ᠢᠷᠡᠬᠦ 3 ᠡᠳᠦᠷ ᠲᠤ ᠥᠪᠥᠷ ᠮᠣᠩᠭᠤᠯ ᠤᠨ ᠶᠡᠬᠡᠩᠬᠢ ᠬᠡᠰᠡᠭ ᠭᠠᠵᠠᠷ ᠣᠷᠣᠨ ᠢ ᠬᠦᠢᠲᠡᠨ ᠠᠭᠤᠷ ᠠᠮᠢᠰᠬᠤᠯ ᠨᠥᠯᠥᠭᠡᠯᠡᠨ᠎ᠡ
ᠨᠡᠶᠢᠲᠡᠯᠡᠭᠰᠡᠨ ᠴᠠᠭ᠄
2016/10/25
 ᠥᠪᠥᠷ ᠮᠣᠩᠭᠤᠯ ᠤᠨ ᠴᠠᠭ ᠠᠭᠤᠷ ᠤᠨ ᠥᠷᠲᠡᠭᠡ ᠶᠢᠨ ᠵᠢᠱᠢᠯᠲᠡ ᠪᠠᠷ᠂ 10 ᠳ᠋ᠤᠭᠠᠷ ᠰᠠᠷ᠎ᠠ ᠶᠢᠨ 24᠎ ᠤ ᠡᠳᠦᠷ ᠠᠴᠠ ᠲᠤᠰ ᠰᠠᠷ᠎ᠠ ᠶᠢᠨ ᠰᠡᠭᠦᠯᠴᠢ ᠪᠣᠯᠲᠠᠯ᠎ᠠ᠂ ᠪᠦᠬᠦ ᠣᠷᠣᠨ ᠳᠤ ᠪᠠᠰᠠ ᠬᠤᠶᠠᠷ ᠤᠳᠠᠭ᠎ᠠ  ᠬᠦᠢᠲᠡᠷᠡᠵᠦ ᠪᠣᠷᠣᠭᠠᠨ ᠣᠷᠣᠨ᠎ᠠ᠃ ᠵᠢᠱᠢᠯᠲᠡ ᠪᠠᠷ ᠢᠷᠡᠬᠦ 3 ᠡᠳᠦᠷ᠂ ᠮᠠᠨ ᠤ ᠣᠷᠣᠨ ᠤ ᠵᠡᠭᠦᠨ ᠬᠡᠰᠡᠭ ᠲᠤ ᠪᠠᠭ᠎ᠠ ᠠᠴᠠ ᠳᠤᠮᠳᠠ ᠵᠡᠷᠭᠡ ᠶᠢᠨ ᠴᠠᠰᠤ ᠪᠤᠶᠤ ᠪᠤᠷᠤᠭᠠᠨ ᠴᠠᠰᠤ ᠬᠤᠯᠢᠯᠳᠤᠨ ᠣᠷᠣᠵᠤ᠂ ᠬᠡᠰᠡᠭ ᠭᠠᠵᠠᠷ ᠲᠤ ᠶᠡᠭᠡ ᠴᠠᠰᠤ ᠣᠷᠣᠨ᠎ᠠ︔ ᠳᠤᠮᠳᠠ ᠪᠠᠷᠠᠭᠤᠨ ᠬᠡᠰᠡᠭ ᠤᠨ ᠭᠠᠵᠠᠷ ᠣᠷᠣᠨ ᠳᠤ ᠪᠠᠭ᠎ᠠ ᠠᠴᠠ ᠳᠤᠮᠳᠠ ᠵᠡᠷᠭᠡ ᠶᠢᠨ ᠪᠣᠷᠣᠭᠠᠨ ᠣᠷᠣᠨ᠎ᠠ᠃ 25᠎ ᠤ ᠡᠳᠦᠷ᠂ ᠪᠦᠬᠦ ᠣᠷᠣᠨ ᠤ ᠶᠡᠬᠡᠩᠬᠢ ᠬᠡᠰᠡᠭ ᠲᠤ ᠲᠠᠷᠬᠠᠯᠲᠠ ᠪᠠᠷ ᠵᠢᠭᠳᠡ ᠪᠤᠰᠤ ᠪᠠᠭ᠎ᠠ ᠪᠣᠷᠣᠭᠠᠨ᠂ ᠪᠣᠷᠣᠭᠠᠨ ᠴᠠᠰᠤ ᠪᠤᠶᠤ ᠪᠠᠭ᠎ᠠ ᠴᠠᠰᠤ ᠣᠷᠣᠵᠤ᠂ ᠵᠡᠭᠦᠨ ᠬᠤᠶᠢᠲᠤ ᠣᠷᠣᠨ ᠳᠤ 2.5 ~ 4.9 ᠮᠢᠯᠢᠯᠢᠲᠷ ᠴᠠᠰᠤ ᠣᠷᠣᠨ᠎ᠠ︔ ᠪᠠᠷᠠᠭᠤᠨ ᠬᠡᠰᠡᠭ᠂ ᠳᠤᠮᠳᠠ ᠬᠡᠰᠡᠭ ᠪᠣᠯᠤᠨ ᠵᠡᠭᠦᠨ ᠬᠡᠰᠡᠭ ᠤᠨ ᠬᠤᠶᠢᠭᠤᠷᠬᠢ ᠭᠠᠵᠠᠷ ᠣᠷᠣᠨ ᠳᠤ 6 ℃ ᠣᠷᠴᠢᠮ ᠬᠦᠢᠲᠡᠷᠡᠨ᠎ᠡ︔ ᠰᠠᠷ᠎ᠠ ᠶᠢᠨ ᠰᠡᠭᠦᠯᠴᠢ ᠪᠠᠷ᠂ ᠪᠠᠷᠠᠭᠤᠨ ᠳᠤᠮᠳᠠ ᠬᠡᠰᠡᠭ ᠡᠮᠦᠨᠡᠭᠦᠷᠬᠢ ᠭᠠᠵᠠᠷ ᠣᠷᠣᠨ ᠳᠤ ᠪᠠᠰᠠ  ᠲᠠᠷᠬᠠᠯᠲᠠ ᠪᠠᠷ ᠵᠢᠭᠲᠡᠢ ᠪᠤᠰᠤ ᠪᠠᠭ᠎ᠠ ᠪᠣᠷᠣᠭᠠᠨ ᠪᠤᠶᠤ ᠪᠣᠷᠣᠭᠠᠨ ᠴᠠᠰᠤ ᠬᠤᠯᠢᠯᠳᠤᠨ ᠣᠷᠣᠨ᠎ᠠ︔ ᠪᠦᠬᠦ ᠣᠷᠣᠨ ᠤ ᠶᠡᠬᠡᠩᠬᠢ ᠭᠠᠵᠠᠷ ᠲᠤ ᠳᠤᠯᠠᠭᠠᠨ ᠤ ᠬᠡᠮᠵᠢᠶ᠎ᠡ 6 ℃ ᠣᠷᠴᠢᠮ ᠬᠦᠢᠲᠡᠷᠡᠨ᠎ᠡ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号