ᠥᠪᠥᠷ ᠮᠣᠩᠭᠤᠯ ᠤᠨ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠢᠯᠡᠳᠲᠡ ᠠᠮᠵᠢᠯᠲᠠ ᠣᠯᠪᠠ
ᠨᠡᠶᠢᠲᠡᠯᠡᠭᠰᠡᠨ ᠴᠠᠭ᠄
2016/10/25
      ︽13·5︾᠎ ᠶᠢᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠤᠯᠤᠰ ᠠᠴᠠ ᠥᠪᠥᠷ ᠮᠣᠩᠭᠤᠯ ᠤᠨ 10.2 ᠳ᠋ᠦᠩᠰᠢᠭᠤᠷ ᠮᠥ ᠨᠤᠲᠤᠭ ᠪᠡᠯᠴᠢᠭᠡᠷ ᠲᠤ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠪᠣᠯᠣᠨ᠎ᠠ᠃ ᠵᠢᠯ ᠪᠦᠷᠢ ᠥᠪᠥᠷ ᠮᠣᠩᠭᠤᠯ ᠳᠤ ᠠᠮᠢ ᠠᠬᠤᠶ ᠶᠢᠨ ᠨᠥᠬᠦᠪᠥᠷᠢ ᠱᠠᠩᠨᠠᠯ ᠤᠨ ᠪᠡᠯᠡ ᠮᠥᠩᠭᠦ ᠶᠢ 45.745 ᠳ᠋ᠦᠩᠰᠢᠭᠤᠷ ᠲᠥᠭᠦᠷᠢᠭ ᠲᠣᠬᠢᠷᠠᠭᠤᠯᠵᠤ᠂ ᠡᠨᠡ ᠨᠢ ᠨᠢᠭᠡᠳᠦᠭᠡᠷ ᠬᠤᠭᠤᠴᠠᠭᠠᠨ ᠤ ᠬᠢ ᠠᠴᠠ 5.3 ᠳ᠋ᠦᠩᠰᠢᠭᠤᠷ ᠲᠥᠭᠦᠷᠢᠭ ᠨᠡᠮᠡᠭᠳᠡᠪᠡ᠃ ︽12·5︾᠎ ᠶᠢᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠤᠯᠤᠰ ᠠᠴᠠ ᠥᠪᠥᠷ ᠮᠣᠩᠭᠤᠯ ᠵᠡᠷᠭᠡ 13 ᠮᠤᠵᠢ ᠣᠷᠣᠨ ᠳᠤ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ ᠳᠦᠷᠦ ᠶᠢᠨ ᠪᠤᠳᠤᠯᠭ᠎ᠠ ᠶᠢ ᠡᠬᠢᠯᠡᠨ ᠬᠡᠷᠡᠭᠵᠢᠭᠦᠯᠦᠭᠰᠡᠨ ᠶᠤᠮ᠃ ᠥᠪᠥᠷ ᠮᠣᠩᠭᠤᠯ ᠤᠯᠤᠰ ᠤᠨ ᠪᠠᠭᠤᠯᠭᠠᠭᠰᠠᠨ ᠪᠡᠯᠴᠢᠭᠡᠷᠯᠡᠭᠦᠯᠬᠦ ᠶᠢ ᠴᠠᠭᠠᠵᠠᠯᠠᠬᠤ ᠡᠭᠦᠷᠭᠡ ᠶᠢ 4.7 ᠳ᠋ᠦᠩᠰᠢᠭᠤᠷ ᠲᠥᠭᠦᠷᠢᠭ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠡᠭᠦᠷᠭᠡ ᠶᠢ 5.5 ᠳ᠋ᠦᠩᠰᠢᠭᠤᠷ ᠮᠦ ᠪᠡᠶᠡᠯᠡᠭᠦᠯᠵᠦ᠂ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠠᠰᠢᠭᠯᠠᠵᠤ ᠪᠣᠯᠬᠤ ᠨᠤᠲᠤᠭ ᠪᠡᠯᠴᠢᠭᠡᠷ ᠲᠤ ᠦᠨᠳᠦᠰᠦᠨ ᠳᠡᠭᠡᠨ ᠪᠥᠬᠦᠨ ᠢ ᠪᠦᠷᠬᠦᠭᠦᠯᠵᠦ᠂ 146 ᠲᠦᠮᠡᠨ ᠡᠷᠦᠬᠡ ᠮᠠᠯᠴᠢᠨ ᠲᠠᠷᠢᠶᠠᠴᠢᠨ ᠡᠭᠦᠨ ᠠᠴᠠ ᠠᠰᠢᠭ ᠬᠦᠷᠲᠡᠪᠡ᠃ 5 ᠵᠢᠯ ᠤᠨ ᠲᠤᠷᠰᠢ ᠥᠪᠥᠷ ᠮᠣᠩᠭᠤᠯ ᠤᠨ ᠨᠤᠲᠤᠭ ᠪᠡᠯᠴᠢᠭᠡᠷ ᠤᠨ ᠠᠮᠢ ᠠᠬᠤᠶ ᠶᠢᠨ ᠰᠡᠷᠭᠦᠯᠲᠡ ᠶᠢᠨ ᠠᠬᠢᠴᠠ ᠢᠯᠡᠳᠲᠡ ᠲᠦᠷᠭᠡᠳᠴᠦ᠂ ᠨᠤᠲᠤᠭ ᠪᠡᠯᠴᠢᠭᠡᠷ ᠎ ᠤᠨ ᠳᠤᠮᠳᠠᠴᠢ ᠤᠷᠭᠤᠮᠠᠯ ᠤᠨ ᠬᠤᠴᠢᠯᠭ᠎ᠠ ᠶᠢᠨ ᠪᠦᠷᠬᠦᠴᠡ 44%᠎ ᠳᠤ ᠬᠦᠷᠪᠡ᠃ ᠮᠠᠯᠴᠢᠨ ᠲᠠᠷᠢᠶᠠᠴᠢᠳ ᠤᠨ ᠣᠷᠣᠯᠭ᠎ᠠ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠵᠦ᠂ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠶᠠᠳᠠᠭᠤ ᠠᠴᠠ ᠠᠩᠭᠢᠵᠢᠷᠠᠬᠤ ᠠᠯᠬᠤᠴᠠ ᠶᠢ ᠲᠦᠷᠭᠡᠳᠬᠡᠵᠦ᠂ ᠮᠠᠯᠴᠢᠳ ᠤᠨ ᠬᠥᠮᠦᠨ ᠪᠦᠷᠢ ᠶᠢᠨ ᠳᠤᠮᠳᠠᠴᠢ ᠴᠡᠪᠡᠷ ᠣᠷᠣᠯᠭ᠎ᠠ 14490 ᠲᠥᠭᠦᠷᠢᠭ ᠲᠤ ᠬᠦᠷᠴᠦ᠂ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠶᠢᠨ ᠡᠮᠦᠨᠡᠬᠢ ᠠᠴᠠ 6000 ᠭᠠᠷᠤᠶ ᠲᠥᠭᠦᠷᠢᠭ ᠨᠡᠮᠡᠭᠳᠡᠪᠡ᠃ ᠲᠠᠯ᠎ᠠ ᠨᠤᠲᠤᠭ ᠤᠨ ᠮᠠᠯ ᠠᠵᠤ ᠠᠬᠤᠶ ᠶᠢᠨ ᠡᠵᠡᠩᠨᠡᠯᠲᠡ ᠶᠢᠨ ᠠᠷᠭ᠎ᠠ ᠮᠠᠶ᠋ᠢᠭ ᠤᠨ ᠬᠤᠪᠢᠷᠠᠭᠤᠯᠤᠯᠲᠠ ᠲᠦᠷᠭᠡᠰᠴᠦ᠂ ᠲᠠᠯ᠎ᠠ ᠨᠤᠲᠤᠭ ᠤᠨ ᠮᠠᠯᠵᠢᠬᠤ ᠣᠷᠣᠨ ᠤ ᠭᠠᠮᠰᠢᠭ ᠲᠠᠢ ᠲᠡᠮᠡᠴᠡᠵᠦ ᠮᠡᠯ ᠢᠶᠠᠨ ᠬᠠᠮᠠᠭᠠᠯᠠᠬᠤ ᠴᠢᠳᠠᠪᠤᠷᠢ ᠢᠯᠡᠳᠲᠡ ᠴᠢᠩᠭᠠᠷᠠᠵᠤ᠂ ᠮᠠᠯ ᠪᠦᠷᠢ ᠳᠠᠬᠢ ᠳᠤᠮᠳᠠᠴᠢ ᠡᠪᠦᠯ ᠤᠨ ᠳᠤᠯᠠᠭᠠᠨ ᠰᠠᠷᠠᠪᠴᠢ ᠶᠢᠨ ᠲᠠᠯᠠᠪᠠᠶ 1.1 ᠲᠡᠭᠰᠢ ᠳᠥᠷᠪᠡᠯᠵᠢᠨ ᠮᠧᠲᠷ ᠲᠤ ᠬᠦᠷᠪᠡ᠃ ᠥᠪᠡᠷᠲᠡᠭᠡᠨ ᠵᠠᠰᠠᠬᠤ ᠣᠷᠣᠨ ︽ᠬᠠᠮᠢᠶᠠᠷᠴᠤ ᠬᠠᠮᠠᠭᠠᠯᠠᠬᠤ ᠠᠷᠭ᠎ᠠ︾᠂ ᠨᠥᠬᠦᠪᠥᠷᠢ ᠮᠥᠩᠭᠦ ᠶᠢ ᠬᠤᠰᠢᠭᠤ ᠰᠢᠶᠠᠨ ᠳᠤ ᠪᠠᠭᠤᠯᠭᠠᠵᠤ᠂ ᠨᠤᠲᠤᠭ ᠪᠡᠯᠴᠢᠭᠡᠷ ᠤᠨ ᠬᠠᠮᠢᠶᠠᠷᠤᠨ ᠬᠠᠮᠠᠭᠠᠯᠠᠬᠤ ᠨᠡᠩ ᠠᠮᠢᠳᠤᠯᠢᠭ ᠬᠦᠴᠦᠨ ᠲᠠᠢ ᠲᠣᠭᠲᠠᠴᠠ ᠶᠢ ᠪᠠᠶᠢᠭᠤᠯᠤᠨ᠂ ᠪᠡᠯᠴᠢᠭᠡᠷᠯᠡᠭᠦᠯᠬᠦ ᠶᠢ ᠴᠠᠭᠠᠵᠠᠯᠠᠬᠤ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠢ ᠨᠥᠬᠦᠪᠥᠷᠢ ᠱᠠᠩᠨᠠᠯ ᠤᠨ ᠮᠥᠩᠭᠦ ᠲᠠᠢ ᠬᠤᠯᠪᠣᠭᠳᠠᠭᠤᠯᠬᠤ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号