2016 ᠣᠨ ᠠᠴᠠ ᠡᠬᠢᠯᠡᠨ᠂ ᠥᠪᠥᠷ ᠮᠣᠩᠭᠤᠯ ᠲᠤᠰᠬᠠᠶ ᠪᠡᠯᠡ ᠮᠥᠩᠭᠦ ᠲᠣᠬᠢᠷᠠᠭᠤᠯᠤᠨ ᠰᠢᠶᠠᠨ ᠤ | ᠬᠡᠪᠴᠢᠶᠡᠨ ᠤ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠣᠨᠴᠠᠯᠢᠭ ᠲᠠᠢ ᠣᠯᠠᠨ ᠶᠠᠩᠵᠤᠴᠢᠯᠠᠨ | ᠬᠥᠭᠵᠢᠭᠦᠯᠬᠦ ᠶᠢ ᠬᠥᠲᠥᠯᠥᠨ ᠵᠢᠯᠣᠭᠤᠳᠪᠠ᠃ 2015 ᠣᠨ ᠤ ᠡᠴᠦᠰ ᠪᠣᠯᠬᠤ ᠳᠤ᠂ ᠥᠪᠥᠷ ᠮᠣᠩᠭᠤᠯ ᠤᠨ | ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠭᠤᠯᠢ ᠳᠤ ᠤᠷᠤᠭᠰᠠᠨ ᠪᠦᠬᠦ ᠨᠤᠷᠮ᠎ᠠ ᠨᠢ 93. | 42% ᠲᠤ ᠬᠦᠷᠴᠦ᠂ ᠤᠯᠤᠰ ᠠᠴᠠ ᠱᠠᠭᠠᠷᠳᠠᠭᠰᠠᠨ ︽13.5︾ ᠶᠢᠨ ᠲᠥᠯᠥᠪᠵᠢᠭᠦᠯᠭᠡ ᠶᠢᠨ | ᠬᠤᠭᠤᠴᠠᠭᠠᠨ ᠳᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠨ ᠬᠥᠮᠦᠵᠢᠯ ᠢ | ᠦᠨᠳᠦᠰᠦᠨ ᠳᠡᠭᠡᠨ ᠲᠦᠭᠡᠮᠡᠯᠵᠢᠭᠦᠯᠬᠦ ᠬᠠᠷᠠᠯᠲᠠ ᠶᠢ ᠤᠷᠢᠳᠴᠢᠯᠠᠨ ᠪᠡᠶᠡᠯᠡᠭᠦᠯᠵᠦ᠂ ᠡᠩ ᠤᠨ ᠥᠨᠳᠥᠷ ᠳᠤᠮᠳᠠᠳᠤ | ᠰᠤᠷᠭᠠᠭᠤᠯᠢ ᠶᠢ ᠴᠢᠨᠠᠷ ᠰᠠᠶᠢᠲᠠᠶ᠂ ᠣᠨᠴᠠᠯᠢᠭ ᠲᠠᠢ᠂ ᠤᠯᠠᠨ ᠶᠠᠩᠵᠤᠴᠢᠯᠠᠨ ᠬᠥᠭᠵᠢᠭᠦᠯᠬᠦ ᠳᠤ ᠪᠠᠲᠤ ᠪᠠᠬᠢ | ᠰᠠᠭᠤᠷᠢ ᠶᠢ ᠲᠠᠯᠪᠢᠵᠤ ᠥᠭᠭᠦᠭᠰᠡᠨ ᠪᠠᠶᠢᠨ᠎ᠠ᠃ 2016 ᠣᠨ ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ | ᠲᠤᠰᠬᠠᠶ ᠪᠡᠯᠡ ᠮᠥᠩᠭᠦ ᠲᠣᠬᠢᠷᠠᠭᠤᠯᠤᠨ ᠰᠢᠶᠠᠨ ᠤ ᠬᠡᠪᠴᠢᠶᠡᠨ ᠤ ᠡᠩ ᠤᠨ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠨᠤᠭᠤᠳ ᠤᠨ ᠣᠷᠣᠨ ᠪᠦᠰᠡ ᠶᠢᠨ ᠳᠠᠪᠠᠭᠤᠯᠢᠭ ᠢᠶᠠᠨ ᠪᠠᠳᠠᠷᠠᠭᠤᠯᠤᠨ ᠥᠪᠡᠷᠮᠢᠴᠡ ᠣᠨᠴᠠᠯᠢᠭ ᠲᠠᠢ | ᠪᠣᠯᠭᠠᠨ ᠡᠷᠬᠢᠯᠡᠬᠦ ᠶᠢ ᠨᠢ ᠬᠥᠲᠥᠯᠥᠨ ᠵᠢᠯᠣᠭᠤᠳᠴᠤ᠂ ᠰᠤᠷᠭᠠᠭᠤᠯᠢ ᠪᠦᠷᠢ ᠳᠤ 10 ᠲᠦᠮᠡᠨ ᠲᠥᠭᠦᠷᠢᠭ ᠤᠨ | ᠬᠥᠲᠥᠯᠥᠨ ᠵᠢᠯᠣᠭᠤᠳᠬᠤ ᠪᠡᠯᠡ ᠮᠥᠩᠭᠦ ᠣᠷᠣᠭᠤᠯᠬᠤ ᠪᠠᠷ ᠲᠥᠯᠥᠪᠯᠡᠵᠦ᠂ 3 ᠵᠢᠯ ᠳᠤ ᠨᠡᠶᠢᠲᠡ 30 ᠭᠠᠷᠤᠢ | ᠰᠢᠶᠠᠨ ᠤ ᠬᠡᠪᠴᠢᠶᠡᠨ ᠤ ᠡ᠊ᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢ ᠲᠡᠳᠬᠦᠬᠦ ᠪᠠᠷ ᠪᠠᠶᠢᠨ᠎ᠠ᠃ | ᠡᠭᠦᠨ ᠤ ᠬᠠᠮᠲᠤ᠂ ᠥᠪᠥᠷ ᠮᠣᠩᠭᠤᠯ ᠲᠥᠪᠯᠡᠷᠡᠨ ᠵᠠᠯᠭᠠᠯᠳᠤᠭᠰᠠᠨ ᠣᠨᠴᠠ ᠬᠦᠴᠢᠷᠳᠡᠯᠲᠡᠶ ᠭᠠᠵᠠᠷ ᠣᠷᠣᠨ ᠤ | ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠨᠥᠬᠦᠴᠡᠯ ᠢ ᠨᠢ | ᠰᠠᠶᠢᠵᠢᠷᠠᠭᠤᠯᠬᠤ ᠶᠢ ᠦᠷᠭᠦᠯᠵᠢᠯᠡᠨ ᠲᠡᠳᠬᠦᠨ ᠳᠡᠮᠵᠢᠬᠦ ᠡᠯ᠎ᠡ ᠭᠠᠵᠠᠷ ᠲᠤ ᠬᠠᠷᠢᠴᠠᠩᠭᠤᠶ ᠪᠠᠭᠤᠷᠠᠶ ᠪᠠᠶᠢᠬᠤ ᠰᠢᠶᠠᠨ | ᠤ ᠬᠡᠪᠴᠢᠶᠡᠨ ᠤ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠬᠥᠳᠡᠯᠦᠯ ᠪᠠᠶᠢᠳᠠᠯ ᠤᠨ | ᠥᠭᠡᠷᠡᠴᠢᠯᠡᠯᠲᠡ ᠬᠢᠵᠦ᠂ ᠬᠢᠯᠢ ᠬᠢᠵᠠᠭᠠᠷ ᠣᠷᠣᠨ ᠤ ᠰᠤᠷᠭᠠᠭᠤᠯᠢ ᠳᠤ ᠪᠠᠭᠰᠢ ᠲᠣᠬᠢᠷᠠᠭᠤᠯᠬᠤ ᠰᠤᠷᠭᠠᠭᠤᠯᠢ | ᠡᠷᠬᠢᠯᠡᠬᠦ ᠨᠥᠬᠦᠴᠡᠯ ᠢ ᠨᠢ ᠰᠠᠶᠢᠵᠢᠷᠠᠭᠤᠯᠬᠤ ᠵᠡᠷᠭᠡ ᠲᠠᠯ᠎ᠠ ᠪᠠᠷ ᠢᠯᠡᠭᠦᠬᠡᠨ ᠬᠠᠷᠠᠭᠠᠯᠵᠠᠯ ᠦᠵᠡᠭᠦᠯᠦᠨ ᠳᠡᠮᠵᠢᠵᠦ᠂ | ᠮᠠᠯᠵᠢᠬᠤ ᠲᠠᠷᠢᠶᠠᠯᠠᠬᠤ ᠬᠤᠰᠢᠭᠤ ᠰᠢᠶᠠᠨ ᠤ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ | ᠰᠤᠷᠭᠠᠭᠤᠯᠢ ᠡᠷᠬᠢᠯᠡᠬᠦ ᠬᠢᠷᠢ ᠲᠦᠪᠰᠢᠨ ᠢ ᠪᠥᠬᠦ ᠲᠠᠯ᠎ᠠ ᠪᠠᠷ ᠲᠡᠰ ᠳᠡᠪᠰᠢᠭᠦᠯᠬᠦ ᠶᠢ ᠲᠦᠯᠬᠢᠨ ᠠᠬᠢᠭᠤᠯᠬᠤ ᠬᠡᠷᠡᠭᠲᠡᠢ | ᠭᠡᠵᠦ ᠱᠠᠭᠠᠷᠳᠠᠪᠠ᠃ |