ ᠲᠣᠣᠷ ᠰᠦᠯᠵᠢᠶ᠎ᠡ ᠶᠢ ᠬᠦᠭᠵᠢᠭᠦᠯᠬᠦ ᠶᠠᠪᠤᠳᠠᠯ ᠪᠣᠯᠣᠨ᠎ᠠ᠃ | ᠬᠠᠷᠠᠯᠲᠠ ᠪᠣᠯ᠄ 2020 ᠣᠨ ᠤ ᠵᠢᠯ ᠤᠨ ᠡᠴᠦᠰ ᠪᠣᠯᠬᠤ ᠳᠤ᠂ ᠪᠦᠬᠦ ᠣᠷᠣᠨ ᠳᠤ ᠨᠡᠶᠢᠲᠡᠯᠢᠭ | ᠳᠠᠶᠢᠴᠢᠯᠠᠬᠤ ᠦᠢᠯᠡᠳᠦᠯ ᠦᠵᠡᠭᠦᠯᠬᠦ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠵᠢᠱᠢᠶ᠎ᠡ | ᠦᠵᠡᠭᠦᠯᠬᠦ ᠨᠢᠭᠡ ᠪᠦᠯᠦᠭ ᠬᠤᠰᠢᠭᠤ ᠰᠢᠶᠠᠨ ᠢ ᠪᠣᠶᠢᠵᠢᠭᠤᠯᠵᠤ᠂ ᠨᠢᠭᠡᠳᠦᠯᠲᠡᠶ ᠨᠡᠭᠡᠭᠡᠯᠲᠡ ᠲᠠᠢ᠂ | ᠥᠷᠢᠰᠥᠯᠳᠦᠭᠡᠨ ᠨᠢ ᠡᠮᠬᠢ ᠵᠢᠷᠤᠮ ᠲᠠᠢ᠂ ᠦᠨᠡᠨᠴᠢ ᠢᠲᠡᠭᠡᠮᠵᠢᠲᠡᠶ ᠬᠠᠤᠯᠢ ᠰᠠᠬᠢᠳᠠᠭ᠂ ᠠᠮᠤᠷ ᠲᠥᠪᠰᠢᠨ ᠪᠥᠭᠡᠳ | ᠨᠠᠶᠢᠳᠠᠪᠤᠷᠢᠲᠠᠶ᠂ ᠪᠣᠬᠢᠷᠲᠤᠯ ᠦᠭᠡᠢ ᠣᠷᠴᠢᠨ ᠲᠣᠭᠤᠷᠢᠨ ᠢ ᠬᠠᠮᠠᠭᠠᠯᠠᠳᠠᠭ ᠬᠥᠳᠡᠭᠡ ᠲᠣᠰᠬᠤᠨ ᠤ ᠬᠤᠳᠠᠯᠳᠤᠭᠠᠨ ᠤ | ᠵᠠᠬ᠎ᠠ ᠳᠡᠯᠭᠡᠭᠦᠷ ᠤᠨ ᠰᠢᠰᠲ᠋ᠧᠮᠵᠢ ᠶᠢ ᠠᠩᠬ᠎ᠠ ᠠᠯᠬᠤᠮ ᠪᠠᠶᠢᠭᠤᠯᠵᠤ᠂ ᠬᠥᠳᠡᠭᠡ ᠲᠣᠰᠬᠤᠨ ᠤ ᠡᠯᠧᠺᠲᠷᠣᠨ | ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠤ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠲᠠᠢ | ᠠᠭᠤᠰᠤᠯᠴᠠᠭᠤᠯᠵᠤ᠂ ᠬᠥᠳᠡᠭᠡ ᠲᠣᠰᠬᠤᠨ ᠤ ᠭᠦᠢᠯᠭᠡᠭᠡᠨ ᠤ ᠣᠳᠣᠬᠢᠴᠢᠯᠠᠯᠲᠠ ᠶᠢ ᠲᠦᠯᠬᠢᠨ ᠠᠬᠢᠭᠤᠯᠬᠤ ᠪᠠ | ᠲᠠᠷᠢᠶᠠᠯᠠᠩ ᠤᠨ ᠪᠦᠲᠦᠭᠡᠭᠳᠡᠬᠦᠨ ᠢ ᠪᠣᠷᠣᠯᠠᠭᠤᠯᠬᠤ᠂ ᠲᠠᠷᠢᠶᠠᠴᠢᠳ ᠤᠨ ᠠᠳᠠᠯ ᠦᠢᠯᠡᠰ ᠴᠣᠭᠴᠠᠯᠠᠵᠤ ᠠᠵᠢᠯ ᠣᠯᠬᠤ | ᠶᠢ ᠠᠬᠢᠭᠤᠯᠬᠤ᠂ ᠬᠥᠳᠡᠭᠡ ᠲᠣᠰᠬᠤᠨ ᠤ ᠬᠡᠷᠡᠭᠯᠡᠭᠡ ᠶᠢᠨ ᠵᠠᠬ᠎ᠠ ᠳᠡᠯᠭᠡᠭᠦᠷ ᠢ ᠨᠡᠭᠡᠭᠡᠬᠦ᠂ ᠬᠥᠳᠡᠭᠡ ᠲᠣᠰᠬᠤᠨ ᠤ | ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠶᠢ ᠲᠠᠶᠢᠴᠢᠯᠠᠬᠤ ᠵᠡᠷᠭᠡ ᠲᠠᠯ᠎ᠠ ᠪᠠᠷ ᠢᠳᠡᠪᠬᠢᠲᠡᠶ ᠦᠷ᠎ᠡ ᠪᠦᠲᠦᠮᠵᠢ | ᠣᠯᠵᠤ᠂ ᠬᠥᠳᠡᠭᠡ ᠲᠣᠰᠬᠤᠨ ᠤ ᠭᠦᠢᠯᠭᠡᠭᠡᠨ ᠤ ᠣᠳᠣᠬᠢᠴᠢᠯᠠᠯᠲᠠ ᠶᠢᠨ ᠬᠢᠷᠢ ᠬᠡᠮᠵᠢᠶ᠎ᠡ ᠶᠢ ᠢᠯᠡᠳᠲᠡ | ᠳᠡᠭᠡᠭᠰᠢᠯᠡᠭᠦᠯᠦᠨ᠂ ᠬᠥᠳᠡᠭᠡ ᠲᠣᠰᠬᠤᠨ ᠤ ᠠᠵᠤ ᠠᠬᠤᠶ ᠨᠡᠶᠢᠭᠡᠮ ᠤᠨ ᠡᠷᠡᠭᠦᠯ ᠢᠶᠠᠷ ᠬᠥᠭᠵᠢᠬᠦ ᠶᠢ ᠲᠦᠯᠬᠢᠨ | ᠠᠬᠢᠭᠤᠯᠬᠤ ᠶᠠᠪᠤᠳᠠᠯ ᠪᠣᠯᠣᠨ᠎ᠠ᠃ | ᠬᠥᠲᠥᠯᠥᠭᠴᠢ᠄ | ᠯᠢ ᠲᠢᠩᠬᠢᠮ ᠤᠨ ᠳᠠᠷᠤᠭ᠎ᠠ ᠡ᠂ ︽ᠰᠠᠨᠠᠯ︾ ᠳᠤ ᠶᠠᠮᠠᠷ ᠶᠠᠮᠠᠷ ᠭᠤᠣᠯ ᠡᠭᠦᠷᠭᠡ ᠪᠠᠶᠢᠬᠤ ᠪᠤᠢ︖ | ᠯᠢ ᠵᠢᠶᠦ᠋ᠨ᠄ | ︽ᠰᠠᠨᠠᠯ︾ ᠨᠢ ᠮᠠᠨ ᠤ ᠣᠷᠣᠨ ᠤ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ | ᠬᠥᠭᠵᠢᠯᠲᠡ ᠶᠢᠨ ᠣᠳᠣᠬᠢ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠬᠥᠭᠵᠢᠯᠲᠡ ᠶᠢᠨ ᠬᠠᠨᠳᠤᠰᠢ ᠳᠤ | ᠰᠠᠭᠤᠷᠢᠯᠠᠨ᠂ ︽ᠡᠯᠧᠺᠲᠷᠣᠨ ᠬᠤᠳᠠᠯᠳᠤᠭ᠎ᠠ ᠶᠢ ᠶᠡᠬᠡᠪᠡᠷ ᠬᠥᠭᠵᠢᠭᠦᠯᠦᠨ ᠠᠵᠤ ᠠᠬᠤᠶ ᠶᠢᠨ ᠰᠢᠨ᠎ᠡ ᠬᠦᠳᠡᠯᠭᠡᠭᠴᠢ | ᠬᠦᠴᠦᠨ ᠢ ᠲᠥᠷᠭᠡᠨ ᠪᠣᠶᠢᠵᠢᠭᠤᠯᠬᠤ ᠲᠤᠬᠠᠶ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ᠵᠢᠴᠢ | ᠬᠤᠳᠠᠯᠳᠤᠭᠠᠨ ᠤ ᠶᠠᠪᠤᠳᠠᠯ ᠤᠨ ᠶᠠᠮᠤᠨ ᠤ ︽ᠢᠨᠲ᠋ᠧᠷ ᠰᠦᠯᠵᠢᠶ᠎ᠡ + ᠭᠦᠢᠯᠭᠡᠭᠡᠨ ᠤ ᠠᠵᠢᠯᠯᠠᠭ᠎ᠠ ᠶᠢᠨ | ᠲᠥᠯᠥᠪᠯᠡᠭᠡ︾ ᠶᠢᠨ ᠠᠭᠤᠯᠭ᠎ᠠ ᠶᠢ ᠦᠨᠳᠦᠰᠦᠯᠡᠵᠦ᠂ ᠭᠤᠷᠪᠠᠨ ᠲᠠᠯ᠎ᠠ ᠶᠢᠨ ᠭᠤᠣᠯᠳᠠᠯᠭ᠎ᠠ ᠲᠠᠢ ᠡᠭᠦᠷᠭᠡ ᠶᠢ | ᠳᠤᠷᠠᠳᠪᠠ᠄ | ᠨᠢᠭᠡ ᠳᠤ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠰᠠᠭᠤᠷᠢ ᠪᠡᠯᠡᠳᠬᠡᠮᠵᠢ ᠶᠢᠨ | ᠪᠦᠳᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠭᠤᠣᠯᠳᠠᠭᠤ ᠬᠥᠳᠡᠭᠡ ᠲᠣᠰᠬᠤᠨ ᠤ ᠡᠯᠧᠺᠲᠷᠤᠨ | ᠬᠤᠳᠠᠯᠳᠤᠭᠠᠨ ᠤ ᠶᠠᠪᠤᠳᠠᠯ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠵᠤ᠂ ᠬᠥᠳᠡᠭᠡ | ᠲᠣᠰᠬᠤᠨ ᠤ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠲᠣᠣᠷ ᠰᠦᠯᠵᠢᠶ᠎ᠡ ᠶᠢᠨ ᠰᠠᠭᠤᠷᠢ ᠪᠡᠯᠡᠳᠬᠡᠮᠵᠢ ᠶᠢ | ᠪᠦᠷᠢᠨᠰᠢᠭᠦᠯᠦᠨ᠂ ᠬᠥᠳᠡᠭᠡ ᠲᠣᠰᠬᠤᠨ ᠤ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠪᠠᠷᠠᠭᠠᠨ ᠤ ᠭᠦᠢᠯᠭᠡᠭᠡ ᠶᠢᠨ | ᠲᠣᠬᠢᠷᠠᠭᠤᠯᠤᠨ ᠬᠦᠷᠭᠡᠬᠦ ᠴᠢᠳᠠᠪᠤᠷᠢ ᠶᠢ ᠳᠡᠭᠡᠭᠰᠢᠯᠡᠭᠦᠯᠬᠦ ᠲᠠᠯ᠎ᠠ ᠪᠠᠷ ᠭᠠᠷᠳᠠᠵᠤ ᠬᠢᠨ᠎ᠡ᠃ | ᠬᠤᠶᠠᠷ ᠲᠤ ᠬᠥᠳᠡᠭᠡ ᠲᠣᠰᠬᠤᠨ ᠤ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠭᠤᠣᠯ ᠴᠣᠭᠴᠠ ᠶᠢ | ᠪᠣᠶᠢᠵᠢᠭᠤᠯᠤᠨ᠎ᠠ᠃ ᠭᠤᠣᠯᠳᠠᠭᠤ ᠬᠥᠳᠡᠭᠡ ᠲᠣᠰᠬᠤᠨ ᠤ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠠᠵᠤ | ᠠᠬᠤᠶᠢᠯᠠᠯ ᠤᠨ ᠭᠤᠣᠯ ᠴᠣᠭᠴᠠ ᠶᠢᠨ ᠦᠢᠯᠡᠳᠦᠯ ᠢ ᠪᠠᠳᠠᠷᠠᠭᠤᠯᠵᠤ᠂ ᠬᠥᠳᠡᠭᠡ ᠲᠣᠰᠬᠤᠨ ᠤ ᠡᠯᠧᠺᠲᠷᠤᠨ | ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠠᠵᠤ ᠠᠬᠤᠶᠢᠯᠠᠯ ᠤᠳ ᠢ ᠪᠣᠶᠢᠵᠢᠭᠤᠯᠤᠨ᠂ ᠡᠯ᠎ᠡ ᠲᠦᠷᠤᠯ ᠤᠨ | ᠬᠥᠷᠤᠩᠭᠡ ᠶᠢ ᠵᠣᠷᠢᠭᠵᠢᠭᠤᠯᠤᠨ ᠬᠥᠳᠡᠭᠡ ᠲᠣᠰᠬᠤᠨ ᠤ ᠡᠯᠧᠺᠲᠷᠤᠨ ᠬᠤᠳᠠᠯᠳᠤᠭᠠᠨ ᠤ ᠶᠠᠪᠤᠳᠠᠯ ᠢ | ᠬᠦᠭᠵᠢᠭᠦᠯᠦᠨ᠎ᠡ᠃ | ᠭᠤᠷᠪᠠ ᠳᠤ ᠬᠥᠳᠡᠭᠡ ᠲᠣᠰᠬᠤᠨ ᠤ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠬᠡᠷᠡᠭᠯᠡᠭᠡᠨ ᠤ ᠬᠢᠷᠢ | ᠬᠡᠮᠵᠢᠶ᠎ᠡ ᠶᠢ ᠳᠡᠭᠡᠭᠰᠢᠯᠡᠭᠦᠯᠦᠨ᠎ᠡ᠃ ᠭᠤᠣᠯᠳᠠᠭᠤ ᠬᠥᠳᠡᠭᠡ ᠲᠣᠰᠬᠤᠨ ᠤ ᠡᠳᠦᠷ ᠲᠤᠳᠤᠮ ᠤᠨ ᠬᠡᠷᠡᠭᠯᠡᠭᠡᠨ ᠤ ᠰᠢᠨ᠎ᠡ | ᠮᠠᠶ᠋ᠢᠭ ᠤᠨ ᠭᠦᠢᠯᠭᠡᠭᠡᠨ ᠤ ᠲᠣᠣᠷ ᠰᠦᠯᠵᠢᠶ᠎ᠡ ᠶᠢ ᠪᠠᠶᠢᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠢ ︽ | ᠬᠤᠳᠠᠯᠳᠤᠵᠤ ᠭᠠᠷᠭᠠᠬᠤ︾ ᠡᠯᠧᠺᠲᠷᠣᠨ ᠬᠤᠳᠠᠯᠳᠤᠭᠠᠨ ᠤ ᠶᠠᠪᠤᠳᠠᠯ ᠢ ᠲᠦᠯᠬᠢᠨ ᠠᠬᠢᠭᠤᠯᠵᠤ᠂ ᠬᠥᠳᠡᠭᠡ ᠠᠵᠤ | ᠠᠬᠤᠶ ᠶᠢᠨ ᠦᠢᠯᠡᠳᠪᠦᠷᠢᠯᠡᠯ ᠤᠨ ᠬᠡᠷᠡᠭᠰᠡᠯ ᠢ ︽ᠬᠤᠳᠠᠯᠳᠤᠵᠤ ᠣᠷᠣᠭᠤᠯᠬᠤ︾ ᠡᠯᠧᠺᠲᠷᠣᠨ ᠬᠤᠳᠠᠯᠳᠤᠭᠠᠨ ᠤ | ᠶᠠᠪᠤᠳᠠᠯ ᠢ ᠬᠥᠭᠵᠢᠭᠦᠯᠵᠦ᠂ ᠬᠥᠳᠡᠭᠡ ᠲᠣᠰᠬᠤᠨ ᠤ ᠦᠢᠯᠡᠴᠢᠯᠡᠭᠡᠨ ᠤ ᠦᠢᠯᠡᠰ ᠢ ᠶᠡᠬᠡᠪᠡᠷ ᠬᠥᠭᠵᠢᠭᠦᠯᠵᠦ᠂ | ᠡᠯᠧᠺᠲᠷᠤᠨ ᠬᠤᠳᠠᠯᠳᠤᠭᠠᠨ ᠤ ᠶᠠᠪᠤᠳᠠᠯ ᠢᠶᠠᠷ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠬᠢᠷᠢ ᠬᠡᠮᠵᠢᠶ᠎ᠡ ᠶᠢ | ᠳᠡᠭᠡᠭᠰᠢᠯᠡᠭᠦᠯᠬᠦ ᠵᠡᠷᠭᠡ ᠲᠠᠯ᠎ᠠ ᠪᠠᠷ ᠠᠵᠢᠯ ᠢᠶᠠᠨ ᠴᠢᠩᠭᠠᠳᠬᠠᠨ᠎ᠠ᠃ | ᠬᠥᠲᠥᠯᠥᠭᠴᠢ᠄ | ︽ᠰᠠᠨᠠᠯ︾ ᠤᠨ ᠨᠠᠶᠢᠳᠠᠪᠤᠷᠢᠵᠢᠭᠤᠯᠤᠯᠲᠠ ᠶᠢ ᠦᠨᠡᠨ ᠬᠦ ᠪᠠᠲᠤᠯᠠᠬᠤ ᠳᠤ ᠮᠠᠨ ᠤ ᠣᠷᠣᠨ ᠶᠠᠮᠠᠷ ᠶᠠᠮᠠᠷ | ᠠᠷᠭ᠎ᠠ ᠬᠡᠮᠵᠢᠶ᠎ᠡ ᠲᠣᠭᠲᠠᠭᠠᠭᠰᠠᠨ ᠪᠤᠢ︖ | ᠯᠢ ᠵᠢᠶᠦ᠋ᠨ᠄ | ᠭᠤᠣᠯ ᠬᠠᠷᠠᠯᠲᠠ ᠶᠢᠨ ᠪᠡᠶᠡᠯᠡᠯ ᠪᠠ ᠭᠤᠣᠯᠳᠠᠯᠭ᠎ᠠ ᠲᠠᠢ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ | ᠪᠠᠲᠤᠯᠠᠬᠤ ᠶᠢᠨ ᠲᠥᠯᠥᠭᠡ᠂ ᠪᠢᠳᠠ ᠲᠦᠷᠦ ᠶᠢᠨ ᠪᠤᠳᠤᠯᠭ᠎ᠠ ᠶᠢᠨ ᠳᠡᠮᠵᠢᠯᠭᠡ ᠶᠢ ᠴᠢᠩᠭᠠᠳᠬᠠᠬᠤ᠂ ᠰᠢᠨ᠎ᠡ ᠶᠢ | ᠡᠭᠦᠳᠬᠦ ᠠᠳᠠᠯ ᠦᠢᠯᠡᠰ ᠴᠣᠭᠴᠠᠯᠠᠬᠤ ᠣᠷᠴᠢᠨ ᠲᠣᠭᠤᠷᠢᠨ ᠢ ᠪᠣᠢ ᠪᠣᠯᠭᠠᠬᠤ᠂ ᠬᠤᠳᠠᠯᠳᠤᠭ᠎ᠠ ᠡᠵᠡᠩᠨᠡᠬᠦ ᠣᠷᠴᠢᠨ | ᠨᠥᠬᠦᠴᠡᠯ ᠢ ᠰᠢᠯᠢᠳᠡᠭᠵᠢᠭᠦᠯᠬᠦ ᠶᠢ ᠪᠠᠭᠲᠠᠭᠠᠭᠰᠠᠨ ᠭᠤᠷᠪᠠᠨ ᠲᠠᠯ᠎ᠠ ᠶᠢᠨ ᠠᠷᠭ᠎ᠠ ᠬᠡᠮᠵᠢᠶ᠎ᠡ ᠳᠤᠷᠠᠳᠤᠭᠰᠠᠨ ᠪᠠᠶᠢᠨ᠎ᠠ᠃ | ᠡᠭᠦᠨ ᠳᠤ 10 ᠵᠦᠢᠯ ᠤᠨ ᠪᠤᠳᠠᠲᠠᠢ ᠠᠷᠭ᠎ᠠ ᠬᠡᠮᠵᠢᠶ᠎ᠡ ᠪᠤᠢ᠄ | ᠲᠦᠷᠦ ᠶᠢᠨ ᠪᠤᠳᠤᠯᠭ᠎ᠠ ᠶᠢᠨ ᠳᠡᠮᠵᠢᠯᠭᠡ ᠶᠢ ᠴᠢᠩᠭᠠᠳᠬᠠᠬᠤ ᠲᠠᠯ᠎ᠠ ᠪᠠᠷ᠂ ᠨᠢᠭᠡ ᠳᠤ ᠡᠳ᠋ ᠤᠨ ᠵᠠᠰᠠᠭ | ᠭᠠᠶᠢᠯᠢ ᠶᠢᠨ ᠳᠡᠮᠵᠢᠯᠭᠡ ᠦᠵᠡᠭᠦᠯᠦᠨ᠎ᠡ᠃ ᠡᠯ᠎ᠡ ᠱᠠᠲᠤᠨ ᠤ ᠵᠠᠰᠠᠭ ᠤᠨ ᠣᠷᠳᠣᠨ ᠬᠥᠳᠡᠭᠡ ᠲᠣᠰᠬᠤᠨ ᠤ | ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠰᠠᠭᠤᠷᠢ ᠪᠡᠯᠡᠳᠬᠡᠮᠵᠢ ᠶᠢ ᠳᠡᠭᠡᠭᠰᠢᠯᠡᠭᠦᠯᠬᠦ᠂ ᠴᠢᠳᠠᠪᠤᠷᠢᠲᠠᠨ ᠢ | ᠣᠷᠣᠭᠤᠯᠤᠨ ᠬᠦᠮᠦᠵᠢᠭᠦᠯᠬᠦ᠂ ᠦᠢᠯᠡᠳᠬᠦᠨ ᠤ ᠶᠠᠰᠤ ᠴᠢᠨᠠᠷ ᠢ ᠠᠮᠤᠷ ᠲᠥᠪᠰᠢᠨ ᠪᠠᠶᠢᠯᠭᠠᠬᠤ ᠵᠡᠷᠭᠡ ᠲᠠᠯ᠎ᠠ ᠪᠠᠷ | ᠳᠡᠮᠵᠢᠯᠭᠡ ᠦᠵᠡᠭᠦᠯᠵᠦ᠂ ᠬᠥᠳᠡᠭᠡ ᠲᠣᠰᠬᠤᠨ ᠤ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠢᠵᠢ ᠪᠦᠷᠢᠳᠦᠭᠰᠡᠨ | ᠪᠡᠯᠡᠳᠬᠡᠮᠵᠢ ᠶᠢᠨ ᠪᠥᠳᠥᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠬᠤᠶᠠᠷ ᠲᠤ ᠮᠥᠩᠭᠦᠨ ᠭᠦᠢᠯᠭᠡᠭᠡᠨ ᠤ | ᠳᠡᠮᠵᠢᠯᠭᠡ ᠦᠵᠡᠭᠦᠯᠦᠨ᠎ᠡ᠃ ᠨᠥᠬᠦᠴᠡᠯ ᠲᠠᠢ ᠠᠶᠢᠮᠠᠭ ᠬᠤᠳᠠ᠂ ᠬᠤᠰᠢᠭᠤ ᠰᠢᠶᠠᠨ ᠢ ᠵᠣᠷᠢᠭᠵᠢᠭᠤᠯᠵᠤ ᠪᠠᠶᠢᠭᠠᠳ | ᠬᠥᠳᠡᠭᠡ ᠲᠣᠰᠬᠤᠨ ᠤ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢᠨ ᠰᠠᠭᠤᠷᠢ ᠮᠥᠩᠭᠦ | ᠪᠠᠶᠢᠭᠤᠯᠤᠨ᠎ᠠ᠃ ᠭᠤᠷᠪᠠ ᠳᠤ ᠭᠠᠵᠠᠷ ᠬᠡᠷᠡᠭᠯᠡᠬᠦ ᠳᠤ ᠳᠡᠮᠵᠢᠯᠭᠡ ᠦᠵᠡᠭᠦᠯᠦᠨ᠎ᠡ᠃ ᠡᠯ᠎ᠡ ᠠᠶᠢᠮᠠᠭ ᠬᠤᠲᠠ᠂ | ᠬᠤᠰᠢᠭᠤ ᠰᠢᠶᠠᠨ ᠢ ᠵᠣᠷᠢᠭᠵᠢᠭᠤᠯᠵᠤ ᠪᠠᠶᠢᠭᠠᠳ ᠭᠠᠵᠠᠷ ᠰᠢᠷᠣᠶ ᠶᠢ ᠠᠰᠢᠭᠯᠠᠬᠤ ᠶᠡᠷᠦᠩᠬᠡᠶ ᠲᠥᠯᠥᠪᠵᠢᠭᠦᠯᠭᠡ | ᠪᠣᠯᠣᠨ ᠬᠤᠳᠠ ᠬᠥᠳᠡᠭᠡ ᠶᠢᠨ ᠲᠥᠯᠥᠪᠵᠢᠭᠦᠯᠭᠡ ᠳᠤ ᠨᠡᠶᠢᠴᠡᠭᠰᠡᠨ ᠤᠷᠢᠲᠠᠯ ᠳᠣᠣᠷ᠎ᠠ᠂ ᠰᠤᠯᠠ ᠪᠠᠶᠢᠭ᠎ᠠ ᠪᠣᠯᠣᠨ | ᠬᠠᠳᠠᠭᠠᠯᠠᠵᠤ ᠪᠠᠶᠢᠭ᠎ᠠ ᠭᠡᠷ ᠬᠦᠷᠦᠩᠭᠡ ᠶᠢ ᠠᠰᠢᠭᠯᠠᠨ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠪᠠᠷᠠᠭ᠎ᠠ ᠶᠢᠨ | ᠭᠦᠢᠯᠭᠡᠭᠡ ᠶᠢᠨ ᠲᠣᠭᠤᠷᠢᠭ ᠢ ᠲᠥᠪᠯᠡᠷᠡᠭᠦᠯᠵᠦ ᠲᠥᠯᠥᠪᠵᠢᠭᠦᠯᠦᠨ ᠪᠦᠲᠦᠭᠡᠨ ᠪᠠᠶᠢᠭᠤᠯᠤᠭᠠᠳ᠂ ᠠᠵᠤ ᠠᠬᠤᠶᠢᠯᠠᠯ ᠢ | ᠬᠠᠪᠰᠤᠷᠴᠤ ᠪᠠᠶᠢᠭᠠᠳ ᠡᠯᠧᠺᠲᠷᠣᠨ ᠬᠤᠳᠠᠯᠳᠤᠭ᠎ᠠ ᠶᠢ ᠬᠦᠭᠵᠢᠭᠦᠯᠦᠨ᠎ᠡ᠃ | ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ ᠣᠷᠴᠢᠨ ᠨᠥᠬᠦᠴᠡᠯ ᠢ ᠪᠤᠢ ᠪᠣᠯᠭᠠᠬᠤ ᠲᠠᠯ᠎ᠠ ᠪᠠᠷ᠂ | ᠨᠢᠭᠡ ᠳᠤ ᠠᠳᠠᠯ ᠦᠢᠯᠡᠰ ᠴᠣᠭᠴᠠᠯᠠᠬᠤ ᠶᠢ ᠬᠥᠲᠥᠯᠥᠨ ᠵᠢᠯᠣᠭᠤᠳᠤᠨ᠎ᠠ᠃ ᠬᠤᠶᠠᠷ ᠲᠤ ᠵᠢᠱᠢᠶ᠎ᠡ ᠦᠵᠡᠭᠦᠯᠵᠦ | ᠤᠬᠠᠭᠤᠯᠤᠨ ᠳᠡᠯᠭᠡᠷᠡᠭᠦᠯᠦᠨ᠎ᠡ᠃ ᠭᠤᠷᠪᠠ ᠳᠤ ᠰᠢᠶᠠᠨ ᠤ ᠬᠡᠪᠴᠢᠶᠡᠨ ᠤ ᠡᠯᠧᠺᠲᠷᠤᠨ ᠬᠤᠳᠠᠯᠳᠤᠭᠠᠨ ᠤ ᠶᠠᠪᠤᠳᠠᠯ | ᠤᠨ ᠠᠵᠤ ᠦᠢᠯᠡᠰ ᠤᠨ ᠬᠦᠷᠢᠶᠡᠯᠡᠩ ᠢ ᠪᠦᠲᠦᠭᠡᠨ ᠪᠠᠶᠢᠭᠤᠯᠤᠨ᠎ᠠ᠃ ᠲᠦᠷᠪᠡ ᠳᠤ ᠠᠵᠢᠯᠳᠠᠨ ᠢ ᠪᠣᠯᠪᠠᠰᠤᠷᠠᠭᠤᠯᠬᠤ | ᠪᠠ ᠴᠢᠳᠠᠪᠤᠷᠢᠲᠠᠨ ᠢ ᠬᠥᠮᠦᠵᠢᠭᠦᠯᠬᠦ ᠶᠢ ᠴᠢᠩᠭᠠᠳᠬᠠᠨ᠎ᠠ᠃ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠠᠯ᠎ᠠ ᠪᠠᠷ᠂ ᠨᠢᠭᠡ ᠳᠤ ᠶᠠᠰᠤ ᠴᠢᠨᠠᠷ ᠢ | ᠪᠠᠲᠤᠯᠠᠬᠤ ᠰᠢᠰᠲ᠋ᠧᠮᠵᠢ ᠶᠢ ᠪᠦᠷᠢᠨᠰᠢᠭᠦᠯᠦᠨ᠎ᠡ᠃ ᠬᠤᠶᠠᠷ ᠲᠤ ᠦᠨᠡᠨᠴᠢ ᠢᠲᠡᠭᠡᠮᠵᠢ ᠶᠢᠨ ᠣᠷᠴᠢᠨ ᠲᠣᠭᠤᠷᠢᠨ ᠤ | ᠪᠥᠳᠥᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠭᠤᠷᠪᠠ ᠳᠤ ᠠᠮᠤᠷ ᠲᠦᠪᠰᠢᠨ ᠤ ᠬᠢᠨᠠᠯᠲᠠ ᠲᠠᠯᠪᠢᠬᠤ | ᠲᠣᠭᠲᠠᠴᠠ ᠶᠢ ᠪᠠᠶᠢᠭᠤᠯᠤᠨ᠎ᠠ᠃ | ᠬᠤᠶᠢᠰᠢᠳᠠ᠂ ᠮᠠᠨ ᠤ ᠣᠷᠣᠨ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ | ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢᠨ ᠶᠣᠰᠣᠭᠠᠷ᠂ ᠡᠯ᠎ᠡ ᠬᠠᠮᠢᠶ᠎ᠠ ᠪᠦᠬᠦᠢ ᠵᠠᠰᠠᠭ ᠤᠨ ᠣᠷᠳᠣᠨ ᠤ | ᠰᠠᠯᠠᠭ᠎ᠠ ᠮᠥᠴᠢᠷ ᠲᠠᠢ ᠵᠣᠬᠢᠴᠠᠯᠳᠤᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠯᠠᠵᠤ᠂ ᠬᠥᠳᠡᠭᠡ ᠲᠣᠰᠬᠤᠨ ᠤ | ᠡᠯᠧᠺᠲᠷᠣᠨ ᠬᠤᠳᠠᠯᠳᠤᠭᠠᠨ ᠤ ᠶᠠᠪᠤᠳᠠᠯ ᠢ ᠲᠦᠯᠬᠢᠨ ᠠᠬᠢᠭᠤᠯᠬᠤ ᠶᠠᠪᠤᠴᠠ ᠳᠤ ᠢᠯᠡᠷᠡᠭᠰᠡᠨ ᠰᠢᠨ᠎ᠡ ᠪᠠᠶᠢᠳᠠᠯ ᠢ | ᠭᠦᠨᠵᠡᠭᠡᠶᠢᠷᠡᠨ ᠪᠠᠶᠢᠴᠠᠭᠠᠨ ᠰᠤᠳᠤᠯᠵᠤ᠂ ᠰᠢᠨ᠎ᠡ ᠨᠡᠶᠢᠲᠡᠯᠢᠭ ᠵᠢᠱᠢᠶ᠎ᠡ ᠶᠢ ᠳ᠋ᠦᠩᠨᠡᠨ᠂ ᠰᠢᠨ᠎ᠡ ᠵᠠᠭᠪᠤᠷᠰᠢᠯ ᠢ | ᠳᠡᠯᠭᠡᠷᠡᠭᠦᠯᠵᠦ᠂ ᠰᠢᠨ᠎ᠡ ᠰᠡᠳᠬᠢᠮᠵᠢ ᠳᠤᠷᠠᠳᠤᠨ᠂ ᠬᠦᠳᠡᠭᠡ ᠲᠤᠰᠬᠤᠨ ᠳᠠᠬᠢ ᠡᠯᠧᠺᠲᠷᠣᠨ ᠬᠤᠳᠠᠯᠳᠤᠭᠠᠨ ᠤ | ᠶᠠᠪᠤᠳᠠᠯ ᠤᠨ ᠬᠥᠭᠵᠢᠯᠲᠡ ᠶᠢ ᠲᠦᠷᠭᠡᠳᠬᠡᠵᠦ᠂ ᠬᠥᠳᠡᠭᠡ ᠲᠣᠰᠬᠤᠨ ᠤ ᠭᠦᠢᠯᠭᠡᠭᠡᠨ ᠤ ᠣᠳᠣᠬᠢᠴᠢᠯᠠᠯᠲᠠ ᠶᠢ | ᠲᠦᠯᠬᠢᠨ ᠠᠬᠢᠭᠤᠯᠵᠤ᠂ ᠠᠷᠠᠳ ᠣᠯᠠᠨ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠵᠤ᠂ ᠬᠥᠳᠡᠭᠡ | ᠲᠣᠰᠬᠤᠨ ᠤ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠳᠤ ᠬᠤᠪᠢ ᠨᠡᠮᠡᠷᠢ ᠪᠠᠨ ᠦᠵᠡᠭᠦᠯᠦᠨ᠎ᠡ᠃ | ᠬᠥᠲᠥᠯᠥᠭᠴᠢ᠄ | ᠯᠢ ᠳᠠᠷᠤᠭ᠎ᠠ ᠶᠢᠨ ᠲᠠᠶᠢᠯᠪᠤᠷᠢ ᠬᠢᠭᠰᠡᠨ ᠳᠤ ᠲᠣᠩ ᠪᠠᠶᠠᠷᠯᠠᠯ᠎ᠠ᠂ ᠰᠦᠯᠵᠢᠶᠡᠨ ᠤ ᠠᠨᠳᠠ ᠨᠠᠷ ᠤᠨ | ᠣᠷᠣᠯᠴᠠᠭᠰᠠᠨ ᠳᠤ ᠴᠦ ᠲᠠᠯᠠᠷᠬᠠᠵᠤ ᠪᠠᠶᠢᠨ᠎ᠠ᠃ ᠲᠣᠰ ᠬᠤᠭᠤᠴᠠᠭᠠᠨ ᠤ ᠰᠤᠷᠪᠤᠯᠵᠢᠯᠠᠭ᠎ᠠ ᠠᠳᠡ ᠬᠦᠷᠦᠭᠡᠳ | ᠲᠡᠭᠦᠰᠦᠯ᠎ᠡ᠂ ᠳᠠᠷᠠᠭᠠᠴᠢ ᠶᠢᠨ ᠫᠷᠤᠭ᠍ᠷᠠᠮ ᠳᠤ ᠪᠠᠶᠠᠷᠲᠠᠢ ᠵᠤᠯᠭᠠᠶ᠎ᠠ︕ | | 2016 ᠣᠨ ᠤ ᠡᠯᠧᠺᠲᠷᠣᠨ ᠬᠤᠳᠠᠯᠳᠤᠭ᠎ᠠ ᠶᠢ ᠮᠠᠯᠵᠢᠬᠤ ᠲᠠᠷᠢᠶᠠᠯᠠᠬᠤ ᠣᠷᠣᠨ ᠳᠤ ᠣᠷᠣᠭᠤᠯᠬᠤ ᠪᠦᠬᠦ | ᠣᠷᠣᠨ ᠤ ᠠᠵᠢᠯ ᠤᠨ ᠠᠬᠤᠶ ᠲᠠᠯᠠᠪᠠᠶ ᠶᠢᠨ ᠬᠤᠷᠠᠯ | |