ᠥᠪᠥᠷ ᠮᠣᠩᠭᠤᠯ ᠤᠨ 21 ︽ᠰᠢᠩ ᠴᠤᠸᠠᠩ ᠲᠢᠶᠠᠨ ᠳ᠋ᠢ︾᠎ ᠨᠢ ᠤᠯᠤᠰ ᠤᠨ ᠳᠡᠰ ᠤᠨ ᠨᠢᠭᠡᠳᠦᠭᠡᠷ ᠪᠦᠯᠦᠭ ︽ᠰᠢᠩ ᠴᠤᠸᠠᠩ ᠲᠢᠶᠠᠨ ᠳ᠋ᠢ︾᠎ ᠪᠠᠷ ᠦᠨᠡᠮᠰᠢᠭᠳᠡᠨ ᠲᠤᠭᠲᠠᠭᠠᠭᠳᠠᠪᠠ
ᠨᠡᠶᠢᠲᠡᠯᠡᠭᠰᠡᠨ ᠴᠠᠭ᠄
2016/10/19
      10 ᠳ᠋ᠤᠭᠠᠷ ᠰᠠᠷ᠎ᠠ ᠶᠢᠨ 17᠎ ᠤ ᠡᠳᠦᠷ᠂ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ ︽ᠨᠢᠬᠡᠳᠦᠬᠡᠷ ᠪᠦᠯᠦᠭ ︿ᠰᠢᠩ ᠴᠤᠸᠠᠩ ᠲᠢᠶᠠᠨ ᠳ᠋ᠢ﹀᠎ ᠶᠢᠨ ᠳᠠᠩᠰᠠᠯᠠᠭᠤᠯᠤᠭᠰᠠᠨ ᠨᠡᠷᠡᠰ ᠢ ᠢᠯᠡ ᠨᠡᠶᠢᠲᠡᠯᠡᠬᠦ ᠲᠤᠬᠠᠶ ᠮᠡᠳᠡᠭᠳᠡᠯ︾᠎ ᠢ ᠨᠡᠶᠢᠲᠡᠯᠡᠨ᠂ 638 ︽ᠰᠢᠩ ᠴᠤᠸᠠᠩ ᠲᠢᠶᠠᠨ ᠳ᠋ᠢ︾᠎ ᠶᠢ ᠤᠯᠤᠰ ᠤᠨ ᠳᠡᠰ ᠤᠨ ᠨᠢᠭᠡᠳᠦᠭᠡᠷ ᠪᠦᠯᠦᠭ ︽ᠰᠢᠩ ᠴᠤᠸᠠᠩ ᠲᠢᠶᠠᠨ ᠳ᠋ᠢ︾᠎ ᠪᠠᠷ ᠦᠨᠡᠮᠰᠢᠨ ᠲᠤᠭᠲᠠᠭᠠᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠲᠡ 21 ︽ᠰᠢᠩ ᠴᠤᠸᠠᠩ ᠲᠢᠶᠠᠨ ᠳ᠋ᠢ︾ ᠨᠡᠷᠡᠰ ᠲᠤ ᠤᠷᠤᠪᠠ᠃      ᠤᠯᠤᠰ ᠤᠨ ᠳᠡᠰ ᠤᠨ ︽ᠰᠢᠩ ᠴᠤᠸᠠᠩ ᠲᠢᠶᠠᠨ ᠳ᠋ᠢ︾᠎ ᠶᠢ ᠤᠯᠤᠰ ᠤᠨ ᠲᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠬᠦᠯᠦᠬᠦᠷ ᠤᠨ ᠬᠠᠮᠢᠶᠠᠷᠤᠯᠲᠠ ᠪᠠ ᠦᠢᠯᠡᠴᠢᠯᠡᠭᠡᠨ ᠤ ᠰᠢᠰᠲ᠋ᠧᠮᠵᠢ ᠳᠤ ᠤᠷᠤᠭᠤᠯᠵᠤ᠂ ᠤᠯᠤᠰ ᠠᠴᠠ ᠲᠣᠭᠲᠠᠭᠠᠭᠰᠠᠨ ᠡᠯ᠎ᠡ ᠵᠦᠢᠯ ᠤᠨ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠬᠦᠷᠲᠡᠬᠦ ᠪᠤᠯᠤᠨ᠎ᠠ᠃ ᠵᠢᠱᠢᠶᠡᠯᠡᠪᠡᠯ᠄ ᠥᠪᠡᠷ ᠢᠶᠠᠨ ᠬᠡᠷᠡᠭᠯᠡᠬᠦ ᠵᠢᠴᠢ ᠦᠨ᠎ᠡ ᠲᠥᠯᠥᠪᠦᠷᠢ ᠦᠭᠡᠢ ᠪᠤᠶᠤ ᠲᠦᠷᠢᠶᠡᠰᠦᠯᠡᠬᠦ ᠵᠡᠷᠭᠡ ᠬᠡᠯᠪᠡᠷᠢ ᠪᠠᠷ ᠨᠡᠪᠴᠢᠬᠦᠯᠦᠬᠦᠷ ᠠᠵᠤ ᠠᠬᠤᠶᠢᠯᠠᠯ ᠳᠤ ᠬᠡᠷᠡᠭᠯᠡᠭᠦᠯᠦᠭᠰᠡᠨ ᠭᠡᠷ ᠬᠥᠷᠥᠩᠭᠡ᠂ ᠭᠠᠵᠠᠷ ᠰᠢᠷᠣᠶ ᠠᠴᠠ ᠭᠡᠷ ᠬᠥᠷᠥᠩᠭᠡ ᠶᠢᠨ ᠭᠠᠶᠢᠯᠢ ᠪᠣᠯᠤᠨ ᠬᠤᠲᠠ ᠪᠠᠯᠭᠠᠰᠤ ᠶᠢᠨ ᠭᠠᠵᠠᠷ ᠰᠢᠷᠣᠶ ᠬᠡᠷᠡᠭᠯᠡᠬᠦ ᠭᠠᠶᠢᠯᠢ ᠲᠠᠲᠠᠪᠤᠷᠢᠯᠠᠬᠤ ᠦᠬᠡᠢ︔ ᠨᠡᠪᠴᠢᠬᠦᠯᠦᠬᠦᠷ ᠠᠵᠤ ᠠᠬᠤᠶᠢᠯᠠᠯ ᠳᠤ ᠲᠠᠯᠠᠪᠤᠷ ᠭᠠᠵᠠᠷ᠂ ᠭᠡᠷ ᠪᠠᠶᠢᠰᠢᠩ ᠳᠦᠷᠢᠶᠡᠰᠦᠯᠡᠵᠤ ᠦᠭᠭᠦᠭᠰᠡᠨ ᠵᠢᠴᠢ ᠨᠡᠪᠴᠢᠬᠦᠯᠦᠬᠦᠷ ᠤᠨ ᠦᠢᠯᠡᠴᠢᠯᠡᠭᠡ ᠬᠠᠨᠭ᠍ᠭᠠᠵᠤ ᠤᠯᠤᠭᠰᠠᠨ ᠣᠷᠣᠯᠭ᠎ᠠ ᠠᠴᠠ ᠡᠵᠡᠩᠨᠡᠯᠲᠡ ᠶᠢᠨ ᠭᠠᠶᠢᠯᠢ ᠲᠠᠲᠠᠪᠤᠷᠢᠯᠠᠬᠤ ᠦᠭᠡᠢ︔ ᠠᠰᠢᠭ ᠬᠤᠨᠵᠢᠪᠣᠷᠢ ᠶᠢᠨ ᠪᠤᠰᠤ ᠵᠣᠬᠢᠶᠠᠨ ᠪᠠᠶᠢᠭᠤᠯᠤᠯᠲᠠ ᠶᠢᠨ ᠨᠥᠬᠦᠴᠡᠯ ᠳᠤ ᠨᠡᠶᠢᠴᠡᠬᠦ ᠨᠡᠪᠴᠢᠬᠦᠯᠦᠬᠦᠷ ᠤᠨ ᠣᠷᠣᠯᠭ᠎ᠠ ᠳᠤ ᠭᠠᠶᠢᠯᠢ ᠶᠢᠨ ᠬᠠᠤᠯᠢ ᠵᠢᠴᠢ ᠲᠡᠭᠦᠨ ᠤ ᠬᠤᠯᠪᠣᠭᠳᠠᠯ ᠪᠦᠬᠦᠢ ᠲᠣᠭᠲᠠᠭᠠᠯ ᠢᠶᠠᠷ ᠠᠵᠤ ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ ᠶᠢᠨ ᠬᠠᠷᠠᠭᠠᠯᠵᠠᠯ ᠤᠨ ᠲᠥᠷᠥ ᠶᠢᠨ ᠪᠤᠳᠤᠯᠭ᠎ᠠ ᠵᠡᠷᠭᠡ ᠶᠢ ᠬᠦᠷᠲᠡᠨ᠎ᠡ᠃      ᠣᠶᠢᠯᠠᠭᠠᠭᠰᠠᠨ ᠢᠶᠠᠷ᠂ ︽ᠰᠢᠩ ᠴᠤᠸᠠᠩ ᠲᠢᠶᠠᠨ ᠳ᠋ᠢ︾᠎ ᠨᠢ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠲᠣᠭᠤᠷᠢᠭ᠂ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠠᠳᠠᠯ ᠦᠢᠯᠡᠰ ᠴᠤᠭᠴᠠᠯᠠᠬᠤ ᠰᠠᠭᠤᠷᠢᠨ ᠭᠠᠵᠠᠷ᠂ ᠰᠢᠨᠵᠢᠯᠡᠬᠦ ᠤᠬᠠᠭᠠᠨ ᠮᠡᠷᠭᠡᠵᠢᠯ ᠤᠨ ᠮᠠᠶ᠋ᠢᠭ ᠤᠨ ᠲᠠᠷᠢᠶᠠᠴᠢᠨ ᠤ ᠲᠤᠰᠬᠠᠶ ᠬᠤᠷᠰᠢᠶᠡᠵᠢᠯ ᠵᠡᠷᠭᠡ ᠪᠠᠷ ᠠᠴᠢᠶᠠᠯᠠᠪᠤᠷᠢ ᠪᠣᠯᠭᠠᠨ᠂ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ᠂ ᠨᠤᠲᠤᠭ ᠲᠤ ᠪᠠᠨ ᠪᠤᠴᠠᠭᠰᠠᠨ ᠬᠦᠴᠦ ᠶᠠᠪᠤᠭᠴᠢ ᠲᠠᠷᠢᠶᠠᠴᠢᠨ᠂ ᠣᠶᠤᠲᠠᠨ᠂ ᠰᠢᠨᠵᠢᠯᠡᠬᠦ ᠤᠬᠠᠭᠠᠨ ᠤ ᠰᠤᠳᠤᠯᠭᠠᠲᠠᠨ᠂ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ ᠶᠢᠨ ᠡᠵᠡᠨ ᠵᠢᠴᠢ ᠳᠤᠮᠳᠠ ᠪᠠᠭ᠎ᠠ ᠵᠢᠵᠢᠭ ᠲᠠᠷᠢᠶᠠᠯᠠᠩ ᠤᠨ ᠠᠵᠤ ᠠᠬᠤᠶᠢᠯᠠᠯ᠂ ᠲᠤᠰᠬᠠᠶ ᠬᠤᠷᠰᠢᠶᠡᠵᠢᠯ ᠵᠡᠷᠭᠡ ᠠᠳᠠᠯ ᠦᠢᠯᠡᠰ ᠴᠣᠭᠴᠠᠯᠠᠬᠤ ᠰᠢᠨ᠎ᠡ ᠭᠤᠣᠯ ᠴᠣᠭᠴᠠ ᠳᠤ ᠴᠢᠭᠯᠡᠭᠦᠯᠦᠨ᠂ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ ᠪᠠ ᠬᠥᠷᠥᠩᠭᠡᠵᠢᠭᠦᠯᠦᠨ ᠠᠵᠢᠯᠯᠠᠭᠤᠯᠬᠤ ᠠᠷᠭ᠎ᠠ ᠬᠡᠯᠪᠡᠷᠢ ᠪᠠᠷ ᠳᠠᠮᠵᠢᠭᠤᠯᠤᠨ ᠲᠡᠭᠦᠨ ᠤ ᠦᠷ᠎ᠡ ᠪᠦᠲᠦᠭᠡᠯ ᠢ ᠤᠯᠠᠷᠢᠯᠠᠭᠤᠯᠤᠨ ᠦᠭᠭᠦ᠂ ᠠᠵᠤ ᠦᠢᠯᠡᠰ ᠤᠨ ᠰᠢᠨ᠎ᠡ ᠶᠢ ᠪᠦᠲᠦᠭᠡᠬᠦ᠂ ᠦᠢᠯᠡᠳᠬᠦᠨ ᠤ ᠰᠢᠨ᠎ᠡ ᠶᠢ ᠡᠭᠦᠳᠬᠦ᠂ ᠴᠢᠳᠠᠪᠤᠷᠢᠲᠠᠨ ᠢ ᠪᠣᠯᠪᠠᠰᠤᠷᠠᠭᠤᠯᠬᠤ ᠵᠡᠷᠭᠡ ᠰᠢᠨ᠎ᠡ ᠶᠢ ᠡᠭᠦᠳᠬᠦ ᠠᠳᠠᠯ ᠦᠢᠯᠡᠰ ᠴᠣᠭᠴᠠᠯᠠᠬᠤ ᠲᠤᠰᠬᠠᠶᠢᠵᠢᠭᠰᠠᠨ ᠦᠢᠯᠡᠴᠢᠯᠡᠭᠡ ᠶᠢᠨ ᠰᠢᠨ᠎ᠡ ᠬᠡᠯᠪᠡᠷᠢ ᠶᠢᠨ ᠰᠢᠨ᠎ᠡ ᠶᠢ ᠡᠭᠦᠳᠬᠦ ᠠᠳᠠᠯ ᠦᠢᠯᠡᠰ ᠴᠣᠭᠴᠠᠯᠠᠬᠤ ᠦᠢᠯᠡᠴᠢᠯᠡᠭᠡᠨ ᠤ ᠲᠠᠪᠴᠠᠩ ᠢ ᠬᠠᠨᠭ᠍ᠭᠠᠨ᠎ᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ 2016 ᠤᠨ ᠤ 8 ᠳ᠋ᠤᠭᠠᠷ ᠰᠠᠷ᠎ᠠ ᠠᠴᠠ ᠡᠬᠢᠯᠡᠨ ︽ᠰᠢᠩ ᠴᠤᠸᠠᠩ ᠲᠢᠶᠠᠨ ᠳ᠋ᠢ︾ ᠲᠤᠷᠰᠢᠯᠲᠠ ᠶᠢᠨ ᠴᠢᠭ᠋ ᠢ ᠪᠦᠲᠦᠭᠡᠨ ᠪᠠᠶᠢᠭᠤᠯᠬᠤ ᠪᠠ ᠪᠤᠶᠢᠵᠢᠭᠤᠯᠬᠤ ᠠᠵᠢᠯ ᠢ ᠡᠬᠢᠯᠡᠬᠦᠯᠵᠤ᠂ ᠠᠩᠬᠠᠳᠤᠭᠠᠷ ᠪᠦᠯᠦᠭ  ︽ᠰᠢᠩ ᠴᠤᠸᠠᠩ ᠲᠢᠶᠠᠨ ᠳ᠋ᠢ︾ ᠲᠤᠷᠰᠢᠯᠲᠠ ᠶᠢᠨ ᠴᠢᠬ ᠤᠨ 26 ᠨᠢᠭᠡᠴᠡ ᠪᠤᠯᠤᠨ ︽ᠰᠢᠩ ᠴᠤᠸᠠᠩ ᠲᠢᠶᠠᠨ ᠳ᠋ᠢ︾᠎ ᠶᠢᠨ 21 ᠪᠤᠶᠢᠵᠢᠭᠤᠯᠬᠤ ᠨᠢᠭᠡᠴᠡ ᠶᠢ ᠦᠨᠡᠮᠰᠢᠨ ᠲᠤᠭᠲᠠᠭᠠᠭᠰᠠᠨ ᠶᠤᠮ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号