ᠷᠧᠨ ᠶᠠ ᠫᠢᠩ ᠮᠠᠨ ᠤ ᠤᠷᠤᠨ ᠳᠤ ᠰᠠᠭᠤᠭ᠎ᠠ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠢ ᠳᠠᠭᠠᠭᠤᠯᠤᠨ ᠥᠪᠡᠷᠲᠡᠭᠡᠨ ᠵᠠᠰᠠᠬᠤ ᠣᠷᠣᠨ ᠤ ᠵᠠᠭᠤᠴᠢᠯᠠᠭᠤᠷ ᠤᠨ ᠨᠡᠶᠢᠯᠡᠯ ᠬᠦᠭᠵᠢᠯᠲᠡ ᠶᠢᠨ ᠪᠠᠶᠢᠳᠠᠯ ᠢ  ᠪᠠᠶᠢᠴᠠᠭᠠᠨ ᠦᠵᠡᠪᠡ
ᠨᠡᠶᠢᠲᠡᠯᠡᠭᠰᠡᠨ ᠴᠠᠭ᠄
2016/10/19
     ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠷᠧᠨ ᠶᠠ ᠫᠢᠩ ᠮᠠᠨ ᠤ ᠤᠷᠤᠨ ᠳᠤ ᠰᠠᠭᠤᠭ᠎ᠠ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠬᠡᠰᠡᠭ ᠭᠡᠰᠢᠭᠦᠳ ᠢ ᠳᠠᠭᠠᠭᠤᠯᠤᠨ ᠵᠠᠭᠤᠴᠢᠯᠠᠭᠤᠷ ᠤᠨ ᠨᠡᠶᠢᠯᠡᠯ ᠬᠥᠭᠵᠢᠯᠲᠡ ᠶᠢᠨ ᠪᠠᠶᠢᠳᠠᠯ ᠤᠨ ᠲᠠᠯ᠎ᠠ ᠪᠠᠷ ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶ᠎ᠠ ᠳᠤ ᠬᠦᠷᠴᠦ ᠠᠵᠢᠯ ᠪᠠᠶᠢᠴᠠᠭᠠᠭᠰᠠᠨ ᠪᠥᠭᠡᠳ ᠶᠠᠷᠢᠯᠴᠠᠬᠤ ᠬᠤᠷᠠᠯ ᠬᠢᠪᠡ᠃      10 ᠳ᠋ᠤᠭᠠᠷ ᠰᠠᠷ᠎ᠠ ᠶᠢᠨ 18᠎ ᠤ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠷᠧᠨ ᠶᠠ ᠫᠢᠩ ᠮᠠᠨ ᠤ ᠤᠷᠤᠨ ᠳᠤ ᠰᠠᠭᠤᠭ᠎ᠠ ᠪᠦᠬᠦ ᠤᠯᠤᠰ ᠤᠨ ᠤᠯᠤᠰ ᠲᠦᠷᠤ ᠶᠢᠨ ᠵᠥᠪᠯᠡᠯᠭᠡᠨ ᠤ ᠬᠡᠰᠡᠭ ᠭᠡᠰᠢᠭᠦᠳ ᠢ ᠳᠠᠭᠠᠭᠤᠯᠤᠨ ᠥᠪᠡᠷᠲᠡᠭᠡᠨ ᠵᠠᠰᠠᠬᠤ ᠣᠷᠣᠨ ᠤ ᠵᠠᠭᠤᠴᠢᠯᠠᠭᠤᠷ ᠤᠨ ᠨᠡᠶᠢᠯᠡᠯ ᠬᠦᠭᠵᠢᠯᠲᠡ ᠶᠢᠨ ᠪᠠᠶᠢᠳᠠᠯ ᠢ ᠪᠠᠶᠢᠴᠠᠭᠠᠨ ᠦᠵᠡᠪᠡ᠃      ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠧᠩ ᠹᠦ᠋ ᠲᠢᠶᠠᠨ ᠪᠠᠶᠢᠴᠠᠭᠠᠨ ᠦᠵᠡᠬᠦ ᠳᠤ ᠤᠷᠤᠯᠴᠠᠪᠠ᠃      ᠦᠳᠡ ᠶᠢᠨ ᠬᠤᠶᠢᠨᠠᠬᠢ 3 ᠴᠠᠭ ᠲᠤ᠂ ᠪᠠᠶᠢᠴᠠᠭᠠᠨ ᠦᠵᠡᠬᠦ ᠳᠤᠭᠤᠶᠢᠯᠠᠩ ᠤᠨ ᠬᠢᠨ ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶ᠎ᠠ ᠳᠤ ᠬᠦᠷᠴᠦ᠂ ᠰᠣᠨᠢᠨ ᠤ ᠲᠡᠦᠬᠡ ᠳᠡᠯᠭᠡᠨ ᠦᠵᠡᠭᠦᠯᠬᠦ ᠣᠷᠳᠣᠨ᠂ ᠨᠡᠶᠢᠯᠡᠯ ᠵᠠᠭᠤᠴᠢᠯᠠᠭᠤᠷ ᠤᠨ ᠲᠥᠪ ᠤᠨ ᠲᠣᠭᠤᠭᠠᠨ ᠭᠡᠷ᠂ ᠭᠡᠰᠬᠦ ᠵᠠᠭᠤᠴᠢᠯᠠᠭᠤᠷ ᠤᠨ ᠵᠢᠯᠣᠭᠤᠳᠬᠤ ᠲᠥᠪ᠂ ᠬᠢᠨᠠᠨ ᠡᠵᠡᠮᠰᠢᠬᠦ ᠲᠦᠪ ᠢ ᠲᠤᠭᠤᠷᠢᠨ ᠦᠵᠡᠵᠦ᠂ ᠵᠠᠭᠤᠴᠢᠯᠠᠭᠤᠷ ᠤᠨ ᠨᠡᠶᠢᠯᠡᠯ᠂ ᠳᠠᠭᠤ ᠬᠠᠷᠠᠭᠠᠨ ᠵᠢᠷᠤᠭ ᠤᠨ ᠲᠦᠪ᠂ ᠲᠤᠭᠠᠲᠤ ᠬᠡᠪᠯᠡᠯ ᠤᠨ ᠬᠦᠷᠢᠶᠡᠯᠡᠩ ᠤᠨ ᠪᠦᠳᠦᠬᠡᠨ ᠪᠠᠶᠢᠭᠤᠯᠤᠯᠲᠠ ᠵᠡᠷᠭᠡ ᠪᠠᠶᠢᠳᠠᠯ ᠢ ᠨᠠᠷᠢᠨ ᠤᠶᠢᠯᠭᠠᠭᠰᠠᠨ ᠤ ᠬᠠᠮᠲᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ ᠲᠠᠢ ᠶᠠᠷᠢᠯᠴᠠᠨ ᠰᠠᠨᠠᠯ ᠢᠶᠠᠨ ᠰᠤᠯᠢᠯᠴᠠᠵᠤ᠂ ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶ᠎ᠠ ᠶᠢᠨ ᠨᠠᠮ ᠤᠨ ᠬᠤᠷᠢᠶᠠᠨ ᠤ ᠱᠦᠵᠢ᠂ ᠬᠤᠷᠢᠶᠠᠨ ᠳᠠᠷᠤᠭ᠎ᠠ ᠸᠠᠩ ᠺᠠᠢ ᠶᠢᠨ ᠬᠢᠭᠰᠡᠨ ᠵᠠᠭᠤᠴᠢᠯᠠᠭᠤᠷ ᠤᠨ ᠨᠡᠶᠢᠯᠡᠯ ᠤᠨ ᠠᠵᠢᠯ ᠤᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠠᠶ᠃      ᠤᠢᠢᠷ᠎ᠠ ᠶᠢᠨ ᠵᠢᠯ ᠤᠳ ᠲᠤ᠂ ᠥᠪᠡᠷᠲᠡᠭᠡᠨ ᠵᠠᠰᠠᠬᠤ ᠣᠷᠣᠨ ᠤ ᠴᠣᠷ ᠤᠨ ᠭᠠᠭᠴᠠ ᠵᠠᠭᠤᠴᠢᠯᠠᠭᠤᠷ ᠤᠨ ᠨᠡᠶᠢᠯᠡᠯ ᠤᠨ ᠲᠤᠷᠰᠢᠯᠲᠠ ᠶᠢᠨ ᠨᠢᠭᠡᠴᠡ ᠪᠤᠯᠤᠭᠰᠠᠨ ᠤ ᠬᠤᠪᠢ ᠳᠤ ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶ᠎ᠠ ᠨᠢ ᠵᠠᠭᠤᠴᠢᠯᠠᠭᠤᠷ ᠤᠨ ᠨᠡᠶᠢᠯᠡᠯ ᠬᠥᠭᠵᠢᠯᠲᠡ ᠶᠢᠨ ᠶᠡᠭᠡ ᠬᠠᠨᠳᠤᠰᠢ ᠶᠢ ᠠᠯᠳᠠᠯ ᠦᠭᠡᠢ ᠳᠠᠭᠠᠵᠤ᠂ ᠤᠯᠠᠮᠵᠢᠯᠠᠯᠲᠤ ᠵᠠᠭᠤᠴᠢᠯᠠᠭᠤᠷ ᠪᠣᠯᠤᠨ ᠰᠢᠨ᠎ᠡ ᠵᠠᠭᠤᠴᠢᠯᠠᠭᠤᠷ ᠤᠨ ︽ᠬᠠᠷᠢᠯᠴᠠᠨ ᠨᠡᠮᠡᠬᠦ︾᠎ ᠠᠴᠠ ︽ᠬᠠᠷᠢᠯᠴᠠᠨ ᠨᠡᠶᠢᠯᠡᠬᠦ︾᠎ ᠶᠢ ᠴᠢᠷᠮᠠᠶᠢᠨ ᠪᠡᠶᠡᠯᠡᠭᠦᠯᠪᠡ᠃ ᠣᠳᠣᠬᠠᠨ ᠳᠤ᠂ ᠨᠢᠭᠡᠨᠲᠡ ᠤᠯᠠᠮᠵᠢᠯᠠᠯᠲᠤ ᠳᠠᠩ ᠭᠠᠭᠴᠠ ᠴᠠᠭᠠᠰᠤᠨ ᠵᠠᠭᠤᠴᠢ ᠠᠴᠠ ᠪᠠᠨ ᠠᠯᠬᠤᠮ ᠠᠯᠬᠤᠮ ᠢᠶᠠᠷ ᠰᠤᠨᠢᠨ᠂ ᠰᠡᠳᠬᠦᠯ᠂ ᠰᠦᠯᠵᠢᠶ᠎ᠡ᠂ ᠪᠢᠴᠢᠯ ᠪᠦᠷᠬᠡ᠂ ᠸᠧᠴᠠᠲ᠂ ᠬᠡᠷᠡᠭᠯᠡᠭᠴᠢ ᠶᠢᠨ ᠲᠠᠪᠲᠠᠭ᠂ ᠡᠯᠧᠺᠲᠷᠤᠨᠲᠤ ᠰᠣᠨᠢᠨ ᠦᠵᠡᠬᠦ ᠰᠠᠮᠪᠠᠷ᠎ᠠ᠂ ᠬᠤᠶᠠᠷ ᠬᠡᠮᠵᠢᠯᠳᠡᠲᠦ ᠨᠤᠮᠧᠷ᠂ ᠭᠠᠷ ᠤᠲᠠᠰᠤᠨ ᠤ ᠰᠣᠨᠢᠨ᠂ ᠰᠦᠯᠵᠢᠶᠡᠨ ᠤ ᠲᠧᠯᠸᠢᠰ᠂ ᠪᠢᠴᠢᠯ ᠨᠡᠪᠲᠡᠷᠡᠭᠦᠯᠭᠡ᠂ ᠬᠡᠷ ᠤᠨ ᠭᠠᠳᠠᠨᠠᠬᠢ ᠲᠣᠮᠣ ᠳᠡᠯᠭᠡᠴᠡ ᠵᠡᠷᠭᠡ 13 ᠵᠠᠭᠤᠴᠢ᠂ 34 ᠵᠠᠭᠤᠴᠢᠯᠠᠭᠤᠷ ︵ᠪᠠᠶᠢᠭᠤᠯᠤᠮᠵᠢ︶ ᠵᠢᠴᠢ 30 ᠭᠠᠷᠤᠶ ᠪᠢᠴᠢᠯ ᠪᠦᠷᠭᠡ ᠸᠧᠴᠠᠲ ᠨᠢ ᠮᠣᠩᠭᠤᠯ ᠬᠡᠯᠡ᠂ ᠬᠢᠲᠠᠳ ᠬᠡᠯᠡ᠂ ᠣᠷᠣᠰ ᠬᠡᠯᠡ᠂ ᠰᠯᠠᠹ ᠮᠣᠩᠭᠤᠯ ᠬᠡᠯᠡ ᠵᠡᠷᠭᠡ 4 ᠵᠦᠢᠯ ᠤᠨ ᠬᠡᠯᠡᠨ ᠤ ᠵᠠᠭᠤᠴᠢᠯᠠᠭᠤᠷ ᠤᠨ ᠵᠢᠭᠰᠠᠭᠠᠯ ᠲᠠᠢ ᠪᠤᠯᠤᠨ ᠬᠦᠭᠵᠢᠪᠡ᠃      ᠣᠶᠢᠯᠠᠭᠠᠭᠰᠠᠨ ᠢᠶᠠᠷ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠵᠢᠯ ᠪᠦᠷᠢ ᠣᠷᠣᠨ ᠨᠤᠲᠤᠭ ᠤᠨ ᠤᠯᠤᠰ ᠲᠦᠷᠦ ᠶᠢᠨ ᠵᠥᠪᠯᠡᠯᠭᠡᠨ ᠳᠤ ᠨᠠᠶᠢᠳᠠᠵᠤ ᠣᠷᠣᠨ ᠨᠤᠲᠤᠭ ᠲᠤ ᠰᠠᠭᠤᠭ᠎ᠠ ᠭᠡᠰᠢᠭᠦᠳ ᠤᠨ ᠪᠠᠶᠢᠴᠠᠭᠠᠨ ᠰᠤᠳᠤᠯᠬᠤ ᠪᠠᠶᠢᠴᠠᠭᠠᠨ ᠦᠵᠡᠬᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠦᠷᠨᠢᠭᠦᠯᠳᠡᠭ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号