ᠮᠠᠨ ᠤ ᠣᠷᠣᠨ ᠤ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠡᠳ᠋ ᠬᠦᠷᠦᠩᠭᠡ ᠶᠢᠨ ᠶᠡᠷᠦᠩᠬᠡᠶ ᠲᠤᠭ᠎ᠠ 5900 ᠰᠢᠬᠠᠮ ᠳ᠋ᠦᠩᠰᠢᠭᠤᠷ ᠲᠥᠭᠦᠷᠢᠭ ᠪᠣᠯᠪᠠ
ᠨᠡᠶᠢᠲᠡᠯᠡᠭᠰᠡᠨ ᠴᠠᠭ᠄
2016/10/19
      ᠪᠦᠬᠦ ᠣᠷᠣᠨ ᠤ 2016 ᠣᠨ ᠤ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠡᠳ᠋ ᠬᠦᠷᠦᠩᠭᠡ ᠶᠢ ᠢᠯᠭᠠᠷᠠᠭᠤᠯᠤᠨ ᠪᠠᠶᠢᠴᠠᠭᠠᠬᠤ ᠠᠵᠢᠯ ᠢ 3 ᠳ᠋ᠤᠭᠠᠷ ᠰᠠᠷ᠎ᠠ ᠳᠤ ᠵᠢᠩᠬᠢᠨᠢ ᠪᠠᠷ ᠡᠬᠢᠯᠡᠭᠦᠯᠵᠦ᠂ 9 ᠳ᠋ᠦ᠋ᠭᠡᠷ ᠰᠠᠷ᠎ᠠ ᠶᠢᠨ 30᠎ ᠤ ᠡᠳᠦᠷ ᠪᠣᠯᠬᠤ ᠳᠤ ᠤᠷᠤᠭᠰᠢᠲᠠᠶ ᠪᠡᠶᠡᠯᠡᠭᠦᠯᠪᠡ᠃ ᠲᠤᠰ ᠤᠳᠠᠭᠠᠨ ᠤ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠡᠳ᠋ ᠬᠦᠷᠦᠩᠭᠡ ᠶᠢ ᠢᠯᠭᠠᠷᠠᠭᠤᠯᠤᠨ ᠪᠠᠶᠢᠴᠠᠭᠠᠬᠤ ᠠᠵᠢᠯ ᠨᠢ ᠪᠦᠬᠦ ᠣᠷᠣᠨ ᠤ 12 ᠠᠶᠢᠮᠠᠭ ᠬᠤᠳᠠ ᠶᠢᠨ 102 ᠬᠤᠰᠢᠭᠤ ᠰᠢᠶᠠᠨ ᠤ 29272 ᠪᠡᠶ᠎ᠡ ᠪᠠᠨ ᠳᠠᠭᠠᠭᠠᠭᠰᠠᠨ ᠣᠷᠣᠨ ᠲᠤᠭ᠎ᠠ ᠲᠠᠢ ᠪᠠᠶᠢᠭᠤᠯᠤᠮᠵᠢ ᠶᠢ ᠪᠦᠷᠬᠦᠪᠡ᠂ ᠡᠭᠦᠨ ᠳᠤ᠄ ᠵᠠᠰᠠᠭ ᠵᠠᠬᠢᠷᠭᠠᠨ ᠤ ᠪᠠᠶᠢᠭᠤᠯᠤᠮᠵᠢ 9220᠂ ᠠᠵᠢᠯ ᠦᠢᠯᠡᠰ ᠤᠨ ᠪᠠᠶᠢᠭᠤᠯᠤᠮᠵᠢ 19708᠂ ᠪᠤᠰᠤᠳ ᠪᠠᠶᠢᠭᠤᠯᠤᠮᠵᠢ 344 ᠪᠤᠢ᠃ 9 ᠳ᠋ᠦ᠋ᠭᠡᠷ ᠰᠠᠷ᠎ᠠ ᠶᠢᠨ 25᠎ ᠤ ᠡᠳᠦᠷ ᠪᠣᠯᠲᠠᠯ᠎ᠠ᠂ ᠪᠦᠬᠦ ᠣᠷᠣᠨ ᠤ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠡᠳ᠋ ᠬᠦᠷᠦᠩᠭᠡ ᠶᠢᠨ ᠪᠦᠬᠦ ᠲᠤᠭ᠎ᠠ ᠨᠢ 58951418.58 ᠲᠦᠮᠡᠨ ᠲᠥᠭᠦᠷᠢᠭ ᠪᠠᠶᠢᠵᠤ᠂ ᠥᠷᠢ ᠥᠭᠴᠡᠭᠡ ᠶᠢᠨ ᠪᠦᠬᠦ ᠲᠤᠭ᠎ᠠ ᠨᠢ 21642667.02 ᠲᠦᠮᠡᠨ ᠲᠥᠭᠦᠷᠢᠭ ᠪᠠᠶᠢᠪᠠ᠃ ᠢᠯᠭᠠᠷᠠᠭᠤᠯᠤᠨ ᠪᠠᠶᠢᠴᠠᠭᠠᠬᠤ ᠪᠠᠷ ᠳᠠᠮᠵᠢᠭᠤᠯᠤᠨ᠂ ᠪᠠᠶᠢᠭᠤᠯᠤᠮᠵᠢ ᠶᠢᠨ ᠪᠠᠶᠢᠳᠠᠯ ᠢ ᠲᠣᠳᠣᠷᠬᠠᠶ ᠪᠣᠯᠭᠠᠵᠤ᠂ ᠡᠳ᠋ ᠬᠦᠷᠦᠩᠭᠡ ᠶᠢᠨ ᠪᠠᠶᠢᠳᠠᠯ ᠢ ᠲᠣᠳᠣᠷᠬᠠᠶ ᠣᠶᠢᠯᠠᠭᠠᠵᠤ᠂ ᠣᠯᠵᠠᠪᠤᠷᠢ ᠬᠤᠬᠢᠷᠠᠯ ᠤᠨ ᠪᠠᠶᠢᠳᠠᠯ ᠢ ᠪᠠᠶᠢᠴᠠᠭᠠᠨ ᠪᠦᠷᠢᠳᠬᠡᠵᠦ᠂ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢ ᠬᠡᠷᠡᠭᠯᠡᠵᠦ ᠬᠠᠮᠢᠶᠠᠷᠬᠤ ᠪᠠ ᠬᠢᠨᠠᠯᠲᠠ ᠲᠠᠯᠪᠢᠬᠤ ᠶᠢ ᠴᠢᠩᠭᠠᠳᠬᠠᠬᠤ ᠵᠣᠷᠢᠯᠭ᠎ᠠ ᠳᠠᠭᠠᠨ ᠬᠦᠷᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号