ᠪᠦᠬᠦ ᠣᠷᠣᠨ ᠤ ᠨᠠᠮᠤᠷ ᠤᠨ ᠤᠯᠠᠷᠢᠯ ᠤᠨ ᠠᠵᠢᠯ ᠤᠯᠭᠤᠯᠲᠠ ᠶᠢᠨ ᠤᠷᠢᠵᠤ ᠡᠯᠰᠡᠬᠦ ᠬᠤᠷᠠᠯ ᠰᠦᠯᠵᠢᠶᠡᠨ ᠳᠡᠭᠡᠷ᠎ᠡ ᠪᠠ ᠰᠦᠯᠵᠢᠶᠡᠨ ᠤ ᠭᠠᠳᠠᠨ᠎ᠠ ᠬᠠᠮᠲᠤᠷᠠᠨ ᠬᠥᠳᠡᠯᠦᠯᠴᠡᠬᠦ ᠶᠢ ᠪᠡᠶᠡᠯᠡᠬᠦᠯᠪᠡ
ᠨᠡᠶᠢᠲᠡᠯᠡᠭᠰᠡᠨ ᠴᠠᠭ᠄
2016/10/24
     10 ᠳ᠋ᠤᠭᠠᠷ ᠰᠠᠷ᠎ᠠ ᠶᠢᠨ 22᠎ ᠤᠨ ᠡᠳᠦᠷ᠂ 2016 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮᠤᠷ ᠤᠨ ᠤᠯᠠᠷᠢᠯ ᠤᠨ ᠠᠵᠢᠯ ᠤᠯᠭᠤᠬᠤ ᠠᠳᠠᠯ ᠦᠢᠯᠡᠰ ᠴᠤᠭᠴᠠᠯᠠᠬᠤ ᠶᠠᠷᠢᠯᠴᠠᠬᠤ ᠬᠤᠷᠠᠯ ᠵᠢᠴᠢ ᠴᠢᠳᠠᠪᠤᠷᠢᠲᠠᠨ ᠤ ᠰᠤᠯᠢᠯᠴᠠᠭᠠᠨ ᠤ ᠶᠡᠭᠡ ᠬᠤᠷᠠᠯ ᠥᠪᠥᠷ ᠮᠣᠩᠭᠤᠯ ᠤᠨ ᠦᠵᠡᠰᠬᠦᠯᠡᠩ ᠤᠨ ᠣᠷᠳᠣᠨ ᠳᠤ ᠦᠨᠳᠦᠷᠯᠡᠪᠡ᠃ ᠲᠤᠰ ᠤᠳᠠᠭᠠᠨ ᠤ ᠤᠷᠢᠵᠤ ᠡᠯᠰᠡᠬᠦ ᠬᠤᠷᠠᠯ ᠳᠤ ᠨᠡᠶᠢᠲᠡ ᠬᠥᠮᠦᠨ ᠬᠡᠷᠡᠭᠯᠡᠬᠦ 109 ᠨᠢᠭᠡᠴᠡ ᠶᠢ ᠵᠣᠬᠢᠶᠠᠨ ᠪᠠᠶᠢᠭᠤᠯᠵᠤ᠂ 1756 ᠠᠵᠢᠯ ᠤᠨ ᠪᠠᠶᠢᠷᠢ ᠬᠠᠨᠭ᠍ᠭᠠᠪᠠ᠃ ᠪᠦᠷᠢᠳᠬᠡᠯ ᠢ ᠦᠨᠳᠦᠰᠦᠯᠡᠪᠡᠯ᠂ ᠲᠤᠰ ᠤᠳᠠᠭᠠᠨ ᠤ ᠤᠷᠢᠵᠤ ᠡᠯᠰᠡᠬᠦ ᠬᠤᠷᠠᠯ ᠤᠨ ᠬᠥᠮᠦᠨ ᠬᠡᠷᠡᠭᠯᠡᠬᠦ ᠨᠢᠬᠡᠴᠡ ᠶᠢᠨ ᠠᠵᠢᠯ ᠤᠨ ᠪᠠᠶᠢᠷᠢ ᠶᠢᠨ ᠬᠡᠷᠡᠭᠴᠡᠭᠡ ᠠᠴᠠ ᠦᠵᠡᠪᠡᠯ᠄ ᠵᠠᠬ᠎ᠠ ᠳᠡᠯᠭᠡᠭᠦᠷ ᠤᠨ ᠡᠵᠡᠩᠨᠡᠯᠲᠡ ᠪᠣᠷᠣᠯᠠᠭᠤᠯᠤᠯᠲᠠ / ᠨᠡᠶᠢᠲᠡ ᠶᠢᠨ ᠬᠠᠷᠢᠴᠠᠭ᠎ᠠ / ᠪᠤᠷᠤᠯᠠᠭᠤᠯᠭ᠎ᠠ ᠵᠡᠷᠭᠡ ᠨᠢ ᠲᠡᠷᠢᠭᠦᠨ ᠪᠠᠶᠢᠷᠢ ᠶᠢ ᠡᠵᠡᠯᠡᠵᠤ᠂ 512 ᠠᠵᠢᠯ ᠤᠨ ᠪᠠᠶᠢᠷᠢ ᠳᠤ ᠬᠦᠮᠦᠨ ᠬᠡᠷᠡᠭᠰᠡᠵᠤ᠂ ᠪᠦᠬᠦ ᠠᠵᠢᠯ ᠤᠨ ᠪᠠᠶᠢᠷᠢ ᠶᠢᠨ 29.16%᠎ ᠶᠢ ᠡᠵᠡᠯᠡᠪᠡ᠃ ᠲᠤᠰ ᠤᠳᠠᠭᠠᠨ ᠤ ᠤᠷᠢᠵᠤ ᠡᠯᠰᠡᠬᠦ ᠬᠤᠷᠠᠯ ᠨᠢ ᠰᠦᠯᠵᠢᠶᠡᠨ ᠳᠡᠭᠡᠷ᠎ᠡ ᠪᠠ ᠰᠦᠯᠵᠢᠶᠡᠨ ᠤ ᠭᠠᠳᠠᠨ᠎ᠠ ᠬᠠᠮᠲᠤᠷᠠᠨ ᠬᠥᠳᠡᠯᠦᠯᠴᠡᠬᠦ ᠶᠢ ᠪᠡᠶᠡᠯᠡᠭᠦᠯᠪᠠ᠂ ᠲᠤᠬᠠᠶᠢᠯᠠᠪᠠᠯ ᠰᠦᠯᠵᠢᠶᠡᠨ ᠳᠡᠭᠡᠷ᠎ᠡ ᠡᠯᠰᠡᠬᠦ ᠪᠠ ᠲᠤᠬᠠᠶ ᠶᠢᠨ ᠲᠠᠯᠠᠪᠠᠢ ᠳᠤ ᠡᠯᠰᠡᠬᠦ ᠶᠢ ᠬᠠᠷᠢᠯᠴᠠᠨ ᠨᠡᠪᠲᠡᠷᠡᠯᠴᠡᠭᠦᠯᠪᠡ᠃ ᠠᠵᠢᠯ ᠡᠷᠢᠬᠦ ᠬᠦᠮᠦᠰ ᠭᠠᠷ ᠤᠲᠠᠰᠤᠨ ᠳᠡᠭᠡᠷ᠎ᠡ ᠪᠠᠨ ᠬᠤᠶᠠᠷ ᠬᠡᠮᠵᠢᠯᠲᠡᠲᠦ ᠨᠤᠮᠧᠷ ᠢ ᠰᠢᠷᠪᠢᠨ᠂ ᠭᠠᠷ  ᠤᠲᠠᠰᠤ ᠪᠠᠷ ᠠᠵᠢᠯ ᠡᠷᠢᠬᠦ ᠬᠡᠷᠡᠭᠯᠡᠭᠴᠢᠳ ᠤᠨ ᠳᠠᠪᠲᠠᠭ ᠢ ᠤᠭᠰᠠᠷᠴᠤ᠂ ᠡᠯᠧᠺᠲᠷᠣᠨ ᠲᠣᠪᠴᠢ ᠨᠠᠮᠲᠠᠷ ᠵᠤᠬᠢᠶᠠᠵᠤ᠂ ᠬᠡᠷᠡᠭᠯᠡᠭᠴᠢᠳ ᠤᠨ ᠳᠠᠪᠲᠠᠭ ᠳᠡᠭᠡᠷᠡᠬᠢ ᠵᠠᠩᠭᠢᠯᠠᠭ᠎ᠠ ᠶᠢᠨ ᠦᠭᠡ ᠪᠠᠷ ᠳᠠᠮᠵᠢᠭᠤᠯᠤᠨ ᠲᠤᠰ ᠤᠳᠠᠭᠠᠨ ᠤ ᠶᠡᠭᠡ ᠬᠤᠷᠠᠯ ᠳᠤ ᠤᠷᠤᠯᠴᠠᠭᠰᠠᠨ ᠪᠤᠢ ᠪᠦᠬᠦᠢ ᠠᠵᠤ ᠠᠬᠤᠶᠢᠯᠠᠯ ᠪᠤᠯᠤᠨ ᠲᠤᠬᠢᠷᠠᠭᠰᠠᠨ ᠤᠷᠢᠵᠤ ᠬᠡᠷᠡᠭᠯᠡᠬᠦ ᠠᠵᠢᠯ ᠤᠨ ᠪᠠᠶᠢᠷᠢ ᠶᠢ ᠬᠠᠶᠢᠨ ᠤᠯᠵᠤ᠂ ᠲᠣᠪᠴᠢ ᠨᠠᠮᠲᠠᠷ ᠢᠶᠠᠨ ᠲᠦᠷᠭᠡᠨ ᠢᠯᠡᠭᠡᠨ᠎ᠡ᠃ ᠡᠭᠦᠨ ᠤ ᠬᠠᠮᠲᠤ᠂ ᠲᠤᠬᠠᠶ ᠶᠢᠨ ᠲᠠᠯᠠᠪᠠᠢ ᠶᠢᠨ ᠤᠷᠢᠵᠤ ᠡᠯᠰᠡᠬᠦ ᠬᠤᠷᠠᠯ ᠨᠢ ᠰᠦᠯᠵᠢᠶᠡᠨ ᠳᠡᠭᠡᠷ᠎ᠡ ᠨᠢᠭᠡ ᠬᠡᠰᠡᠭ ᠠᠵᠢᠯ ᠡᠷᠢᠬᠦ ᠬᠡᠲᠦ ᠳᠡᠯᠭᠡᠭᠦᠷ ᠨᠡᠭᠡᠭᠡᠵᠤ᠂ ᠰᠦᠯᠵᠢᠶ᠎ᠡ ᠪᠠᠷ ᠲᠠᠮᠵᠢᠨ ᠠᠵᠢᠯ ᠡᠷᠢᠬᠦ 7 ᠺᠣᠮᠫᠢᠦ᠋ᠲ᠋ᠧᠷ᠂ 4 ︽ᠴᠢᠳᠠᠪᠤᠷᠢᠲᠠᠨ ᠤ E ᠦᠷᠳᠡᠭᠡ︾᠂ 8 ᠰᠢᠯᠵᠢᠮᠡᠯ ᠦᠵᠦᠭᠦᠷᠯᠢᠭ ᠪᠤᠯᠤᠨ ᠭᠠᠷ ᠤᠲᠠᠰᠤᠨ ᠤ ᠠᠵᠢᠯ ᠡᠷᠢᠬᠦ ᠬᠡᠷᠡᠭᠯᠡᠭᠡᠨ ᠤ 10 ᠦᠵᠦᠬᠦᠷᠯᠢᠭ ᠢ ᠲᠤᠬᠢᠷᠠᠭᠤᠯᠵᠤ᠂ ᠲᠠᠯᠠᠪᠠᠶ ᠳᠤ ᠣᠷᠣᠵᠤ ᠠᠵᠢᠯ ᠡᠷᠢᠬᠦ ᠬᠦᠮᠦᠰ ᠰᠦᠯᠵᠢᠶ᠎ᠡ ᠪᠠᠷ ᠳᠠᠮᠵᠢᠨ ᠠᠵᠢᠯ ᠤᠨ ᠪᠠᠶᠢᠷᠢ ᠶᠢ ᠯᠠᠪᠯᠠᠨ ᠬᠠᠶᠢᠵᠤ᠂ ᠲᠣᠪᠴᠢ ᠨᠠᠮᠲᠠᠷ ᠢᠶᠠᠨ ᠢᠯᠡᠭᠡᠵᠤ ᠠᠵᠢᠯ ᠡᠷᠢᠬᠦ ᠪᠤᠯᠭᠠᠵᠠᠢ᠃ ᠡᠭᠦᠨ ᠤ ᠬᠠᠮᠲᠤ ᠤᠷᠢᠵᠤ ᠡᠯᠰᠡᠬᠦ ᠬᠤᠷᠠᠯ ᠨᠢ ᠮᠡᠳᠡᠭᠡ ᠵᠠᠩᠭᠢᠵᠢᠯᠲᠠ ᠶᠢᠨ ᠦᠢᠯᠡᠴᠢᠯᠡᠭᠡᠨ ᠤ ᠲᠠᠪᠴᠠᠩ ᠢᠶᠠᠷ ᠳᠠᠮᠵᠢᠭᠤᠯᠤᠨ᠂ ᠦᠨᠡᠨ ᠨᠡᠷ᠎ᠡ ᠶᠢᠨ ᠳᠦᠷᠢᠮ ᠢ ᠬᠡᠷᠡᠭᠵᠢᠬᠦᠯᠵᠤ᠂ ᠲᠤᠰ ᠤᠳᠠᠭᠠᠨ ᠤ ᠵᠦᠪᠳᠡᠯᠴᠡᠬᠦ ᠬᠤᠷᠠᠯ ᠤᠨ ᠪᠤᠢ ᠪᠦᠬᠦᠢ ᠠᠵᠢᠯ ᠤᠨ ᠪᠠᠶᠢᠷᠢ ᠶᠢ ᠬᠠᠶᠢᠵᠤ ᠪᠤᠯᠬᠤ ᠮᠦᠷᠲᠡᠭᠡᠨ ᠪᠠᠰᠠ ᠮᠠᠨ ᠤ ᠣᠷᠣᠨ ᠤ 14 ᠴᠢᠳᠠᠪᠤᠷᠢᠲᠠᠨ ᠤ ᠰᠦᠯᠵᠢᠶᠡᠨ ᠤ ᠤᠷᠢᠵᠤ ᠡᠯᠰᠡᠬᠦ ᠮᠡᠳᠡᠭᠡ ᠵᠠᠩᠭᠢ ᠶᠢ ᠪᠠᠶᠢᠴᠠᠭᠠᠨ ᠯᠠᠪᠯᠠᠵᠤ᠂ ᠡᠯᠧᠺᠲᠷᠣᠨ ᠲᠣᠪᠴᠢ ᠨᠠᠮᠲᠠᠷ ᠢᠶᠠᠨ ᠰᠢᠭᠤᠳ ᠢᠯᠡᠭᠡᠵᠤ ᠪᠤᠯᠬᠤ ᠪᠥᠭᠡᠳ ᠲᠤᠬᠠᠶ ᠶᠢᠨ ᠲᠠᠯᠠᠪᠠᠢ ᠳᠤ ᠬᠥᠮᠦᠨ ᠬᠡᠷᠡᠭᠯᠡᠬᠦ ᠨᠢᠭᠡᠴᠡ ᠯᠦᠭᠡ ᠵᠤᠯᠭᠠᠯᠳᠤᠭᠰᠠᠨ ᠮᠡᠳᠡᠭᠡ ᠵᠠᠩᠬᠢ ᠶᠢ ᠬᠦᠯᠢᠶᠡᠨ ᠠᠪᠴᠤ᠂ ᠰᠦᠯᠵᠢᠶᠡᠨ ᠳᠡᠭᠡᠷ᠎ᠡ ᠶᠠᠷᠢᠯᠴᠠᠨ ᠰᠤᠯᠢᠯᠴᠠᠵᠤ ᠪᠤᠯᠬᠤ ᠪᠤᠯᠭᠠᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号