| | | ᠪᠤᠭᠤᠲᠤ ᠠᠴᠠ ᠢᠷᠭᠠᠢ ᠬᠦᠷᠬᠦ ᠥᠨᠳᠥᠷ ᠬᠤᠷᠳᠤᠴᠠᠲᠤ ᠲᠡᠮᠦᠷ ᠵᠠᠮ ᠪᠣᠯ ᠪᠡᠭᠡᠵᠢᠩ ᠬᠥᠬᠡᠬᠤᠲᠠ ᠢᠷᠭᠠᠢ | ᠯᠠᠨᠵᠧᠦ ᠶᠢᠨ ᠶᠡᠭᠡ ᠨᠡᠪᠲᠡᠷᠡᠯ ᠵᠠᠮ ᠤᠨ ᠴᠢᠬᠤᠯᠠ ᠪᠦᠷᠢᠯᠳᠦᠬᠦᠨ ᠬᠡᠰᠡᠭ ᠮᠥᠨ᠂ ᠡᠨᠡ ᠬᠡᠰᠡᠭ ᠲᠡᠮᠦᠷ ᠵᠠᠮ ᠤᠨ | ᠪᠦᠲᠦᠭᠡᠨ ᠪᠠᠶᠢᠭᠤᠯᠤᠯᠲᠠ ᠶᠢ ᠡᠬᠢᠯᠡᠭᠦᠯᠦᠭᠰᠡᠨ ᠶᠠᠪᠤᠳᠠᠯ ᠨᠢ ︽13·5︾ ᠶᠢᠨ ᠲᠥᠯᠥᠪᠵᠢᠭᠦᠯᠭᠡ ᠶᠢᠨ | ᠰᠡᠭᠦᠯᠴᠢ ᠳᠤ ᠪᠡᠭᠡᠵᠢᠩ ᠬᠥᠬᠡᠬᠤᠲᠠ ᠢᠷᠭᠠᠢ ᠯᠠᠨᠵᠧᠦ ᠶᠢ ᠬᠤᠯᠪᠣᠵᠤ᠂ ᠬᠥᠬᠡᠬᠤᠲᠠ ᠪᠤᠭᠤᠲᠤ ᠤᠷᠳᠤᠰ ᠤᠨ ᠠᠵᠤ | ᠠᠬᠤᠶ ᠶᠢᠨ ᠣᠷᠣᠨ᠂ ᠨᠢᠩᠰᠢᠶᠠ ᠶᠢᠨ ᠬᠠᠲᠤᠨ ᠭᠤᠣᠯ ᠳᠠᠭᠠᠤ ᠠᠵᠤ ᠠᠬᠤᠶ ᠶᠢᠨ ᠣᠷᠣᠨ᠂ ᠯᠠᠨᠵᠸᠦ ᠶᠢᠨ ᠪᠠᠶ | ᠶᠢᠨ ᠠᠵᠤ ᠠᠬᠤᠶ ᠶᠢᠨ ᠣᠷᠣᠨ ᠤ ᠬᠤᠯᠪᠣᠯᠳᠤᠭᠤᠯᠤᠨ ᠬᠥᠭᠵᠢᠭᠦᠯᠬᠦ ᠶᠢ ᠠᠬᠢᠭᠤᠯᠵᠤ᠂ ᠪᠠᠷᠠᠭᠤᠨ ᠣᠷᠣᠨ ᠢ | ᠶᠡᠬᠡᠪᠡᠷ ᠨᠡᠭᠡᠭᠡᠨ ᠬᠥᠭᠵᠢᠭᠦᠯᠬᠦ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠪᠠᠶᠠᠨᠬᠤᠲᠠ ᠠᠴᠠ ᠢᠷᠭᠠᠢ | ᠬᠦᠷᠬᠦ ᠥᠨᠳᠥᠷ ᠬᠤᠷᠳᠤᠴᠠᠲᠤ ᠲᠡᠮᠦᠷ ᠵᠠᠮ ᠪᠣᠯ ᠤᠯᠤᠰ ᠤᠨ ︽ᠨᠢᠭᠡ ᠪᠦᠰᠡ ᠨᠢᠭᠡ ᠵᠠᠮ︾ ᠤᠨ ᠪᠠᠶᠢᠯᠳᠤᠬᠤ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠣᠷᠣᠨ ᠪᠦᠰᠡ ᠶᠢᠨ ᠠᠵᠤ ᠠᠬᠤᠶ ᠶᠢ ᠬᠠᠮᠵᠢᠯᠴᠠᠨ | ᠬᠥᠭᠵᠢᠭᠦᠯᠬᠦ ᠶᠢ ᠰᠦᠪᠡᠭᠴᠢᠯᠡᠬᠦ ᠪᠣᠳᠠᠲᠤ ᠠᠵᠢᠯᠯᠠᠭ᠎ᠠ ᠪᠠ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠪᠣᠯᠣᠨ᠎ᠠ᠃ | 10 ᠳ᠋ᠤᠭᠠᠷ ᠰᠠᠷ᠎ᠠ ᠶᠢᠨ 17 ᠤ ᠡᠳᠦᠷ ᠤᠨ ᠦᠳᠡ ᠶᠢᠨ ᠬᠤᠶᠢᠨ᠎ᠠ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠵᠠᠰᠠᠭ ᠤᠨ ᠣᠷᠳᠣᠨ ᠨᠢ ᠨᠢᠩᠰᠢᠶᠠ ᠶᠢᠨ ᠬᠤᠲᠣᠩ ᠦᠨᠳᠦᠰᠦᠲᠡᠨ ᠤ ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠣᠷᠳᠣᠨ ᠤ ᠲᠥᠯᠥᠭᠡᠯᠡᠭᠴᠢᠳ ᠤᠨ ᠪᠦᠯᠬᠦᠮ ᠲᠠᠢ ᠬᠥᠬᠡᠬᠤᠲᠠ ᠳᠤ ᠶᠠᠷᠢᠯᠴᠠᠬᠤ ᠬᠤᠷᠠᠯ | ᠬᠢᠵᠦ᠂ ᠪᠤᠭᠤᠲᠤ ᠠᠴᠠ ᠢᠷᠭᠠᠢ ᠬᠦᠷᠬᠦ ᠥᠨᠳᠥᠷ ᠬᠤᠷᠳᠤᠴᠠᠲᠤ ᠲᠡᠮᠦᠷ ᠵᠠᠮ᠂ ᠪᠠᠶᠠᠨᠬᠤᠲᠠ ᠠᠴᠠ ᠢᠷᠭᠠᠢ ᠬᠦᠷᠬᠦ | ᠥᠨᠳᠥᠷ ᠬᠤᠷᠳᠤᠴᠠᠲᠤ ᠲᠡᠮᠦᠷ ᠵᠠᠮ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠬᠤᠶᠠᠷ | ᠲᠠᠯ᠎ᠠ ᠪᠠᠷ ᠢᠶᠠᠨ ᠰᠠᠨᠠᠯ ᠨᠢᠭᠡᠳᠴᠦ᠂ ᠢᠷᠡᠬᠦ ᠵᠢᠯ ᠤᠨ ᠳᠡᠭᠡᠷ᠎ᠡ ᠬᠠᠭᠠᠰ ᠵᠢᠯ ᠳᠤ ᠪᠤᠭᠤᠲᠤ ᠠᠴᠠ ᠢᠷᠭᠠᠢ ᠬᠦᠷᠬᠦ | ᠥᠨᠳᠥᠷ ᠬᠤᠷᠳᠤᠴᠠᠲᠤ ᠲᠡᠮᠦᠷ ᠵᠠᠮ ᠢ ᠠᠵᠢᠯ ᠡᠬᠢᠯᠡᠭᠦᠯᠦᠨ ᠪᠥᠳᠥᠭᠡᠨ ᠪᠠᠶᠢᠭᠤᠯᠬᠤ ᠪᠠᠷ ᠴᠢᠷᠮᠠᠶᠢᠨ᠎ᠠ᠃ | ᠪᠤᠭᠤᠲᠤ ᠠᠴᠠ ᠢᠷᠭᠠᠢ ᠬᠦᠷᠬᠦ ᠥᠨᠳᠥᠷ ᠬᠤᠷᠳᠤᠴᠠᠲᠤ ᠲᠡᠮᠦᠷ ᠵᠠᠮ᠂ ᠪᠠᠶᠠᠨᠬᠤᠲᠠ ᠠᠴᠠ ᠢᠷᠭᠠᠢ ᠬᠦᠷᠬᠦ | ᠥᠨᠳᠥᠷ ᠬᠤᠷᠳᠤᠴᠠᠲᠤ ᠲᠡᠮᠦᠷ ᠵᠠᠮ ᠢ ᠪᠦᠲᠦᠭᠡᠨ ᠪᠠᠶᠢᠭᠤᠯᠬᠤ ᠨᠢ᠂ ᠥᠪᠥᠷ ᠮᠣᠩᠭᠤᠯ ᠪᠣᠯᠤᠨ ᠨᠢᠩᠰᠢᠶᠠ ᠶᠢᠨ | ᠲᠤᠰ ᠲᠤᠰ ᠤᠨ ᠬᠥᠭᠵᠢᠯᠲᠡ ᠵᠢᠴᠢ ᠥᠪᠥᠷ ᠮᠣᠩᠭᠤᠯ ᠨᠢᠩᠰᠢᠶᠠ ᠶᠢᠨ ᠨᠡᠩ ᠨᠢᠭᠲᠠ ᠬᠠᠮᠲᠤᠷᠠᠨ ᠠᠵᠢᠯᠯᠠᠬᠤ ᠳᠤ | ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠂ ᠵᠠᠮ ᠳᠠᠭᠠᠤ ᠬᠤᠳᠠ ᠶᠢ ᠳᠠᠶᠢᠴᠢᠯᠠᠨ ᠵᠡᠭᠦᠨ ᠬᠡᠰᠡᠭ ᠤᠨ | ᠬᠥᠭᠵᠢᠭᠰᠡᠨ ᠭᠠᠵᠠᠷ ᠣᠷᠣᠨ ᠤ ᠠᠵᠤ ᠦᠢᠯᠡᠰ ᠤᠨ ᠰᠢᠯᠵᠢᠯᠲᠡ ᠶᠢ ᠨᠡᠩ ᠰᠠᠶᠢᠨ ᠬᠦᠯᠢᠶᠡᠨ ᠠᠪᠴᠤ᠂ ᠬᠤᠶᠠᠷ | ᠣᠷᠣᠨ ᠤ ᠠᠷᠠᠳ ᠢᠷᠭᠡᠳ ᠲᠤ ᠠᠰᠢᠭ ᠬᠦᠷᠲᠡᠭᠡᠬᠦ ᠳᠤ ᠠᠰᠢᠭᠲᠠᠢ ᠶᠤᠮ᠃ | ᠪᠡᠭᠡᠵᠢᠩ ᠬᠥᠬᠡᠬᠤᠲᠠ ᠢᠷᠭᠠᠢ ᠯᠠᠨᠵᠧᠦ ᠪᠣᠯ ᠤᠯᠤᠰ ᠤᠨ ᠥᠨᠳᠥᠷ ᠬᠤᠷᠳᠤᠴᠠᠲᠤ ᠲᠡᠮᠦᠷ ᠵᠠᠮ ᠤᠨ ᠲᠣᠣᠷ | ᠤᠨ ︽ᠨᠠᠢᠮᠠᠨ ᠭᠤᠯᠳᠤ ᠨᠠᠢᠮᠠᠨ ᠬᠥᠨᠳᠡᠯᠡᠨ︾ ᠤ ᠳᠣᠲᠣᠷᠠᠬᠢ ᠴᠢᠬᠤᠯᠠ ︽ᠨᠢᠭᠡ ᠬᠥᠨᠳᠡᠯᠡᠨ︾ ᠪᠣᠯᠣᠨ᠎ᠠ᠂ | ᠪᠤᠭᠤᠲᠤ ᠠᠴᠠ ᠢᠷᠭᠠᠢ ᠬᠦᠷᠬᠦ ᠥᠨᠳᠥᠷ ᠬᠤᠷᠳᠤᠴᠠᠲᠤ ᠲᠡᠮᠦᠷ ᠵᠠᠮ ᠪᠣᠯ ᠪᠡᠭᠡᠵᠢᠩ ᠬᠥᠬᠡᠬᠤᠲᠠ ᠢᠷᠭᠠᠢ | ᠯᠠᠨᠵᠧᠦ ᠶᠢᠨ ᠶᠡᠭᠡ ᠨᠡᠪᠲᠡᠷᠡᠯ ᠵᠠᠮ ᠤᠨ ᠴᠢᠬᠤᠯᠠ ᠪᠦᠷᠢᠯᠳᠦᠬᠦᠨ ᠬᠡᠰᠡᠭ ᠮᠥᠨ᠂ ᠣᠳᠣᠬᠠᠨ ᠳᠤ᠂ ᠪᠡᠭᠡᠵᠢᠩ ᠠᠴᠠ | ᠴᠢᠭᠤᠯᠤᠯᠲᠤ ᠬᠠᠭᠠᠯᠭ᠎ᠠ ᠬᠦᠷᠬᠦ ᠬᠡᠰᠡᠭ᠂ ᠴᠢᠭᠤᠯᠤᠯᠲᠤ ᠬᠠᠭᠠᠯᠭ᠎ᠠ ᠠᠴᠠ ᠬᠥᠬᠡᠬᠤᠲᠠ ᠬᠦᠷᠬᠦ ᠬᠡᠰᠡᠭ᠂ | ᠢᠷᠭᠠᠢ ᠠᠴᠠ ᠡᠦ ᠵᠦᠩ ᠬᠦᠷᠬᠦ ᠬᠡᠰᠡᠭ᠂ ᠡᠦ ᠵᠦᠩ ᠠᠴᠠ ᠵᠦᠩ ᠸᠧᠢ ᠬᠦᠷᠬᠦ ᠬᠡᠰᠡᠭ ᠴᠥᠮ ᠨᠢᠭᠡᠨᠲᠡ ᠠᠵᠢᠯ | ᠡᠬᠢᠯᠡᠭᠦᠯᠦᠨ ᠪᠦᠳᠦᠭᠡᠨ ᠪᠠᠶᠢᠭᠤᠯᠪᠠ᠂ ᠬᠥᠬᠡᠬᠤᠲᠠ ᠠᠴᠠ ᠪᠤᠭᠤᠲᠤ ᠬᠦᠷᠬᠦ ᠬᠡᠰᠡᠭ ᠲᠤ ᠨᠢᠭᠡᠨᠲᠡ 200 | ᠺᠢᠯᠣᠮᠧᠲᠷ \ ᠴᠠᠭ ᠤᠨ ᠬᠦᠳᠡᠯᠭᠡᠬᠦ ᠬᠦᠴᠦᠨ ᠤ ᠭᠠᠯ ᠲᠡᠷᠭᠡ ᠠᠶᠠᠯᠠᠬᠤ ᠪᠣᠯᠵᠤ᠂ ᠵᠦᠩ ᠸᠧᠢ ᠠᠴᠠ ᠯᠠᠨᠵᠧᠦ | ᠬᠦᠷᠬᠦ ᠥᠨᠳᠥᠷ ᠬᠤᠷᠳᠤᠴᠠᠲᠤ ᠲᠡᠮᠦᠷ ᠵᠠᠮ ᠢ ᠨᠢᠭᠡᠨᠲᠡ ᠳᠤᠮᠳᠠᠳᠤ ᠤᠯᠤᠰ ᠤᠨ ᠲᠡᠮᠦᠷ ᠵᠠᠮ ᠤᠨ ᠶᠡᠷᠦᠩᠬᠡᠶ | ᠺᠣᠮᠫᠠᠨᠢ ᠶᠢᠨ 2016 ᠣᠨ ᠤ ᠠᠵᠢᠯ ᠡᠬᠢᠯᠡᠭᠦᠯᠬᠦ ᠲᠥᠯᠥᠪᠯᠡᠭᠡ ᠶᠢᠨ ᠲᠥᠷᠥᠯ ᠵᠦᠢᠯ ᠳᠤ ᠣᠷᠣᠭᠤᠯᠤᠭᠠᠳ᠂ | ᠪᠤᠭᠤᠲᠤ ᠠᠴᠠ ᠢᠷᠭᠠᠶ ᠬᠦᠷᠬᠦ ᠬᠡᠰᠡᠭ ᠢ ᠯᠡ ᠪᠠᠶᠢᠭᠤᠯᠤᠭᠠᠳᠤᠢ ᠪᠠᠶᠢᠭᠰᠠᠭᠠᠷ ᠪᠠᠶᠢᠵᠤ᠂ ᠪᠡᠭᠡᠵᠢᠩ ᠬᠥᠬᠡᠬᠤᠲᠠ | ᠢᠷᠭᠠᠢ ᠯᠠᠨᠵᠧᠦ ᠶᠡᠭᠡ ᠨᠡᠪᠲᠡᠷᠡᠯ ᠵᠠᠮ ᠤᠨ ᠪᠣᠭᠤᠮᠢ ᠪᠣᠯᠵᠤ ᠪᠠᠶᠢᠨ᠎ᠠ᠃ | ᠪᠠᠶᠠᠨᠬᠤᠲᠠ ᠠᠴᠠ ᠢᠷᠭᠠᠢ ᠬᠦᠷᠬᠦ ᠥᠨᠳᠥᠷ ᠬᠤᠷᠳᠤᠴᠠᠲᠤ ᠲᠡᠮᠦᠷ ᠵᠠᠮ ᠤᠨ ᠪᠦᠬᠦ ᠣᠷᠳᠣ ᠨᠢ ᠪᠠᠷᠤᠭ 91 | ᠺᠢᠯᠣᠮᠧᠲᠷ ᠪᠠᠶᠢᠵᠤ᠂ ᠡᠭᠦᠨ ᠳᠤ ᠥᠪᠥᠷ ᠮᠣᠩᠭᠤᠯ ᠤᠨ ᠬᠢᠯᠢ ᠳᠣᠲᠣᠷ᠎ᠠ 61 ᠺᠢᠯᠣᠮᠧᠲᠷ᠂ ᠨᠢᠩᠰᠢᠶᠠ ᠶᠢᠨ ᠬᠢᠯᠢ | ᠳᠣᠲᠣᠷ᠎ᠠ 30 ᠺᠢᠯᠣᠮᠧᠲᠷ ᠪᠠᠶᠢᠨ᠎ᠠ᠃ ᠪᠠᠶᠠᠨᠬᠤᠲᠠ ᠪᠠ ᠢᠷᠭᠠᠢ ᠬᠤᠳᠠ ᠶᠢᠨ ᠰᠢᠯᠤᠭᠤᠨ ᠵᠠᠶ ᠨᠢ 60 ᠺᠢᠯᠣᠮᠧᠲᠷ | ᠬᠦᠷᠲᠡᠭ ᠦᠭᠡᠶ᠂ ᠪᠠᠶᠠᠨᠬᠤᠲᠠ ᠠᠴᠠ ᠢᠷᠭᠠᠢ ᠬᠦᠷᠬᠦ ᠲᠡᠮᠦᠷ ᠵᠠᠮ ᠤᠨ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠨᠢ ᠥᠪᠥᠷ ᠮᠣᠩᠭᠤᠯ ᠤᠨ ᠪᠤᠶ ᠪᠦᠬᠦᠢ ᠠᠶᠢᠮᠠᠭ ᠬᠤᠳᠠ ᠶᠢᠨ ᠲᠥᠪ ᠤᠨ ᠰᠠᠭᠤᠭ᠎ᠠ ᠭᠠᠵᠠᠷ ᠴᠥᠮ | ᠭᠠᠯᠲᠤ ᠲᠡᠷᠭᠡ ᠨᠡᠪᠲᠡᠷᠡᠭᠦᠯᠬᠦ ᠶᠢ ︽ᠪᠦᠬᠦᠨ ᠢ ᠪᠦᠷᠬᠦᠭᠦᠯᠵᠦ︾᠂ ᠣᠷᠴᠢᠨ ᠵᠣᠷᠴᠢᠬᠤ ᠬᠥᠮᠥᠰ ᠣᠶᠢᠷ᠎ᠠ | ᠬᠠᠪᠢ ᠳᠠᠭᠠᠨ ᠤᠯᠤᠰ ᠤᠨ ᠥᠨᠳᠥᠷ ᠬᠤᠷᠳᠤᠴᠠᠲᠤ ᠲᠡᠮᠦᠷ ᠵᠠᠮ ᠢᠶᠠᠷ ᠠᠶᠠᠯᠠᠵᠤ ᠪᠣᠯᠬᠤ ᠪᠠᠷ ᠪᠠᠷᠠᠬᠤ ᠦᠭᠡᠢ ᠪᠠᠰᠠ | ᠬᠦᠬᠡᠬᠤᠲᠠ ᠪᠤᠭᠤᠲᠤ ᠢᠷᠭᠠᠢ ᠶᠢᠨ ᠠᠶᠠᠨᠴᠢᠨ ᠤ ᠵᠥᠭᠡᠭᠡᠪᠦᠷᠢ ᠶᠢᠨ ᠲᠡᠮᠥᠷ ᠵᠠᠮ ᠤᠨ ᠲᠣᠣᠷ ᠤᠨ ᠪᠦᠲᠦᠴᠡ ᠶᠢ | ᠪᠦᠷᠢᠨᠰᠢᠭᠦᠯᠬᠦ ᠪᠣᠯᠣᠨ᠎ᠠ᠃ ᠣᠳᠣᠬᠠᠨ ᠳᠤ᠂ ᠪᠠᠶᠠᠨᠬᠤᠲᠠ ᠠᠴᠠ ᠢᠷᠭᠠᠢ ᠬᠦᠷᠬᠦ ᠲᠡᠮᠦᠷ ᠵᠠᠮ ᠵᠢᠴᠢ ᠵᠠᠩᠭᠢᠯᠠᠭ᠎ᠠ ᠶᠢᠨ | ᠬᠠᠮᠢᠶ᠎ᠠ ᠪᠦᠬᠦᠢ ᠪᠠᠷᠢᠯᠭ᠎ᠠ ᠶᠢ ᠬᠠᠶᠢᠨ ᠪᠠᠶᠢᠴᠠᠭᠠᠬᠤ᠂ ᠵᠢᠷᠤᠵᠤ ᠲᠥᠯᠥᠪᠯᠡᠬᠦ ᠠᠵᠢᠯ ᠨᠢᠭᠡᠨᠲᠡ ᠪᠦᠬᠦ ᠲᠠᠯ᠎ᠠ ᠪᠠᠷ | ᠡᠬᠢᠯᠡᠪᠡ᠃ | |