ᠷᠸᠠ ᠶᠠ ᠫᠢᠩ᠄ ᠵᠠᠯᠠᠭᠤᠴᠤᠳ ᠤᠨ ᠠᠳᠠᠯ ᠦᠢᠯᠡᠰ ᠴᠣᠭᠴᠠᠯᠠᠵᠤ ᠠᠵᠢᠯ ᠤᠯᠭᠤᠬᠤ ᠳᠤ ᠨᠡᠩ ᠰᠠᠶᠢᠨ ᠦᠢᠯᠡᠴᠢᠯᠡᠭᠡ ᠪᠠ ᠲᠤᠯᠭᠠᠭᠤᠷᠢᠯᠠᠯ ᠬᠠᠩᠭᠠᠬᠤ ᠭᠡᠷᠡᠭᠲᠡᠢ
ᠨᠡᠶᠢᠲᠡᠯᠡᠭᠰᠡᠨ ᠴᠠᠭ᠄
2016/10/24
     10 ᠳ᠋ᠤᠭᠠᠷ ᠰᠠᠷ᠎ᠠ ᠶᠢᠨ 19᠎ ᠤ ᠡᠲᠦᠷ᠂ ᠦᠪᠡᠷᠲᠡᠭᠡᠡ ᠵᠠᠰᠬᠠᠤ ᠤᠷᠤᠨ ᠤ ᠤᠯᠤᠰ ᠲᠦᠷᠦ ᠶᠢᠨ ᠵᠦᠪᠯᠡᠯᠭᠡᠡ ᠤ ᠲᠡᠷᠢᠭᠦᠯᠡᠭᠴᠢ ᠷᠸᠠ ᠶᠠ ᠫᠢᠩ ᠦᠪᠦᠷ ᠮᠤᠩᠭᠤᠯ ᠤᠨ ᠵᠠᠯᠠᠭᠤᠴᠤᠳ ᠤᠨ ᠠᠳᠠᠯ ᠦᠢᠯᠡᠰ  ᠴᠣᠭᠴᠠᠯᠠᠵᠤ ᠠᠵᠢᠯ ᠤᠯᠭᠤᠬᠤ ᠦᠢᠯᠡᠴᠢᠯᠡᠭᠡᠡ ᠤ ᠲᠦᠪ ᠲᠤ ᠪᠠᠶᠢᠴᠠᠭᠠᠠ ᠰᠤᠲᠤᠯᠤᠯᠲᠠ ᠬᠢᠬᠦ ᠳᠡᠭᠡᠨ ᠵᠢᠭᠠᠵᠤ ᠭᠠᠷᠭᠠᠭᠰᠠᠨ ᠨᠢ᠂ ᠦᠪᠡᠷᠲᠡᠬᠡᠡ ᠵᠠᠰᠬᠠᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠲᠤᠨ ᠤ ᠰᠢᠢᠳᠪᠦᠷᠢᠲᠦ ᠪᠤᠲᠤᠯᠭ᠎ᠠ ᠶᠢᠨ ᠪᠠᠶᠢᠷᠢᠯᠠᠭᠤᠯᠤᠯᠲᠠ ᠶᠤᠰᠤᠭᠠᠷ ᠰᠢᠨ᠎ᠠ ᠶᠢ ᠡᠭᠦᠳᠬᠦ ᠪᠠᠷ ᠬᠦᠲᠡᠯᠭᠡᠭᠦᠷ ᠪᠤᠯᠭᠠᠬᠤ ᠬᠦᠭᠵᠢᠯᠲᠠ ᠶᠢᠨ ᠪᠠᠶᠢᠯᠲᠤᠬᠤ ᠪᠤᠲᠤᠯᠭ᠎ᠠ ᠶᠢ ᠲᠦᠷᠭᠡᠡ ᠭᠡᠷᠡᠭᠵᠢᠭᠦᠯᠵᠦ᠂ ᠵᠠᠯᠠᠭᠤᠴᠤᠳ ᠤᠨ ᠠᠳᠠᠯ ᠦᠢᠯᠡᠰ ᠴᠣᠬᠴᠠᠯᠠᠵᠤ ᠠᠵᠢᠯ ᠤᠯᠭᠤᠬᠤ ᠠᠵᠢᠯ ᠢ ᠬᠦᠨᠵᠡᠭᠡᠶᠢᠷᠡᠭᠦᠯᠦᠨ ᠵᠠᠯᠠᠭᠤᠴᠤᠳ ᠤᠨ ᠠᠳᠠᠯ ᠦᠢᠯᠡᠰ ᠴᠣᠬᠴᠠᠯᠠᠵᠤ ᠠᠵᠢᠯ ᠤᠯᠭᠤᠬᠤ ᠳᠤ ᠨᠡᠩ ᠰᠠᠶᠢᠨ ᠦᠢᠯᠡᠴᠢᠯᠡᠭᠡ ᠪᠠ ᠲᠤᠯᠭᠠᠭᠤᠷᠢᠯᠠᠯ ᠬᠠᠩᠭᠠᠬᠤ ᠭᠡᠷᠡᠭᠲᠡᠢ ᠬᠡᠪᠡ᠃      ᠷᠸᠠ ᠶᠠ ᠫᠢᠩ ᠦᠪᠦᠷ ᠮᠤᠩᠭᠤᠯ ᠤᠨ ᠵᠠᠯᠠᠭᠤᠴᠤᠳ ᠤᠨ ᠠᠳᠠᠯ ᠦᠢᠯᠡᠰ ᠴᠣᠬᠴᠠᠯᠠᠵᠤ ᠠᠵᠢᠯ ᠤᠯᠭᠤᠬᠤ ᠦᠢᠯᠡᠴᠢᠯᠡᠭᠡᠡ ᠤ ᠲᠦᠪ ᠲᠤ ᠮᠧᠩ ᠶᠠᠩ ᠬᠤᠨᠢᠨ ᠤ ᠦᠢᠯᠡᠰ᠂ Ehshig ᠪᠦᠬᠦ ᠲᠡᠯᠡᠭᠡᠢ ᠶᠢᠨ ᠮᠤᠩᠭᠤᠯ ᠲᠠᠭᠤᠤ ᠬᠦᠭᠵᠢᠮ᠂ ᠰᠢᠨ ᠵᠦᠩ ᠺᠧ ᠡᠯᠧᠺᠲᠷᠤᠨ ᠤ ᠠᠵᠦ ᠠᠬᠤᠢᠢᠯᠠᠯ ᠵᠡᠷᠭᠡ ᠵᠠᠯᠠᠭᠤᠴᠤᠳ ᠤᠨ ᠠᠳᠠᠯ ᠦᠢᠯᠡᠰ ᠴᠣᠬᠴᠠᠯᠠᠵᠤ ᠠᠵᠦ ᠠᠬᠤᠢᠢᠯᠠᠯ ᠤᠳ ᠲᠤ ᠪᠠᠶᠢᠴᠠᠭᠠᠠ ᠰᠤᠳᠤᠯᠤᠯᠳᠠ ᠬᠢᠵᠦ᠂ ᠵᠠᠯᠠᠭᠤ ᠠᠳᠠᠯ ᠦᠢᠯᠡᠰ ᠴᠣᠭᠴᠠᠯᠠᠭᠰᠠᠳ ᠲᠠᠢ ᠲᠤᠲᠤᠨᠤ ᠪᠠᠷ ᠶᠠᠷᠢᠯᠴᠠᠬᠤ ᠶᠢᠨ ᠬᠠᠮᠳᠤ ᠦᠢᠯᠡᠰ ᠪᠤᠰᠬᠠᠬᠴᠢᠳ ᠢ ᠡᠷᠡᠮᠡᠭᠡᠶᠢᠯᠡᠡ ᠤᠷᠤᠭᠰᠢᠯᠠᠵᠦ ᠵᠤᠷᠢᠠᠠᠲᠠᠢ ᠪᠠᠷ ᠰᠢᠨ᠎ᠠ ᠶᠢ ᠡᠭᠦᠳᠴᠤ᠂ ᠦᠢ ᠤᠯᠠᠠ ᠢᠶᠠᠷ ᠢᠶᠠᠨ ᠦᠢᠯᠡᠰ ᠪᠤᠰᠬᠠᠵᠦ ᠲᠦᠭ ᠲᠦᠮᠡᠨ ᠎ ᠢᠶᠠᠷ ᠢᠶᠠᠨ ᠰᠢᠨ᠎ᠡ ᠶᠢ ᠡᠭᠦᠳᠬᠦ ᠶᠡᠭᠡ ᠤᠷᠤᠰᠬᠠᠯ ᠲᠤᠮᠲᠠ ᠦᠪᠠᠷ ᠤᠨ ᠠᠳᠠᠯ ᠦᠢᠯᠡᠰ ᠴᠣᠬᠴᠠᠯᠠᠵᠤ ᠬᠦᠰᠡᠯ ᠵᠡᠭᠦᠲᠦ ᠪᠠᠨ ᠲᠡᠷᠭᠡᠯᠰᠢᠭᠦᠯᠬᠦ ᠶᠢ ᠬᠦᠰᠡᠪᠠ᠃ ᠷᠸᠠ ᠶᠠ ᠫᠢᠩ ᠦᠪᠡᠷᠲᠡᠭᠡᠡ ᠵᠠᠰᠬᠠᠤ ᠤᠷᠤᠨ ᠤ ᠡᠪᠯᠡᠯ ᠤᠨ ᠬᠤᠷᠢᠶ᠎ᠠ ᠶᠢᠨ ᠵᠠᠯᠠᠭᠤᠴᠤᠳ ᠤᠨ ᠠᠳᠠᠯ ᠦᠢᠯᠡᠰ ᠴᠣᠬᠴᠠᠯᠠᠵᠤ ᠠᠵᠢᠯ ᠤᠯᠭᠤᠬᠤ ᠳᠤ ᠦᠢᠯᠡᠴᠢᠯᠡᠬᠦ ᠠᠵᠢᠯ ᠤᠨ ᠪᠠᠶᠢᠲᠠᠯ ᠤᠨ ᠬᠠᠷᠢᠭᠤ ᠮᠡᠲᠡᠭᠦᠯᠦᠯᠲᠠ ᠶᠢ ᠨᠠᠷᠢᠨ ᠬᠢᠨᠠᠮᠠᠭᠠᠢ ᠰᠤᠨᠤᠰᠴᠤ᠂ ᠦᠪᠡᠷᠲᠡᠭᠡᠡ ᠵᠠᠰᠬᠠᠤ ᠤᠷᠤᠨ ᠤ ᠡᠪᠯᠡᠯ ᠎ ᠤᠨ ᠬᠤᠷᠢᠶ᠎ᠠ ᠶᠢᠨ ᠪᠠᠶᠢᠭᠤᠯᠤᠭᠰᠠᠠ ᠵᠠᠯᠠᠭᠤᠴᠤᠳ  ᠎ ᠤᠨ ᠠᠳᠠᠯ ᠦᠢᠯᠡᠰ ᠴᠣᠬᠴᠠᠯᠠᠵᠤ ᠠᠵᠢᠯ ᠤᠯᠭᠤᠬᠤ ︽ᠨᠢᠭᠡ ᠴᠤᠭᠴᠠ ᠬᠤᠶᠠᠷ ᠵᠢᠬᠦᠷ ᠭᠤᠷᠪᠠᠠ ᠲᠡᠰ ᠤᠯᠠᠠ ᠪᠠᠬᠢᠯᠡᠯᠲᠡ︾᠎ ᠶᠢᠨ ᠠᠵᠢᠯ ᠤᠨ ᠬᠡᠯᠪᠡᠷᠢ ᠵᠠᠭᠪᠤᠷ ᠢ ᠬᠦᠢᠴᠡᠳ ᠨᠤᠲᠠᠯᠠᠪᠠ᠃ ᠲᠡᠷᠡ ᠵᠢᠭᠠᠵᠤ ᠭᠠᠷᠭᠠᠭᠰᠠᠨ ᠨᠢ᠂ ᠦᠪᠡᠷᠲᠡᠭᠡᠡ ᠵᠠᠰᠬᠠᠤ ᠤᠷᠤᠨ ᠤ ᠡᠪᠯᠡᠯ ᠤᠨ ᠬᠤᠷᠢᠶ᠎ᠠ ᠵᠠᠯᠠᠭᠤᠴᠤᠳ ᠤᠨ ᠰᠢᠨ᠎ᠠ ᠶᠢ ᠡᠭᠦᠳᠴᠤ ᠠᠳᠠᠯ ᠦᠢᠯᠡᠰ ᠴᠣᠭᠴᠠᠯᠠᠬᠤ ᠶᠢ ᠠᠬᠢᠭᠤᠯᠬᠤ ᠶᠢ ᠪᠦᠬᠦ ᠤᠷᠤᠨ ᠤ ᠡᠪ ᠬᠠᠮᠲᠤ ᠵᠠᠯᠠᠭᠤᠴᠤᠳ ᠤᠨ ᠡᠪᠯᠡᠯ ᠤᠨ ᠬᠤᠷᠢᠶ᠎ᠠ ᠶᠢᠨ ᠦᠭᠡᠷᠡᠴᠢᠯᠡᠯᠲᠡ ᠪᠠᠨ ᠬᠦᠨᠵᠡᠭᠡᠶᠢᠷᠡᠭᠦᠯᠵᠦ ᠵᠠᠯᠠᠭᠤᠴᠤᠳ ᠲᠤ ᠦᠢᠯᠡᠴᠢᠯᠡᠬᠦ ᠴᠢᠬᠤᠯᠠ ᠭᠠᠷᠲᠠᠴᠠ ᠪᠠᠨ ᠪᠤᠯᠭᠠᠠ᠂ ᠵᠠᠯᠠᠭᠤᠴᠤᠳ ᠤᠨ ᠠᠳᠠᠯ ᠦᠢᠯᠡᠰ ᠴᠣᠬᠴᠠᠯᠠᠵᠤ ᠠᠵᠢᠯ ᠤᠯᠭᠤᠬᠤ ᠦᠢᠯᠡᠴᠢᠯᠡᠭᠡᠡ ᠤ ᠰᠢᠰᠲ᠋ᠧᠮᠵᠢ ᠶᠢᠨ ᠪᠠᠶᠢᠭᠤᠯᠤᠯᠲᠠ ᠶᠢ ᠴᠢᠨᠠᠭᠰᠢᠲᠠ ᠴᠢᠩᠭᠠᠳᠬᠠᠵᠤ᠂ ᠡᠪ ᠬᠠᠮᠲᠤ ᠵᠠᠯᠠᠭᠤᠴᠤᠳ ᠤᠨ ᠡᠪᠯᠡᠯ ᠤᠨ ᠵᠠᠯᠠᠭᠤᠴᠤᠳ ᠤᠨ ᠠᠳᠠᠯ ᠦᠢᠯᠡᠰ ᠴᠣᠬᠴᠠᠯᠠᠵᠤ ᠠᠵᠢᠯ ᠤᠯᠭᠤᠬᠤ ᠦᠢᠯᠡᠴᠢᠯᠡᠬᠡᠨ ᠎ ᠤ ᠠᠵᠢᠯ ᠳᠤ ᠰᠢᠨ᠎ᠠ ᠠᠮᠵᠢᠯᠲᠠ ᠪᠦᠲᠦᠮᠵᠢ ᠤᠯᠬᠤ ᠶᠢ ᠠᠬᠢᠭᠤᠯᠬᠤ ᠭᠡᠷᠡᠭᠲᠡᠢ᠃ ᠡᠯ᠎ᠠ ᠱᠠᠲᠤᠨ ᠤ ᠡᠪᠯᠠᠯ ᠤᠨ ᠵᠤᠬᠢᠶᠠᠠ ᠪᠠᠶᠢᠭᠤᠯᠤᠯᠲᠠ ᠪᠤᠯᠤᠨ ᠬᠤᠯᠪᠤᠭᠲᠠᠯ ᠪᠦᠬᠦᠢ ᠰᠠᠯᠠᠭ᠎ᠠ ᠮᠦᠴᠢᠷ ᠤᠨ ᠬᠢᠨ ᠠᠳᠠᠯ ᠦᠢᠯᠡᠰ ᠴᠣᠬᠴᠠᠯᠠᠵᠤ ᠠᠵᠢᠯ ᠤᠯᠭᠤᠬᠤ ᠲᠦᠷᠦ ᠶᠢᠨ ᠪᠤᠲᠤᠯᠭ᠎ᠠ ᠶᠢ ᠨᠠᠷᠢᠨ ᠬᠢᠨᠠᠮᠠᠭᠠᠢ ᠰᠤᠲᠤᠯᠵᠦ᠂ ᠤᠨᠢᠨ ᠲᠡᠭᠡᠷ᠎ᠠ ᠨᠢ ᠲᠡᠮᠵᠢᠬᠦ ᠪᠠ ᠤᠯᠠᠠ ᠵᠦᠢᠯ ᠤᠨ ᠠᠷᠭ᠎ᠠ ᠬᠡᠮᠵᠢᠶ᠎ᠠ ᠠᠪᠴᠤ ᠬᠦᠴᠦᠯᠡᠡ ᠴᠢᠷᠮᠠᠶᠢᠵᠦ ᠪᠠᠶᠢᠭᠠᠳ ᠦᠷᠭᠡᠡ ᠤᠯᠠᠠ ᠠᠳᠠᠯ ᠦᠢᠯᠡᠰ ᠴᠣᠬᠴᠠᠯᠠᠵᠤ ᠪᠠᠶᠢᠭ᠎ᠠ ᠵᠠᠯᠠᠭᠤᠴᠤᠳ ᠲᠤ ᠰᠠᠶᠢᠨ ᠰᠠᠶᠢᠬᠠᠠ ᠦᠢᠯᠡᠰ ᠪᠤᠰᠬᠠᠵᠦ ᠠᠵᠢᠯ ᠤᠯᠭᠤᠬᠤ ᠤᠷᠴᠢᠨ ᠲᠤᠭᠤᠷᠢᠨ ᠢ ᠪᠤᠢ ᠪᠣᠯᠭᠠᠵᠤ ᠥᠭᠬᠦ ᠭᠡᠷᠡᠭᠲᠡᠢ ᠬᠡᠪᠡ᠃      ᠤᠢᠢᠯᠠᠭᠠᠭᠰᠠᠠ ᠢᠶᠠᠷ᠂ ᠤᠲᠤᠬᠠᠠ ᠪᠤᠯᠲᠠᠯ᠎ᠠ ᠮᠠᠨ ᠤ ᠤᠷᠤᠨ ᠤ ᠡᠯ᠎ᠠ ᠱᠠᠲᠤᠨ ᠤ ᠡᠪᠯᠡᠯ ᠤᠨ ᠵᠤᠬᠢᠶᠠᠠ ᠪᠠᠶᠢᠭᠤᠯᠤᠯᠲᠠ ᠶᠢᠨ ᠬᠢᠨ ᠵᠠᠯᠠᠭᠤᠴᠤᠳ ᠤᠨ ᠦᠢᠯᠡᠰ ᠪᠤᠰᠬᠠᠬᠤ 50 ᠨᠡᠪᠴᠢᠭᠦᠯᠦᠭᠦᠷ ᠪᠤᠯᠤᠨ 1605 ᠨᠡᠪᠴᠢᠭᠦᠯᠬᠦ ᠠᠵᠦ ᠠᠬᠤᠢᠢᠯᠠᠯ ᠢ ᠪᠠᠶᠢᠭᠤᠯᠪᠠ᠃      ᠦᠪᠡᠷᠲᠡᠭᠡᠡ ᠵᠠᠰᠬᠠᠤ ᠤᠷᠤᠨ ᠤ ᠤᠯᠤᠰ ᠲᠦᠷᠦ ᠶᠢᠨ ᠵᠦᠪᠯᠡᠯᠭᠡᠡ ᠤ ᠲᠡᠳ᠋ ᠲᠡᠷᠢᠭᠦᠯᠡᠭᠴᠢ ᠶᠠᠩ ᠴᠧᠩ ᠸᠠᠩ ᠪᠠᠷ᠎ᠠ ᠪᠤᠯᠵᠦ ᠪᠠᠶᠢᠴᠠᠭᠠᠠ ᠰᠤᠲᠤᠯᠤᠯᠲᠠ ᠬᠢᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号