ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠦᠷᠦᠬᠦᠦ ᠭᠤᠷᠪᠠᠨ ᠤᠯᠠᠷᠢᠯ ᠤᠨ ᠠᠵᠤ ᠠᠬᠤᠢ ᠶᠢᠨ ᠬᠦᠭᠵᠢᠯᠲᠡ ᠶᠡᠷᠦᠩᠭᠡᠢ ᠳᠡᠭᠡᠨ ᠲᠣᠭᠲᠠᠭᠤᠨ ᠪᠠᠶᠢᠨ᠎ᠠ
ᠨᠡᠶᠢᠲᠡᠯᠡᠭᠰᠡᠨ ᠴᠠᠭ᠄
2016/10/24
      10 ᠳ᠋ᠤᠭᠠᠷ ᠰᠠᠷ᠎ᠠ ᠶᠢᠨ 20᠎ ᠤ ᠦᠳᠡ ᠶᠢᠨ ᠡᠮᠦᠨ᠎ᠠ᠂ ᠦᠪᠡᠷᠳᠡᠭᠡᠨ ᠵᠠᠰᠠᠬᠤ ᠤᠷᠤᠨ ᠤ ᠵᠠᠰᠠᠬ ᠤᠨ ᠤᠷᠳᠤᠨ ᠤ ᠰᠤᠨᠢᠨ ᠮᠡᠳᠡᠬᠡᠨ ᠤ ᠠᠯᠪᠠᠨ ᠬᠡᠷ ᠰᠤᠨᠢᠨ ᠮᠡᠳᠡᠭᠡ ᠨᠡᠶᠢᠳᠡᠯᠡᠬᠦ ᠬᠤᠷᠠᠯ ᠬᠢᠵᠦ᠂ ᠦᠪᠡᠷᠳᠡᠭᠡᠨ ᠵᠠᠰᠠᠬᠤ ᠤᠷᠤᠨ ᠤ ᠲᠤᠭ᠎ᠠ ᠪᠦᠷᠢᠳᠬᠡᠯ ᠤᠨ ᠲᠤᠪᠴᠢᠶ᠎ᠠ ᠶᠢᠨ ᠨᠠᠮ ᠤᠨ ᠤᠳᠤᠷᠢᠳᠬᠤ ᠲᠤᠭᠤᠢᠢᠯᠠᠩ ᠤᠨ ᠲᠡᠳ᠋ ᠱᠦᠵᠢ᠂ ᠲᠡᠳ᠋ ᠲᠤᠪᠴᠢᠶᠡᠨ ᠲᠠᠷᠤᠭ᠎ᠠ᠂ ᠰᠤᠨᠢᠨ ᠮᠡᠳᠡᠬᠡᠨ ᠤ ᠦᠬᠦᠯᠡᠭᠴᠢ ᠫᠠᠨ ᡁᠢ ᠹᠧᠩ ᠢ ᠤᠷᠢᠵᠦ ᠲᠦᠷᠦᠬᠦᠦ ᠭᠤᠷᠪᠠᠨ ᠤᠯᠠᠷᠢᠯ ᠤᠨ ᠪᠦᠬᠦ ᠤᠷᠤᠨ ᠤ ᠠᠵᠦ ᠠᠬᠤᠢ ᠶᠢᠨ ᠡᠷᠬᠢᠯᠳᠡ ᠶᠢᠨ ᠪᠠᠶᠢᠳᠠᠯ ᠢ ᠲᠠᠨᠢᠯᠴᠠᠭᠤᠯᠬᠤ ᠶᠢᠨ ᠬᠠᠮᠳᠤ᠂ ᠰᠤᠷᠪᠤᠯᠵᠢᠯᠠᠬᠴᠢ ᠶᠢᠨ ᠠᠰᠠᠭᠤᠯᠳᠠ ᠳᠤ ᠬᠠᠷᠢᠭᠤᠯᠲᠠ ᠥᠭᠪᠡ᠃      ᠰᠤᠷᠪᠤᠯᠵᠢᠯᠠᠬᠴᠢ᠄ ᠲᠦᠷᠦᠬᠦᠦ ᠭᠤᠷᠪᠠᠨ ᠤᠯᠠᠷᠢᠯ ᠤᠨ ᠪᠦᠬᠦ ᠤᠷᠤᠨ ᠤ ᠠᠵᠦ ᠠᠬᠤᠢ ᠶᠢᠨ ᠨᠡᠮᠡᠭᠳᠡᠯ ᠤᠨ ᠬᠤᠷᠳᠤᠴᠠ ᠨᠢ ᠲᠡᠭᠡᠷ᠎ᠠ ᠬᠠᠭᠠᠰ ᠵᠢᠯ ᠤᠨ ᠬᠢ ᠲᠠᠢ ᠠᠳᠠᠯᠢ ᠪᠤᠯᠤᠬᠰᠠᠨ ᠤ ᠲᠤᠳᠤᠷ᠎ᠠ ᠬᠢᠯᠠᠰ ᠴᠢᠭ᠋ ᠪᠠ ᠡᠯᠧᠮᠧᠨ᠋ᠲ ᠨᠡᠯᠢᠶᠡᠳ ᠤᠯᠠᠨ ᠬᠠᠷᠠᠭᠳᠠᠵᠦ ᠪᠠᠶᠢᠨ᠎ᠠ᠃ ᠡᠳᠡᠬᠡᠷ ᠬᠢᠯᠠᠰ ᠴᠢᠭ᠋ ᠤᠨ ᠲᠤᠬᠠᠢ ᠲᠠ ᠶᠠᠷᠢᠭᠠᠳ ᠦᠭᠬᠦᠨᠡᠤ︖      ᠫᠠᠨ ᡁᠢ ᠹᠧᠩ᠄ ᠲᠦᠷᠦᠬᠦᠦ ᠭᠤᠷᠪᠠᠨ ᠤᠯᠠᠷᠢᠯ ᠳᠤ᠂ ᠮᠠᠨ ᠤ ᠤᠷᠤᠨ ᠤ ᠠᠵᠦ ᠠᠬᠤᠢ ᠮᠦᠨ ᠬᠦ ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠬᠦ᠂ ᠬᠦᠳᠡᠯᠬᠡᠬᠦ ᠬᠦᠴᠦᠨ ᠢᠶᠠᠨ ᠬᠤᠪᠢᠷᠠᠭᠤᠯᠬᠤ ᠵᠠᠩᠭᠢᠯᠠᠭ᠎ᠠ ᠶᠢᠨ ᠱᠠᠳᠤᠨ ᠳᠤ ᠤᠷᠤᠰᠢᠵᠦ᠂ ᠠᠵᠦ ᠠᠬᠤᠢ ᠶᠢᠨ ᠬᠦᠭᠵᠢᠯᠳᠡ ᠶᠡᠷᠦᠩᠬᠡᠢ ᠳᠡᠭᠡᠨ ᠲᠤᠬᠳᠠᠭᠤᠨ᠂ ᠤᠯᠠᠩᠬᠢ ᠵᠢᠭᠠᠯᠳᠠ ᠲᠤᠭ᠎ᠠ ᠵᠦᠢ ᠵᠤᠬᠢᠰᠳᠠᠢ ᠤᠷᠤᠨ ᠪᠠᠶᠢᠷᠢ ᠳᠠᠭᠠᠨ ᠤᠷᠤᠰᠢᠵᠦ᠂ ᠬᠤᠷᠢᠶᠠᠩᠭᠤᠢᠢᠯᠠᠭᠠᠳ ᠶᠠᠷᠢᠪᠠᠯ᠂ 6 ᠶᠡᠭᠡ ᠬᠢᠯᠠᠰ ᠴᠢᠭ᠋ ᠢᠯᠡᠷᠡᠵᠡᠢ᠄      ᠨᠢᠬᠡᠳᠦᠬᠡᠷ ᠬᠢᠯᠠᠰ ᠴᠢᠭ᠋ ᠪᠤᠯ᠂ ᠲᠠᠷᠢᠶᠠᠯᠠᠩ ᠤᠨ ᠦᠢᠯᠡᠳᠪᠦᠷᠢᠯᠡᠯ ᠤᠨ ᠪᠠᠶᠢᠳᠠᠯ ᠰᠠᠶᠢᠨ ᠪᠠᠶᠢᠵᠦ᠂ ᠮᠠᠯ ᠠᠵᠦ ᠠᠬᠤᠢ ᠨᠡᠯᠢᠶᠡᠳ ᠲᠦᠷᠬᠡᠨ ᠬᠦᠭᠵᠢᠪᠡ᠃      ᠬᠡᠳᠦ᠋ᠢᠪᠡᠷ ᠡᠨᠡ ᠵᠤᠨ ᠪᠠ ᠨᠠᠮᠤᠷ ᠮᠠᠨ ᠤ ᠤᠷᠤᠨ ᠤ ᠵᠡᠬᠦᠨ ᠪᠡᠶ᠎ᠠ ᠶᠢᠨ ᠠᠶᠢᠮᠠᠬ ᠬᠤᠳᠠ ᠶᠢᠨ ᠬᠡᠰᠡᠭ ᠭᠠᠵᠠᠷ ᠤᠷᠤᠨ ᠠᠳᠠᠯᠢ ᠪᠤᠰᠤ ᠬᠡᠮᠵᠢᠶᠡᠨ ᠤ ᠭᠠᠩ ᠭᠠᠮᠰᠢᠬ ᠲᠤ ᠲᠠᠭᠠᠷᠢᠬᠳᠠᠬᠰᠠᠨ ᠪᠤᠯᠪᠠᠴᠤ ᠤᠯᠠᠨ ᠵᠢᠯ ᠤᠨ ᠲᠤᠷᠰᠢᠬᠢ ᠴᠢᠷᠮᠠᠶᠢᠯᠭ᠎ᠠ ᠪᠠᠷ ᠤᠳᠤᠬᠠᠨ ᠤ ᠪᠦᠬᠦ ᠤᠷᠤᠨ ᠤ ᠲᠠᠷᠢᠶᠠᠯᠠᠩ ᠤᠨ ᠲᠦᠭᠰᠢᠬᠦᠷᠢ ᠶᠢ ᠠᠷᠭᠠᠴᠠᠬᠤ ᠴᠢᠳᠠᠪᠤᠷᠢ ᠢᠯᠡᠳᠳᠡ ᠴᠢᠩᠭᠠᠷᠠᠬᠰᠠᠨ ᠠᠴᠠ ᠲᠠᠷᠢᠶᠠᠯᠠᠩ ᠤᠨ ᠦᠢᠯᠡᠳᠪᠦᠷᠢᠯᠡᠯ ᠳᠤ ᠦᠵᠡᠬᠦᠯᠬᠦ ᠨᠦᠯᠦᠬᠡ ᠲᠡᠶᠢᠮᠦ ᠶᠡᠭᠡ ᠪᠢᠰᠢ ᠪᠤᠯᠪᠠ᠃ ᠠᠩᠬ᠎ᠠ ᠠᠯᠬᠤᠮ ᠤᠨ ᠵᠢᠱᠢᠯᠳᠡ ᠪᠠᠷ᠂ ᠡᠨᠡ ᠵᠢᠯ ᠪᠦᠬᠦ ᠤᠷᠤᠨ ᠤ ᠠᠮᠤ ᠪᠤᠳᠠᠭ᠎ᠠ ᠶᠢᠨ ᠤᠨᠠᠯᠳᠠ 550 ᠳ᠋ᠦᠩᠰᠢᠭᠤᠷ ᠵᠢᠩ ᠤᠷᠴᠢᠮ ᠳᠤ ᠬᠦᠷᠬᠦ ᠪᠤᠯᠤᠨ᠎ᠠ᠃ ᠭᠠᠩ ᠭᠠᠮᠰᠢᠬ ᠤᠨ ᠨᠦᠯᠦᠬᠡᠯᠡᠯ ᠢᠶᠠᠷ᠂ ᠮᠠᠨ ᠤ ᠤᠷᠤᠨ ᠤ ᠬᠡᠰᠡᠭ ᠮᠠᠯᠵᠢᠬᠤ ᠤᠷᠤᠨ ᠤ ᠮᠠᠯ ᠤᠨ ᠡᠪᠡᠰᠤ ᠪᠤᠷᠳᠤᠭ᠎ᠠ ᠶᠢᠨ ᠭᠠᠷᠤᠯᠳᠠ ᠢᠯᠡᠳᠳᠡ ᠬᠠᠰᠤᠬᠳᠠᠵᠦ᠂ ᠮᠠᠯ ᠤᠨ ᠡᠪᠦᠯᠵᠢᠬᠦ ᠬᠡᠷᠡᠭᠴᠡᠭᠡ ᠶᠢ ᠬᠠᠩᠭᠠᠵᠦ ᠲᠡᠶᠢᠯᠬᠦ ᠦᠬᠡᠢ ᠠᠴᠠ ᠪᠤᠯᠵᠦ᠂ ᠮᠠᠯ ᠤᠨ ᠪᠤᠷᠤᠯᠠᠭᠤᠯᠤᠯᠳᠠ ᠶᠢᠨ ᠬᠡᠮᠵᠢᠶ᠎ᠠ ᠶᠡᠭᠡ ᠪᠠᠷ ᠨᠡᠮᠡᠭᠳᠡᠪᠡ᠃ ᠡᠨᠡ ᠵᠢᠯ ᠤᠨ ᠮᠠᠯ ᠤᠨ ᠲᠤᠭ᠎ᠠ ᠲᠤᠯᠤᠭᠠᠢ 1.36 ᠳ᠋ᠦᠩᠰᠢᠭᠤᠷ ᠲᠤ ᠬᠦᠷᠴᠤ᠂ 12 ᠵᠢᠯ ᠦᠷᠬᠦᠯᠵᠢᠯᠡᠨ 1 ᠳ᠋ᠦᠩᠰᠢᠭᠤᠷ ᠠᠴᠠ ᠲᠡᠭᠡᠭᠰᠢ ᠪᠠᠶᠢᠬᠤ ᠶᠢ ᠪᠠᠲᠤᠯᠠᠵᠠᠢ᠃      ᠬᠤᠶᠠᠳᠤᠭᠠᠷ ᠬᠢᠯᠠᠰ ᠴᠢᠭ᠋ ᠪᠤᠯ᠂ ᠠᠵᠦ ᠦᠢᠯᠡᠳᠪᠦᠷᠢ ᠶᠢᠨ ᠠᠵᠦ ᠠᠬᠤᠢᠢᠯᠠᠯ ᠤᠨ ᠦᠷ᠎ᠠ ᠠᠰᠢᠬ ᠦᠷᠬᠦᠯᠵᠢᠯᠡᠨ ᠰᠠᠶᠢᠵᠢᠷᠠᠵᠦ᠂ ᠬᠡᠰᠡᠭ ᠦᠢᠯᠡᠳᠬᠦᠨ ᠤ ᠦᠨ᠎ᠠ ᠢᠯᠡᠳᠳᠡ ᠦᠰᠪᠠ᠃      ᠲᠡᠭᠡᠷ᠎ᠠ ᠬᠠᠭᠠᠰ ᠵᠢᠯ ᠠᠴᠠ ᠨᠠᠰᠢ᠂ ᠪᠦᠬᠦ ᠤᠷᠤᠨ ᠤ ᠠᠵᠦ ᠦᠢᠯᠡᠳᠪᠦᠷᠢ ᠶᠢᠨ ᠠᠵᠦ ᠠᠬᠤᠢᠢᠯᠠᠯ ᠤᠨ ᠦᠷ᠎ᠠ ᠠᠰᠢᠬ ᠦᠷᠬᠦᠯᠵᠢᠯᠡᠨ ᠰᠠᠶᠢᠵᠢᠷᠠᠵᠦ᠂ ᠠᠵᠦ ᠠᠬᠤᠢᠢᠯᠠᠯ ᠤᠨ ᠠᠰᠢᠬ ᠤᠯᠵᠠᠪᠤᠷᠢ ᠨᠢ ᠪᠠᠭᠤᠷᠠᠵᠦ ᠪᠠᠶᠢᠬᠰᠠᠨ ᠠᠴᠠ ᠪᠠᠨ ᠨᠡᠮᠡᠭᠳᠡᠭᠰᠨᠨ ᠮᠦᠷᠳᠡᠬᠡᠨ ᠨᠡᠮᠡᠭᠳᠡᠯ ᠤᠨ ᠬᠡᠮᠵᠢᠶ᠎ᠠ ᠨᠢ ᠢᠯᠡᠷᠬᠡᠶᠢᠰᠢᠪᠡ᠃ ᠲᠦᠷᠦᠬᠦᠦ 8 ᠰᠠᠷ᠎ᠠ ᠳᠤ᠂ ᠪᠦᠬᠦ ᠤᠷᠤᠨ ᠤ ᠬᠡᠪᠴᠢᠶᠡᠵᠢᠯ ᠠᠴᠠ ᠲᠡᠭᠡᠭᠰᠢᠬᠢ ᠠᠵᠦ ᠦᠢᠯᠡᠳᠪᠦᠷᠢ ᠶᠢᠨ ᠠᠵᠦ ᠠᠬᠤᠢᠢᠯᠠᠯ ᠤᠨ ᠠᠰᠢᠬ ᠤᠯᠵᠠᠪᠤᠷᠢ 650.03 ᠳ᠋ᠦᠩᠰᠢᠭᠤᠷ ᠲᠦᠬᠦᠷᠢᠭ ᠲᠤ ᠬᠦᠷᠴᠤ᠂ ᠨᠢᠳᠤᠨᠤᠨ ᠤ ᠠᠳᠠᠯᠢ ᠬᠤᠭᠤᠴᠠᠭ᠎ᠠ ᠶᠢᠨ ᠬᠢ ᠠᠴᠠ 14.5%᠎ ᠪᠠᠷ ᠨᠡᠮᠡᠭᠳᠡᠵᠦ᠂ 2013 ᠣᠨ ᠠᠴᠠ ᠨᠠᠰᠢᠬᠢ ᠦᠷᠬᠦᠯᠵᠢᠯᠡᠨ 40 ᠰᠠᠷ᠎ᠠ ᠶᠢᠨ ᠰᠦᠬᠡᠷᠬᠦ ᠨᠡᠮᠡᠭᠳᠡᠯ ᠠᠴᠠ ᠪᠠᠨ ᠠᠩᠬ᠎ᠠ ᠤᠳᠠᠭ᠎ᠠ ᠡᠶᠡᠷᠬᠦ ᠨᠡᠮᠡᠭᠳᠡᠯ ᠲᠠᠢ ᠪᠤᠯᠵᠠᠢ᠃ ᠠᠯᠳᠠᠬᠳᠠᠯ ᠲᠠᠢ ᠠᠵᠦ ᠠᠬᠤᠢᠢᠯᠠᠯ ᠤᠨ ᠠᠯᠳᠠᠬᠳᠠᠯ ᠤᠨ ᠬᠡᠮᠵᠢᠶ᠎ᠠ ᠨᠢ ᠨᠢᠳᠤᠨᠤᠨ ᠤ ᠠᠳᠠᠯᠢ ᠬᠤᠭᠤᠴᠠᠭ᠎ᠠ ᠶᠢᠨ ᠬᠢ ᠠᠴᠠ 10.6% ᠎ ᠪᠠᠷ ᠪᠠᠭᠤᠷᠠᠬᠰᠠᠨ ᠠᠴᠠ ᠭᠠᠳᠠᠨ᠎ᠠ᠂ ᠤᠳᠤᠬᠠᠨ ᠳᠤ ᠪᠦᠬᠦ ᠤᠷᠤᠨ ᠤ ᠡᠨᠧᠷᠬᠢ ᠵᠢᠴᠢ ᠬᠢᠮᠢ ᠶᠢᠨ ᠠᠵᠦ ᠦᠢᠯᠡᠳᠪᠦᠷᠢ ᠶᠢᠨ ᠲᠦᠷᠦᠯ ᠤᠨ ᠵᠠᠷᠢᠮ ᠦᠢᠯᠡᠳᠭᠦᠨ ᠤ ᠵᠠᠬ᠎ᠠ ᠲᠡᠯᠬᠡᠬᠦᠷ ᠤᠨ ᠦᠨ᠎ᠡ ᠨᠢ ᠪᠠᠰᠠ ᠦᠰᠴᠦ ᠪᠠᠶᠢᠨ᠎ᠠ᠃      ᠭᠤᠷᠪᠠᠳᠤᠭᠠᠷ ᠬᠢᠯᠠᠰ ᠴᠢᠭ᠋ ᠪᠤᠯ᠂ ᠠᠵᠦ ᠦᠢᠯᠡᠳᠪᠦᠷᠢ ᠶᠢᠨ ᠪᠦᠲᠦᠴᠡ ᠶᠢᠨ ᠲᠤᠬᠢᠷᠠᠭᠤᠯᠤᠯᠳᠠ ᠰᠢᠨ᠎ᠠ ᠦᠷ᠎ᠠ ᠪᠦᠲᠦᠮᠵᠢ ᠲᠠᠢ ᠪᠤᠯᠵᠦ᠂ ᠰᠢᠨ᠎ᠠ ᠬᠡᠯᠪᠡᠷᠢ ᠶᠢᠨ ᠠᠵᠦ ᠦᠢᠯᠡᠰ ᠲᠦᠷᠭᠡᠳᠦᠨ ᠬᠦᠭᠵᠢᠪᠡ᠃        41 ᠲᠤᠮᠤ ᠲᠦᠷᠦᠯ ᠤᠨ ᠠᠵᠢᠯ ᠲᠦᠷᠦᠯ ᠠᠴᠠ 35᠎ ᠨᠢ ᠨᠡᠮᠡᠭᠳᠡᠯ ᠢᠶᠠᠨ ᠪᠠᠲᠤᠯᠠᠵᠠᠢ᠃ ᠠᠵᠢᠯ ᠲᠦᠷᠦᠯ ᠠᠴᠠ ᠦᠵᠡᠪᠡᠯ᠂ ᠵᠠᠷᠢᠮ ᠲᠠᠪᠠᠭᠤᠯᠢᠬ ᠤᠨᠴᠠᠯᠢᠬᠳᠤ ᠠᠵᠦ ᠦᠢᠯᠡᠰ ᠲᠤᠯᠭᠠᠭᠤᠷᠢᠯᠠᠬᠤ ᠪᠠ ᠲᠠᠭᠠᠭᠤᠯᠬᠤ ᠲᠠᠯ᠎ᠠ ᠪᠠᠷ ᠴᠢᠬᠤᠯᠠ ᠦᠢᠯᠡᠳᠦᠯ ᠦᠵᠡᠬᠦᠯᠵᠡᠢ᠃ ᠲᠦᠷᠦᠬᠦᠦ ᠭᠤᠷᠪᠠᠨ ᠤᠯᠠᠷᠢᠯ ᠳᠤ᠂ ᠲᠡᠮᠦᠷᠯᠢᠭ ᠬᠠᠶᠢᠯᠤᠭᠤᠯᠬᠤ ᠪᠠ ᠪᠠᠷᠢᠯᠭ᠎ᠠ ᠶᠢᠨ ᠮᠠᠲ᠋ᠧᠷᠢᠶᠠᠯ ᠤᠨ ᠦᠢᠯᠡᠰ ᠨᠢᠳᠤᠨᠤᠨ ᠤ ᠠᠳᠠᠯᠢ ᠬᠤᠭᠤᠴᠠᠭ᠎ᠠ ᠶᠢᠨ ᠬᠢ ᠠᠴᠠ 11.9%᠎ ᠪᠠᠷ ᠨᠡᠮᠡᠭᠳᠡᠵᠦ᠂ ᠬᠡᠪᠴᠢᠶᠡᠵᠢᠯ ᠠᠴᠠ ᠲᠡᠭᠡᠭᠰᠢᠬᠢ ᠠᠵᠦ ᠦᠢᠯᠡᠳᠪᠦᠷᠢ ᠶᠢᠨ ᠨᠡᠮᠡᠭᠳᠡᠯ ᠢ 2.6 ᠵᠠᠭᠤᠨ ᠶᠢᠨ ᠴᠡᠭ ᠢᠶᠠᠷ ᠲᠠᠶᠢᠴᠢᠯᠠᠪᠠ᠃ ᠮᠠᠰᠢᠨ ᠲᠤᠨᠤᠬᠯᠠᠯ ᠦᠢᠯᠡᠳᠬᠦ ᠦᠢᠯᠡᠰ ᠤᠨ ᠨᠡᠮᠡᠭᠳᠡᠯ ᠤᠨ ᠬᠤᠷᠳᠤᠴᠠ ᠪᠠᠰᠠ ᠨᠡᠯᠢᠶᠡᠳ ᠲᠦᠷᠬᠡᠳᠴᠤ᠂ ᠪᠦᠬᠦ ᠤᠷᠤᠨ ᠤ ᠠᠵᠦ ᠦᠢᠯᠡᠳᠪᠦᠷᠢ ᠶᠢᠨ ᠬᠦᠭᠵᠢᠯᠳᠡ ᠶᠢᠨ ᠨᠢᠬᠡ ᠶᠡᠭᠡ ᠬᠢᠯᠠᠰ ᠴᠢᠭ᠋ ᠪᠤᠯᠵᠠᠢ᠃ ᠡᠬᠦᠨ ᠳᠤ᠂ ᠺᠤᠮᠫᠢᠦ᠋ᠲ᠋ᠧᠷ᠂ ᠴᠢᠮᠡᠭᠡ ᠬᠤᠯᠪᠤᠭ᠎ᠠ ᠪᠠ ᠪᠤᠰᠤᠳ ᠡᠯᠧᠺᠲᠷᠤᠨ ᠲᠦᠬᠦᠬᠡᠷᠦᠮᠵᠢ ᠦᠢᠯᠡᠳᠬᠦ ᠦᠢᠯᠡᠰ ᠎ ᠤᠨ ᠨᠡᠮᠡᠭᠳᠡᠯ ᠦᠷᠲᠡᠭ ᠨᠢᠳᠤᠨᠤᠨ ᠤ ᠠᠳᠠᠯᠢ ᠬᠤᠭᠤᠴᠠᠭ᠎ᠠ ᠶᠢᠨ ᠬᠢ ᠠᠴᠠ 35.1%᠎ ᠪᠠᠷ ᠨᠡᠮᠡᠭᠳᠡᠵᠦ᠂ ᠲᠡᠮᠦᠷ ᠵᠠᠮ᠂ ᠤᠩᠭᠤᠴᠠ᠂ ᠠᠭᠠᠷ ᠤᠨ ᠠᠶᠠᠯᠠᠯ ᠪᠠ ᠰᠠᠨᠰᠠᠷ ᠤᠨ ᠠᠶᠠᠯᠠᠯ ᠵᠢᠴᠢ ᠪᠤᠰᠤᠳ ᠵᠦᠬᠡᠬᠡᠪᠦᠷᠢ ᠶᠢᠨ ᠲᠦᠬᠦᠬᠡᠷᠦᠮᠵᠢ ᠦᠢᠯᠡᠳᠬᠦ ᠦᠢᠯᠡᠰ ᠤᠨ ᠨᠡᠮᠡᠭᠳᠡᠯ ᠦᠷᠲᠡᠭ ᠨᠢᠳᠤᠨᠤᠨ ᠤ ᠠᠳᠠᠯᠢ ᠬᠤᠭᠤᠴᠠᠭ᠎ᠠ ᠶᠢᠨ ᠬᠢ ᠠᠴᠠ 34%᠎ ᠪᠠᠷ ᠨᠡᠮᠡᠭᠳᠡᠵᠡᠢ᠃ ᠠᠵᠦ ᠠᠬᠤᠢ ᠶᠢᠨ ᠲᠦᠷᠦᠯ ᠬᠡᠯᠪᠡᠷᠢ ᠠᠴᠠ ᠦᠵᠡᠪᠡᠯ᠂ ᠨᠡᠶᠢᠳᠡ ᠶᠢᠨ ᠦᠮᠴᠢᠯᠡᠯ ᠤᠨ ᠪᠤᠰᠤ ᠠᠵᠦ ᠠᠬᠤᠢᠢᠯᠠᠯ ᠪᠠ ᠲᠤᠮᠳᠠ ᠪᠠᠭ᠎ᠠ ᠠᠵᠦ ᠠᠬᠤᠢᠢᠯᠠᠯ ᠤᠨ ᠨᠡᠮᠡᠭᠳᠡᠯ ᠦᠷᠲᠡᠭ ᠨᠡᠯᠢᠶᠡᠳ ᠲᠦᠷᠬᠡᠨ ᠢᠶᠠᠷ ᠨᠡᠮᠡᠭᠳᠡᠵᠦ᠂ ᠨᠡᠶᠢᠳᠡ ᠶᠢᠨ ᠦᠮᠴᠢᠯᠡᠯ ᠤᠨ ᠪᠤᠰᠤ ᠠᠵᠦ ᠦᠢᠯᠡᠳᠪᠦᠷᠢ ᠶᠢᠨ ᠨᠡᠮᠡᠭᠳᠡᠯ ᠦᠷᠲᠡᠭ ᠨᠢᠳᠤᠨᠤᠨ ᠤ ᠠᠳᠠᠯᠢ ᠬᠤᠭᠤᠴᠠᠭ᠎ᠠ ᠶᠢᠨ ᠬᠢ ᠠᠴᠠ 13.7%᠎ ᠪᠠᠷ ᠨᠡᠮᠡᠭᠳᠡᠵᠡᠢ᠃      ᠲᠦᠷᠪᠡᠳᠦᠬᠡᠷ ᠬᠢᠯᠠᠰ ᠴᠢᠭ᠋ ᠪᠤᠯ᠂ ᠦᠢᠯᠡᠴᠢᠯᠡᠬᠡᠨ ᠤ ᠦᠢᠯᠡᠰ ᠨᠡᠯᠢᠶᠡᠳ ᠲᠦᠷᠬᠡᠨ ᠨᠡᠮᠡᠭᠳᠡᠭᠰᠨᠨ ᠮᠦᠷᠳᠡᠬᠡᠨ ᠦᠢᠯᠡᠴᠢᠯᠡᠬᠡᠨ ᠤ ᠦᠢᠯᠡᠰ ᠤᠨ ᠲᠤᠳᠤᠭᠠᠳᠤ ᠪᠦᠳᠦᠴᠡ ᠶᠢᠨ ᠲᠤᠬᠢᠷᠠᠭᠤᠯᠤᠯᠳᠠ ᠪᠠᠰᠠ ᠢᠳᠡᠪᠬᠢ ᠴᠢᠭᠯᠡᠯ ᠲᠡᠰᠢ ᠠᠬᠢᠪᠠ᠃      ᠲᠦᠷᠦᠬᠦᠦ ᠭᠤᠷᠪᠠᠨ ᠤᠯᠠᠷᠢᠯ ᠳᠤ᠂ ᠪᠦᠬᠦ ᠤᠷᠤᠨ ᠤ ᠦᠢᠯᠡᠴᠢᠯᠡᠬᠡᠨ ᠤ ᠦᠢᠯᠡᠰ ᠤᠨ ᠨᠡᠮᠡᠭᠳᠡᠯ ᠦᠷᠲᠡᠭ ᠎ ᠤᠨ GDP᠎ ᠲᠠᠬᠢ ᠡᠵᠡᠯᠡᠬᠦ ᠬᠠᠷᠢᠴᠠᠯ 44.8%᠎ ᠳᠤ ᠬᠦᠷᠴᠤ᠂ ᠨᠢᠳᠤᠨᠤᠨ ᠤ ᠠᠳᠠᠯᠢ ᠬᠤᠭᠤᠴᠠᠭ᠎ᠠ ᠶᠢᠨ ᠬᠢ ᠠᠴᠠ 7.6%᠎ ᠪᠠᠷ ᠨᠡᠮᠡᠭᠳᠡᠵᠦ᠂ GDP᠎ ᠤᠨ ᠨᠡᠮᠡᠭᠳᠡᠯ ᠳᠠᠬᠢ ᠬᠤᠪᠢ ᠨᠡᠮᠡᠷᠢ ᠶᠢᠨ ᠨᠤᠷᠮ᠎ᠠ ᠨᠢ 45.3%᠎ ᠳᠤ ᠬᠦᠷᠴᠤ᠂ GDP᠎ ᠤᠨ ᠨᠡᠮᠡᠭᠳᠡᠯ ᠢ 3.2 ᠵᠠᠭᠤᠨ ᠤ ᠴᠡᠭ  ᠎ ᠢᠶᠠᠷ ᠲᠠᠶᠢᠴᠢᠯᠠᠵᠠᠢ᠃ ᠬᠠᠮᠳᠤ ᠳᠤᠨᠢ᠂ ᠦᠢᠯᠡᠴᠢᠯᠡᠬᠡᠨ ᠤ ᠦᠢᠯᠡᠰ ᠤᠨ ᠡᠵᠡᠩᠨᠡᠯᠳᠡ ᠶᠢᠨ ᠤᠷᠤᠯᠭ᠎ᠠ ᠪᠠᠰᠠ ᠨᠡᠮᠡᠭᠳᠡᠵᠦ᠂ ᠲᠦᠷᠦᠬᠦᠦ 8 ᠰᠠᠷ᠎ᠠ ᠳᠤ ᠪᠦᠬᠦ ᠤᠷᠤᠨ ᠤ ᠬᠡᠪᠴᠢᠶᠡᠵᠢᠯ ᠠᠴᠠ ᠲᠡᠭᠡᠭᠰᠢᠬᠢ ᠦᠢᠯᠡᠴᠢᠯᠡᠬᠡᠨ ᠤ ᠦᠢᠯᠡᠰ ᠤᠨ ᠡᠵᠡᠩᠨᠡᠯᠳᠡ ᠶᠢᠨ ᠤᠷᠤᠯᠭ᠎ᠠ 649.8 ᠳ᠋ᠦᠩᠰᠢᠭᠤᠷ ᠲᠦᠬᠦᠷᠢᠭ ᠲᠤ ᠬᠦᠷᠴᠤ᠂ ᠨᠢᠳᠤᠨᠤᠨ ᠤ ᠠᠳᠠᠯᠢ ᠬᠤᠭᠤᠴᠠᠭ᠎ᠠ ᠶᠢᠨ ᠬᠢ ᠠᠴᠠ 4.2%᠎ ᠢᠶᠠᠷ ᠨᠡᠮᠡᠭᠳᠡᠵᠦ᠂ ᠲᠦᠷᠦᠬᠦᠦ 5 ᠰᠠᠷ᠎ᠠ ᠶᠢᠨ ᠨᠡᠮᠡᠭᠳᠡᠯ ᠤᠨ ᠬᠤᠷᠳᠤᠴᠠ ᠠᠴᠠ 5.1 ᠵᠠᠭᠤᠨ ᠤ ᠴᠡᠭ ᠎ ᠢᠶᠠᠷ ᠲᠡᠭᠡᠭᠰᠢᠯᠡᠪᠡ᠃ ᠡᠬᠦᠨ ᠳᠤ ᠲᠦᠯᠦᠬᠡᠯᠡᠬᠦ ᠴᠢᠨᠠᠷᠳᠠᠢ ᠠᠵᠢᠯ ᠲᠦᠷᠦᠯ ᠢ ᠲᠤᠷᠠᠳᠪᠠᠯ᠂ ᠵᠢᠭᠤᠯᠴᠢᠯᠠᠯ ᠤᠨ ᠦᠢᠯᠡᠰ ᠲᠤᠭᠳᠠᠭᠤᠨ ᠢᠶᠠᠷ ᠨᠡᠮᠡᠭᠳᠡᠵᠦ᠂ ᠲᠦᠷᠦᠬᠦᠦ ᠭᠤᠷᠪᠠᠨ ᠤᠯᠠᠷᠢᠯ ᠳᠤ ᠪᠦᠬᠦ ᠤᠷᠤᠨ ᠤ ᠬᠦᠯᠢᠶᠡᠨ ᠠᠪᠴᠤ ᠵᠤᠴᠢᠯᠠᠬᠰᠠᠨ ᠵᠢᠭᠤᠯᠴᠢᠯᠠᠭᠴᠢᠳ ᠤᠨ ᠲᠤᠭ᠎ᠠ ᠪᠠ ᠵᠢᠭᠤᠯᠴᠢᠯᠠᠯ ᠤᠨ ᠤᠷᠤᠯᠭ᠎ᠠ ᠨᠢ ᠨᠢᠳᠤᠨᠤᠨ ᠤ ᠠᠳᠠᠯᠢ ᠬᠤᠭᠤᠴᠠᠭ᠎ᠠ ᠶᠢᠨ ᠬᠢ ᠠᠴᠠ ᠲᠤᠰᠪᠤᠷᠢ 13.3% ᠪᠠ 24.3%᠎ ᠪᠠᠷ ᠨᠡᠮᠡᠭᠳᠡᠵᠦ᠂ ᠵᠢᠭᠤᠯᠴᠢᠯᠠᠯ ᠤᠨ ᠲᠦᠷᠦᠯ ᠵᠦᠢᠯ ᠤᠨ ᠪᠡᠯᠡ ᠤᠷᠤᠭᠤᠯᠤᠯᠳᠠ 260.86 ᠳ᠋ᠦᠩᠰᠢᠭᠤᠷ ᠲᠦᠬᠦᠷᠢᠭ ᠲᠤ ᠬᠦᠷᠴᠡᠢ᠃ ᠡᠬᠦᠨ ᠠᠴᠠ ᠭᠠᠳᠠᠨ᠎ᠠ᠂ ᠵᠠᠮ ᠬᠠᠷᠢᠯᠴᠠᠭ᠎ᠠ ᠲᠡᠬᠡᠬᠡᠪᠦᠷᠢ ᠪᠠ ᠮᠦᠩᠬᠦᠨ ᠬᠦᠢᠯᠬᠡᠬᠡᠨ ᠤ ᠦᠢᠯᠡᠰ ᠤᠨ ᠬᠦᠭᠵᠢᠯᠳᠡ ᠨᠡᠯᠢᠶᠡᠳ ᠲᠤᠬᠳᠠᠭᠤᠨ ᠪᠠᠶᠢᠨ᠎ᠠ᠃      ᠲᠠᠪᠤᠳᠤᠭᠠᠷ ᠬᠢᠯᠠᠰ ᠴᠢᠭ᠋ ᠪᠤᠯ᠂ ᠲᠤᠳᠤᠭᠠᠳᠤ ᠬᠡᠷᠡᠭᠴᠡᠭᠡ ᠶᠢᠨ ᠲᠠᠯᠳᠠ ᠬᠦᠴᠦᠨ ᠨᠡᠯᠢᠶᠡᠳ ᠰᠠᠶᠢᠨ ᠪᠠᠳᠠᠷᠠᠭᠤᠯᠤᠬᠳᠠᠵᠦ᠂ ᠬᠡᠷᠡᠭᠯᠡᠭᠡ ᠶᠢᠨ ᠠᠵᠦ ᠠᠬᠤᠢ ᠶᠢᠨ ᠨᠡᠮᠡᠭᠳᠡᠯ ᠳᠠᠬᠢ ᠬᠤᠪᠢ ᠨᠡᠮᠡᠷᠢ ᠲᠡᠭᠡᠭᠰᠢᠯᠡᠪᠡ᠃      ᠲᠦᠷᠦᠬᠦᠦ ᠭᠤᠷᠪᠠᠨ ᠤᠯᠠᠷᠢᠯ ᠳᠤ᠂ ᠪᠦᠬᠦ ᠤᠷᠤᠨ ᠤ ᠨᠡᠶᠢᠬᠡᠮ ᠤᠨ ᠬᠡᠷᠡᠭᠯᠡᠬᠡᠨ ᠤ ᠪᠠᠷᠠᠭ᠎ᠠ ᠶᠢ ᠵᠢᠵᠢᠭᠯᠡᠨ ᠪᠤᠷᠤᠯᠠᠭᠤᠯᠤᠬᠰᠠᠨ ᠵᠤᠭᠤᠰ ᠤᠨ ᠲᠤᠭ᠎ᠠ 4726 ᠳ᠋ᠦᠩᠰᠢᠭᠤᠷ ᠲᠦᠬᠦᠷᠢᠭ ᠲᠤ ᠬᠦᠷᠴᠤ᠂ ᠨᠢᠳᠤᠨᠤᠨ ᠤ ᠠᠳᠠᠯᠢ ᠬᠤᠭᠤᠴᠠᠭ᠎ᠠ ᠶᠢᠨ ᠬᠢ ᠠᠴᠠ 9.6%᠎ ᠪᠠᠷ ᠨᠡᠮᠡᠭᠳᠡᠵᠦ᠂ ᠲᠡᠭᠡᠷ᠎ᠠ ᠵᠢᠯ ᠤᠨ ᠨᠡᠮᠡᠭᠳᠡᠯ ᠤᠨ ᠬᠤᠷᠳᠤᠴᠠ ᠠᠴᠠ 0.1 ᠵᠠᠭᠤᠨ ᠤ ᠴᠡᠭ ᠢᠶᠠᠷ ᠦᠨᠳᠦᠷ ᠪᠤᠯᠤᠬᠰᠠᠨ ᠮᠦᠷᠳᠡᠬᠡᠨ ᠪᠦᠬᠦ ᠵᠢᠯ ᠤᠨ ᠵᠢᠱᠢᠭᠰᠡᠨ ᠨᠡᠮᠡᠭᠳᠡᠯ ᠤᠨ ᠬᠤᠷᠳᠤᠴᠠ ᠶᠢᠨ ᠬᠠᠷᠠᠯᠳᠠ ᠠᠴᠠ 0.6 ᠵᠠᠭᠤᠨ ᠤ ᠴᠡᠭ ᠢᠶᠠᠷ ᠦᠨᠳᠦᠷ ᠪᠤᠯᠤᠬᠰᠠᠨ ᠪᠠᠶᠢᠨ᠎ᠠ᠃ ᠰᠠᠭᠤᠭᠠᠯᠢ ᠠᠷᠠᠳ ᠤᠨ ᠦᠵᠦ ᠬᠡᠷᠡᠭᠯᠡᠭᠡ ᠶᠢᠨ ᠦᠢᠯᠡᠳᠬᠦᠨ ᠪᠠ ᠤᠶᠤᠨ ᠰᠤᠶᠤᠯ ᠤᠨ ᠠᠮᠢᠳᠤᠷᠠᠯ ᠤᠨ ᠬᠡᠷᠡᠭᠯᠡᠭᠡ ᠶᠢᠨ ᠬᠡᠷᠡᠭᠴᠡᠭᠡ ᠱᠠᠭᠠᠷᠳᠠᠯᠭ᠎ᠠ ᠢᠯᠡᠳᠳᠡ ᠨᠡᠮᠡᠭᠳᠡᠵᠦ᠂ ᠮᠠᠰᠢᠨ ᠲᠡᠷᠭᠡ ᠵᠡᠷᠭᠡ ᠶᠢᠨ ᠪᠤᠷᠤᠯᠠᠭᠤᠯᠭ᠎ᠠ ᠶᠢᠨ ᠨᠡᠮᠡᠭᠳᠡᠯ ᠨᠡᠯᠢᠶᠡᠳ ᠲᠦᠷᠬᠡᠨ ᠪᠤᠯᠤᠬᠰᠠᠨ ᠠᠴᠠ ᠭᠠᠳᠠᠨ᠎ᠠ᠂ ᠠᠯᠳᠠ ᠮᠦᠩᠬᠦ ᠡᠷᠳᠡᠨᠢᠰ ᠪᠠ ᠭᠤᠶᠤᠯᠠᠯ ᠤᠨ ᠡᠳ᠋ᠯᠡᠯ ᠢ ᠵᠢᠵᠢᠭᠯᠡᠨ ᠪᠤᠷᠤᠯᠠᠭᠤᠯᠤᠬᠰᠠᠨ ᠵᠤᠭᠤᠰ ᠤᠨ ᠲᠤᠭ᠎ᠠ ᠪᠦᠷ ᠬᠤᠶᠠᠷ ᠤᠷᠤᠨᠳᠤ ᠲᠤᠭ᠎ᠠ ᠪᠠᠷ ᠨᠡᠮᠡᠭᠳᠡᠪᠡ᠃      ᠵᠢᠷᠭᠤᠳᠤᠭᠠᠷ ᠬᠢᠯᠡᠰ ᠴᠢᠭ᠋ ᠪᠤᠯ᠂ ᠪᠡᠯᠡ ᠤᠷᠤᠭᠤᠯᠤᠯᠳᠠ ᠶᠢᠨ ᠪᠦᠲᠦᠴᠡ ᠳᠤ ᠢᠳᠡᠪᠬᠢᠳᠡᠢ ᠬᠤᠪᠢᠷᠠᠯᠳᠠ ᠡᠬᠦᠰᠴᠤ᠂ ᠲᠦᠷᠦᠯ ᠵᠦᠢᠯ ᠤᠨ ᠪᠠᠷᠢᠯᠭ᠎ᠠ ᠶᠢ ᠡᠬᠢᠯᠡᠬᠦᠯᠦᠭᠰᠡᠨ ᠪᠠᠶᠢᠳᠠᠯ ᠶᠡᠭᠡ ᠰᠠᠶᠢᠨ ᠪᠤᠯᠪᠠ᠃      ᠪᠡᠯᠡ ᠤᠷᠤᠭᠤᠯᠤᠯᠳᠠ ᠶᠢᠨ ᠪᠦᠲᠦᠴᠡ ᠶᠢᠨ ᠢᠳᠡᠪᠬᠢᠳᠡᠢ ᠬᠤᠪᠢᠷᠠᠯᠳᠠ ᠳᠤ᠂ ᠠᠷᠠᠳ ᠤᠨ ᠪᠡᠯᠡ ᠤᠷᠤᠭᠤᠯᠤᠯᠳᠠ ᠶᠢᠨ ᠪᠠᠭᠤᠷᠠᠯᠳᠠ ᠶᠢᠨ ᠬᠡᠮᠵᠢᠶ᠎ᠠ ᠪᠠᠭᠠᠰᠴᠤ᠂ ᠭᠤᠷᠪᠠᠳᠤᠭᠠᠷ ᠠᠵᠦ ᠦᠢᠯᠡᠰ ᠤᠨ ᠪᠡᠯᠡ ᠤᠷᠤᠭᠤᠯᠤᠯᠳᠠ ᠶᠢᠨ ᠨᠡᠮᠡᠭᠳᠡᠯ ᠨᠡᠯᠢᠶᠡᠳ ᠲᠦᠷᠬᠡᠳᠴᠤ᠂ ᠪᠦᠬᠦ ᠤᠷᠤᠨ ᠤ ᠦᠢᠯᠡᠴᠢᠯᠡᠬᠡᠨ ᠤ ᠦᠢᠯᠡᠰ ᠤᠨ ᠬᠦᠭᠵᠢᠯᠳᠡ ᠳᠤ ᠬᠦᠳᠡᠯᠬᠡᠬᠦ ᠬᠦᠴᠦᠨ ᠬᠤᠷᠠᠮᠳᠤᠭᠤᠯᠤᠨ᠂ ᠲᠦᠷᠦᠯ ᠵᠦᠢᠯ ᠤᠨ ᠪᠡᠷᠢᠯᠭ᠎ᠠ ᠶᠢ ᠡᠬᠢᠯᠡᠬᠦᠯᠦᠭᠰᠡᠨ ᠪᠠᠶᠢᠳᠠᠯ ᠶᠡᠭᠡ ᠰᠠᠶᠢᠨ ᠪᠠᠶᠢᠵᠦ᠂ ᠪᠠᠲᠤᠯᠠᠪᠤᠷᠢ  ᠶᠢᠨ ᠴᠢᠨᠠᠷᠳᠠᠢ ᠤᠷᠤᠨ ᠰᠠᠭᠤᠴᠠ ᠶᠢᠨ ᠪᠦᠲᠦᠬᠡᠨ ᠪᠠᠶᠢᠭᠤᠯᠤᠯᠳᠠ ᠶᠢᠨ ᠠᠬᠢᠴᠠ ᠰᠠᠶᠢᠨ ᠪᠠᠶᠢᠵᠦ᠂ ᠠᠷᠠᠳ ᠤᠨ ᠠᠮᠢᠳᠤᠷᠠᠯ ᠢ ᠪᠠᠲᠤᠯᠠᠬᠤ ᠶᠢᠨ ᠬᠠᠮᠳᠤ ᠪᠡᠯᠡ ᠤᠷᠤᠭᠤᠯᠤᠯᠳᠠ ᠶᠢ ᠲᠤᠬᠳᠠᠪᠤᠷᠢᠵᠢᠭᠤᠯᠤᠬᠰᠠᠨ ᠪᠠᠶᠢᠨ᠎ᠠ᠃      ᠰᠤᠷᠪᠤᠯᠵᠢᠯᠠᠬᠴᠢ᠄ ᠠᠵᠦ ᠠᠬᠤᠢ ᠶᠢᠨ ᠬᠦᠭᠵᠢᠯᠳᠡ ᠶᠢᠨ ᠰᠢᠨ᠎ᠠ ᠬᠡᠪ ᠪᠠᠶᠢᠳᠠᠯ ᠳᠤ  ᠵᠣᠬᠢᠴᠠᠬᠤ ᠪᠠ ᠬᠦᠲᠦᠯᠦᠨ ᠲᠠᠭᠠᠭᠤᠯᠬᠤ ᠵᠢᠴᠢ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠳᠠᠢ ᠦᠬᠡᠷᠡᠴᠢᠯᠡᠯᠳᠡ ᠶᠢᠨ ᠲᠠᠯ᠎ᠠ ᠪᠠᠷ ᠶᠠᠮᠠᠷᠰᠢᠤ ᠠᠬᠢᠴᠠ ᠲᠠᠢ ᠪᠠᠶᠢᠬᠤ ᠪᠤᠢ︖      ᠫᠠᠨ ᡁᠢ ᠹᠧᠩ᠄ ᠡᠨᠡ ᠵᠢᠯ ᠠᠴᠠ ᠨᠠᠰᠢ᠂ ᠮᠠᠨ ᠤ ᠤᠷᠤᠨ ᠶᠠᠭᠤᠨ ᠤ ᠡᠮᠦᠨ᠎ᠠ᠂ ᠲᠦᠷᠦᠯ ᠬᠤᠪᠢᠶᠠᠨ ᠵᠢᠯᠤᠭᠤᠳᠴᠤ᠂ ᠠᠳᠠᠯᠢ ᠪᠤᠰᠤ ᠬᠡᠯᠪᠡᠷᠢ ᠶᠢᠨ ᠦᠢᠯᠡᠳᠪᠦᠷᠢᠯᠡᠯ ᠤᠨ ᠦᠯᠡᠭᠦᠦ ᠴᠢᠳᠠᠪᠤᠷᠢ ᠶᠢ ᠰᠢᠢᠳᠪᠦᠷᠢᠯᠡᠵᠦ᠂ ᠨᠢᠬᠡᠨᠳᠡ ᠲᠤᠬᠳᠠᠭᠠᠬᠰᠠᠨ ᠲᠦᠰᠦᠪ ᠪᠠ ᠴᠠᠬ ᠤᠨ ᠬᠦᠰᠦᠨᠦᠭᠳᠤ ᠶᠤᠰᠤᠭᠠᠷ ᠡᠮᠬᠢ ᠴᠡᠭᠴᠡᠳᠡᠢ ᠠᠬᠢᠭᠤᠯᠪᠠ᠃ ᠲᠠᠬᠢᠪᠠᠯ᠂ ᠠᠵᠦ ᠠᠬᠤᠢᠢᠯᠠᠯ ᠢ ᠬᠦᠲᠦᠯᠦᠨ ᠵᠢᠯᠤᠭᠤᠳᠴᠤ ᠦᠢᠯᠡᠳᠪᠦᠷᠢᠯᠡᠯ ᠢ ᠨᠢ ᠪᠠᠭᠠᠰᠬᠠᠨ᠂ ᠬᠦᠮᠦᠷᠬᠡᠯᠡᠯᠳᠡ ᠶᠢ ᠪᠠᠭᠠᠰᠬᠠᠵᠦ᠂ ᠵᠠᠬ᠎ᠠ ᠲᠡᠯᠬᠡᠬᠦᠷ ᠢ ᠨᠡᠶᠢᠳᠬᠡᠪᠡ᠃ ᠲᠠᠷᠠᠭᠠᠯᠠᠪᠠᠯ᠂ ᠬᠦᠭᠵᠢᠯᠳᠡ ᠶᠢᠨ ᠲᠤᠳᠠᠭᠤᠳᠠᠯ ᠢ ᠨᠦᠬᠦᠪᠦᠷᠢᠯᠡᠨ᠂ ᠦᠢᠯᠡᠳᠪᠦᠷᠢᠯᠡᠯ ᠤᠨ ᠦᠯᠡᠭᠦᠦ ᠴᠢᠳᠠᠪᠤᠷᠢ ᠶᠢ ᠰᠢᠢᠳᠪᠦᠷᠢᠯᠡᠬᠦ ᠠᠴᠠ ᠪᠤᠯᠤᠬᠰᠠᠨ ᠠᠵᠢᠯᠳᠠᠨ ᠢ ᠲᠦᠪᠬᠢᠨᠡᠬᠦᠯᠬᠦ ᠠᠵᠢᠯ ᠪᠠ ᠨᠡᠶᠢᠬᠡᠮ ᠤᠨ ᠲᠤᠬᠳᠠᠭᠤᠨ ᠢ ᠬᠠᠮᠠᠭᠠᠯᠠᠬᠤ ᠠᠵᠢᠯ ᠢ ᠰᠠᠶᠢᠳᠤᠷ ᠬᠢᠪᠡ᠃ ᠦᠢᠯᠡᠳᠪᠦᠷᠢᠯᠡᠯ ᠤᠨ ᠦᠯᠡᠭᠦᠦ ᠴᠢᠳᠠᠪᠤᠷᠢ ᠶᠢ ᠰᠢᠢᠳᠪᠦᠷᠢᠯᠡᠬᠦ ᠠᠵᠢᠯ ᠢ ᠡᠮᠬᠢ ᠴᠡᠭᠴᠡᠳᠡᠢ ᠠᠬᠢᠭᠤᠯᠵᠦ᠂ ᠲᠦᠷᠦᠬᠦᠦ ᠭᠤᠷᠪᠠᠨ ᠤᠯᠠᠷᠢᠯ ᠳᠤ᠂ ᠪᠦᠬᠦ ᠤᠷᠤᠨ ᠤ ᠨᠡᠬᠦᠷᠡᠰᠦᠨ ᠤ ᠦᠢᠯᠡᠳᠪᠦᠷᠢᠯᠡᠯ ᠤᠨ ᠬᠡᠮᠵᠢᠶ᠎ᠠ ᠨᠢᠳᠤᠨᠤᠨ ᠤ ᠠᠳᠠᠯᠢ ᠬᠤᠭᠤᠴᠠᠭ᠎ᠠ ᠶᠢᠨ ᠬᠢ ᠠᠴᠠ 10.7%᠎ ᠪᠠᠷ ᠪᠠᠭᠤᠷᠠᠵᠦ᠂ 9 ᠳ᠋ᠤᠭᠡᠷ ᠰᠠᠷ᠎ᠠ ᠳᠤ ᠰᠢᠷᠡᠮᠦ ᠶᠢᠨ ᠦᠢᠯᠡᠳᠪᠦᠷᠢᠯᠡᠯ ᠤᠨ ᠬᠡᠮᠵᠢᠶ᠎ᠠ ᠨᠢᠳᠤᠨᠤᠨ ᠤ ᠠᠳᠠᠯᠢ ᠬᠤᠭᠤᠴᠠᠭ᠎ᠠ ᠶᠢᠨ ᠬᠢ ᠠᠴᠠ 7.7᠎ ᠢᠶᠠᠷ ᠪᠠᠭᠤᠷᠠᠵᠠᠢ᠃ ᠲᠦᠷᠦᠬᠦᠦ ᠭᠤᠷᠪᠠᠨ ᠤᠯᠠᠷᠢᠯ ᠳᠤ᠂ ᠪᠦᠬᠦ ᠤᠷᠤᠨ ᠤ ᠬᠤᠳᠠᠯᠳᠤᠭᠠᠨ ᠤ ᠠᠰᠠᠷ ᠪᠠᠶᠢᠰᠢᠩ ᠢ ᠪᠤᠷᠤᠯᠠᠭᠤᠯᠤᠬᠰᠠᠨ ᠲᠠᠯᠠᠪᠠᠢ ᠪᠠ ᠪᠤᠷᠤᠯᠠᠭᠤᠯᠤᠬᠰᠠᠨ ᠵᠤᠭᠤᠰ ᠤᠨ ᠲᠤᠭ᠎ᠠ ᠲᠤᠰᠪᠤᠷᠢ ᠨᠢᠳᠤᠨᠤᠨ ᠤ ᠠᠳᠠᠯᠢ ᠬᠤᠭᠤᠴᠠᠭ᠎ᠠ ᠶᠢᠨ ᠬᠢ ᠠᠴᠠ 12.2% ᠪᠠ 11.6%᠎ ᠪᠠᠷ ᠨᠡᠮᠡᠭᠳᠠᠵᠦ᠂ ᠪᠤᠷᠤᠯᠠᠭᠤᠯᠵᠦ ᠭᠠᠷᠭᠠᠭᠠᠳᠤᠢ ᠠᠰᠠᠷ ᠪᠠᠶᠢᠰᠢᠩ ᠤᠨ ᠲᠠᠯᠠᠪᠠᠢ ᠨᠢᠳᠤᠨᠤᠨ ᠤ ᠠᠳᠠᠯᠢ ᠬᠤᠭᠤᠴᠠᠭ᠎ᠠ ᠶᠢᠨ ᠬᠢ ᠠᠴᠠ 18.1 ᠲᠦᠮᠡᠨ ᠲᠡᠭᠰᠢ ᠲᠦᠷᠪᠡᠯᠵᠢᠨ ᠮᠧᠲᠷ ᠪᠠᠭᠠᠰᠴᠠᠢ᠃ ᠲᠦᠷᠦᠬᠦᠦ 8 ᠰᠠᠷ᠎ᠠ ᠳᠤ᠂ ᠪᠦᠬᠦ ᠤᠷᠤᠨ ᠤ ᠬᠡᠪᠴᠢᠶᠡᠵᠢᠯ ᠠᠴᠠ ᠲᠡᠭᠡᠭᠰᠢᠬᠢ ᠠᠵᠦ ᠦᠢᠯᠡᠳᠪᠦᠷᠢ ᠶᠢᠨ ᠠᠵᠦ ᠠᠬᠤᠢᠢᠯᠠᠯ ᠤᠨ ᠭᠤᠤᠯ ᠡᠵᠡᠩᠨᠡᠯᠳᠡ ᠶᠢᠨ ᠤᠷᠤᠯᠭ᠎ᠠ ᠪᠠ ᠠᠰᠢᠬ ᠤᠯᠵᠠᠪᠤᠷᠢ ᠶᠢᠨ ᠬᠡᠮᠵᠢᠶ᠎ᠠ ᠨᠢ ᠨᠢᠳᠤᠨᠤᠨ ᠤ ᠠᠳᠠᠯᠢ ᠬᠤᠭᠤᠴᠠᠭ᠎ᠠ ᠶᠢᠨ ᠬᠢ ᠠᠴᠠ ᠲᠤᠰᠪᠤᠷᠢ 3.3% ᠪᠠ 14.5%᠎ ᠪᠠᠷ ᠨᠡᠮᠡᠭᠳᠡᠵᠡᠢ᠃ ᠪᠦᠬᠦ ᠤᠷᠤᠨ ᠤ ᠰᠠᠭᠤᠷᠢ ᠪᠡᠯᠡᠳᠬᠡᠮᠵᠢ ᠶᠢᠨ ᠪᠦᠲᠦᠬᠡᠨ ᠪᠠᠶᠢᠭᠤᠯᠤᠯᠳᠠ 3434.38 ᠳ᠋ᠦᠩᠰᠢᠭᠤᠷ ᠲᠦᠬᠦᠷᠢᠭ ᠲᠤ ᠬᠦᠷᠴᠤ᠂ ᠨᠢᠳᠤᠨᠤᠨ ᠤ ᠠᠳᠠᠯᠢ ᠬᠤᠭᠤᠴᠠᠭ᠎ᠠ ᠶᠢᠨ ᠬᠢ ᠠᠴᠠ 49.4%᠎ ᠪᠠᠷ ᠨᠡᠮᠡᠭᠳᠡᠭᠰᠡᠨ ᠪᠠᠶᠢᠨ᠎ᠠ᠃      ᠰᠤᠷᠪᠤᠯᠵᠢᠯᠠᠬᠴᠢ᠄ ᠲᠦᠷᠦᠬᠦᠦ ᠭᠤᠷᠪᠠᠨ ᠤᠯᠠᠷᠢᠯ ᠳᠤ ᠮᠠᠨ ᠤ ᠤᠷᠤᠨ ᠠᠷᠠᠳ ᠤᠨ ᠠᠮᠢᠳᠤᠷᠠᠯ ᠤᠨ ᠢᠨᠵᠧᠨᠧᠷᠢᠩ ᠤᠨ ᠲᠠᠯ᠎ᠠ ᠪᠠᠷ ᠶᠠᠮᠠᠷ ᠦᠷ᠎ᠠ ᠪᠦᠲᠦᠮᠵᠢ ᠤᠯᠤᠬᠰᠠᠨ ᠪᠤᠢ︖ ᠶᠠᠳᠠᠭᠤ ᠶᠢ ᠲᠡᠳᠬᠦᠬᠦ ᠠᠵᠢᠯ ᠤᠨ ᠲᠠᠯ᠎ᠠ ᠪᠠᠷ ᠶᠠᠮᠠᠷ ᠰᠢᠨ᠎ᠠ ᠠᠬᠢᠴᠠ ᠲᠠᠢ ᠪᠣᠢ︖      ᠫᠠᠨ ᡁᠢ ᠹᠧᠩ᠄ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠤᠷᠤᠯᠭ᠎ᠠ ᠲᠤᠭᠳᠠᠭᠤᠨ ᠢᠶᠠᠷ ᠨᠡᠮᠡᠭᠳᠡᠵᠦ᠂ ᠲᠦᠷᠦᠬᠦᠦ ᠭᠤᠷᠪᠠᠨ ᠤᠯᠠᠷᠢᠯ ᠳᠤ᠂ ᠪᠦᠬᠦ ᠤᠷᠤᠨ ᠤ ᠬᠤᠳᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ ᠲᠤᠮᠳᠠᠴᠢ ᠶᠢᠨ ᠡᠵᠡᠮᠳᠡᠵᠦ ᠪᠤᠯᠬᠤ ᠤᠷᠤᠯᠭ᠎ᠠ 24895 ᠲᠦᠬᠦᠷᠢᠭ ᠲᠤ ᠬᠦᠷᠴᠤ᠂ ᠨᠢᠳᠤᠨᠤᠨ ᠤ ᠠᠳᠠᠯᠢ ᠬᠤᠭᠤᠴᠠᠭ᠎ᠠ ᠶᠢᠨ ᠬᠢ ᠠᠴᠠ 7.9%᠎ ᠪᠠᠷ ᠨᠡᠮᠡᠭᠳᠡᠵᠦ᠂ ᠮᠠᠯᠵᠢᠬᠤ ᠲᠠᠷᠢᠶᠠᠯᠠᠬᠤ ᠤᠷᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ ᠲᠤᠮᠳᠠᠴᠢ ᠡᠵᠡᠮᠳᠡᠵᠦ ᠪᠤᠯᠬᠤ ᠤᠷᠤᠯᠭ᠎ᠠ 7840 ᠲᠦᠬᠦᠷᠢᠭ ᠲᠤ ᠬᠦᠷᠴᠤ᠂ ᠨᠢᠳᠤᠨᠤᠨ ᠤ ᠠᠳᠠᠯᠢ ᠬᠤᠭᠤᠴᠠᠭ᠎ᠠ ᠶᠢᠨ ᠬᠢ ᠠᠴᠠ 7.7%᠎ ᠪᠠᠷ ᠨᠡᠮᠡᠭᠳᠡᠵᠡᠢ᠃ ᠠᠷᠠᠳ ᠎ ᠤᠨ ᠠᠮᠢᠳᠤᠷᠠᠯ ᠤᠨ ᠢᠨᠵᠧᠨᠧᠷᠢᠩ ᠳᠤ ᠬᠡᠷᠡᠭᠯᠡᠬᠦ ᠭᠤᠤᠯᠳᠠᠯᠭ᠎ᠠ ᠲᠠᠢ ᠵᠠᠷᠤᠯᠭ᠎ᠠ ᠶᠢ ᠪᠦᠲᠦᠮᠵᠢᠳᠡᠢ ᠪᠠᠲᠤᠯᠠᠵᠦ᠂ ᠲᠦᠷᠦᠬᠦᠦ ᠭᠤᠷᠪᠠᠨ ᠤᠯᠠᠷᠢᠯ ᠳᠤ᠂ ᠪᠦᠬᠦ ᠤᠷᠤᠨ ᠤ ᠡᠯ᠎ᠠ ᠱᠠᠳᠤᠨ ᠤ ᠡᠳ᠋ ᠤᠨ ᠵᠠᠰᠠᠬ ᠤᠨ ᠠᠷᠠᠳ ᠤᠨ ᠠᠮᠢᠳᠤᠷᠠᠯ ᠳᠠᠬᠢ ᠵᠠᠷᠤᠯᠭ᠎ᠠ ᠶᠢᠨ ᠡᠵᠡᠯᠡᠬᠦ ᠬᠠᠷᠢᠴᠠᠯ 62.2%᠎ ᠲᠤ ᠬᠦᠷᠴᠤ᠂ ᠨᠢᠳᠤᠨᠤᠨ ᠤ ᠠᠳᠠᠯᠢ ᠬᠤᠭᠤᠴᠠᠭ᠎ᠠ ᠶᠢᠨ ᠬᠢ ᠠᠴᠠ 10.1%᠎ ᠪᠠᠷ ᠨᠡᠮᠡᠭᠳᠡᠵᠡᠢ᠃ ᠠᠵᠢᠯ ᠤᠯᠭᠤᠯᠳᠠ ᠶᠢᠨ ᠪᠠᠶᠢᠳᠠᠯ ᠶᠡᠷᠦᠩᠬᠡᠢ ᠳᠡᠭᠡᠨ ᠲᠤᠭᠳᠠᠭᠤᠨ ᠪᠠᠶᠢᠬᠤ ᠶᠢ ᠪᠠᠲᠤᠯᠠᠵᠦ᠂ ᠲᠦᠷᠦᠬᠦᠦ ᠭᠤᠷᠪᠠᠨ ᠤᠯᠠᠷᠢᠯ ᠳᠤ ᠪᠦᠬᠦ ᠤᠷᠤᠨ ᠤ ᠬᠤᠳᠠ ᠪᠠᠯᠭᠠᠰᠤᠨ ᠤ ᠰᠢᠨ᠎ᠠ ᠪᠠᠷ ᠠᠵᠢᠯ ᠤᠯᠭᠤᠬᠰᠠᠨ ᠬᠦᠮᠦᠨ ᠤ ᠲᠤᠭ᠎ᠠ 23.1 ᠲᠦᠮᠨ ᠳᠤ ᠬᠦᠷᠴᠤ᠂ ᠵᠢᠯ ᠤᠨ ᠲᠦᠯᠦᠪᠯᠡᠭᠡ ᠶᠢᠨ ᠢᠶᠠᠨ 89%᠎ ᠢ ᠪᠡᠶᠡᠯᠡᠬᠦᠯᠵᠦ᠂ ᠦᠢᠯᠡᠰ ᠪᠤᠰᠬᠠᠬᠤ ᠪᠠᠷ ᠲᠠᠮᠵᠢᠵᠦ ᠠᠵᠢᠯ ᠤᠯᠭᠤᠬᠰᠠᠨ ᠬᠦᠮᠦᠨ ᠎ ᠤ ᠲᠤᠭ᠎ᠠ 10.7 ᠲᠦᠮᠡ ᠳᠤ ᠬᠦᠷᠴᠤ᠂ ᠵᠢᠯ ᠤᠨ ᠲᠦᠯᠦᠪᠯᠡᠭᠡ ᠶᠢᠨ ᠢᠶᠠᠨ 83%᠎ ᠢ ᠪᠡᠶᠡᠯᠡᠬᠦᠯᠪᠡ᠃ ᠨᠡᠶᠢᠬᠡᠮ ᠎ ᠤᠨ ᠲᠠᠭᠠᠳᠬᠠᠯ ᠤᠨ ᠲᠦᠪᠰᠢᠨ ᠯᠠᠪᠳᠠᠭᠤᠨ ᠢᠶᠠᠷ ᠲᠡᠭᠡᠭᠰᠢᠯᠡᠪᠠ᠃ ᠶᠠᠳᠠᠭᠤ ᠠᠴᠠ ᠠᠩᠬᠢᠵᠢᠷᠠᠭᠤᠯᠵᠦ ᠪᠤᠭᠤᠮᠳᠠ ᠰᠢᠪᠲᠤᠯᠬᠤ ᠠᠵᠢᠯ ᠯᠠᠪᠳᠠᠭᠤᠨ ᠢᠶᠠᠷ ᠠᠬᠢᠵᠦ᠂ ᠲᠦᠷᠦᠬᠦᠦ ᠭᠤᠷᠪᠠᠨ ᠤᠯᠠᠷᠢᠯ ᠳᠤ᠂ ᠪᠦᠬᠦ ᠤᠷᠤᠨ ᠤ 90 ᠬᠤᠰᠢᠭᠤ ᠰᠢᠶᠠᠨ ᠲᠤᠭᠤᠷᠢᠬ ᠤᠨ 9852 ᠭᠠᠴᠠᠭ᠎ᠠ ᠲᠤᠰᠬᠤᠨ ᠤ 35.7 ᠲᠦᠮᠡᠨ ᠡᠷᠦᠬᠡ ᠶᠢᠨ 80.2 ᠲᠦᠮᠡᠨ ᠶᠠᠳᠠᠭᠤ ᠬᠦᠴᠢᠷᠳᠡᠯᠳᠡᠢ ᠬᠦᠮᠦᠨ ᠠᠮᠠ ᠶᠢ ᠲᠠᠬᠢᠨ ᠲᠠᠩᠰᠠᠯᠬᠤ ᠠᠵᠢᠯ ᠢ ᠲᠠᠭᠤᠰᠬᠠᠵᠦ᠂ 9 ᠰᠠᠷ᠎ᠠ ᠶᠢᠨ ᠰᠡᠬᠦᠯᠴᠢ ᠪᠤᠯᠳᠠᠯ᠎ᠠ ᠲᠦᠪ ᠪᠠ ᠦᠪᠡᠷᠳᠡᠬᠡᠨ ᠵᠠᠰᠠᠬᠤ ᠤᠷᠤᠨ ᠤ 99%᠎ ᠶᠢᠨ ᠡᠳ᠋ ᠤᠨ ᠵᠠᠰᠠᠬ ᠤᠨ ᠶᠠᠳᠠᠭᠤ ᠶᠢ ᠲᠡᠳᠬᠦᠬᠦ ᠪᠡᠯᠡ ᠮᠦᠩᠬᠦ ᠶᠢ ᠪᠦᠬᠦᠨ ᠢ ᠬᠤᠰᠢᠭᠤ ᠰᠢᠶᠠᠨ ᠳᠤ ᠪᠠᠭᠤᠯᠭᠠᠵᠦ᠂ 3471 ᠲᠦᠷᠦᠯ ᠵᠦᠢᠯ ᠢ ᠬᠡᠷᠡᠭᠵᠢᠬᠦᠯᠵᠦ᠂ 19.5 ᠲᠦᠮᠡᠨ ᠶᠠᠳᠠᠭᠤ ᠬᠦᠴᠢᠷᠳᠡᠯᠳᠡᠢ ᠬᠦᠮᠦᠨ ᠠᠮᠠ ᠶᠢ ᠲᠡᠳᠬᠦᠪᠡ᠃ ᠪᠦᠬᠦ ᠤᠷᠤᠨ ᠤ ᠮᠠᠯᠵᠢᠬᠤ ᠲᠠᠷᠢᠶᠠᠯᠠᠬᠤ ᠤᠷᠤᠨ ᠤ 29.95 ᠲᠦᠮᠡᠨ ᠡᠷᠦᠬᠡ ᠶᠢᠨ ᠨᠤᠷᠠᠬᠤ ᠠᠶᠤᠯᠳᠠᠢ ᠬᠡᠷ ᠪᠠᠶᠢᠰᠢᠩ ᠢ ᠥᠭᠡᠷᠡᠴᠢᠯᠡᠨ ᠵᠠᠰᠠᠬᠤ ᠠᠵᠢᠯ ᠢ ᠲᠠᠭᠤᠰᠬᠠᠵᠠᠢ᠃      ᠰᠤᠷᠪᠤᠯᠵᠢᠯᠠᠬᠴᠢ᠄ ᠲᠦᠷᠦᠬᠦᠦ ᠭᠤᠷᠪᠠᠨ ᠤᠯᠠᠷᠢᠯ ᠳᠤ᠂ ᠮᠠᠨ ᠤ ᠤᠷᠤᠨ ᠤ ᠠᠷᠠᠳ ᠤᠨ ᠪᠡᠯᠡ ᠤᠷᠤᠭᠤᠯᠤᠯᠳᠠ ᠶᠢᠨ ᠲᠠᠯ᠎ᠠ ᠪᠠᠷ ᠢᠳᠡᠪᠬᠢᠳᠡᠢ ᠬᠤᠪᠢᠷᠠᠯᠳᠠ ᠭᠠᠷᠤᠭᠰᠠᠨ ᠲᠣᠬᠠᠢ ᠲᠠ ᠬᠡᠷᠬᠢᠨ ᠦᠵᠡᠵᠦ ᠪᠠᠶᠢᠬᠤ ᠪᠤᠢ︖      ᠫᠠᠨ ᡁᠢ ᠹᠧᠩ᠄ ᠲᠦᠷᠦᠬᠦᠦ ᠭᠤᠷᠪᠠᠨ ᠤᠯᠠᠷᠢᠯ ᠳᠤ᠂ ᠮᠠᠨ ᠤ ᠤᠷᠤᠨ ᠤ ᠠᠷᠠᠳ ᠤᠨ ᠪᠡᠯᠡ ᠤᠷᠤᠭᠤᠯᠤᠯᠳᠠ 5699.95 ᠳ᠋ᠦᠩᠰᠢᠭᠤᠷ ᠲᠦᠬᠦᠷᠢᠭ ᠲᠤ ᠬᠦᠷᠴᠤ᠂ ᠨᠢᠳᠤᠨᠤᠨ ᠤ ᠠᠳᠠᠯᠢ ᠬᠤᠭᠤᠴᠠᠭ᠎ᠠ ᠶᠢᠨ ᠬᠢ ᠠᠴᠠ 7.8%᠎ ᠪᠠᠷ ᠪᠠᠭᠤᠷᠠᠵᠦ᠂ ᠠᠷᠠᠳ ᠤᠨ ᠪᠡᠯᠡ ᠤᠷᠤᠭᠤᠯᠤᠯᠳᠠ ᠶᠢᠨ ᠪᠦᠬᠦ᠋ᠢᠯᠡ ᠲᠤᠬᠳᠠᠮᠠᠯ ᠬᠦᠷᠦᠩᠬᠡ ᠶᠢᠨ ᠪᠡᠯᠡ ᠤᠷᠤᠭᠤᠯᠤᠯᠳᠠ ᠳᠠᠬᠢ ᠡᠵᠡᠯᠡᠬᠦ ᠬᠠᠷᠢᠴᠠᠯ ᠨᠢ 45.4%᠎ ᠳᠤ ᠬᠦᠷᠴᠡᠢ᠃ ᠬᠡᠳᠦ᠋ᠢᠪᠡᠷ ᠨᠡᠮᠡᠭᠳᠡᠯ ᠤᠨ ᠬᠤᠷᠳᠤᠴᠠ ᠨᠢ ᠮᠦᠨ ᠬᠦ ᠰᠦᠬᠡᠷᠬᠦ ᠨᠡᠮᠡᠭᠳᠡᠯ ᠪᠠᠶᠢᠭ᠎ᠠ ᠪᠤᠯᠪᠠᠴᠤ ᠲᠡᠭᠡᠷ᠎ᠠ ᠬᠠᠭᠠᠰ ᠵᠢᠯ ᠎ ᠤᠨ ᠬᠢ ᠲᠠᠢ ᠬᠠᠷᠢᠴᠠᠭᠤᠯᠪᠠᠯ ᠨᠡᠮᠡᠭᠳᠡᠯ ᠤᠨ ᠬᠤᠷᠳᠤᠴᠠ ᠨᠢ 1.4 ᠵᠠᠭᠤᠨ ᠤ ᠴᠡᠭ ᠢᠶᠠᠷ ᠪᠠᠭᠤᠷᠠᠵᠦ᠂ ᠡᠵᠡᠯᠡᠬᠦ ᠬᠠᠷᠢᠴᠠᠯ ᠨᠢ 0.1 ᠵᠠᠭᠤᠨ ᠤ ᠴᠡᠭ ᠢᠶᠠᠷ ᠲᠡᠭᠡᠭᠰᠢᠯᠡᠵᠦ᠂ ᠲᠦᠷᠦᠬᠦᠦ 8 ᠰᠠᠷ᠎ᠠ ᠶᠢᠨ ᠬᠢ ᠲᠠᠢ ᠬᠠᠷᠢᠴᠠᠭᠤᠯᠪᠠᠯ ᠨᠡᠮᠡᠭᠳᠡᠯ ᠤᠨ ᠬᠤᠷᠳᠤᠴᠠ ᠨᠢ 0.9 ᠵᠠᠭᠤᠨ ᠤ ᠴᠡᠭ ᠢᠶᠠᠷ ᠪᠠᠭᠤᠷᠠᠵᠦ᠂ ᠡᠵᠡᠯᠡᠬᠦ ᠬᠠᠷᠢᠴᠠᠯ ᠨᠢ 0.4 ᠵᠠᠭᠤᠨ ᠤ ᠴᠡᠭ ᠢᠶᠠᠷ ᠲᠡᠭᠡᠭᠰᠢᠯᠡᠭᠰᠡᠨ ᠨᠢ ᠨᠢᠬᠡ ᠢᠳᠡᠪᠬᠢᠳᠡᠢ ᠬᠠᠨᠳᠤᠰᠢ ᠪᠤᠯᠤᠨ᠎ᠠ᠃      ᠰᠤᠷᠪᠤᠯᠵᠢᠯᠠᠬᠴᠢ᠄ ᠪᠦᠬᠦ ᠵᠢᠯ ᠤᠨ ᠠᠵᠦ ᠠᠬᠤᠢ ᠶᠢᠨ ᠬᠠᠨᠳᠤᠰᠢ ᠶᠢᠨ ᠲᠤᠬᠠᠢ ᠲᠠ ᠶᠠᠭᠠᠬᠢᠵᠤ ᠦᠵᠡᠬᠦ ᠪᠤᠢ︖      ᠫᠠᠨ ᡁᠢ ᠹᠧᠩ᠄ ᠶᠠᠭᠤᠨ ᠤ ᠡᠮᠦᠨ᠎ᠠ᠂ ᠤᠳᠤᠬᠠᠨ ᠤ ᠪᠠᠶᠢᠳᠠᠯ ᠠᠴᠠ ᠦᠵᠡᠪᠡᠯ᠂ ᠬᠡᠳᠦ᠋ᠢᠪᠡᠷ ᠪᠦᠬᠦ ᠤᠷᠤᠨ ᠎ ᠤ ᠠᠵᠦ ᠠᠬᠤᠢ ᠮᠠᠭᠤᠳᠠᠬᠤ ᠲᠠᠷᠤᠯᠳᠠ ᠮᠦᠨᠬᠦ ᠨᠡᠯᠢᠶᠡᠳ ᠶᠡᠭᠡ ᠪᠠᠶᠢᠬᠰᠠᠭᠠᠷ ᠪᠤᠯᠪᠠᠴᠤ ᠠᠵᠦ ᠠᠬᠤᠢ ᠶᠢᠨ ᠦᠨᠳᠦᠰᠦᠨ ᠪᠠᠶᠢᠳᠠᠯ ᠪᠠ ᠬᠠᠨᠳᠤᠰᠢ ᠮᠦᠨ ᠬᠦ ᠰᠠᠶᠢᠨ᠂ ᠡᠷᠡᠬᠦᠯ ᠪᠠᠶᠢᠨ᠎ᠠ᠂ ᠪᠡᠶ᠎ᠠ ᠪᠠᠨ ᠲᠠᠭᠠᠭᠠᠵᠦ ᠨᠡᠮᠡᠭᠳᠡᠬᠦ ᠬᠦᠳᠡᠯᠬᠡᠬᠦ ᠬᠦᠴᠦᠨ ᠨᠡᠯᠢᠶᠡᠳ ᠴᠢᠩᠭ᠎ᠠ ᠪᠠᠶᠢᠵᠦ᠂ ᠲᠤᠭᠳᠠᠭᠤᠨ ᠤ ᠲᠤᠮᠳᠠ ᠰᠠᠶᠢᠵᠢᠷᠠᠯᠳᠠ ᠲᠠᠢ ᠪᠠᠶᠢᠬᠰᠠᠭᠠᠷ᠃ ᠡᠶᠢᠮᠦ ᠠᠴᠠ᠂ ᠲᠦᠷᠪᠡᠳᠦᠬᠡᠷ ᠤᠯᠠᠷᠢᠯ ᠳᠤ ᠤᠳᠤᠬᠠᠨ ᠤ ᠲᠤᠭᠳᠠᠭᠤᠨ ᠪᠠᠶᠢᠳᠠᠯ ᠢ ᠪᠠᠲᠤᠯᠠᠬᠤ ᠳᠤ ᠠᠰᠠᠭᠤᠳᠠᠯ ᠦᠬᠡᠢ᠃ ᠡᠬᠦᠨ ᠠᠴᠠ ᠭᠠᠳᠠᠨ᠎ᠠ᠂ ᠮᠠᠨ ᠤ ᠤᠷᠤᠨ ᠤ ᠬᠦᠭᠵᠢᠯᠳᠡ ᠶᠢ ᠠᠬᠢᠭᠤᠯᠬᠤ ᠠᠰᠢᠬᠳᠠᠢ ᠡᠯᠧᠮᠧᠨ᠋ᠲ ᠪᠠᠰᠠ ᠴᠦᠬᠡᠨ ᠪᠤᠰᠤ ᠪᠠᠶᠢᠨ᠎ᠠ᠃ ᠵᠢᠱᠢᠶᠡᠯᠡᠪᠡᠯ 9 ᠰᠠᠷ᠎ᠠ ᠳᠤ ᠦᠪᠡᠷᠳᠡᠬᠡᠨ ᠵᠠᠰᠠᠬᠤ ᠤᠷᠤᠨ ᠠᠴᠠ ᠨᠢᠬᠡ ᠪᠦᠯᠦᠭ ᠴᠢᠬᠤᠯᠠ ᠶᠡᠭᠡ ᠲᠦᠷᠦᠯ ᠵᠦᠢᠯ ᠢ ᠲᠦᠪᠯᠡᠷᠡᠬᠦᠯᠵᠦ ᠪᠠᠷᠢᠯᠭ᠎ᠠ ᠡᠬᠢᠯᠡᠬᠦᠯᠦᠨ ᠪᠦᠲᠦᠬᠡᠨ ᠪᠠᠶᠢᠭᠤᠯᠤᠬᠰᠠᠨ ᠨᠢ ᠲᠦᠷᠪᠡᠳᠦᠬᠡᠷ ᠤᠯᠠᠷᠢᠯ ᠳᠤ ᠨᠢᠬᠡ ᠬᠡᠮᠵᠢᠶᠡᠨ ᠤ ᠠᠵᠦ ᠠᠬᠤᠢ ᠶᠢᠨ ᠦᠷ᠎ᠠ ᠠᠰᠢᠬ ᠪᠠ ᠥᠷᠲᠡᠭ ᠡᠬᠦᠳᠬᠦ ᠨᠢ ᠯᠠᠪᠳᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号