10 ᠳ᠋ᠤᠭᠠᠷ ᠰᠠᠷ᠎ᠠ ᠶᠢᠨ 22 ᠤᠨ ᠡᠳᠦᠷ᠂ ︽ᠤᠷᠲᠤ ᠵᠠᠮ ᠤᠨ ᠠᠶᠠᠨ ᠲᠠᠶᠢᠨ ᠤ ᠵᠤᠷᠢᠭ ᠰᠠᠨᠠᠭ᠎ᠠ ᠶᠢ | ᠡᠬᠦᠷᠢᠳᠡ ᠪᠠᠳᠠᠷᠠᠭᠤᠯᠤᠶ᠎ᠠ︾ ᠭᠡᠬᠦ ᠪᠦᠬᠦ ᠤᠷᠤᠨ ᠤ ᠦᠨᠳᠦᠰᠦᠳᠡᠨ ᠨᠦᠬᠦᠳ ᠤᠨ ᠡᠯ᠎ᠠ ᠡᠳᠡᠬᠡᠳ ᠤᠨ | ᠵᠠᠯᠠᠭᠤᠴᠤᠳ ᠪᠠᠭᠠᠴᠤᠳ ᠤᠨ ᠤᠯᠠᠭᠠᠨ ᠴᠡᠷᠢᠭ ᠤᠨ ᠤᠷᠲᠤ ᠵᠠᠮ ᠤᠨ ᠠᠶᠠᠨ ᠲᠠᠶᠢᠨ ᠤ ᠢᠯᠠᠯᠳᠠ ᠤᠯᠤᠬᠰᠠᠨ 80 | ᠵᠢᠯ ᠤᠨ ᠤᠢ ᠶᠢ ᠳᠤᠷᠠᠰᠬᠠᠬᠤ ᠭᠤᠤᠯ ᠰᠡᠳᠦᠪᠳᠦ ᠠᠩᠬᠢ ᠶᠢᠨ ᠡᠳᠦᠷᠯᠢᠭ ᠤᠨ ᠠᠵᠢᠯᠯᠠᠭ᠎ᠠ ᠦᠪᠦᠷ ᠮᠤᠩᠭᠤᠯ ᠤᠨ | ᠵᠠᠯᠠᠭᠤᠴᠤᠳ ᠪᠠᠭᠠᠴᠤᠳ ᠤᠨ ᠠᠮᠢ ᠠᠬᠤᠢ ᠶᠢᠨ ᠬᠦᠷᠢᠶᠡᠯᠡᠩ ᠳᠤ ᠶᠠᠪᠤᠬᠳᠠᠵᠠᠢ᠃ | ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ | ᠬᠤᠷᠢᠶ᠎ᠠ ᠶᠢᠨ ᠲᠡᠳ᠋ ᠡᠷᠬᠢᠯᠡᠭᠴᠢ ᠬᠠᠨᠭ᠌ ᠭᠦᠢ ᠯᠢᠨ᠂ ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ | ᠵᠦᠪᠯᠡᠯᠭᠡᠨ ᠤ ᠲᠡᠳ᠋ ᠲᠡᠷᠢᠬᠦᠯᠡᠭᠴᠢ ᠶᠠᠩ ᠴᠸᠡᠭ ᠸᠠᠩ ᠠᠵᠢᠯᠯᠠᠭ᠎ᠠ ᠳᠤ ᠤᠷᠤᠯᠴᠠᠪᠠ᠃ | ᠰᠦᠷ ᠵᠢᠪᠬᠤᠯᠠᠩᠳᠦ ᠤᠯᠤᠰ ᠤᠨ ᠲᠤᠭ ᠮᠠᠨᠳᠤᠭᠤᠯᠬᠤ ᠶᠤᠰᠤᠯᠠᠯ ᠢᠶᠠᠷ ᠳᠤᠷᠠᠰᠬᠠᠬᠤ ᠠᠵᠢᠯᠯᠠᠭ᠎ᠠ ᠡᠬᠢᠯᠡᠪᠠ᠃ | ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠬᠦᠳ ᠠᠴᠠ ︽ᠪᠠᠭᠠᠴᠤᠳ ᠤᠨ ᠬᠤᠰᠢᠭᠤᠴᠢ ᠠᠩᠭᠢ ᠶᠢᠨ | ᠳᠠᠭᠤᠤ︾᠂ ᠵᠠᠯᠠᠭᠤᠴᠤᠳ ᠤᠨ ᠨᠠᠶᠢᠷᠠᠯ ᠳᠠᠭᠤᠤ ᠶᠢᠨ ᠪᠦᠯᠬᠦᠮ ᠠᠴᠠ ︽ᠦᠡᠭᠭᠡ ᠬᠡᠷᠡᠯᠳᠦ ᠪᠠ ᠬᠦᠰᠡᠯ ᠵᠡᠬᠦᠳᠦ︾ | ᠵᠡᠷᠭᠡ ᠳᠠᠭᠤᠤ ᠶᠢ ᠠᠶᠠᠯᠭᠤᠯᠠᠨ ᠳᠠᠭᠤᠯᠠᠵᠤ᠂ ᠤᠶᠠᠩᠭᠠᠲᠤ ᠳᠠᠭᠤᠤ ᠪᠠᠷ ᠢᠶᠠᠨ ᠦᠪᠤᠷ ᠮᠤᠩᠭᠤᠯ ᠤᠨ | ᠦᠨᠳᠤᠰᠤᠳᠠᠨ ᠨᠦᠭᠦᠳ ᠤᠨ ᠡᠯ᠎ᠠ ᠡᠳᠡᠭᠡᠳ ᠤᠨ ᠵᠠᠯᠠᠭᠤᠴᠤᠳ ᠪᠠᠭᠠᠴᠤᠳ ᠤᠨ ᠤᠯᠠᠭᠠᠨ ᠴᠡᠷᠢᠭ ᠤᠨ ᠤᠷᠲᠤ | ᠵᠠᠮ ᠤᠨ ᠠᠶᠠᠨ ᠲᠠᠶᠢᠨ ᠤ ᠵᠤᠷᠢᠭ ᠰᠠᠨᠠᠭ᠎ᠠ ᠶᠢ ᠤᠯᠠᠮᠵᠢᠯᠠᠨ ᠵᠠᠯᠭᠠᠮᠵᠢᠯᠠᠵᠤ ᠦᠢᠯᠡᠳᠤᠯᠭᠡᠵᠢᠬᠦᠯᠤᠨ ᠪᠠᠳᠠᠷᠠᠭᠤᠯᠵᠤ᠂ | ᠡᠭᠡ ᠤᠯᠤᠰ ᠤᠨ ᠤᠮᠠᠷᠠᠲᠤ ᠶᠢᠨ ᠦᠵᠡᠮᠵᠢ ᠶᠢᠨ ᠤᠷᠤᠨ ᠢᠶᠠᠨ ᠨᠠᠩ ᠦᠵᠡᠰᠭᠦᠯᠡᠩᠲᠦ ᠰᠠᠶᠢᠬᠠᠨ ᠪᠤᠯᠭᠠᠨ ᠪᠦᠳᠤᠭᠡᠨ | ᠪᠠᠶᠢᠭᠤᠯᠬᠤ ᠳᠤ ᠤᠶᠤᠨ ᠤᠠᠬᠭᠠᠨ ᠬᠦᠴᠤᠨ ᠴᠢᠳᠠᠯ ᠢᠶᠠᠨ ᠨᠠᠮᠡᠷᠢᠯᠡᠬᠦ ᠭᠡᠰᠡᠡ ᠢᠳᠡᠭᠡᠯ ᠵᠤᠷᠢᠭ ᠢᠶᠠᠨ ᠬᠦᠢᠴᠡᠳ | ᠢᠯᠡᠷᠡᠬᠦᠯᠪᠠ᠃ ᠠᠵᠢᠯᠯᠠᠭ᠎ᠠ ᠳᠤ ᠤᠷᠤᠯᠴᠠᠭᠰᠠᠨ ᠵᠠᠯᠠᠭᠤᠴᠤᠳ ᠪᠠᠭᠠᠴᠤᠳ ᠪᠠᠰᠠ ︽ᠮᠢᠩᠭᠠᠨ ᠬᠦᠮᠦᠨ | ᠶᠠᠪᠠᠭᠠᠨ ᠢᠶᠠᠷ ᠶᠠᠪᠤᠬᠤ︾ ᠠᠵᠢᠯᠯᠠᠭ᠎ᠠ ᠳᠤ ᠤᠷᠤᠯᠴᠠᠵᠤ᠂ ᠤᠯᠠᠭᠠᠨ ᠴᠡᠷᠢᠭ ᠤᠨ ᠬᠦᠴᠢᠷ ᠪᠡᠷᠭᠡᠰᠢᠶᠡᠯ ᠢ ᠢᠯᠡᠨ | ᠳᠠᠪᠠᠵᠤ᠂ ᠪᠦᠯᠬᠦᠮᠳᠠᠨ ᠬᠠᠪᠰᠤᠷᠤᠯᠴᠠᠵᠤ᠂ ᠲᠦᠮᠡᠨ ᠤ ᠰᠡᠳᠬᠢᠯ ᠨᠢᠭᠡᠲᠤᠨ ᠲᠠᠮᠤᠷ ᠭᠡᠷᠡᠮ ᠪᠤᠯᠬᠤ ᠵᠤᠷᠢᠭ | ᠰᠠᠨᠠᠭ᠎ᠠ ᠶᠢ ᠪᠠᠶᠠᠴᠢᠯᠠᠨ ᠤᠶᠢᠯᠠᠭᠠᠵᠤ᠂ ᠬᠦᠰᠠᠯᠠᠩ ᠢᠳᠡᠭᠡᠯ ᠪᠢᠰᠢᠷᠠᠯ ᠢᠶᠠᠨ ᠨᠠᠩ ᠪᠠᠳᠤᠳᠬᠠᠪᠠ᠃ | ᠠᠵᠢᠯᠯᠠᠭ᠎ᠠ ᠳᠤ ᠤᠷᠤᠯᠴᠠᠬᠰᠠᠨ ᠵᠠᠯᠠᠭᠤᠴᠤᠳ ᠪᠠᠭᠠᠴᠤᠳ ᠠᠴᠠ᠂ ᠬᠤᠶᠢᠰᠢᠳᠠ ᠶᠢᠨ ᠰᠤᠷᠤᠯᠭ᠎ᠠ ᠪᠠ | ᠠᠮᠢᠳᠤᠷᠠᠯ ᠤᠨ ᠠᠶᠠᠨ ᠳᠠᠭᠠᠨ ᠤᠯᠠᠭᠠᠨ ᠴᠡᠷᠢᠭ ᠤᠨ ᠦᠡᠭᠭᠡ ᠬᠡᠷᠡᠯᠳᠦ ᠤᠯᠠᠮᠵᠢᠯᠠᠯ ᠵᠢᠴᠢ ᠤᠷᠲᠤ ᠵᠠᠮ ᠤᠨ ᠠᠶᠠᠨ | ᠲᠠᠶᠢᠨ ᠤ ᠵᠤᠷᠢᠭ ᠰᠠᠨᠠᠭ᠎ᠠ ᠶᠢ ᠴᠢᠨᠠᠬᠰᠢᠳᠠ ᠪᠠᠳᠠᠷᠠᠭᠤᠯᠵᠤ᠂ ᠤᠭ ᠰᠠᠨᠠᠭ᠎ᠠ ᠪᠠᠨ ᠦᠯᠦ ᠮᠠᠷᠲᠠᠵᠤ ᠦᠷᠭᠦᠯᠵᠢᠯᠡᠨ | ᠤᠷᠤᠭᠰᠢᠯᠠᠵᠤ᠂ ᠰᠢᠨ᠎ᠠ ᠴᠠᠭ ᠦᠶ᠎ᠠ ᠶᠢᠨ ᠤᠷᠲᠤ ᠵᠠᠮ ᠤᠨ ᠠᠶᠠᠨ ᠲᠠᠶᠢᠨ ᠢ ᠰᠠᠶᠢᠳᠤᠷ ᠠᠯᠬᠤᠨ᠎ᠠ ᠭᠡᠵᠦ ᠡᠷᠴᠢ | ᠵᠤᠷᠢᠭ ᠢᠶᠠᠨ ᠢᠯᠡᠳᠭᠡᠵᠡᠭᠡᠪᠡ᠃ |