| | | ᠪᠤᠬᠢᠷᠳᠤᠯ ᠦᠭᠡᠢ ᠬᠦᠭᠵᠢᠯᠳᠡ ᠶᠢᠨ ᠤᠨᠤᠯᠵᠢᠬᠤᠨ ᠢ ᠴᠢᠩᠭᠠᠳᠬᠠᠵᠤ᠂ ᠠᠮᠢ ᠠᠬᠤᠢ ᠶᠢᠨ ᠬᠤᠷᠢᠭ᠎ᠠ ᠱᠤᠭᠤᠮ ᠢ | ᠰᠠᠬᠢᠵᠤ᠂ ᠦᠵᠡᠰᠭᠦᠯᠡᠩᠳᠦ ᠰᠠᠶᠢᠬᠠᠨ ᠬᠢᠭᠡᠳ ᠥᠷᠨᠢᠩᠬᠦᠢ ᠬᠦᠭᠵᠢᠯᠳᠡ ᠶᠢᠨ ᠬᠤᠤᠰ ᠠᠮᠵᠢᠯᠳᠠ ᠶᠢ ᠪᠡᠶᠡᠯᠡᠭᠦᠯᠦᠶ᠎ᠠ | | ︹ ᠵᠠᠩᠭᠢᠯᠠᠭ᠎ᠠ ᠶᠢᠨ ᠦᠭᠡ ︺ ᠨᠢᠳᠤᠨ ᠴᠡᠴᠡᠭᠡᠢ ᠪᠠᠨ ᠬᠠᠮᠠᠭᠠᠯᠠᠬᠤ ᠰᠢᠭ᠋ ᠠᠮᠢ ᠠᠬᠤᠢ ᠶᠢᠨ ᠤᠷᠴᠢᠨ | ᠲᠤᠭᠤᠷᠢᠨ ᠢ ᠬᠠᠮᠠᠭᠠᠯᠠᠶ᠎ᠠ | ︹ ᠰᠢᠢᠳᠪᠦᠷᠢ ᠪᠤᠳᠤᠯᠭ᠎ᠠ ︺ | ● ᠶᠡᠷᠦᠩᠬᠡᠢ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶ᠎ᠠ ᠪᠤᠯᠤᠨ ᠦᠪᠦᠷ ᠮᠤᠩᠭᠤᠯ ᠳᠤ | ᠰᠢᠨᠵᠢᠯᠡᠨ ᠪᠠᠶᠢᠴᠠᠭᠠᠬᠤ ᠦᠶ᠎ᠠ ᠶᠢᠨ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠤᠱᠯᠠᠭᠤᠯᠵᠤ᠂ ᠰᠢᠨ᠎ᠠ ᠬᠡᠯᠪᠡᠷᠢ ᠶᠢᠨ ᠠᠵᠤ ᠦᠢᠯᠡᠳᠪᠦᠷᠢᠵᠢᠯᠳᠡ᠂ ᠮᠡᠳᠡᠭᠡ ᠵᠠᠩᠭᠢᠵᠢᠯᠳᠡ᠂ ᠬᠤᠳᠠ | ᠪᠠᠯᠭᠠᠰᠤᠵᠢᠯᠳᠠ᠂ ᠮᠠᠯ ᠠᠵᠤ ᠠᠬᠤᠢ ᠲᠠᠷᠢᠶᠠᠯᠠᠩ ᠤᠨ ᠤᠳᠤᠬᠢᠴᠢᠯᠠᠯᠳᠠ᠂ ᠪᠤᠭᠢᠷᠳᠤᠯ ᠥᠭᠡᠢ ᠬᠥᠭᠵᠢᠬᠦᠯᠤᠯᠳᠠ | ᠭᠡᠬᠦᠴᠢᠯᠡᠨ ︽ᠲᠠᠪᠤ︾ ᠶᠢ ᠢᠵᠢᠯ ᠠᠯᠬᠤᠮ ᠢᠶᠠᠷ ᠬᠦᠭᠵᠢᠬᠦᠯᠬᠦ ᠶᠢ ᠪᠦᠬᠦ ᠬᠦᠴᠦᠨ ᠢᠶᠠᠷ ᠠᠬᠢᠭᠤᠯᠵᠤ᠂ ᠠᠮᠢ | ᠠᠬᠤᠢ ᠶᠢᠨ ᠬᠤᠷᠢᠭ᠎ᠠ ᠱᠤᠭᠤᠮ ᠢ ᠡᠷᠡᠰ ᠬᠠᠮᠠᠭᠠᠯᠠᠵᠤ᠂ ᠦᠵᠡᠰᠭᠦᠯᠡᠩᠳᠦ ᠰᠠᠶᠢᠬᠠᠨ ᠬᠢᠭᠡᠳ ᠦᠷᠨᠢᠩᠬᠦᠢ | ᠬᠦᠭᠵᠢᠯᠳᠡ ᠶᠢᠨ ᠬᠤᠤᠰ ᠦᠷ᠎ᠠ ᠠᠰᠢᠭ ᠢ ᠴᠢᠷᠮᠠᠶᠢᠨ ᠪᠡᠶᠡᠯᠡᠭᠦᠯᠬᠦ ᠬᠡᠷᠡᠭᠳᠡᠢ᠃ | ● ᠶᠡᠷᠦᠩᠬᠡᠢ ᠱᠦᠵᠢ ᠰᠢ ᠶᠢᠨ ᠫᠢᠩ ᠵᠡᠷᠭᠡ ᠲᠦᠪ ᠤᠨ ᠤᠳᠤᠷᠢᠳᠬᠤ ᠨᠦᠬᠦᠳ ᠤᠨ ᠴᠢᠬᠤᠯᠠ | ᠴᠤᠬᠤᠯᠠᠪᠤᠷᠢ ᠵᠢᠭᠠᠪᠤᠷᠢ ᠶᠢᠨ ᠵᠤᠷᠢᠭ ᠰᠠᠨᠠᠭ᠎ᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠦᠭᠵᠢᠯᠳᠡ | ᠬᠢᠭᠡᠳ ᠠᠮᠢ ᠠᠬᠤᠢ ᠶᠢᠨ ᠬᠠᠷᠢᠴᠠᠭ᠎ᠠ ᠶᠢ ᠵᠦᠪ ᠤᠨᠤᠪᠴᠢᠳᠠᠢ ᠰᠢᠢᠳᠪᠦᠷᠢᠯᠡᠨ᠂ ᠪᠤᠬᠢᠷᠳᠤᠯ ᠦᠭᠡᠢ ᠡᠷᠬᠢᠯᠳᠡᠳᠦ | ᠲᠤᠤᠷ᠎ᠠ ᠨᠡᠭᠦᠷᠡᠰᠦᠳᠦ᠋ᠷᠦᠭᠴᠢᠳᠤ ᠬᠦᠭᠵᠢᠯᠳᠡ ᠶᠢ ᠪᠠᠷᠢᠮᠳᠠᠯᠠᠨ᠂ ᠠᠮᠢ ᠠᠬᠤᠢ ᠶᠢ ᠵᠠᠰᠠᠬᠤ ᠪᠠ ᠬᠠᠮᠠᠭᠠᠯᠠᠬᠤ ᠶᠢ | ᠬᠠᠤᠯᠢ ᠪᠠᠷ ᠵᠠᠰᠬᠠᠤ ᠵᠠᠮ ᠳᠤ ᠤᠷᠤᠭᠤᠯᠵᠤ᠂ ᠠᠮᠢ ᠠᠬᠤᠢ ᠶᠢ ᠵᠠᠰᠠᠬᠤ ᠡᠯ᠎ᠠ ᠲᠦᠷᠦᠯ ᠤᠨ ᠢᠨᠵᠧᠨᠧᠷᠢᠩ ᠢ ᠤᠯᠠᠮ | ᠨᠢᠭᠡ ᠠᠯᠬᠤᠮ ᠵᠤᠬᠢᠶᠠᠨ ᠪᠠᠶᠢᠭᠤᠯᠤᠨ ᠰᠠᠶᠢᠳᠤᠷ ᠬᠢᠵᠦ᠂ ᠲᠤᠭᠳᠠᠴᠠ ᠶᠢᠨ ᠰᠢᠨ᠎ᠠ ᠶᠢ ᠡᠭᠦᠳᠴᠦ᠂ ᠰᠢᠮᠳᠠᠭᠤᠯᠤᠨ | ᠪᠠᠶᠢᠴᠠᠭᠠᠬᠤ ᠶᠢ ᠴᠢᠩᠭᠠᠳᠬᠠᠨ᠂ ᠨᠡᠶᠢᠯᠡᠯ ᠬᠦᠴᠦᠨ ᠢ ᠪᠦᠷᠢᠯᠳᠦᠭᠦᠯᠦᠨ ᠡᠯ᠎ᠠ ᠲᠦᠷᠦᠯ ᠤᠨ ᠬᠠᠮᠠᠭᠠᠯᠠᠬᠤ ᠪᠠ | ᠵᠠᠰᠠᠬᠤ ᠠᠷᠭ᠎ᠠ ᠶᠢ ᠪᠤᠳᠠᠳᠠᠢ ᠳᠤ ᠨᠠᠶᠢᠳᠠᠪᠤᠷᠢᠵᠢᠭᠤᠯᠬᠤ ᠬᠡᠷᠡᠭᠳᠡᠢ᠃ | ● ᠲᠦᠪ ᠤᠨ ᠤᠷᠴᠢᠨ ᠲᠤᠭᠤᠷᠢᠨ ᠢ ᠰᠢᠮᠳᠠᠭᠤᠯᠤᠨ ᠪᠠᠶᠢᠴᠠᠭᠠᠬᠤ ᠪᠠᠷ ᠠᠵᠠ ᠲᠤᠬᠢᠶᠠᠯ ᠪᠤᠯᠭᠠᠵᠤ᠂ | ᠮᠠᠨ ᠤ ᠤᠷᠤᠨ ᠤ ᠤᠷᠴᠢᠨ ᠲᠤᠭᠤᠷᠢᠨ ᠢ ᠬᠠᠮᠠᠭᠠᠯᠠᠬᠤ ᠲᠠᠯ᠎ᠠ ᠪᠠᠷ ᠤᠷᠤᠰᠢᠵᠤ ᠪᠠᠶᠢᠭ᠎ᠠ ᠲᠤᠪᠤᠶᠢᠮ᠎ᠠ ᠠᠰᠠᠭᠤᠳᠠᠯ ᠢ | ᠬᠦᠴᠦᠯᠡᠨ ᠰᠢᠢᠳᠪᠦᠷᠢᠯᠡᠵᠦ᠂ ᠪᠤᠬᠢᠷᠳᠤᠯ ᠦᠭᠡᠢ ᠬᠦᠭᠵᠢᠯᠳᠡ ᠪᠠ ᠦᠷᠭᠦᠯᠵᠢᠯᠡᠭᠰᠡᠨ ᠬᠦᠭᠵᠢᠯᠳᠡ ᠶᠢ ᠶᠡᠬᠡᠪᠡᠷ | ᠠᠬᠢᠭᠤᠯᠬᠤ ᠬᠡᠷᠡᠭᠳᠡᠢ᠃ | ● ᠪᠤᠬᠢᠷᠳᠤᠯ ᠦᠭᠡᠢ ᠬᠦᠭᠵᠢᠯᠳᠡ ᠶᠢᠨ ᠤᠨᠤᠯᠵᠢᠬᠤᠨ ᠢ ᠪᠠᠳᠤ ᠱᠤᠭᠤᠵᠤ᠂ ᠤᠷᠴᠢᠨ ᠲᠤᠭᠤᠷᠢᠨ ᠤ | ᠬᠠᠮᠠᠭᠠᠯᠠᠯᠳᠠ ᠶᠢ ᠲᠤᠪᠤᠶᠢᠮ᠎ᠠ ᠪᠠᠶᠢᠷᠢᠨ ᠳᠤ ᠲᠠᠯᠪᠢᠬᠤ ᠶᠢ ᠪᠠᠷᠢᠮᠳᠠᠯᠠᠵᠤ᠂ ᠤᠷᠴᠢᠨ ᠲᠤᠭᠤᠷᠢᠨ ᠢ ᠶᠡᠷᠦᠩᠬᠡᠶᠢᠯᠡᠨ | ᠴᠡᠭᠴᠡᠯᠡᠨ ᠵᠠᠰᠠᠬᠤ ᠠᠷᠭ᠎ᠠ ᠶᠢᠨ ᠨᠠᠶᠢᠳᠠᠪᠤᠷᠢᠵᠢᠭᠤᠯᠤᠯᠲᠠ ᠶᠢ ᠦᠷᠬᠦᠯᠵᠢᠯᠡᠨ ᠰᠠᠶᠢᠲᠤᠷ ᠠᠳᠬᠤᠵᠤ᠂ ᠶᠡᠷᠦᠩᠬᠡᠢ | ᠱᠦᠵᠢ ᠰᠢ ᠶᠢᠨ ᠫᠢᠩ ᠤᠨ ᠴᠢᠬᠤᠯᠠ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠪᠤᠳᠠᠳᠠᠢ ᠳᠤ ᠨᠠᠶᠢᠳᠠᠪᠤᠷᠢᠵᠢᠭᠤᠯᠬᠤ | ᠬᠡᠷᠡᠭᠳᠡᠢ᠃ | ● ᠨᠢᠭᠡ ᠠᠴᠠ ᠵᠦᠢᠴᠢᠯᠡᠵᠦ ᠨᠦᠭᠦᠭᠡ ᠶᠢ ᠮᠡᠳᠡᠬᠦ᠂ ᠰᠡᠷᠡᠮᠵᠢ ᠶᠢᠨ ᠬᠤᠩᠬᠤ ᠪᠠᠨ ᠪᠠᠶᠢᠩᠭᠤ ᠲᠤᠤᠭᠠᠷᠭᠠᠵᠤ | ᠂ ᠤᠷᠳᠤ ᠬᠤᠭᠤᠴᠠᠭ᠎ᠠ ᠰᠤᠯᠠᠷᠠᠭᠤᠯᠤᠰᠢ ᠦᠭᠡᠢ ᠠᠳᠬᠤᠵᠤ᠂ ᠭᠦᠨ ᠭᠦᠨᠵᠡᠭᠡᠢ ᠰᠤᠷᠭᠠᠮᠵᠢ ᠠᠪᠴᠤ᠂ ᠨᠢᠳᠦᠨ | ᠴᠡᠴᠡᠭᠡᠢ ᠪᠠᠨ ᠬᠠᠮᠠᠭᠠᠯᠠᠬᠤ ᠰᠢᠭ᠋ ᠠᠮᠢ ᠠᠬᠤᠢ ᠶᠢ ᠬᠠᠮᠠᠭᠠᠯᠠᠵᠤ᠂ ᠠᠮᠢ ᠨᠠᠰᠤᠨ ᠳᠠᠭᠠᠨ ᠬᠠᠨᠳᠤᠬᠤ ᠰᠢᠭ᠋ ᠠᠮᠢ | ᠠᠬᠤᠢ ᠶᠢᠨ ᠤᠷᠴᠢᠨ ᠲᠤᠭᠤᠷᠢᠨ ᠳᠤ ᠬᠠᠨᠳᠤᠵᠤ᠂ ᠤᠷᠴᠢᠨ ᠲᠤᠭᠤᠷᠢᠨ ᠢ ᠦᠷᠡᠭᠳᠡᠭᠦᠯᠬᠦ ᠪᠠᠷ ᠦᠨ᠎ᠠ ᠲᠦᠯᠦᠪᠦᠷᠢ | ᠪᠤᠯᠭᠠᠵᠤ ᠠᠵᠤ ᠠᠬᠤᠢ ᠶᠢᠨ ᠨᠡᠮᠡᠭᠳᠡᠯ ᠢ ᠬᠦᠭᠡᠭᠡᠴᠡᠯᠳᠦᠵᠦ ᠪᠤᠯᠬᠤ ᠦᠭᠡᠢ᠃ | ● ᠡᠭᠡ ᠤᠯᠤᠰ ᠤᠨ ᠤᠮᠠᠷᠠᠳᠤ ᠶᠢᠨ ᠴᠢᠬᠤᠯᠠ ᠠᠮᠢ ᠠᠬᠤᠢ ᠶᠢᠨ ᠬᠠᠯᠬᠠᠪᠴᠢ ᠶᠢ ᠪᠠᠳᠤ ᠱᠤᠭᠤᠬᠤ ᠶᠢ | ᠤᠯᠤᠰ ᠲᠦᠷᠦ ᠶᠢᠨ ᠬᠠᠷᠢᠭᠤᠴᠠᠯᠭ᠎ᠠ ᠪᠠ ᠲᠡᠦᠭᠡᠳᠤ ᠡᠭᠦᠷᠭᠡ ᠬᠠᠷᠢᠭᠤᠴᠠᠯᠭ᠎ᠠ ᠪᠤᠯᠭᠠᠵᠤ᠂ ᠠᠮᠢ ᠠᠬᠤᠢ ᠶᠢᠨ | ᠬᠤᠷᠢᠭ᠎ᠠ ᠱᠤᠭᠤᠮ ᠢ ᠪᠠᠳᠤ ᠰᠠᠬᠢᠵᠤ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠯᠠᠪᠳᠠᠭᠤᠨ ᠪᠠᠳᠤᠳᠠᠢ | ᠰᠠᠶᠢᠳᠤᠷ ᠠᠳᠬᠤᠵᠤ᠂ ᠤᠯᠠᠮᠵᠢᠯᠠᠯᠳᠤ ᠠᠵᠤ ᠦᠢᠯᠡᠰ ᠢ ᠦᠭᠡᠷᠡᠴᠢᠯᠡᠨ ᠲᠡᠰ ᠲᠡᠪᠰᠢᠭᠦᠯᠵᠦ᠂ ᠪᠠᠶᠢᠯᠳᠤᠬᠤ | ᠪᠤᠳᠤᠯᠭ᠎ᠠ ᠶᠢᠨ ᠴᠢᠨᠠᠷᠳᠠᠢ ᠰᠢᠨ᠎ᠠ ᠪᠠᠷ ᠮᠠᠨᠳᠤᠭᠰᠠᠨ ᠠᠵᠤ ᠦᠢᠯᠡᠰ ᠢ ᠲᠦᠷᠭᠡᠳᠭᠡᠨ ᠪᠤᠶᠢᠵᠢᠭᠤᠯᠵᠤ᠂ ᠠᠵᠤ | ᠠᠬᠤᠢ ᠶᠢᠨ ᠬᠦᠭᠵᠢᠯᠳᠡ ᠶᠢᠨ ᠬᠡᠯᠪᠡᠷᠢ ᠪᠠᠨ ᠬᠦᠴᠦᠯᠡᠨ ᠬᠤᠪᠢᠷᠠᠭᠤᠯᠵᠤ᠂ ᠬᠦᠭᠵᠢᠯᠳᠡ ᠶᠢᠨ ᠶᠠᠰᠤ ᠴᠢᠨᠠᠷ ᠪᠠ | ᠦᠷ᠎ᠠ ᠠᠰᠢᠭ ᠢ ᠦᠨᠡᠨᠬᠦ ᠲᠡᠭᠡᠭᠰᠢᠯᠡᠭᠦᠯᠬᠦ ᠬᠡᠷᠡᠭᠳᠡᠢ᠃ | ● ᠠᠮᠢ ᠠᠬᠤᠢ ᠶᠢᠨ ᠪᠥᠳᠤᠭᠡᠨ ᠪᠠᠶᠢᠭᠤᠯᠤᠯᠳᠠ ᠪᠠ ᠤᠷᠴᠢᠨ ᠲᠤᠭᠤᠷᠢᠨ ᠢ ᠬᠠᠮᠠᠭᠠᠯᠠᠬᠤ ᠠᠵᠢᠯ ᠢ | ᠬᠦᠴᠦᠯᠡᠨ ᠴᠢᠩᠭᠠᠳᠬᠠᠵᠤ᠂ ᠠᠮᠢ ᠠᠬᠤᠢ ᠶᠢᠨ ᠪᠤᠯᠪᠠᠰᠤᠨ ᠤ ᠬᠦᠭᠵᠢᠯᠳᠡ ᠶᠢᠨ ᠤᠨᠤᠯᠵᠢᠬᠤᠨ ᠢ ᠪᠠᠳᠤ ᠱᠤᠭᠤᠵᠤ᠂ | ᠠᠮᠢ ᠠᠬᠤᠢ ᠶᠢ ᠬᠠᠮᠠᠭᠠᠯᠠᠬᠤ ᠢᠨᠵᠧᠨᠧᠷᠢᠩ ᠤᠨ ᠪᠥᠳᠤᠭᠡᠨ ᠪᠠᠶᠢᠭᠤᠯᠤᠯᠳᠠ᠂ ᠤᠷᠴᠢᠨ ᠲᠤᠭᠤᠷᠢᠨ ᠢ | ᠶᠡᠷᠦᠩᠬᠡᠶᠢᠯᠡᠨ ᠵᠠᠰᠠᠬᠤ ᠡᠷᠴᠢᠮ ᠢ ᠦᠷᠭᠦᠯᠵᠢᠯᠡᠨ ᠴᠢᠩᠭᠠᠳᠬᠠᠵᠤ᠂ ᠠᠮᠢ ᠠᠬᠤᠢ ᠶᠢᠨ ᠪᠤᠯᠪᠠᠰᠤᠨ ᠤ ᠲᠦᠷᠢᠮ ᠤᠨ | ᠪᠠᠶᠢᠭᠤᠯᠤᠯᠳᠠ ᠶᠢ ᠢᠳᠡᠪᠬᠢᠳᠡᠢ ᠰᠦᠪᠡᠭᠴᠢᠯᠡᠨ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠬᠦᠴᠦᠯᠡᠨ | ᠠᠬᠢᠭᠤᠯᠬᠤ ᠬᠡᠷᠡᠭᠳᠡᠢ᠃ | ● ᠪᠤᠬᠢᠷᠳᠤᠯ ᠦᠭᠡᠢ ᠬᠦᠭᠵᠢᠯᠳᠡ ᠶᠢᠨ ᠤᠨᠤᠯᠵᠢᠬᠤᠨ ᠢ ᠴᠢᠩᠭᠠᠳᠬᠠᠵᠤ᠂ ᠪᠤᠬᠢᠷᠳᠤᠯ ᠦᠭᠡᠢ᠂ | ᠡᠷᠬᠢᠯᠳᠡᠳᠦ᠂ ᠲᠤᠤᠷ᠎ᠠ ᠨᠡᠭᠦᠷᠡᠰᠦᠳᠦ᠋ᠷᠦᠭᠴᠢᠳᠤ ᠬᠦᠭᠵᠢᠯᠳᠡ ᠶᠢ ᠪᠠᠷᠢᠮᠳᠠᠯᠠᠵᠤ᠂ ᠦᠷᠭᠦᠯᠵᠢᠯᠡᠨ ᠬᠦᠭᠵᠢᠭᠰᠡᠨ ᠠᠮᠢ | ᠠᠬᠤᠢ ᠶᠢᠨ ᠤᠷᠴᠢᠨ ᠲᠤᠭᠤᠷᠢᠨ ᠢ ᠬᠠᠮᠠᠭᠠᠯᠠᠬᠤ ᠲᠦᠷᠢᠮ ᠢ ᠰᠦᠪᠡᠭᠴᠢᠯᠡᠨ ᠪᠠᠶᠢᠭᠤᠯᠵᠤ᠂ ᠠᠮᠢ ᠠᠬᠤᠢ ᠶᠢᠨ | ᠪᠤᠯᠪᠠᠰᠤᠨ ᠤ ᠪᠠᠶᠢᠭᠤᠯᠤᠯᠳᠠ ᠶᠢ ᠬᠦᠴᠦᠯᠡᠨ ᠠᠬᠢᠭᠤᠯᠬᠤ ᠬᠡᠷᠡᠭᠳᠡᠢ᠃ | ● ᠰᠦᠭᠡ ᠠᠴᠠ ᠰᠤᠷᠤᠯᠴᠠᠵᠤ᠂ ᠲᠠᠪᠤᠨ ᠶᠡᠭᠡ ᠬᠦᠭᠵᠢᠯᠳᠡ ᠶᠢᠨ ᠤᠨᠤᠯᠵᠢᠬᠤᠨ ᠢ ᠭᠦᠨᠵᠡᠭᠡᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠪᠦᠷ ᠮᠤᠩᠭᠤᠯ ᠤᠨ ᠠᠮᠢ ᠠᠬᠤᠢ ᠶᠢᠨ ᠪᠦᠳᠦᠭᠡᠨ ᠪᠠᠶᠢᠭᠤᠯᠤᠯᠳᠠ ᠳᠤ | ᠦᠨᠡᠨ ᠪᠤᠳᠠᠳᠠᠢ ᠭᠠᠪᠢᠶ᠎ᠠ ᠵᠢᠳᠭᠦᠯ ᠦᠵᠡᠭᠦᠯᠬᠦ ᠬᠡᠷᠡᠭᠳᠡᠢ᠃ | ● ᠠᠮᠢ ᠠᠬᠤᠢ ᠶᠢᠨ ᠬᠤᠷᠢᠭ᠎ᠠ ᠱᠤᠭᠤᠮ ᠢ ᠪᠠᠳᠤ ᠰᠠᠬᠢᠵᠤ᠂ ᠤᠯᠠᠨ ᠲᠦᠮᠡᠨ᠂ ᠦᠷ᠎ᠠ ᠬᠤᠶᠢᠴᠢᠰ ᠲᠠᠭᠠᠨ | ᠲᠡᠭᠡᠳᠦ ᠬᠡᠮᠵᠢᠶ᠎ᠠ ᠪᠠᠷ ᠬᠠᠷᠢᠭᠤᠴᠠᠬᠤ ᠤᠪᠤᠷ ᠪᠠ ᠬᠠᠷᠢᠭᠤᠴᠠᠯᠭ᠎ᠠ ᠪᠠᠷ᠂ ᠦᠨᠡᠨᠬᠦ ᠵᠤᠷᠢᠭ ᠰᠢᠢᠳᠴᠦ ᠤᠷᠴᠢᠨ | ᠲᠤᠭᠤᠷᠢᠨ ᠤ ᠪᠤᠬᠢᠷᠳᠤᠯ ᠢ ᠰᠠᠶᠢᠳᠤᠷ ᠵᠠᠰᠠᠵᠤ᠂ ᠠᠮᠢ ᠠᠬᠤᠢ ᠶᠢᠨ ᠤᠷᠴᠢᠨ ᠲᠤᠭᠤᠷᠢᠨ ᠢ ᠰᠠᠶᠢᠳᠤᠷ ᠪᠦᠳᠦᠭᠡᠨ | ᠪᠠᠶᠢᠭᠤᠯᠵᠤ᠂ ᠪᠤᠬᠢᠷᠳᠤᠯ ᠦᠭᠡᠢ ᠬᠦᠭᠵᠢᠯᠳᠡ ᠶᠢᠨ ᠬᠡᠯᠪᠡᠷᠢ ᠪᠠ ᠠᠮᠢᠳᠤᠷᠠᠯ ᠤᠨ ᠬᠡᠯᠪᠡᠷᠢ ᠶᠢᠨ ᠪᠦᠷᠢᠯᠳᠤᠯ ᠢ | ᠠᠬᠢᠭᠤᠯᠵᠤ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢᠨ ᠲᠠᠯ᠎ᠠ ᠪᠠᠷ ᠰᠢᠨ᠎ᠠ ᠰᠢᠪᠳᠤᠯᠤᠯᠳᠠ ᠭᠠᠷᠭᠠᠬᠤ | ᠬᠡᠷᠡᠭᠳᠡᠢ᠃ | — ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ ᠶᠢᠨ ᠱᠦᠵᠢ ᠯᠢ ᠵᠢᠢ ᠾᠧᠩ ᠤᠨ ᠦᠪᠡᠷᠳᠡᠭᠡᠨ | ᠵᠠᠰᠬᠠᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ︵ᠦᠷᠭᠡᠳᠭᠡᠭᠰᠡᠨ︶ ᠶᠢᠨ ᠬᠤᠷᠠᠯ ᠲᠡᠭᠡᠷᠡᠬᠢ | ᠪᠤᠯᠤᠨ ᠮᠠᠨ ᠤ ᠤᠷᠤᠨ ᠤ ᠬᠡᠰᠡᠭ ᠠᠶᠢᠮᠠᠭ ᠬᠤᠳᠠ ᠪᠠᠷ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ | ᠲᠤᠪᠴᠢᠯᠠᠯ | ︹ ᠵᠠᠩᠭᠢᠯᠠᠭ᠎ᠠ ᠶᠢᠨ ᠦᠭᠡ ︺ ᠪᠤᠬᠢᠷᠳᠤᠯ ᠦᠭᠡᠢ ᠨᠦᠭᠡᠴᠡ ᠬᠦᠴᠦᠨ ᠢᠶᠠᠨ ᠪᠤᠵᠠᠭᠠᠢᠢᠷᠠᠭᠤᠯᠤᠨ᠎ᠠ | ︹ ᠪᠤᠬᠢᠷᠳᠤᠯ ᠦᠭᠡᠢ ᠬᠢᠭᠡᠳ ᠬᠦᠭᠵᠢᠯᠲᠡ ︺ | ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠶᠡᠭᠡᠪᠡᠷ ᠠᠬᠢᠭᠤᠯᠵᠤ᠂ ᠠᠭᠤᠯᠠ ᠨᠢ ᠬᠦᠭᠡᠮᠳᠦᠭ᠂ | ᠤᠰᠤ ᠨᠢ ᠴᠡᠯᠮᠡᠭ᠂ ᠤᠬᠳᠠᠷᠭᠤᠢ ᠨᠢ ᠬᠦᠭᠡ ᠨᠤᠳᠤᠭ ᠤᠷᠤᠨ ᠢ ᠴᠤᠭᠴᠠᠯᠠᠬᠤ ᠪᠤᠯ ᠦᠪᠦᠷ ᠮᠤᠩᠭᠤᠯ ᠤᠨ | ᠦᠨᠢᠳᠡ ᠶᠢᠨ ᠬᠦᠭᠵᠢᠯᠳᠡ ᠶᠢᠨ ᠴᠢᠬᠤᠯᠠ ᠨᠦᠭᠦᠴᠡᠯ᠂ ᠪᠠᠰᠠ ᠴᠤ ᠮᠠᠨ ᠤ ᠤᠷᠤᠨ ᠤ ᠡᠯ᠎ᠠ ᠱᠠᠳᠤᠨ ᠤ ᠨᠠᠮ ᠤᠨ | ᠬᠤᠷᠢᠶ᠎ᠠ᠂ ᠵᠠᠰᠠᠭ ᠤᠨ ᠤᠷᠳᠤᠨ ᠤ ᠴᠦᠬᠦᠷᠡᠰᠢ ᠦᠭᠡᠢ ᠬᠦᠭᠡᠭᠡᠴᠡᠯᠳᠦᠯ ᠪᠤᠯᠬᠤ ᠪᠤᠯᠤᠨ᠎ᠠ᠃ ᠦᠪᠡᠷᠳᠡᠭᠡᠨ ᠵᠠᠰᠠᠬᠤ | ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠶᠡᠷᠦᠩᠬᠡᠢ ᠱᠦᠵᠢ ᠰᠢ ᠶᠢᠨ ᠫᠢᠩ ᠤᠨ ᠬᠦᠰᠡᠯ | ᠨᠠᠶᠢᠳᠠᠯᠭ᠎ᠠ ᠶᠢ ᠴᠠᠭ ᠢᠮᠠᠭᠳᠠ ᠪᠠᠳᠤ ᠴᠡᠭᠡᠵᠢᠯᠡᠨ᠂ ᠪᠦᠬᠦ ᠤᠷᠤᠨ ᠤ ᠡᠯ᠎ᠠ ᠦᠨᠳᠦᠰᠦᠳᠡᠨ ᠤ ᠠᠷᠠᠳ ᠲᠦᠮᠡᠨ ᠢ | ᠪᠦᠯᠭᠦᠮᠳᠠᠭᠦᠯᠦᠨ ᠳᠠᠭᠠᠭᠤᠯᠵᠤ᠂ ᠪᠤᠬᠢᠷᠳᠤᠯ ᠦᠭᠡᠢ ᠪᠠᠷ ᠤᠷᠤᠨ ᠢᠶᠠᠨ ᠬᠦᠴᠦᠷᠬᠡᠭᠵᠢᠭᠦᠯᠬᠦ᠂ ᠪᠤᠬᠢᠷᠳᠤᠯ ᠦᠭᠡᠢ ᠪᠠᠷ | ᠠᠷᠠᠳ ᠲᠤ ᠠᠰᠢᠭ ᠬᠦᠷᠳᠡᠭᠡᠭᠦ ᠪᠤᠯᠪᠠᠰᠤᠨ ᠤ ᠬᠦᠭᠵᠢᠯᠳᠡ ᠶᠢᠨ ᠵᠠᠮ ᠢᠶᠠᠷ ᠵᠠᠮᠨᠠᠬᠤ ᠶᠢ ᠪᠠᠷᠢᠮᠳᠠᠯᠠᠵᠤ᠂ ᠠᠮᠢ | ᠠᠬᠤᠢ ᠶᠢᠨ ᠪᠤᠯᠪᠠᠰᠤᠨ ᠤ ᠪᠠᠶᠢᠭᠤᠯᠤᠯᠳᠠ ᠳᠤ ︽ᠪᠦᠬᠦᠯᠢ ᠴᠤᠭᠴᠠ ᠪᠠᠷ ᠮᠠᠭᠤᠳᠠᠬᠤ ᠤᠳᠠᠭᠠᠰᠢᠷᠠᠬᠰᠠᠨ᠂ | ᠵᠠᠰᠠᠯᠳᠠ ᠶᠢᠨ ᠤᠷᠤᠨ ᠳᠤ ᠢᠯᠡᠷᠬᠡᠢ ᠰᠠᠶᠢᠵᠢᠷᠠᠭᠰᠠᠨ︾ ᠴᠤ᠋ ᠰᠢᠨ᠎ᠡ ᠪᠠᠶᠢᠳᠠᠯ ᠢᠯᠡᠷᠡᠭᠰᠠᠨ ᠪᠠᠶᠢᠨ᠎ᠠ᠃ | ᠮᠠᠨ ᠤ ᠤᠷᠤᠨ ᠪᠤᠯ ᠵᠢᠷᠭᠤᠭᠠᠨ ᠶᠡᠭᠡ ᠭᠤᠤᠯᠳᠠᠯᠭ᠎ᠠ ᠲᠠᠢ ᠤᠢ ᠰᠢᠭᠤᠢ ᠶᠢᠨ ᠠᠮᠢ ᠠᠬᠤᠢ ᠶᠢᠨ | ᠢᠨᠵᠧᠨᠧᠷᠢᠩ ᠢ ᠪᠦᠷᠢᠨ ᠪᠦᠷᠬᠦᠬᠦᠯᠦᠭᠰᠡᠨ ᠪᠦᠬᠦ ᠤᠯᠤᠰ ᠤᠨ ᠴᠤᠷ ᠤᠨ ᠭᠠᠭᠴᠠ ᠮᠤᠵᠢ ᠤᠷᠤᠨ ᠪᠠᠶᠢᠵᠤ᠂ ᠠᠮᠢ | ᠠᠬᠤᠢ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢ ᠰᠠᠭᠤᠷᠢ ᠲᠦᠢᠯ ᠤᠨ ᠴᠢᠬᠤᠯᠠ ᠪᠠᠶᠢᠳᠠᠭ᠃ ᠠᠮᠢ ᠠᠬᠤᠢ ᠶᠢᠨ | ᠤᠷᠴᠢᠨ ᠳᠤᠭᠤᠷᠢᠨ ᠢ ᠦᠷᠭᠦᠯᠵᠢᠯᠡᠨ ᠰᠠᠶᠢᠵᠢᠷᠠᠭᠤᠯᠬᠤ ᠶᠢᠨ ᠲᠦᠯᠦᠭᠡ ᠮᠠᠨ ᠤ ᠤᠷᠤᠨ ᠪᠡᠭᠡᠵᠢᠩ ᠳᠢᠶᠠᠨᠵᠢᠨ ᠤ | ᠡᠯᠡᠰᠤᠨ ᠤ ᠡᠬᠢ ᠶᠢ ᠵᠠᠰᠠᠬᠤ᠂ ᠭᠤᠷᠪᠠᠨ ᠤᠮᠠᠷᠠᠳᠤ ᠶᠢᠨ ᠬᠠᠯᠬᠠᠪᠴᠢ ᠤᠢ ᠶᠢ ᠪᠠᠶᠢᠭᠤᠯᠬᠤ᠂ ᠳᠠᠷᠢᠶᠠᠯᠠᠬᠤ ᠪᠠᠨ | ᠵᠤᠭᠰᠤᠵᠤ ᠡᠪᠡᠰᠤ ᠮᠤᠳᠤ ᠲᠠᠷᠢᠬᠤ᠂ ᠮᠠᠯᠵᠢᠬᠤ ᠪᠠᠨ ᠵᠤᠭᠰᠤᠨ ᠪᠡᠯᠴᠢᠭᠡᠷ ᠢ ᠰᠡᠷᠭᠦᠭᠡᠭᠦ ᠵᠡᠷᠭᠡ ᠭᠤᠤᠯᠳᠠᠭ᠎ᠠ ᠲᠠᠢ | ᠠᠮᠢ ᠠᠬᠤᠢ ᠶᠢᠨ ᠪᠦᠳᠦᠭᠡᠨ ᠪᠠᠶᠢᠭᠤᠯᠤᠯᠳᠠ ᠶᠢᠨ ᠢᠨᠵᠧᠨᠧᠷᠢᠩ ᠢ ᠬᠡᠷᠡᠭᠵᠢᠭᠦᠯᠵᠤ᠂ ᠨᠤᠳᠤᠭ ᠪᠡᠯᠴᠢᠬᠡᠷ ᠤᠨ ᠠᠮᠢ | ᠠᠬᠤᠢ ᠶᠢ ᠬᠠᠮᠠᠭᠠᠯᠠᠵᠤ ᠪᠦᠳᠦᠬᠡᠨ ᠪᠠᠶᠢᠭᠤᠯᠬᠤ ᠨᠦᠬᠦᠪᠤᠷᠢ ᠪᠠ ᠱᠠᠩᠨᠠᠯ ᠤᠨ ᠲᠤᠭᠳᠠᠴᠠ ᠬᠢᠭᠡᠳ | ᠭᠤᠤᠯᠳᠠᠯᠭ᠎ᠠ ᠲᠠᠢ ᠤᠷᠤᠨ ᠪᠦᠰᠡ ᠶᠢᠨ ᠨᠤᠭᠤᠭᠠᠷᠠᠭᠤᠯᠤᠯᠳᠠ ᠶᠢᠨ ᠢᠨᠵᠧᠨᠧᠷᠢᠩ ᠢ ᠬᠡᠷᠡᠭᠵᠢᠭᠦᠯᠵᠤ᠂ ᠨᠡᠯᠢᠶᠡᠳ | ᠰᠠᠶᠢᠨ ᠦᠷ᠎ᠠ ᠪᠦᠳᠦᠮᠵᠢ ᠤᠯᠪᠠ᠃ ᠤᠳᠤᠬᠠᠨ ᠪᠤᠯᠳᠠᠯ᠎ᠠ᠂ ᠪᠦᠬᠦ ᠤᠯᠤᠰ ᠤᠨ ᠶᠡᠷᠦᠩᠬᠡᠢ ᠬᠦᠮᠦᠨ ᠠᠮᠠ 1.8% | ᠴᠦ ᠬᠦᠷᠭᠦ ᠦᠭᠡᠢ ᠦᠪᠦᠷ ᠮᠤᠩᠭᠤᠯᠴᠤᠳ ᠤᠨ ᠬᠦᠮᠦᠨ ᠤ ᠬᠦᠴᠦ ᠪᠠᠷ ᠤᠢᠢᠵᠢᠭᠤᠯᠤᠭᠰᠠᠨ ᠳᠠᠯᠠᠪᠠᠢ ᠪᠦᠬᠦ | ᠤᠯᠤᠰ ᠤᠨ ᠬᠦᠮᠦᠨ ᠤ ᠬᠦᠴᠦ ᠪᠠᠷ ᠤᠢᠢᠵᠢᠭᠤᠯᠤᠭᠰᠠᠨ ᠶᠡᠷᠦᠩᠭᠡᠢ ᠳᠠᠯᠠᠪᠠᠢ ᠶᠢᠨ 10% ᠶᠢ ᠳᠠᠪᠠᠵᠤ᠂ ᠰᠠᠯᠬᠢ | ᠡᠯᠡᠰᠤ ᠳᠤ ᠡᠪᠳᠡᠭᠳᠡᠭᠰᠡᠨ ᠬᠦᠷᠦᠰᠤ ᠰᠢᠷᠤᠢ ᠶᠢ ᠵᠠᠰᠠᠭᠰᠠᠨ ᠬᠡᠮᠵᠢᠶ᠎ᠠ ᠨᠢ ᠪᠦᠬᠦ ᠤᠯᠤᠰ ᠤᠨ ᠶᠡᠷᠦᠩᠬᠡᠢ | ᠬᠡᠮᠵᠢᠶ᠎ᠠ ᠶᠢᠨ 10% ᠶᠢ ᠳᠠᠪᠠᠵᠤ᠂ ᠮᠠᠨ ᠤ ᠤᠷᠤᠨ ᠤ ᠠᠮᠢ ᠠᠬᠤᠢ ᠶᠢᠨ ᠡᠬᠢ ᠪᠠᠶᠠᠯᠢᠭ ᠢ ᠦᠷ᠎ᠡ ᠪᠦᠳᠦᠮᠵᠢᠳᠠᠢ | ᠬᠠᠮᠠᠭᠠᠯᠠᠭᠰᠠᠨ ᠪᠠᠶᠢᠨ᠎ᠠ᠃ | 2015 ᠤᠨ ᠳᠤ ᠪᠦᠬᠦ ᠤᠷᠤᠨ ᠤ 12 ᠠᠶᠢᠮᠠᠭ ᠬᠤᠳᠠ ᠶᠢᠨ ᠠᠭᠠᠷ ᠤᠨ ᠶᠡᠰᠤ ᠴᠢᠨᠠᠷ ᠰᠢᠯᠢᠳᠡᠭ ᠰᠠᠶᠢᠨ | ᠪᠠᠶᠢᠭᠰᠠᠨ ᠡᠳᠦᠷ ᠤᠨ ᠬᠠᠷᠢᠴᠠᠯ 80.9% ᠳᠤ ᠬᠦᠷᠴᠠᠢ᠃ ᠤᠷᠴᠢᠨ ᠳᠤᠭᠤᠷᠢᠨ ᠤ ᠪᠤᠬᠢᠷᠳᠤᠯ ᠬᠢᠭᠡᠳ ᠠᠮᠢ | ᠠᠬᠤᠢ ᠶᠢᠨ ᠡᠪᠳᠡᠭᠳᠡᠯ ᠡᠳᠦᠷ ᠢᠷᠡᠭᠦᠶ᠎ᠠ ᠬᠡᠴᠡᠭᠦᠳᠡᠵᠤ ᠪᠠᠶᠢᠭ᠎ᠠ ᠪᠠᠶᠢᠳᠠᠯ ᠳᠤᠤᠷ᠎ᠠ᠂ ᠮᠠᠨ ᠤ ᠤᠷᠤᠨ ᠤᠷᠴᠢᠨ | ᠳᠤᠭᠤᠷᠢᠨ ᠤ ᠬᠠᠮᠠᠭᠠᠯᠠᠯᠳᠠ ᠶᠢᠨ ᠡᠷᠴᠢᠮ ᠢᠶᠠᠨ ᠳᠠᠰᠤᠷᠠᠯᠳᠠ ᠦᠭᠡᠢ ᠴᠢᠩᠭᠠᠷᠠᠭᠤᠯᠵᠤ᠂ ᠡᠶᠢᠮᠦᠷᠭᠦ ᠠᠮᠵᠢᠯᠳᠠ | ᠪᠦᠳᠦᠮᠵᠢ ᠤᠯᠤᠭᠰᠠᠨ ᠨᠢ ᠦᠨᠡᠭᠡᠷ ᠬᠢᠯᠪᠡᠷ ᠪᠤᠰᠤ ᠶᠤᠮ᠃ | ᠡᠭᠦᠨ ᠤ ᠬᠠᠮᠳᠤ᠂ ᠮᠠᠨ ᠤ ᠤᠷᠤᠨ ᠤᠯᠤᠰ ᠤᠨ ︽ᠤᠰᠤᠨ ᠤ ᠪᠤᠬᠢᠷᠳᠤᠯ ᠢ ᠰᠡᠷᠭᠡᠶᠢᠯᠡᠨ ᠵᠠᠰᠠᠬᠤ | ᠠᠵᠢᠯᠯᠠᠭ᠎ᠠ ᠶᠢᠨ ᠲᠦᠯᠦᠪᠯᠡᠭᠡ︾ ᠶᠢᠨ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠭᠠᠵᠠᠷ ᠤᠨ ᠳᠡᠰ ᠤᠨ | 8 ᠬᠤᠳᠠ ᠶᠢᠨ ᠲᠦᠪᠯᠡᠷᠡᠩᠭᠦᠢ ᠤᠤᠭᠤᠬᠤ ᠤᠰᠤᠨ ᠤ ᠡᠬᠢ ᠶᠢᠨ ᠬᠠᠮᠠᠭᠠᠯᠠᠯᠳᠠ ᠶᠢᠨ ᠤᠷᠤᠨ ᠢ ᠳᠤᠭᠳᠠᠭᠠᠵᠤ᠂ | ᠭᠠᠵᠠᠷ ᠤᠨ ᠳᠡᠰ ᠤᠨ ᠬᠤᠳᠠ ᠶᠢᠨ ᠲᠦᠪᠯᠡᠷᠡᠩᠭᠦᠢ ᠤᠤᠭᠤᠬᠤ ᠤᠰᠤᠨ ᠤ ᠡᠬᠢ ᠶᠢᠨ ᠤᠰᠤᠨ ᠤ ᠶᠠᠰᠤ ᠴᠢᠨᠠᠷ ᠤᠨ | ᠪᠠᠷᠢᠮᠵᠢᠶᠠᠵᠢᠭᠰᠠᠨ ᠨᠤᠷᠮ᠎ᠠ ᠢ 89.9% ᠳᠤ ᠭᠦᠷᠭᠡᠵᠤ᠂ ᠭᠤᠤᠯᠳᠠᠯᠭ᠎ᠠ ᠲᠠᠢ ᠤᠷᠤᠰᠬᠠᠯ ᠤᠷᠤᠨ ᠤ ᠪᠤᠬᠢᠷᠳᠤᠯ ᠢ | ᠵᠠᠰᠠᠭᠰᠠᠨ ᠪᠠᠷᠢᠮᠵᠢᠶ᠎ᠠ ᠨᠢ ᠤᠯᠤᠰ ᠤᠨ ᠱᠠᠭᠠᠷᠳᠠᠯᠭ᠎ᠠ ᠳᠤ ᠨᠡᠶᠢᠴᠡᠵᠠᠢ᠃ ᠬᠠᠮᠳᠤ ᠳᠤᠨᠢ᠂ ︽ᠬᠦᠷᠦᠰᠦ ᠰᠢᠷᠤᠢ ᠶᠢᠨ | ᠪᠤᠬᠢᠷᠳᠤᠯ ᠢ ᠰᠡᠷᠭᠡᠶᠢᠯᠡᠨ ᠵᠠᠰᠠᠬᠤ ᠠᠵᠢᠯᠯᠠᠭ᠎ᠠ ᠶᠢᠨ ᠲᠦᠯᠦᠪᠯᠡᠭᠡ︾ ᠶᠢᠨ ᠳᠤᠭᠳᠠᠭᠠᠯ ᠢ ᠬᠢᠨᠠᠮᠠᠭᠠᠢ | ᠨᠠᠶᠢᠳᠠᠪᠤᠷᠢᠵᠢᠭᠤᠯᠵᠤ᠂ ᠠᠭᠤᠷᠬᠠᠢ ᠶᠢᠨ ᠤᠷᠤᠨ ᠤ ᠭᠠᠵᠠᠷ ᠤᠨ ᠭᠠᠳᠠᠷᠭᠤ ᠶᠢᠨ ᠤᠷᠴᠢᠨ ᠳᠤᠭᠤᠷᠢᠨ ᠢ ᠵᠠᠰᠠᠭᠰᠠᠨ | ᠳᠠᠯᠠᠪᠠᠢ 427.83 ᠳᠡᠭᠰᠢ ᠲᠦᠷᠪᠡᠯᠵᠢᠨ ᠺᠢᠯᠤᠮᠧᠲᠷ ᠲᠤ ᠬᠦᠷᠴᠠᠢ᠃ | ᠡᠬᠢ ᠪᠠᠶᠠᠯᠢᠭ ᠢ ᠠᠷᠪᠢᠯᠠᠬᠤ ᠶᠢ ᠠᠮᠢ ᠠᠬᠤᠢ ᠤᠷᠴᠢᠨ ᠳᠤᠭᠤᠷᠢᠨ ᠢ ᠬᠠᠮᠠᠭᠠᠯᠠᠬᠤ ᠶᠢᠨ ᠦᠨᠳᠦᠰᠤᠨ ᠠᠷᠭ᠎ᠠ | ᠪᠤᠳᠤᠯᠭ᠎ᠠ ᠪᠤᠯᠭᠠᠨ᠂ ᠡᠬᠢ ᠪᠠᠶᠠᠯᠢᠭ ᠢ ᠠᠰᠢᠬᠯᠠᠬᠤ ᠠᠷᠭ᠎ᠠ ᠬᠡᠯᠪᠡᠷᠢ ᠶᠢ ᠦᠨᠳᠦᠰᠦᠨ ᠠᠴᠠ ᠨᠢ ᠬᠤᠪᠢᠷᠠᠭᠤᠯᠬᠤ ᠶᠢ | ᠬᠦᠴᠦᠳᠠᠢ ᠠᠬᠢᠭᠤᠯᠪᠠ᠃ | ᠬᠦᠭᠵᠢᠭᠦᠯᠬᠦ ᠳᠤᠮᠳᠠ ᠬᠠᠮᠠᠭᠠᠯᠠᠵᠤ᠂ ᠬᠠᠮᠠᠭᠠᠯᠠᠯᠳᠠ ᠶᠢᠨ ᠳᠤᠮᠳᠠ ᠬᠦᠭᠵᠢᠭᠦᠯᠤᠨ᠎ᠠ᠃ ᠮᠠᠨ ᠤ ᠤᠷᠤᠨ | ᠬᠠᠳᠠᠭᠤ ᠴᠢᠩᠭ᠎ᠠ ᠬᠠᠷᠢᠭᠤᠴᠠᠯᠭ᠎ᠠ ᠶᠢᠨ ᠲᠦᠷᠢᠮ ᠢᠶᠠᠷ ᠠᠮᠢ ᠠᠬᠤᠢ ᠶᠢᠨ ᠤᠷᠴᠢᠨ ᠳᠤᠭᠤᠷᠢᠨ ᠢ ᠬᠠᠮᠠᠭᠠᠯᠠᠬᠤ᠂ | ᠰᠢᠨ᠎ᠠ ᠶᠢ ᠡᠭᠦᠳᠭᠦ ᠪᠠᠷ ᠠᠮᠢ ᠠᠬᠤᠢ ᠶᠢᠨ ᠪᠤᠯᠪᠠᠰᠤᠨ ᠤ ᠲᠦᠷᠢᠮ ᠤᠨ ᠰᠢᠰᠲ᠋ᠧᠮᠵᠢ ᠶᠢ ᠪᠦᠷᠢᠨᠰᠢᠭᠦᠯᠤᠨ | ᠳᠡᠭᠦᠯᠳᠡᠷᠵᠢᠭᠦᠯᠭᠦ ᠪᠠᠷ ᠪᠦᠬᠦ᠋ᠢᠯᠡ ᠤᠷᠤᠨ ᠪᠦᠰᠡ ᠶᠢᠨ ᠠᠮᠢ ᠠᠬᠤᠢ ᠶᠢᠨ ᠠᠬᠢᠴᠠ ᠶᠢ ᠲᠦᠷᠭᠡᠳᠭᠡᠨ | ᠬᠤᠪᠢᠷᠠᠭᠤᠯᠬᠤ ᠬᠦᠴᠦᠳᠦ ᠪᠠᠳᠤᠯᠠᠭ᠎ᠠ ᠪᠤᠯᠭᠠᠵᠤ᠂ ᠪᠦᠬᠦ ᠤᠷᠤᠨ ᠤ ᠡᠯ᠎ᠠ ᠭᠠᠵᠠᠷ ᠤᠷᠤᠨ ᠪᠤᠳᠠᠳᠠᠢ ᠪᠠᠶᠢᠳᠠᠯ ᠢᠶᠠᠨ | ᠦᠨᠳᠦᠰᠦᠯᠡᠨ ᠤᠯᠠᠨ ᠵᠦᠢᠯ ᠤᠨ ᠠᠵᠢᠯ ᠤᠨ ᠲᠦᠰᠦᠯ᠂ ᠨᠠᠷᠢᠨ ᠳᠤᠭᠳᠠᠭᠠᠯ᠂ ᠬᠠᠷᠢᠭᠤᠴᠠᠯᠭ᠎ᠠ ᠶᠢᠨ ᠲᠦᠷᠢᠮ | ᠳᠤᠭᠳᠠᠭᠠᠨ᠂ ᠠᠮᠢ ᠠᠬᠤᠢ ᠶᠢᠨ ᠤᠷᠴᠢᠨ ᠳᠤᠭᠤᠷᠢᠨ ᠢ ᠬᠦᠴᠦᠳᠠᠢ ᠬᠠᠮᠠᠭᠠᠯᠠᠪᠠ᠃ | ᠡᠮᠵᠡᠭᠯᠡᠯ ᠢᠶᠠᠨ ᠬᠦᠨᠵᠡᠭᠡᠢ ᠰᠡᠳᠬᠢᠨ᠂ ᠦᠷᠢᠰᠦᠯᠳᠦᠭᠡᠨ ᠤ ᠡᠮᠦᠨ᠎ᠡ ᠵᠤᠷᠢᠬᠳᠠᠢ ᠪᠤᠰᠴᠦ᠂ ᠰᠢᠨ᠎ᠠ | ᠡᠭᠦᠳᠦᠯᠳᠡ ᠶᠢᠨ ᠳᠤᠮᠳᠠ ᠬᠦᠭᠵᠢᠭᠦᠯᠦᠨ ᠪᠤᠵᠠᠭᠠᠢᠢᠷᠠᠨᠠ᠃ ᠮᠠᠨ ᠤ ᠤᠷᠤᠨ ᠤ ᠠᠮᠢ ᠠᠬᠤᠢ ᠶᠢᠨ ᠪᠠᠶᠢᠭᠤᠯᠤᠯᠳᠠ | ᠵᠢᠯ ᠪᠦᠷᠢ 1000 ᠲᠦᠮᠡᠨ ᠮᠦ ᠶᠢᠨ ᠬᠤᠷᠳᠤᠴᠠ ᠪᠠᠨ ᠠᠬᠢᠵᠤ᠂ ᠪᠤᠬᠢᠷᠳᠤᠯ ᠦᠭᠡᠢ ᠨᠦᠭᠡᠴᠡ ᠬᠦᠴᠦᠨ | ᠲᠠᠰᠤᠷᠠᠯᠳᠠ ᠦᠭᠡᠢ ᠪᠤᠵᠠᠭᠠᠢᠢᠷᠠᠵᠤ᠂ ᠪᠤᠬᠢᠷᠳᠤᠯ ᠦᠭᠡᠢ ᠬᠦᠭᠵᠢᠯᠳᠡ ᠳᠤ ᠪᠠᠳᠤ ᠪᠠᠬᠢ ᠰᠠᠭᠤᠷᠢ ᠶᠢ ᠲᠠᠯᠪᠢᠵᠤ | ᠦᠭᠴᠠᠢ᠃ | ︹ ᠵᠠᠩᠬᠢᠯᠠᠭ᠎ᠠ ᠶᠢᠨ ᠦᠭᠡ ︺ ᠠᠮᠢ ᠠᠬᠤᠢ ᠶᠢᠨ ᠤᠷᠤᠨ ᠵᠠᠢ ᠳᠤ ᠠᠭᠤᠯᠠ ᠬᠦᠬᠡᠮᠳᠦᠭ ᠤᠰᠤ | ᠳᠤᠩᠭᠠᠯᠠᠭ ᠪᠤᠯᠭᠠᠨ᠎ᠠ | ︹ ᠬᠠᠷᠠᠯᠲᠠ ᠭᠢᠭᠡᠤᠨ ᠡᠭᠦᠷᠭᠡ ︺ | ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠪᠤᠯ ᠦᠨᠢ ᠤᠳᠠᠭᠠᠨ ᠠᠰᠢᠭ ᠳᠤᠰᠠ ᠠᠴᠢ | ᠬᠤᠯᠪᠤᠭᠳᠠᠯ ᠲᠠᠢ ᠠᠵᠢᠯ ᠦᠢᠯᠡᠰ ᠪᠤᠯᠤᠨ᠎ᠠ᠃ ᠮᠠᠨ ᠤ ᠤᠷᠤᠨ ᠤ ᠠᠮᠢ ᠠᠬᠤᠢ ᠶᠢᠨ ᠬᠠᠮᠠᠭᠠᠯᠠᠯᠳᠠ ᠪᠠ ᠪᠥᠳᠤᠭᠡᠨ | ᠪᠠᠶᠢᠭᠤᠯᠤᠯᠳᠠ ᠨᠢᠭᠡᠨᠳᠡ ︽ᠤᠷᠤᠬᠰᠢᠯᠠᠪᠠᠯ ᠪᠦᠬᠦ ᠲᠠᠯ᠎ᠠ ᠶᠢᠨ ᠢᠯᠠᠯᠳᠠ ᠤᠯᠵᠤ᠂ ᠤᠷᠤᠬᠰᠢᠯᠠᠬᠤ ᠦᠭᠡᠢ ᠪᠤᠯ | ᠤᠬᠤᠷᠢᠬᠤ︾ ᠵᠠᠩᠬᠢᠯᠠᠭ᠎ᠠ ᠶᠢᠨ ᠱᠠᠳᠤᠨ ᠳᠤ ᠤᠷᠤᠵᠤ᠂ ᠠᠮᠢ ᠠᠬᠤᠢ ᠶᠢᠨ ᠤᠷᠴᠢᠨ ᠳᠤᠭᠤᠷᠢᠨ ᠢ ᠬᠠᠮᠠᠭᠠᠯᠠᠬᠤ | ᠪᠤᠯ ᠦᠢᠯᠡᠳᠪᠦᠷᠢᠯᠡᠯ ᠤᠨ ᠬᠦᠴᠦᠨ ᠢ ᠬᠠᠮᠠᠭᠠᠯᠠᠵᠤ ᠪᠠᠶᠢᠬᠤ ᠶᠠᠪᠤᠳᠠᠯ᠂ ᠠᠮᠢ ᠠᠬᠤᠢ ᠶᠢᠨ ᠤᠷᠴᠢᠨ ᠳᠤᠭᠤᠷᠢᠨ ᠢ | ᠰᠠᠶᠢᠵᠢᠷᠠᠭᠤᠯᠬᠤ ᠪᠤᠯ ᠳᠠᠷᠤᠢ ᠦᠢᠯᠡᠳᠪᠦᠷᠢᠯᠡᠯ ᠤᠨ ᠬᠦᠴᠦᠨ ᠢ ᠬᠦᠭᠵᠢᠬᠦᠯᠵᠤ ᠪᠠᠶᠢᠭ᠎ᠠ ᠶᠠᠪᠤᠳᠠᠯ ᠪᠤᠯᠤᠨ᠎ᠠ᠃ | ᠡᠨᠡᠬᠦ ᠪᠤᠬᠢᠷᠳᠤᠯ ᠦᠬᠡᠢ ᠬᠤᠪᠢᠰᠤᠯᠳᠠ ᠳᠤᠮᠳᠠ᠂ ᠦᠪᠦᠷ ᠮᠤᠩᠭᠤᠯ ᠤᠨ ᠬᠠᠷᠠᠯᠳᠠ ᠳᠦᠢᠯ ᠤᠨ | ᠳᠤᠳᠤᠷᠬᠠᠢ — ᠬᠦᠮᠦᠨ ᠪᠠ ᠪᠠᠶᠢᠭᠠᠯᠢ ᠶᠢᠨ ᠡᠶ᠎ᠡ ᠵᠤᠬᠢᠴᠠᠩᠭᠤᠢ ᠵᠡᠷᠭᠡᠴᠡᠨ ᠤᠷᠤᠰᠢᠬᠤ ᠶᠢ ᠪᠡᠶᠡᠯᠡᠬᠦᠯᠦᠨ᠎ᠡ᠃ | ᠡᠨᠡ ᠵᠢᠯ ᠪᠤᠯ ︽13·5︾ ᠶᠢᠨ ᠲᠦᠯᠦᠪᠵᠢᠬᠦᠯᠭᠡ ᠶᠢᠨ ᠡᠬᠢᠯᠡᠯᠳᠡ ᠶᠢᠨ ᠵᠢᠯ ᠪᠤᠯᠤᠨ᠎ᠠ᠂ ᠦᠪᠡᠷᠳᠡᠭᠡᠨ ᠵᠠᠰᠠᠬᠤ | ᠤᠷᠤᠨ ᠤ ᠨᠠᠮ ᠤᠨ ᠬᠤᠷᠢᠶ᠎ᠡ᠂ ᠵᠠᠰᠠᠭ ᠤᠨ ᠤᠷᠳᠤᠨ ᠠᠴᠠ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠳᠤ ︽ | ᠲᠤᠯᠤᠭᠠᠢᠢᠯᠠᠭᠴᠢ ᠰᠠᠯᠠᠭ᠎ᠠ ᠮᠦᠴᠢᠷ ᠠᠴᠠ ᠶᠡᠷᠦᠩᠬᠡᠢ ᠠᠵᠢᠯ ᠢ ᠠᠳᠬᠤᠬᠤ᠂ ᠬᠠᠷᠠᠯᠳᠠ ᠪᠠᠨ ᠨᠠᠷᠢᠯᠢᠭᠵᠢᠭᠤᠯᠵᠤ | ᠪᠤᠳᠠᠳᠠᠶᠢᠴᠢᠯᠠᠨ ᠠᠳᠬᠤᠬᠤ᠂ ᠲᠦᠯᠦᠪᠵᠢᠬᠦᠯᠭᠡ ᠪᠠᠨ ᠰᠠᠶᠢᠳᠤᠷ ᠬᠢᠵᠤ ᠤᠷᠳᠤ ᠬᠤᠭᠤᠴᠠᠭ᠎ᠠ ᠪᠠᠷ ᠠᠳᠬᠤᠵᠤ᠂ | ᠬᠢᠨᠠᠯᠳᠠ ᠰᠢᠯᠭᠠᠯᠳᠠ ᠪᠠᠨ ᠴᠢᠩᠭᠠᠳᠬᠠᠵᠤ ᠴᠢᠩᠭ᠎ᠠ ᠠᠳᠬᠤᠬᠤ︾ ᠬᠡᠵᠤ ᠳᠤᠷᠠᠳᠤᠨ ᠭᠠᠷᠭᠠᠵᠤ᠂ ︽ᠦᠪᠡᠷᠳᠡᠭᠡᠨ | ᠵᠠᠰᠠᠬᠤ ᠤᠷᠤᠨ ᠤ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠲᠦᠷᠭᠡᠳᠭᠡᠨ ᠠᠬᠢᠭᠤᠯᠬᠤ ᠬᠡᠷᠡᠭᠵᠢᠬᠦᠯᠬᠦ | ᠰᠠᠨᠠᠯ︾ ᠪᠠ ︽ᠠᠮᠢ ᠠᠬᠤᠢ ᠶᠢᠨ ᠪᠤᠯᠪᠠᠰᠤᠨ ᠤ ᠲᠦᠷᠢᠮᠵᠢᠯ ᠤᠨ ᠪᠠᠶᠢᠭᠤᠯᠤᠯᠳᠠ ᠪᠠ ᠦᠭᠡᠷᠡᠴᠢᠯᠡᠯᠳᠡ ᠶᠢ | ᠲᠦᠷᠭᠡᠳᠭᠡᠬᠦ ᠰᠠᠨᠠᠯ︾ ᠢ ᠨᠡᠶᠢᠳᠡᠯᠡᠵᠤ᠂ ᠡᠬᠦᠨ ᠤ ᠬᠠᠮᠳᠤ ᠦᠪᠡᠷᠳᠡᠭᠡᠨ ᠵᠠᠰᠠᠬᠤ ᠤᠷᠤᠨ ᠤ ᠠᠮᠢ ᠠᠬᠤᠢ ᠶᠢᠨ | ᠪᠤᠯᠪᠠᠰᠤᠨ ᠤ ᠪᠠᠶᠢᠭᠤᠯᠤᠯᠳᠠ ᠶᠢᠨ ᠵᠦᠪᠯᠡᠯ ᠢ ᠪᠠᠶᠢᠭᠤᠯᠵᠤ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢᠨ | ᠶᠡᠷᠦᠩᠬᠡᠢ ᠱᠠᠭᠠᠷᠳᠠᠯᠭ᠎ᠠ᠂ ᠠᠵᠢᠯ ᠤᠨ ᠵᠠᠷᠴᠢᠮ ᠬᠠᠷᠠᠯᠳᠠ ᠶᠢ ᠳᠤᠳᠤᠷᠬᠠᠢᠢᠯᠠᠵᠤ᠂ ᠴᠢᠬᠤᠯᠠ ᠶᠡᠭᠡ ᠢᠨᠵᠧᠨᠧᠷᠢᠩ ᠪᠠ | ᠭᠤᠤᠯᠳᠠᠯᠭ᠎ᠠ ᠲᠠᠢ ᠠᠵᠢᠯ ᠢ ᠳᠤᠷᠠᠳᠤᠨ ᠭᠠᠷᠭᠠᠵᠠᠢ᠃ ᠪᠠᠰᠠ ᠮᠠᠨ ᠤ ᠤᠷᠤᠨ ᠤ ᠠᠮᠢ ᠠᠬᠤᠢ ᠶᠢᠨ ᠪᠤᠯᠪᠠᠰᠤᠨ ᠤ | ᠪᠠᠶᠢᠭᠤᠯᠤᠯᠳᠠ ᠶᠢᠨ ᠭᠤᠤᠯᠳᠠᠯᠭ᠎ᠠ ᠶᠢ ᠭᠤᠷᠪᠠᠨ ᠳᠠᠯ᠎ᠠ ᠪᠤᠯᠭᠠᠨ ᠨᠠᠷᠢᠯᠢᠭᠵᠢᠭᠤᠯᠪᠠ᠄ ᠦᠢᠯᠡᠳᠪᠦᠷᠢᠯᠡᠯ ᠤᠨ ᠤᠷᠤᠨ | ᠵᠠᠢ ᠶᠢ ᠡᠷᠴᠢᠮᠯᠢᠭ ᠦᠨᠳᠦᠷ ᠦᠷ᠎ᠡ ᠠᠰᠢᠭ ᠲᠠᠢ ᠪᠤᠯᠭᠠᠨ᠎ᠠ︔ ᠠᠮᠢᠳᠤᠷᠠᠯ ᠤᠨ ᠤᠷᠤᠨ ᠵᠠᠢ ᠶᠢᠨ ᠤᠷᠤᠰᠢᠨ | ᠠᠮᠢᠳᠤᠷᠠᠬᠤ ᠳᠤ ᠳᠠᠭᠠᠳᠠᠢ ᠪᠤᠯᠭᠠᠨ᠎ᠠ︔ ᠠᠮᠢ ᠠᠬᠤᠢ ᠶᠢᠨ ᠤᠷᠤᠨ ᠵᠠᠢ ᠶᠢ ᠠᠭᠤᠯᠠ ᠨᠢ ᠬᠦᠬᠡᠮᠳᠦᠭ ᠰᠠᠶᠢᠬᠠᠨ | ᠤᠰᠤᠨ ᠳᠤᠩᠭᠠᠯᠠᠭ ᠪᠤᠯᠭᠠᠨ᠎ᠠ᠃ ᠨᠢᠭᠡ ᠳᠤ᠂ ᠡᠭᠡ ᠤᠯᠤᠰ ᠤᠨ ᠤᠮᠠᠷᠠᠳᠤ ᠬᠢᠵᠠᠭᠠᠷ ᠤᠨ ᠠᠮᠢ ᠠᠬᠤᠢ ᠶᠢᠨ ᠠᠮᠤᠷ | ᠲᠦᠪᠰᠢᠨ ᠤ ᠬᠠᠯᠠᠬᠠᠪᠴᠢ ᠶᠢ ᠦᠨᠡᠨᠬᠦ ᠪᠠᠬᠢᠵᠢᠬᠦᠯᠵᠤ᠂ ᠪᠠᠶᠢᠭᠠᠯᠢᠯᠢᠭ ᠤᠢ ᠶᠢᠨ ᠬᠠᠮᠠᠭᠠᠯᠠᠯᠳᠠ ᠶᠢᠨ ᠢᠨᠵᠧᠨᠧᠷᠢᠩ | ᠵᠡᠷᠭᠡ 12 ᠲᠤᠮᠤ ᠶᠡᠭᠡ ᠠᠮᠢ ᠠᠬᠤᠢ ᠶᠢ ᠵᠠᠰᠠᠨ ᠰᠠᠶᠢᠵᠢᠷᠠᠭᠤᠯᠬᠤ ᠪᠠ ᠬᠠᠮᠠᠭᠠᠯᠠᠬᠤ ᠢᠨᠵᠧᠨᠧᠷᠢᠩ ᠢ ᠦᠷᠬᠦᠯᠵᠢᠯᠡᠨ | ᠭᠡᠷᠡᠭᠵᠢᠬᠦᠯᠦᠨ᠎ᠡ︔ ᠬᠤᠶᠠᠷ ᠲᠤ᠂ ᠤᠷᠴᠢᠨ ᠳᠤᠭᠤᠷᠢᠨ ᠤ ᠶᠠᠰᠤ ᠴᠢᠨᠠᠷ ᠢ ᠦᠷᠬᠦᠯᠵᠢᠯᠡᠨ ᠦᠭᠡᠷᠡᠴᠢᠯᠡᠨ | ᠰᠠᠶᠢᠵᠢᠷᠠᠭᠤᠯᠬᠤ ᠶᠢ ᠪᠡᠶᠡᠯᠡᠬᠦᠯᠵᠤ᠂ ᠠᠭᠠᠷ ᠮᠠᠨᠳᠠᠯ ᠤᠨ ᠪᠤᠬᠢᠷᠳᠤᠯ ᠢ ᠵᠠᠰᠠᠨ ᠰᠠᠶᠢᠵᠢᠷᠭᠤᠯᠬᠤ ᠵᠡᠷᠭᠡ 10 | ᠲᠦᠷᠦᠯ ᠤᠨ ᠤᠷᠴᠢᠨ ᠳᠤᠭᠤᠷᠢᠨ ᠤ ᠵᠠᠰᠠᠨ ᠰᠠᠶᠢᠵᠢᠷᠠᠭᠤᠯᠤᠯᠳᠠ ᠪᠠ ᠬᠠᠮᠠᠭᠠᠯᠠᠯᠳᠠ ᠶᠢᠨ ᠢᠨᠵᠧᠨᠧᠷᠢᠩ ᠢ | ᠦᠷᠬᠦᠯᠵᠢᠯᠡᠨ ᠬᠡᠷᠡᠭᠵᠢᠬᠦᠯᠦᠨ᠎ᠡ︔ ᠭᠤᠷᠪᠠ ᠳᠤ᠂ ᠠᠮᠢ ᠠᠬᠤᠢ ᠶᠢᠨ ᠤᠷᠴᠢᠨ ᠳᠤᠭᠤᠷᠢᠨ ᠢ ᠬᠠᠮᠠᠭᠠᠯᠠᠵᠤ᠂ | ᠪᠠᠶᠢᠭᠠᠯᠢ ᠶᠢᠨ ᠡᠬᠢ ᠪᠠᠶᠠᠯᠢᠭ ᠪᠡᠯᠡ ᠬᠦᠷᠦᠩᠭᠡ ᠶᠢᠨ ᠦᠮᠴᠢᠯᠡᠬᠦ ᠡᠷᠭᠡ ᠶᠢᠨ ᠲᠦᠷᠢᠮ ᠵᠡᠷᠭᠡ 8 ᠲᠦᠷᠦᠯ ᠤᠨ | ᠲᠦᠷᠢᠮ ᠢ ᠠᠯᠢ ᠲᠦᠷᠭᠡᠨ ᠢᠶᠠᠷ ᠪᠠᠶᠢᠭᠤᠯᠵᠤ᠂ ᠡᠯ᠎ᠡ ᠲᠦᠷᠦᠯ ᠤᠨ ᠪᠠᠶᠢᠭᠠᠯᠢ ᠶᠢᠨ ᠡᠬᠢ ᠪᠠᠶᠠᠯᠢᠭ ᠢ ᠨᠡᠭᠡᠭᠡᠨ | ᠠᠰᠢᠬᠯᠠᠬᠤ ᠠᠵᠢᠯᠠᠯᠭ᠎ᠠ ᠶᠢ ᠵᠢᠯᠤᠭᠤᠳᠤᠨ ᠲᠦᠷᠢᠮᠵᠢᠬᠦᠯᠵᠦ ᠬᠢᠵᠠᠭᠠᠷᠯᠠᠨ᠎ᠡ᠃ | 2020 ᠤᠨ ᠪᠤᠯᠳᠠᠯ᠎ᠠ᠂ ᠮᠠᠨ ᠤ ᠤᠷᠤᠨ 5000 ᠲᠦᠮᠡᠨ ᠮᠦ ᠶᠢᠨ ᠤᠢ ᠰᠢᠭᠤᠢ ᠶᠢᠨ ᠠᠮᠢ ᠠᠬᠤᠢ ᠶᠢᠨ | ᠪᠦᠳᠦᠭᠡᠨ ᠪᠠᠶᠢᠭᠤᠯᠤᠯᠳᠠ ᠶᠢᠨ ᠡᠬᠦᠷᠭᠡ ᠶᠢ ᠪᠡᠶᠡᠯᠡᠬᠦᠯᠵᠤ᠂ ᠵᠠᠭᠤᠨ ᠲᠦᠮᠡᠨ ᠮᠦ ᠶᠢᠨ ᠡᠯᠡᠰᠦ ᠶᠢ ᠵᠠᠰᠠᠵᠤ | ᠤᠢᠢᠵᠢᠭᠤᠯᠬᠤ 10 ᠰᠠᠭᠤᠷᠢᠨ ᠭᠠᠵᠠᠷ ᠢ ᠰᠢᠨ᠎ᠡ ᠪᠠᠷ ᠪᠠᠶᠢᠭᠤᠯᠵᠤ᠂ ᠪᠦᠬᠦ ᠤᠷᠤᠨ ᠤ ᠤᠢ ᠰᠢᠭᠤᠢ ᠶᠢᠨ | ᠪᠦᠷᠬᠦᠴᠡ ᠶᠢᠨ ᠨᠤᠷᠮ᠎ᠡ ᠶᠢ 23% ᠠᠴᠠ ᠳᠡᠭᠡᠭᠰᠢ ᠬᠦᠷᠬᠡᠵᠤ᠂ ᠤᠢ ᠮᠤᠳᠤᠨ ᠤ ᠬᠠᠳᠠᠭᠠᠯᠠᠮᠵᠢ ᠶᠢ 16 | ᠳ᠋ᠦᠡᠭᠰᠢᠭᠤᠷ ᠺᠦᠪ ᠮᠧᠲᠷ ᠲᠤ ᠬᠦᠷᠭᠡᠵᠤ᠂ 40% ᠠᠴᠠ ᠳᠡᠭᠡᠭᠰᠢᠬᠢ ᠵᠠᠰᠠᠨ ᠰᠠᠶᠢᠵᠢᠷᠠᠭᠤᠯᠵᠤ ᠲᠡᠶᠢᠯᠬᠦ᠋ᠢᠴᠡ | ᠡᠯᠡᠰᠦᠷᠭᠡᠭᠵᠢᠭᠰᠡᠨ ᠭᠠᠵᠠᠷ ᠨᠤᠳᠤᠭ ᠢ ᠵᠠᠰᠠᠨ ᠰᠠᠶᠢᠵᠢᠷᠠᠭᠤᠯᠵᠤ᠂ ᠨᠤᠭᠤ ᠭᠠᠵᠠᠷ ᠤᠨ ᠳᠠᠯᠠᠪᠠᠢ ᠶᠢ 9000 ᠲᠦᠮᠡᠨ | ᠮᠦ ᠠᠴᠠ ᠳᠡᠭᠡᠭᠰᠢ ᠪᠠᠶᠢᠯᠭᠠᠨ᠂ ᠤᠢ ᠰᠢᠭᠤᠢ᠂ ᠳᠠᠯ᠎ᠠ ᠭᠠᠵᠠᠷ᠂ ᠨᠤᠭᠤ ᠭᠠᠵᠠᠷ᠂ ᠭᠤᠤᠯ ᠮᠦᠷᠡᠡ᠂ ᠡᠯᠡᠰᠦ | ᠮᠠᠩᠬ᠎ᠠ᠂ ᠲᠠᠷᠢᠶᠠᠯᠠᠩ ᠵᠡᠷᠭᠡ 6 ᠶᠡᠭᠡ ᠠᠮᠢ ᠠᠬᠤᠢ ᠶᠢᠨ ᠰᠢᠰᠲ᠋ᠧᠮ ᠢ ᠳᠤᠭᠳᠠᠪᠦᠷᠢᠳᠠᠢ ᠪᠤᠯᠭᠠᠵᠤ᠂ ᠤᠯᠤᠰ ᠤᠨ | ᠨᠤᠳᠤᠭ ᠲᠡᠪᠢᠰᠭᠡᠷ ᠤᠨ ᠤᠷᠤᠨ ᠵᠠᠢ ᠶᠢ ᠨᠡᠭᠡᠭᠡᠨ ᠠᠰᠢᠬᠯᠠᠬᠤ ᠶᠢ 1.6% ᠶᠢᠨ ᠳᠤᠳᠤᠷ᠎ᠠ ᠡᠵᠡᠮᠰᠢᠵᠤ᠂ ᠤᠢ | ᠰᠢᠭᠤᠢ ᠶᠢᠨ ᠦᠢᠯᠡᠰ ᠤᠨ ᠶᠡᠷᠦᠩᠬᠡᠢ ᠦᠢᠯᠡᠳᠭᠦᠨ ᠤ ᠦᠷᠳᠡᠭ ᠢ 1000 ᠳ᠋ᠦᠡᠭᠰᠢᠭᠤᠷ ᠲᠦᠬᠦᠷᠢᠭ ᠠᠴᠠ ᠳᠡᠭᠡᠭᠰᠢ | ᠬᠦᠷᠬᠡᠵᠤ᠂ ᠮᠠᠯᠴᠢᠳ ᠲᠠᠷᠢᠶᠠᠴᠢᠳ ᠤᠨ ᠬᠦᠮᠦᠨ ᠳᠤᠮᠳᠠᠴᠢ ᠶᠢᠨ ᠤᠢ ᠰᠢᠭᠤᠢ ᠶᠢᠨ ᠦᠢᠯᠡᠰ ᠤᠨ ᠤᠷᠤᠯᠭ᠎ᠠ ᠶᠢ | 1300 ᠲᠦᠬᠦᠷᠢᠭ ᠠᠴᠠ ᠳᠡᠭᠡᠭᠰᠢ ᠬᠦᠷᠭᠡᠵᠤ᠂ ᠡᠬᠡ ᠤᠯᠤᠰ ᠤᠨ ᠤᠮᠠᠷᠠᠳᠤ ᠬᠢᠵᠠᠭᠠᠷ ᠤᠨ ᠴᠢᠬᠤᠯᠠ ᠠᠮᠢ | ᠠᠬᠤᠢ ᠶᠢᠨ ᠠᠮᠦᠷ ᠲᠦᠪᠰᠢᠨ ᠤ ᠬᠠᠯᠬᠠᠪᠴᠢ ᠶᠢᠨ ᠪᠦᠷᠢᠯᠳᠤᠴᠡ ᠶᠢ ᠦᠨᠳᠦᠰᠦᠨ ᠳᠤ ᠪᠠᠨ ᠪᠡᠶᠡᠯᠡᠬᠦᠯᠦᠨ᠎ᠡ᠃ | ᠠᠵᠤ ᠦᠢᠯᠡᠰ ᠤᠨ ᠪᠦᠳᠦᠴᠡ ᠶᠢ ᠳᠤᠬᠢᠷᠠᠭᠤᠯᠬᠤ ᠪᠠ ᠬᠡᠯᠪᠡᠷᠢ ᠪᠠᠨ ᠬᠤᠪᠢᠷᠠᠭᠤᠯᠵᠤ ᠳᠡᠰ ᠳᠠᠪᠰᠢᠬᠦ | ᠴᠢᠬᠤᠯᠠ ᠶᠡᠭᠡ ᠰᠢᠪᠳᠤᠯᠤᠯᠳᠠ ᠶᠢ ᠪᠡᠶᠡᠯᠡᠬᠦᠯᠵᠤ᠂ ᠤᠯᠤᠰ ᠠᠴᠠ ᠪᠠᠭᠤᠯᠭᠠᠭᠰᠠᠨ ᠡᠨᠧᠷᠬᠢ ᠶᠢ ᠠᠷᠪᠢᠯᠠᠵᠤ | ᠭᠠᠳᠠᠭᠰᠢᠯᠠᠭᠤᠯᠤᠯᠳᠠ ᠶᠢ ᠪᠠᠭᠠᠰᠬᠠᠵᠤ ᠨᠡᠭᠦᠷᠡᠰᠦᠳᠦ᠋ᠷᠦᠭᠴᠢ ᠶᠢ ᠪᠠᠭᠤᠷᠠᠭᠤᠯᠬᠤ ᠬᠠᠷᠠᠯᠳᠠ ᠡᠬᠦᠷᠭᠡ ᠶᠢ ᠪᠦᠬᠦ | ᠳᠠᠯ᠎ᠠ ᠪᠠᠷ ᠪᠡᠶᠡᠯᠡᠬᠦᠯᠵᠤ᠂ ᠠᠭᠠᠷ ᠮᠠᠨᠳᠠᠯ ᠤᠨ ᠤᠷᠴᠢᠨ ᠳᠤᠭᠤᠷᠢᠨ ᠤ ᠶᠠᠰᠤ ᠴᠢᠨᠠᠷ ᠢ ᠮᠡᠳᠡᠭᠳᠡᠮ᠎ᠡ ᠦᠭᠡᠷᠡᠴᠢᠯᠡᠨ | ᠰᠠᠶᠢᠵᠢᠷᠠᠭᠤᠯᠵᠠᠢ︔ ᠪᠦᠬᠦ ᠤᠷᠤᠨ ᠤ ᠤᠰᠤ ᠬᠡᠷᠡᠭᠯᠡᠯᠳᠡ ᠶᠢᠨ ᠶᠡᠷᠦᠩᠬᠡᠢ ᠬᠡᠮᠵᠢᠶ᠎ᠡ ᠶᠢ 211.57 ᠳ᠋ᠦᠡᠭᠰᠢᠭᠤᠷ | ᠺᠦᠪ ᠮᠧᠲᠷ ᠲᠤᠳᠤᠷ᠎ᠠ ᠡᠵᠡᠮᠳᠡᠵᠤ᠂ ᠲᠦᠮᠡᠨ ᠲᠦᠬᠦᠷᠢᠭ ᠤᠨ ᠠᠵᠤ ᠦᠢᠯᠡᠳᠪᠦᠷᠢᠯᠡᠯ ᠤᠨ ᠨᠡᠮᠡᠭᠳᠡᠯ ᠦᠷᠳᠡᠭ ᠲᠠᠬᠢ | ᠤᠰᠤᠨ ᠤ ᠭᠡᠷᠡᠭᠯᠡᠯᠳᠡ ᠶᠢᠨ ᠬᠡᠮᠵᠢᠶ᠎ᠡ ᠶᠢ ᠦᠷᠬᠦᠯᠵᠢᠯᠡᠨ ᠪᠠᠭᠤᠷᠠᠭᠤᠯᠵᠤ᠂ ᠲᠠᠷᠢᠶᠠᠯᠠᠩ ᠤᠨ ᠤᠰᠤᠯᠠᠯᠳᠠ ᠶᠢᠨ | ᠤᠰᠤᠨ ᠤ ᠬᠡᠷᠡᠭᠯᠡᠯᠳᠡ ᠶᠢᠨ ᠪᠦᠳᠦᠮᠵᠢᠳᠠᠢ ᠠᠰᠢᠬᠯᠠᠬᠤ ᠢᠯᠡᠳᠬᠡᠮᠵᠢ ᠳᠤᠭ᠎ᠠ ᠶᠢ 0.55 ᠠᠴᠠ ᠳᠡᠭᠡᠭᠰᠢ ᠳᠤ | ᠬᠦᠷᠭᠡᠵᠤ᠂ ᠭᠤᠤᠯ ᠪᠤᠯᠬᠤ ᠭᠤᠤᠯ ᠮᠦᠷᠠᠨ ᠨᠠᠭᠤᠷ ᠤᠨ ᠤᠰᠤᠨ ᠤ ᠴᠢᠳᠠᠪᠬᠢᠳᠤ ᠤᠷᠤᠨ ᠤ ᠤᠰᠤᠨ ᠤ ᠶᠠᠰᠤ | ᠴᠢᠨᠠᠷ ᠤᠨ ᠪᠠᠷᠢᠮᠵᠢᠶ᠎ᠡ ᠳᠤ ᠬᠦᠷᠬᠦ ᠨᠤᠷᠮ᠎ᠡ ᠶᠢ 71% ᠠᠴᠠ ᠳᠡᠭᠡᠭᠰᠢ ᠳᠤ ᠬᠦᠷᠭᠡᠭᠰᠡᠨ ᠪᠠᠶᠢᠨ᠎ᠠ᠃ | ᠰᠢᠨ᠎ᠡ ᠬᠦᠭᠵᠢᠯᠳᠡ ᠶᠢᠨ ᠬᠠᠷᠠᠯᠳᠠ ᠪᠠ ᠡᠬᠦᠷᠭᠡ ᠶᠢᠨ ᠵᠢᠯᠦᠭᠤᠳᠤᠮᠵᠢ ᠳᠤᠤᠷ᠎ᠠ᠂ ᠦᠪᠦᠷ ᠮᠤᠩᠭᠤᠯ | ᠯᠠᠪᠳᠠᠶ᠎ᠠ ᠪᠠᠶᠢᠭᠠᠯᠢ ᠶᠢᠨ ᠵᠢᠮ᠎ᠡ ᠶᠤᠰᠤ ᠲᠠᠢ ᠨᠡᠶᠢᠴᠡᠭᠰᠡᠨ᠂ ᠤᠷᠤᠨ ᠨᠤᠳᠤᠭ ᠤᠨ ᠦᠪᠡᠷᠮᠢᠴᠡ ᠤᠨᠴᠠᠯᠢᠭ ᠲᠠᠢ ᠠᠮᠢ | ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢᠨ ᠰᠢᠨ᠎ᠡ ᠵᠠᠮ ᠢ ᠨᠡᠭᠡᠭᠡᠬᠦ ᠶᠤᠮ᠃ |