ᠲᠦᠷᠦᠭᠦᠦ ᠭᠤᠷᠪᠠᠨ ᠤᠯᠠᠷᠢᠯ ᠳᠤ ᠪᠦᠬᠦ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 12690.14 ᠳ᠋ᠦᠩᠰᠢᠭᠤᠷ ᠲᠥᠭᠦᠷᠢᠭ ᠲᠤ ᠬᠦᠷᠪᠡ
ᠨᠡᠶᠢᠲᠡᠯᠡᠭᠰᠡᠨ ᠴᠠᠭ᠄
2016/10/21
      10 ᠳ᠋ᠤᠭᠠᠷ ᠰᠠᠷ᠎ᠠ ᠶᠢᠨ 20᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠳᠡᠳ᠋ ᠲᠣᠪᠴᠢᠶᠠᠨ ᠳᠠᠷᠤᠭ᠎ᠠ᠂ ᠰᠣᠨᠢᠨ ᠮᠡᠳᠡᠭᠡ ᠶᠢᠨ ᠥᠭᠦᠯᠡᠭᠴᠢ ᠹᠠᠨ ᡁᠢ ᠹᠧᠩ ᠢ ᠤᠷᠢᠵᠤ 2016 ᠣᠨ ᠤ ᠲᠦᠷᠦᠭᠦᠦ ᠭᠤᠷᠪᠠᠨ ᠤᠯᠠᠷᠢᠯ ᠤᠨ ᠥᠪᠥᠷ ᠮᠣᠩᠭᠤᠯ ᠤᠨ ᠠᠵᠤ ᠠᠬᠤᠶ ᠶᠢᠨ ᠠᠵᠢᠯᠯᠠᠭᠠᠨ ᠤ ᠶᠡᠷᠦᠩᠬᠡᠶ ᠪᠠᠶᠢᠳᠠᠯ ᠢ ᠨᠡᠶᠢᠲᠡᠯᠡᠭᠦᠯᠦᠭᠰᠡᠨ ᠪᠦᠭᠡᠳ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠬᠠᠯᠠᠮᠰᠢᠯ ᠠᠰᠠᠭᠤᠳᠠᠯ ᠤᠨ ᠲᠤᠬᠠᠢ ᠰᠤᠷᠪᠤᠯᠵᠢᠯᠠᠭᠴᠢ ᠶᠢᠨ ᠠᠰᠠᠭᠤᠯᠲᠠ ᠳᠤ ᠬᠠᠷᠢᠭᠤᠯᠲᠠ ᠥᠭᠪᠡ ᠃      ᠡᠨᠡ ᠵᠢᠯ ᠠᠴᠠ ᠨᠠᠰᠢ᠂ ᠤᠯᠤᠰ ᠤᠨ ᠳᠣᠲᠣᠭᠠᠳᠤ ᠭᠠᠳᠠᠭᠠᠳᠤ ᠶᠢᠨ ᠲᠦᠪᠡᠭ ᠪᠤᠳᠤᠯᠢᠶᠠᠨᠲᠠᠶ ᠪᠠᠶᠢᠳᠠᠯ ᠪᠣᠯᠤᠨ ᠦᠷᠭᠦᠯᠵᠢᠯᠡᠨ ᠨᠡᠮᠡᠭᠳᠡᠵᠦ ᠪᠠᠶᠢᠭ᠎ᠠ ᠠᠵᠤ ᠠᠬᠤᠶ ᠪᠠᠭᠤᠷᠠᠬᠤ ᠳᠠᠷᠤᠯᠲᠠ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪ ᠤᠳᠤᠷᠢᠳᠤᠯᠭ᠎ᠠ ᠳᠣᠣᠷ᠎ᠠ᠂ ᠥᠪᠥᠷ ᠮᠣᠩᠭᠤᠯ ᠤᠨ ᠡᠯ᠎ᠡ ᠭᠠᠵᠠᠷ ︽ᠰᠢᠨ᠎ᠡ ᠶᠢ ᠡᠭᠦᠳᠬᠦ᠂ ᠵᠣᠬᠢᠴᠠᠩᠭᠤᠢ᠂ ᠪᠣᠬᠢᠷᠲᠤᠯ ᠦᠭᠡᠢ᠂ ᠨᠡᠭᠡᠭᠡᠯᠳᠡ ᠲᠠᠢ ᠪᠦᠭᠡᠳ ᠬᠠᠮᠲᠤ ᠪᠠᠷ ᠬᠦᠷᠲᠡᠬᠦ︾ ᠵᠡᠷᠭᠡ ᠲᠠᠪᠤᠨ ᠶᠡᠭᠡ ᠬᠥᠭᠵᠢᠯᠲᠡ ᠶᠢᠨ ᠣᠨᠤᠯᠵᠢᠬᠤᠨ ᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠬᠡᠪ ᠪᠠᠶᠢᠳᠠᠯ ᠳᠤ ᠰᠠᠨᠠᠭᠠᠴᠢᠯᠠᠭ᠎ᠠ ᠠᠴᠠ ᠪᠠᠨ ᠵᠣᠬᠢᠴᠠᠨ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠲᠥᠷᠭᠡᠳᠬᠡᠨ ᠠᠬᠢᠭᠤᠯᠵᠤ᠂ ︽ᠭᠤᠷᠪᠠ ᠶᠢ ᠦᠭᠡᠶᠢᠰᠬᠡᠨ ᠨᠢᠭᠡ ᠶᠢ ᠪᠠᠭᠤᠷᠠᠭᠤᠯᠤᠨ ᠨᠢᠭᠡ ᠶᠢ ᠨᠥᠬᠦᠪᠥᠷᠢᠯᠡᠬᠦ︾᠎ ᠳᠤ ᠪᠣᠳᠠᠲᠤ ᠦᠷ᠎ᠡ ᠪᠦᠲᠦᠮᠵᠢ ᠣᠯᠵᠤ᠂ ᠰᠢᠨ᠎ᠡ ᠪᠠᠷ ᠪᠤᠢ ᠪᠣᠯᠤᠭᠰᠠᠨ ᠬᠥᠳᠡᠯᠭᠡᠭᠴᠢ ᠬᠦᠴᠦᠨ ᠦᠷᠭᠦᠯᠵᠢᠯᠡᠨ ᠬᠤᠷᠠᠮᠳᠤᠵᠤ᠂ ᠥᠪᠥᠷ ᠮᠣᠩᠭᠤᠯ ᠤᠨ ᠠᠵᠤ ᠠᠬᠤᠢ ᠶᠢᠨ ᠬᠦᠭᠵᠢᠯᠲᠡ ᠶᠡᠷᠦᠩᠬᠡᠶ ᠳᠡᠭᠡᠨ ᠲᠣᠭᠳᠠᠭᠤᠨ ᠪᠠᠶᠢᠵᠤ᠂ ᠮᠦᠨᠬᠦ ᠵᠦᠶ ᠵᠣᠬᠢᠰᠲᠠᠶ ᠣᠷᠣᠨ ᠪᠠᠶᠢᠷᠢᠨ ᠳᠤ ᠶᠠᠪᠤᠭᠳᠠᠵᠤ ᠪᠠᠶᠢᠨ᠎ᠠ᠃      ᠠᠩᠬ᠎ᠠ ᠲᠣᠭᠠᠴᠠᠭᠠᠯᠲᠠ ᠶᠢ ᠦᠨᠳᠦᠰᠦᠯᠡᠪᠡᠯ᠂ ᠲᠦᠷᠦᠭᠦᠦ ᠭᠤᠷᠪᠠᠨ ᠤᠯᠠᠷᠢᠯ ᠳᠤ ᠪᠦᠬᠦ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 12690.14 ᠳ᠋ᠦᠩᠰᠢᠭᠤᠷ ᠲᠥᠭᠦᠷᠢᠭ ᠲᠤ ᠬᠦᠷᠴᠦ᠂ ᠬᠠᠷᠢᠴᠠᠭᠤᠯᠵᠤ ᠪᠣᠯᠬᠤ ᠦᠨ᠎ᠡ ᠪᠠᠷ ᠪᠤᠳᠤᠪᠠᠯ᠂ ᠦᠩᠭᠡᠷᠡᠭᠰᠡᠨ ᠵᠢᠯ ᠤᠨ ᠠᠳᠠᠯᠢ ᠬᠤᠭᠤᠴᠠᠭᠠᠨ ᠤ ᠬᠢ ᠠᠴᠠ 7.1%᠎ ᠪᠠᠷ ᠨᠡᠮᠡᠭᠳᠡᠵᠦ᠂ ᠳᠡᠭᠡᠷ᠎ᠡ ᠬᠠᠭᠠᠰ ᠵᠢᠯ ᠤᠨ ᠬᠢ ᠲᠠᠢ ᠲᠡᠩᠴᠡᠵᠦ᠂ ᠪᠦᠬᠦ ᠤᠯᠤᠰ ᠤᠨ ᠳᠤᠮᠳᠠᠴᠢ ᠨᠡᠮᠡᠭᠳᠡᠯ ᠤᠨ ᠬᠤᠷᠳᠤᠴᠠ ᠠᠴᠠ 0.4 ᠵᠠᠭᠤᠨ ᠤ ᠴᠡᠭ ᠦᠨᠳᠦᠷ ᠪᠠᠶᠢᠨ᠎ᠠ᠃ ᠠᠵᠤ ᠦᠢᠯᠡᠰ ᠢᠶᠠᠷ ᠨᠢ ᠬᠤᠪᠢᠶᠠᠷᠢᠯᠠᠪᠠᠯ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠳᠡᠭ ᠨᠢ 648.77 ᠳ᠋ᠦᠩᠰᠢᠭᠤᠷ ᠲᠥᠭᠦᠷᠢᠭ ᠲᠤ ᠬᠦᠷᠴᠦ᠂ ᠦᠩᠭᠡᠷᠡᠭᠰᠡᠨ ᠵᠢᠯ ᠤᠨ ᠠᠳᠠᠯᠢ ᠬᠤᠭᠤᠴᠠᠭᠠᠨ ᠤ ᠬᠢ ᠠᠴᠠ 2.5%᠎ ᠪᠠᠷ ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠨᠡᠮᠡᠭᠳᠡᠯ ᠦᠷᠲᠡᠭ ᠨᠢ 6356.15 ᠳ᠋ᠦᠩᠰᠢᠭᠤᠷ ᠲᠥᠭᠦᠷᠢᠭ ᠲᠤ ᠬᠦᠷᠴᠦ᠂ 7.1%᠎ ᠪᠠᠷ ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠦᠷᠲᠡᠭ ᠨᠢ 5685.22 ᠳ᠋ᠦᠩᠰᠢᠭᠤᠷ ᠲᠥᠭᠦᠷᠢᠭ ᠎ ᠲᠤ ᠬᠦᠷᠴᠦ᠂ 7.6%᠎ ᠪᠠᠷ ᠨᠡᠮᠡᠭᠳᠡᠪᠡ᠃ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠨᠢ ᠡᠨᠡ ᠵᠢᠯ ᠠᠴᠠ ᠨᠠᠰᠢ ᠠᠩᠬ᠎ᠠ ᠤᠳᠠᠭ᠎ᠠ ᠬᠤᠶᠠᠳᠤᠭᠠᠷ ᠠᠵᠤ ᠦᠢᠯᠡᠰ ᠤᠨ ᠨᠡᠮᠡᠭᠳᠡᠯ ᠤᠨ ᠬᠤᠷᠳᠤᠴᠠ ᠠᠴᠠ ᠳᠠᠪᠠᠪᠠ᠃ ᠠᠵᠤ ᠦᠢᠯᠡᠰ ᠤᠨ ᠪᠦᠲᠦᠴᠡ ᠦᠷᠭᠦᠯᠵᠢᠯᠡᠨ ᠰᠢᠯᠢᠳᠡᠭᠵᠢᠵᠦ᠂ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠦᠷᠲᠡᠭ ᠤᠨ ᠪᠦᠬᠦ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ ᠲᠠᠬᠢ ᠡᠵᠡᠯᠡᠬᠦ ᠬᠤᠪᠢ ᠶᠢᠨ ᠵᠢᠩ ᠨᠢ 44%᠎ ᠳᠤ ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 2.5 ᠵᠠᠭᠤᠨ ᠤ ᠴᠡᠭ ᠳᠡᠭᠡᠭᠰᠢᠯᠡᠪᠡ᠃      ᠲᠦᠷᠦᠭᠦᠦ ᠭᠤᠷᠪᠠᠨ ᠤᠯᠠᠷᠢᠯ ᠳᠤ᠂ ᠥᠪᠥᠷ ᠮᠣᠩᠭᠤᠯ ᠤᠨ ᠠᠵᠤ ᠠᠬᠤᠶ ᠶᠡᠷᠦᠩᠬᠡᠶ ᠳᠡᠭᠡᠨ ᠲᠣᠭᠲᠠᠭᠤᠨ ᠪᠠᠶᠢᠬᠤ᠂ ᠲᠣᠭᠲᠠᠭᠤᠨ ᠳᠤᠮᠳᠠ ᠴᠢᠨᠠᠷ ᠳᠡᠭᠡᠭᠰᠢᠯᠡᠬᠦ᠂ ᠶᠠᠰᠤ ᠴᠢᠨᠠᠷ ᠦᠷ᠎ᠡ ᠪᠦᠲᠦᠮᠵᠢ ᠵᠡᠷᠭᠡᠪᠡᠷ ᠨᠡᠮᠡᠭᠳᠡᠬᠦ ᠬᠦᠭᠵᠢᠯᠲᠡ ᠶᠢᠨ ᠬᠠᠨᠳᠤᠰᠢ ᠲᠠᠢ ᠪᠣᠯᠪᠠ᠃ ᠳᠠᠷᠠᠭᠠᠴᠢ ᠶᠢᠨ ᠱᠠᠲᠤᠨ ᠳᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠦᠷᠭᠦᠯᠵᠢᠯᠡᠨ ᠡᠷᠡᠰ ᠭᠤᠶᠢᠪᠢᠰᠢ ᠦᠭᠡᠢ ᠪᠠᠷ ᠲᠦᠯᠬᠢᠨ ᠠᠬᠢᠭᠤᠯᠵᠤ᠂ ᠬᠦᠳᠡᠯᠭᠡᠭᠴᠢ ᠬᠦᠴᠦᠨ ᠢ ᠬᠤᠪᠢᠷᠠᠭᠤᠯᠬᠤ ᠶᠠᠪᠤᠴᠠ ᠳᠤ ᠪᠦᠲᠦᠴᠡ ᠪᠠᠨ ᠰᠢᠯᠢᠳᠡᠭᠵᠢᠭᠦᠯᠦᠨ᠂ ᠥᠪᠡᠷᠲᠡᠭᠡᠨ ᠵᠠᠰᠠᠬᠤ ᠣᠷᠣᠨ ᠤ ᠨᠠᠮᠤᠷ ᠤᠨ ᠤᠯᠠᠷᠢᠯ ᠤᠨ ᠴᠢᠬᠤᠯᠠ ᠶᠡᠭᠡ ᠲᠥᠷᠥᠯ ᠵᠦᠢᠯ ᠤᠨ ᠠᠵᠢᠯ ᠡᠬᠢᠯᠡᠭᠦᠯᠬᠦ ᠪᠦᠲᠦᠭᠡᠨ ᠪᠠᠶᠢᠭᠤᠯᠤᠯᠲᠠ ᠶᠢᠨ ᠳᠠᠶᠢᠴᠢᠯᠠᠯᠲᠠ ᠶᠢᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠶ ᠰᠠᠶᠢᠲᠤᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠣᠷᠣᠨ ᠤ ᠠᠵᠤ ᠠᠬᠤᠶ ᠶᠢᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠤᠨ᠂ ︽13·5︾᠎ ᠶᠢᠨ ᠲᠦᠯᠦᠪᠵᠢᠭᠦᠯᠭᠡ ᠶᠢ ᠰᠠᠶᠢᠨ ᠰᠠᠶᠢᠬᠠᠨ ᠡᠬᠢᠯᠡᠯᠲᠡ ᠲᠠᠢ ᠪᠣᠯᠭᠠᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号