| 2016 ᠤᠨ ᠤ 10 ᠳ᠋ᠤᠭᠠᠷ ᠰᠠᠷ᠎ᠠ ᠶᠢᠨ 20 ᠤ ᠡᠳᠦᠷ ᠠᠴᠠ 21 ᠤ ᠡᠳᠦᠷ ᠪᠤᠯᠲᠠᠯ᠎ᠠ᠂ ᠥᠪᠡᠷᠲᠡᠭᠡᠨ | ᠵᠠᠰᠠᠬᠤ ᠣᠷᠣᠨ ᠤ ᠵᠠᠰᠠᠭ ᠤᠨ ᠣᠷᠳᠣᠨ ᠤ ᠬᠠᠤᠯᠢ ᠳᠦᠷᠢᠮ ᠤᠨ ᠠᠵᠢᠯ ᠤᠨ ᠠᠯᠪᠠᠨ ᠭᠡᠷ ᠣᠷᠳᠣᠰ ᠬᠤᠲᠠ ᠶᠢᠨ | ᠡᠵᠡᠨ ᠬᠤᠷᠤᠭ᠎ᠠ ᠬᠤᠰᠢᠭᠤ ᠳᠤ ︽ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠬᠢᠨᠠᠨ ᠰᠢᠯᠭᠠᠵᠤ ᠦᠨᠡᠯᠡᠬᠦ | ᠭᠦᠢᠴᠡᠳᠬᠡᠯ ᠲᠤᠭ᠎ᠠ ᠶᠢᠨ ᠰᠢᠰᠲ᠋ᠧᠮᠵᠢ ᠶᠢ ᠪᠦᠷᠢᠨᠰᠢᠬᠦᠯᠬᠦ︾ ᠲᠤᠬᠠᠢ ᠶᠠᠷᠢᠯᠴᠠᠬᠤ ᠬᠤᠷᠠᠯ ᠬᠤᠷᠠᠯᠳᠤᠭᠤᠯᠪᠠ᠃ | ᠥᠪᠡᠷᠲᠡᠭᠡᠨ ᠵᠠᠰᠠᠬᠤ ᠣᠷᠣᠨ ᠤ ᠬᠠᠤᠯᠢ ᠳᠦᠷᠢᠮ ᠤᠨ ᠠᠵᠢᠯ ᠤᠨ ᠠᠯᠪᠠᠨ ᠭᠡᠷ ᠤᠨ ᠳᠡᠳ᠋ ᠡᠷᠬᠢᠯᠡᠭᠴᠢ ᠵᠠᠩ | ᠰᠢᠶᠤᠤ ᠫᠢᠡᠭ ᠬᠤᠷᠠᠯ ᠡᠷᠬᠢᠯᠡᠵᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠳᠡᠳ᠋ ᠨᠠᠷᠢᠨ | ᠪᠢᠴᠢᠭ ᠤᠨ ᠳᠠᠷᠤᠭ᠎ᠠ᠂ ᠬᠠᠤᠯᠢ ᠳᠦᠷᠢᠮ ᠤᠨ ᠠᠵᠢᠯ ᠤᠨ ᠠᠯᠪᠠᠨ ᠭᠡᠷ ᠤᠨ ᠡᠷᠬᠢᠯᠡᠭᠴᠢ ᠬᠤᠤ ᠽᠧ ᠵᠢᠶᠦ᠋ᠨ | ᠬᠤᠷᠠᠯ ᠳᠤ ᠴᠢᠬᠤᠯᠠ ᠶᠠᠷᠢᠶ᠎ᠠ ᠲᠠᠯᠪᠢᠪᠠ᠃ ᠥᠪᠥᠷ ᠮᠣᠩᠭᠤᠯ ᠤᠨ ᠨᠠᠮ ᠤᠨ ᠰᠤᠷᠭᠠᠭᠤᠯᠢ᠂ ᠥᠪᠥᠷ ᠮᠣᠩᠭᠤᠯ ᠤᠨ | ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ ᠶᠢᠨ ᠫᠷᠤᠹᠧᠰᠰᠤᠷ ᠮᠤᠤ ᠶᠤᠸᠠᠨ᠂ ᠥᠪᠥᠷ ᠮᠣᠩᠭᠤᠯ ᠤᠨ ᠨᠡᠶᠢᠭᠡᠮ ᠤᠨ | ᠰᠢᠨᠵᠢᠯᠡᠬᠦ ᠤᠬᠠᠭᠠᠨ ᠤ ᠬᠦᠷᠢᠶᠡᠯᠡᠩ ᠤᠨ ᠰᠤᠳᠤᠯᠤᠭᠴᠢ ᠪᠠᠶ ᠶᠦᠡᠭ ᠯᠢ᠂ ᠥᠪᠥᠷ ᠮᠣᠩᠭᠤᠯ ᠤᠨ ᠶᠡᠭᠡ | ᠰᠤᠷᠭᠠᠭᠤᠯᠢ ᠶᠢᠨ ᠬᠠᠤᠯᠢ ᠶᠢᠨ ᠤᠬᠠᠭᠠᠨ ᠤ ᠳᠡᠭᠡᠳᠦ ᠰᠤᠷᠭᠠᠭᠤᠯᠢ ᠶᠢᠨ ᠫᠷᠤᠹᠧᠰᠰᠤᠷ ᠵᠠᠶᠠᠭ᠎ᠠ᠂ ᠥᠪᠥᠷ | ᠮᠣᠩᠭᠤᠯ ᠤᠨ ᠷᠠᠳᠢᠣ᠋ ᠲᠧᠯᠸᠢᠰ ᠤᠨ ᠶᠡᠭᠡ ᠰᠤᠷᠭᠠᠭᠤᠯᠢ ᠶᠢᠨ ᠫᠷᠤᠹᠧᠰᠰᠤᠷ ᠬᠠᠨ ᠵᠢᠩ ᠪᠣᠯᠤᠨ ᠥᠪᠡᠷᠲᠡᠭᠡᠨ | ᠵᠠᠰᠠᠬᠤ ᠣᠷᠣᠨ ᠤ ᠡᠯ᠎ᠡ ᠠᠶᠢᠮᠠᠭ ᠬᠤᠲᠠ ᠶᠢᠨ ᠬᠠᠤᠯᠢ ᠳᠦᠷᠢᠮ ᠤᠨ ᠠᠵᠢᠯ ᠤᠨ ᠠᠯᠪᠠᠨ ᠭᠡᠷ ᠤᠨ ᠡᠷᠬᠢᠯᠡᠭᠴᠢ᠂ | ᠬᠡᠰᠡᠭ ᠬᠤᠰᠢᠭᠤ ᠰᠢᠶᠠᠨ ᠬᠤᠲᠠ ︵ᠲᠤᠭᠤᠷᠢᠭ︶ ᠶᠢᠨ ᠬᠠᠤᠯᠢ ᠳᠦᠷᠢᠮ ᠤᠨ ᠠᠵᠢᠯ ᠤᠨ ᠠᠯᠪᠠᠨ ᠭᠡᠷ ᠤᠨ | ᠡᠷᠬᠢᠯᠡᠭᠴᠢ ᠵᠡᠷᠭᠡ ᠨᠡᠶᠢᠲᠡ 45 ᠬᠥᠮᠦᠨ ᠬᠤᠷᠠᠯ ᠳᠤ ᠤᠷᠤᠯᠴᠠᠪᠠ᠃ | ᠡᠨᠡ ᠤᠳᠠᠭᠠᠨ ᠤ ᠬᠤᠷᠠᠯᠳᠤᠭᠤᠯᠤᠭᠰᠠᠨ ︽ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠬᠢᠨᠠᠨ ᠰᠢᠯᠭᠠᠵᠤ | ᠦᠨᠡᠯᠡᠬᠦ ᠭᠦᠢᠴᠡᠳᠬᠡᠯ ᠲᠤᠭ᠎ᠠ ᠶᠢᠨ ᠰᠢᠰᠲ᠋ᠧᠮᠵᠢ ᠶᠢ ᠪᠦᠷᠢᠨᠰᠢᠬᠦᠯᠬᠦ︾ ᠶᠠᠷᠢᠯᠴᠠᠬᠤ ᠬᠤᠷᠠᠯ ᠪᠣᠯ ᠥᠪᠡᠷᠲᠡᠭᠡᠨ | ᠵᠠᠰᠠᠬᠤ ᠣᠷᠣᠨ ᠤ ᠵᠠᠰᠠᠭ ᠤᠨ ᠣᠷᠳᠣᠨ ᠤ ᠬᠠᠤᠯᠢ ᠳᠦᠷᠢᠮ ᠤᠨ ᠠᠵᠢᠯ ᠤᠨ ᠠᠯᠪᠠᠨ ᠭᠡᠷ ᠲᠥᠪ ᠤᠨ ᠪᠠ | ᠥᠪᠡᠷᠲᠡᠭᠡᠨ ᠵᠠᠰᠠᠬᠤ ᠣᠷᠣᠨ ᠤ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠬᠢᠨᠠᠨ ᠰᠢᠯᠭᠠᠬᠤ ᠠᠵᠢᠯ ᠤᠨ | ᠬᠤᠯᠪᠣᠭᠳᠠᠯ ᠪᠦᠬᠦᠢ ᠬᠤᠷᠠᠯ ᠪᠤᠯᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠨᠡᠩ ᠰᠠᠶᠢᠨ | ᠠᠬᠢᠭᠤᠯᠬᠤ ᠶᠢᠨ ᠲᠤᠯᠠᠳᠠ᠂ ᠲᠤᠰᠬᠠᠶ ᠮᠡᠷᠭᠡᠵᠢᠯᠲᠡᠨ᠂ ᠫᠷᠤᠹᠧᠰᠰᠤᠷ ᠬᠢᠭᠡᠳ ᠡᠯ᠎ᠡ ᠠᠶᠢᠮᠠᠭ ᠬᠤᠳᠠ ᠶᠢᠨ ᠬᠠᠤᠯᠢ | ᠳᠦᠷᠢᠮ ᠤᠨ ᠠᠵᠢᠯ ᠤᠨ ᠠᠯᠪᠠᠨ ᠭᠡᠷ ᠤᠨ ᠠᠵᠢᠯᠲᠠᠨ ᠢ ᠲᠤᠰᠬᠠᠶᠢᠯᠠᠨ ᠤᠷᠢᠵᠤ᠂ ᠶᠠᠷᠢᠯᠴᠠᠬᠤ | ᠬᠡᠯᠪᠡᠷᠢ ᠪᠠᠷ 2016 ᠣᠨ ᠤ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠬᠢᠨᠠᠨ ᠰᠢᠯᠭᠠᠵᠤ ᠦᠨᠡᠯᠡᠬᠦ ᠬᠦᠢᠴᠡᠳᠭᠡᠯ | ᠲᠤᠭ᠎ᠠ ᠶᠢᠨ ᠰᠢᠰᠲ᠋ᠧᠮᠵᠢ ᠶᠢᠨ ᠲᠤᠬᠠᠶ ᠰᠠᠨᠠᠯ ᠪᠤᠯᠤᠨ ᠰᠠᠨᠠᠭᠤᠯᠭ᠎ᠠ ᠶᠢ ᠬᠤᠷᠢᠶᠠᠭᠰᠠᠨ ᠨᠢᠭᠡ ᠤᠳᠠᠭᠠᠨ ᠤ ᠬᠤᠷᠠᠯ | ᠪᠤᠯᠤᠨ᠎ᠠ᠃ | ᠡᠯ᠎ᠡ ᠠᠶᠢᠮᠠᠭ ᠬᠤᠳᠠ ᠶᠢᠨ ᠬᠠᠤᠯᠢ ᠳᠦᠷᠢᠮ ᠤᠨ ᠠᠵᠢᠯ ᠤᠨ ᠠᠯᠪᠠᠨ ᠭᠡᠷ ᠤᠨ ᠠᠵᠢᠯᠲᠠᠳ ᠳᠤᠰ ᠳᠤᠰ ᠤᠨ | ᠠᠵᠢᠯ ᠲᠠᠢ ᠪᠠᠨ ᠤᠶᠠᠯᠳᠤᠭᠤᠯᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠬᠢᠨᠠᠨ ᠰᠢᠯᠭᠠᠬᠤ ᠬᠢᠭᠡᠳ ︽ | ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠪᠠᠶᠢᠭᠤᠯᠬᠤ︾ ᠶᠢ ᠬᠡᠷᠬᠢᠨ ᠮᠠᠰᠢ ᠰᠠᠶᠢᠨ ᠢᠶᠠᠷ ᠤᠶᠠᠯᠳᠤᠭᠤᠯᠤᠨ᠂ | ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠬᠢᠨᠠᠨ ᠰᠢᠯᠭᠠᠬᠤ ᠠᠭᠤᠯᠭ᠎ᠠ ᠪᠤᠯᠤᠨ ᠬᠡᠯᠪᠡᠷᠢ ᠶᠢ ᠤᠯᠠᠮ ᠨᠢᠭᠡ ᠠᠯᠬᠤᠮ | ᠪᠦᠷᠢᠨᠰᠢᠬᠦᠯᠦᠨ ᠰᠠᠶᠢᠵᠢᠷᠠᠭᠤᠯᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠬᠢᠨᠠᠨ ᠰᠢᠯᠭᠠᠬᠤ ᠰᠢᠨᠵᠢᠯᠡᠬᠦ | ᠤᠬᠠᠭᠠᠨᠴᠢ ᠴᠢᠨᠠᠷ᠂ ᠪᠤᠰᠤᠳᠴᠢ ᠴᠢᠨᠠᠷ ᠪᠤᠯᠤᠨ ᠬᠡᠷᠡᠭᠵᠢᠭᠦᠯᠵᠦ ᠪᠣᠯᠬᠤᠶᠢᠴᠠ ᠴᠢᠨᠠᠷ ᠵᠡᠷᠭᠡ ᠶᠢ ᠳᠡᠭᠡᠭᠰᠢᠯᠡᠬᠦᠯᠬᠦ | ᠲᠠᠯ᠎ᠠ ᠪᠠᠷ ᠬᠥᠷ ᠬᠥᠭᠵᠢᠶᠡᠨ ᠲᠠᠢ ᠶᠠᠷᠢᠯᠴᠠᠵᠠᠭᠠᠪᠠ᠃ ᠬᠤᠷᠠᠯ ᠳᠤ ᠣᠷᠣᠯᠴᠠᠭᠰᠠᠨ ᠲᠤᠰᠬᠠᠶ ᠮᠡᠷᠭᠡᠵᠢᠯᠲᠡᠨ᠂ | ᠫᠷᠤᠹᠧᠰᠰᠤᠷ ᠨᠠᠷ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠬᠢᠨᠠᠨ ᠰᠢᠯᠭᠠᠵᠤ ᠦᠨᠡᠯᠡᠬᠦ ᠭᠦᠢᠴᠡᠳᠬᠡᠯ ᠲᠤᠭ᠎ᠠ ᠶᠢᠨ | ᠰᠢᠰᠲ᠋ᠧᠮᠵᠢ ᠶᠢ ᠪᠦᠷᠢᠨᠰᠢᠬᠦᠯᠬᠦ ᠲᠤᠬᠠᠢ ᠦᠵᠡᠯᠲᠡ ᠪᠠᠨ ᠲᠣᠳᠣᠷᠬᠠᠶᠢᠯᠠᠨ ᠦᠬᠦᠯᠡᠪᠡ᠃ ᠬᠠᠮᠤᠭ ᠡᠴᠦᠰ ᠲᠤ | ᠣᠯᠠᠨ ᠢᠶᠠᠷ ᠢᠶᠠᠨ ᠮᠠᠰᠢ ᠤᠯᠠᠨ ᠪᠦᠲᠦᠭᠡᠯᠴᠢ ᠴᠢᠨᠠᠷᠲᠠᠢ ᠰᠠᠨᠠᠯ ᠪᠤᠯᠤᠨ ᠰᠠᠨᠠᠭᠤᠯᠭ᠎ᠠ ᠳᠤᠷᠠᠳᠤᠭᠰᠠᠨ ᠪᠠᠶᠢᠨ᠎ᠠ᠃ |