ᠥᠪᠥᠷ ᠮᠣᠩᠭᠤᠯ ᠡᠨᠡ ᠡᠪᠦᠯ ᠢᠷᠡᠬᠦ ᠬᠠᠪᠤᠷ ᠤᠨ ᠲᠡᠩᠬᠡᠷᠡᠭᠦᠯᠦᠨ ᠲᠤᠰᠠᠯᠠᠬᠤ ᠠᠵᠢᠯ ᠢ ᠪᠠᠴᠢᠮ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2016/10/25
     ᠡᠨᠡ ᠵᠢᠯ ᠠᠴᠠ ᠨᠠᠰᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠤᠷᠢᠳ ᠬᠤᠵᠢᠳ ᠬᠦᠢᠲᠡᠷᠡᠵᠦ ᠬᠦᠯᠳᠡᠬᠦ᠂ ᠭᠠᠩ ᠬᠠᠭᠰᠠᠷᠠᠭᠠᠨ᠂ ᠰᠠᠯᠬᠢᠨ ᠮᠥᠨᠳᠥᠷ᠂ ᠦᠶᠡᠷ ᠤᠰᠤᠲᠤᠯ ᠵᠡᠷᠭᠡ ᠪᠠᠶᠢᠭᠠᠯᠢ ᠶᠢᠨ ᠭᠠᠶ ᠭᠠᠮᠰᠢᠭ ᠭᠠᠷᠤᠭᠰᠠᠨ ᠪᠥᠭᠡᠳ ︽ᠪᠠᠷᠠᠭᠤᠨ ᠬᠡᠰᠡᠭ ᠤᠰᠠᠳᠤᠵᠤ ᠵᠡᠭᠦᠨ ᠬᠡᠰᠡᠭ ᠭᠠᠩᠳᠠᠭᠰᠠᠨ︾ ᠶᠡᠷᠦᠩᠬᠡᠶ ᠪᠠᠶᠢᠷᠢᠰᠢᠯ ᠲᠠᠢ ᠪᠤᠯᠪᠠ᠃ ᠢᠯᠠᠩᠭᠤᠶ᠎ᠠ ᠵᠡᠭᠦᠨ ᠬᠡᠰᠡᠭ ᠤᠨ ᠭᠠᠵᠠᠷ ᠣᠷᠣᠨ ᠤ ᠬᠦᠨᠳᠦ ᠨᠤᠴᠢᠲᠠᠢ ᠭᠠᠩ ᠬᠠᠭᠰᠠᠷᠭᠠᠨ ᠨᠢ ᠣᠶᠢᠷ᠎ᠠ ᠶᠢᠨ ᠵᠢᠯ ᠤᠳ ᠲᠤ ᠬᠤᠪᠣᠷ ᠲᠤᠬᠢᠶᠠᠯᠳᠤᠵᠤ᠂ ᠭᠠᠮᠰᠢᠭᠳᠠᠭᠰᠠᠨ ᠣᠷᠣᠨ ᠤ ᠠᠷᠠᠳ ᠤᠯᠠᠨ ᠤ ᠦᠢᠯᠡᠳᠪᠦᠷᠢᠯᠡᠯ ᠠᠮᠢᠳᠤᠷᠠᠯ ᠢ ᠬᠦᠨᠳᠦ ᠨᠣᠴᠢᠲᠠᠶ ᠨᠥᠯᠥᠭᠡᠯᠡᠭᠰᠡᠨ ᠪᠠᠶᠢᠨ᠎ᠠ᠃ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ︽ᠪᠦᠬᠦ ᠣᠷᠣᠨ ᠤ ᠡᠨᠡ ᠡᠪᠦᠯ ᠢᠷᠡᠬᠦ ᠬᠠᠪᠤᠷ ᠤᠨ ᠲᠡᠩᠬᠡᠷᠡᠭᠦᠯᠦᠨ ᠲᠤᠰᠠᠯᠠᠬᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾᠎ ᠢ ᠪᠠᠴᠢᠮ ᠪᠠᠭᠤᠯᠭᠠᠵᠤ᠂ ᠪᠦᠬᠦ ᠣᠷᠣᠨ ᠤ ᠡᠨᠡ ᠡᠪᠦᠯ ᠢᠷᠡᠬᠦ ᠬᠠᠪᠤᠷ ᠤᠨ ᠲᠡᠩᠬᠡᠷᠡᠭᠦᠯᠦᠨ ᠲᠤᠰᠠᠯᠠᠬᠤ ᠠᠵᠢᠯ ᠢ ᠦᠨᠡᠨ ᠬᠦ ᠰᠠᠶᠢᠲᠤᠷ ᠬᠢᠵᠦ᠂ ᠭᠠᠮᠰᠢᠭᠳᠠᠭᠰᠠᠨ ᠣᠯᠠᠨ ᠲᠦᠮᠡᠨ ᠢ ᠬᠠᠯᠠᠭᠤᠨ ᠳᠤᠯᠠᠭᠠᠨ ᠡᠪᠦᠯᠵᠢᠭᠦᠯᠵᠦ᠂ ᠠᠮᠤᠷ ᠲᠦᠪᠰᠢᠨ ᠭᠠᠴᠢᠭ ᠢ ᠲᠤᠭᠤᠯᠬᠤ ᠶᠢ ᠪᠠᠲᠤᠯᠠᠬᠤ ᠪᠤᠯᠪᠠ᠃      ᠮᠡᠳᠡᠭᠳᠡᠯ ᠳᠤ ᠱᠠᠭᠠᠷᠳᠠᠭᠰᠠᠨ ᠨᠢ᠂ ᠡᠯ᠎ᠡ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠲᠤᠰᠬᠠᠶ ᠬᠦᠴᠦᠨ ᠳᠠᠶᠢᠴᠢᠯᠠᠵᠤ᠂ ᠭᠠᠮᠰᠢᠭᠳᠠᠭᠰᠠᠨ ᠣᠯᠠᠨ ᠲᠦᠮᠡᠨ ᠤ ᠠᠮᠢᠳᠤᠷᠠᠯ ᠤᠨ ᠬᠦᠴᠢᠷᠳᠡᠯ ᠲᠠᠢ ᠪᠠᠶᠢᠳᠠᠯ ᠢ ᠭᠦᠨᠵᠡᠭᠡᠶ  ᠪᠠᠶᠢᠴᠠᠭᠠᠨ ᠦᠨᠡᠯᠡᠨ ᠵᠢᠱᠢᠵᠦ᠂ ᠲᠡᠩᠬᠡᠷᠡᠭᠦᠯᠦᠨ ᠲᠤᠰᠠᠯᠠᠬᠤ ᠴᠢᠬᠤᠯᠠᠲᠠᠶ ᠬᠥᠮᠦᠨ ᠤ ᠲᠤᠭ᠎ᠠ᠂ ᠲᠡᠩᠬᠡᠷᠡᠭᠦᠯᠦᠨ ᠲᠤᠰᠠᠯᠠᠬᠤ ᠴᠢᠬᠤᠯᠠᠲᠠᠶ ᠴᠠᠭ ᠬᠤᠭᠤᠴᠠᠭ᠎ᠠ᠂ ᠲᠡᠩᠬᠡᠷᠡᠭᠦᠯᠦᠨ ᠲᠤᠰᠠᠯᠠᠬᠤ ᠪᠡᠯᠡ ᠮᠥᠩᠭᠦ ᠪᠠ ᠡᠳ᠋ ᠪᠣᠳᠠᠰ ᠤᠨ ᠬᠡᠷᠡᠭᠴᠡᠭᠡᠨ ᠤ ᠲᠤᠭ᠎ᠠ ᠬᠡᠮᠵᠢᠶ᠎ᠡ ᠵᠡᠷᠭᠡ ᠪᠠᠶᠢᠳᠠᠯ ᠢ ᠣᠨᠣᠪᠴᠢᠲᠠᠶ ᠡᠵᠡᠮᠰᠢᠵᠦ᠂ ᠭᠠᠮᠰᠢᠭᠳᠠᠭᠰᠠᠨ ᠬᠦᠴᠢᠷᠳᠡᠯᠲᠡᠶ ᠭᠡᠷ ᠪᠦᠯᠢ ᠶᠢᠨ ᠭᠠᠮᠰᠢᠭ ᠤᠨ ᠬᠤᠬᠢᠷᠠᠯ᠂ ᠥᠪᠡᠷ ᠢ ᠪᠠᠨ ᠠᠪᠤᠷᠠᠬᠤ ᠴᠢᠳᠠᠪᠤᠷᠢ ᠵᠢᠴᠢ ᠠᠮᠤ ᠬᠦᠨᠡᠰᠦ᠂ ᠬᠤᠪᠴᠠᠰᠤ ᠬᠤᠴᠢᠯᠭ᠎ᠠ᠂ ᠳᠤᠯᠠᠭᠠᠯᠠᠭ᠎ᠠ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠬᠦᠴᠢᠷᠳᠡᠯ ᠪᠠ ᠬᠡᠷᠡᠭᠴᠡᠭᠡ ᠱᠠᠭᠠᠷᠳᠠᠯᠭ᠎ᠠ ᠶᠢ ᠨᠠᠷᠢᠨ ᠪᠠᠶᠢᠴᠠᠭᠠᠨ ᠤᠶᠢᠯᠭᠠᠵᠤ᠂ ︽ᠭᠠᠮᠰᠢᠭᠳᠠᠭᠰᠠᠨ ᠬᠦᠮᠦᠰ ᠤᠨ ᠡᠪᠦᠯ ᠬᠠᠪᠤᠷ ᠤᠨ ᠠᠮᠢᠳᠤᠷᠠᠯ ᠤᠨ ᠲᠡᠩᠬᠡᠷᠡᠭᠦᠯᠦᠨ ᠲᠤᠰᠠᠯᠠᠬᠤ ᠴᠢᠬᠤᠯᠠᠲᠠᠶ ᠪᠠᠶᠢᠳᠠᠯ ᠤᠨ ᠪᠦᠷᠢᠳᠬᠡᠯ ᠤᠨ ᠬᠦᠰᠦᠨᠦᠭᠲᠦ︾᠎ ᠶᠢ ᠵᠢᠷᠤᠮᠵᠢᠭᠤᠯᠤᠨ ᠲᠠᠭᠯᠠᠵᠤ᠂ ᠡᠨᠡ ᠡᠪᠦᠯ ᠢᠷᠡᠬᠦ ᠬᠠᠪᠤᠷ ᠤᠨ ᠭᠠᠮᠰᠢᠭᠳᠠᠭᠰᠠᠨ ᠤᠯᠠᠨ ᠲᠦᠮᠡᠨ ᠤ ᠬᠦᠴᠢᠷᠳᠡᠯ ᠤᠨ ᠰᠠᠭᠤᠷᠢ ᠲᠤᠭ᠎ᠠ ᠶᠢ ᠦᠨᠡᠨ ᠬᠦ ᠲᠣᠳᠣᠷᠬᠠᠶ ᠤᠶᠢᠯᠭᠠᠬᠤ ᠬᠡᠷᠡᠭᠲᠡᠢ᠃ ︽ᠲᠥᠷᠥᠯ ᠬᠤᠪᠢᠶᠠᠨ ᠲᠡᠩᠬᠡᠷᠡᠭᠦᠯᠦᠨ ᠲᠤᠰᠠᠯᠠᠬᠤ᠂ ᠭᠤᠣᠯᠳᠠᠯᠭ᠎ᠠ ᠲᠠᠢ ᠲᠡᠩᠬᠡᠷᠡᠭᠦᠯᠦᠨ ᠲᠤᠰᠠᠯᠠᠬᠤ︾ ᠵᠠᠷᠴᠢᠮ ᠶᠤᠰᠤᠭᠠᠷ᠂ ᠲᠡᠩᠬᠡᠷᠡᠭᠦᠯᠦᠨ ᠲᠤᠰᠠᠯᠠᠬᠤ ᠴᠢᠬᠤᠯᠠᠲᠠᠶ ᠬᠦᠮᠦᠰ ᠢ ᠭᠠᠮᠰᠢᠭ ᠠᠴᠠ ᠪᠣᠯᠵᠤ ᠣᠷᠣᠨ ᠰᠠᠭᠤᠴᠠ ᠨᠤᠷᠠᠵᠤ ᠡᠪᠳᠡᠷᠡᠭᠰᠡᠨ᠂ ᠲᠠᠷᠢᠮᠠᠯ ᠤᠨ ᠬᠤᠷᠢᠶᠠᠯᠲᠠ ᠬᠠᠰᠤᠭᠳᠠᠵᠤ ᠬᠤᠷᠢᠶᠠᠯᠲᠠ ᠠᠯᠳᠠᠭᠰᠠᠨ᠂ ᠰᠢᠷᠬᠠᠳᠤᠵᠤ ᠵᠡᠮᠳᠡᠭᠷᠡᠭᠰᠡᠨ ᠵᠡᠷᠭᠡ ᠪᠠᠶᠢᠳᠠᠯ ᠢᠶᠠᠷ ᠨᠢ ᠲᠦᠷᠦᠯ ᠬᠤᠪᠢᠶᠠᠨ ᠵᠢᠭᠰᠠᠭᠠᠵᠤ᠂ ᠭᠡᠷ ᠪᠠᠶᠢᠰᠢᠩ ᠢ ᠳᠠᠬᠢᠨ ᠪᠠᠶᠢᠭᠤᠯᠬᠤ ᠡᠷᠦᠭᠡ ᠪᠠ ᠭᠠᠮᠰᠢᠭᠳᠠᠭᠰᠠᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭᠠᠲᠤ ᠡᠷᠦᠬᠡ᠂ ᠲᠠᠷᠬᠠᠨ ᠰᠠᠭᠤᠷᠢᠰᠢᠵᠤ ᠪᠠᠶᠢᠭ᠎ᠠ ᠲᠠᠪᠤᠨ ᠪᠠᠲᠤᠯᠠᠭᠠᠲᠤ ᠡᠷᠦᠬᠡ᠂ ᠵᠡᠮᠳᠡᠭᠴᠦᠳ ᠤᠨ ᠭᠡᠷ ᠪᠦᠯᠢ ᠵᠡᠷᠭᠡ ᠣᠨᠴᠠᠭᠠᠶ ᠬᠦᠴᠢᠷᠳᠡᠯᠲᠡᠶ ᠬᠦᠮᠦᠰ ᠢ ᠲᠡᠩᠬᠡᠷᠡᠭᠦᠯᠦᠨ ᠲᠤᠰᠠᠯᠠᠬᠤ ᠶᠢ ᠡᠩ ᠲᠡᠷᠢᠭᠦᠨ ᠳᠤ ᠪᠤᠳᠤᠯᠬᠢᠯᠠᠬᠤ ᠬᠡᠷᠡᠭᠲᠡᠢ᠃      ᠡᠨᠡ ᠡᠪᠦᠯ ᠢᠷᠡᠬᠦ ᠬᠠᠪᠤᠷ ᠤᠨ ᠲᠡᠩᠬᠡᠷᠡᠭᠦᠯᠦᠨ ᠲᠤᠰᠠᠯᠠᠬᠤ ᠵᠠᠷᠴᠢᠮ ᠳᠡᠭᠡᠷ᠎ᠡ ᠪᠠᠨ ᠪᠡᠯᠡᠨ ᠵᠤᠭᠤᠰ ᠢᠶᠠᠷ ᠲᠡᠩᠬᠡᠷᠡᠭᠦᠯᠦᠨ ᠲᠤᠰᠠᠯᠠᠬᠤ ᠶᠢ ᠬᠡᠷᠡᠭᠵᠢᠭᠦᠯᠵᠦ᠂ ᠨᠡᠶᠢᠭᠡᠮᠴᠢᠯᠡᠭᠰᠡᠨ ᠬᠡᠯᠪᠡᠷᠢ ᠪᠠᠷ ᠲᠠᠷᠬᠠᠭᠠᠬᠤ ᠶᠢ ᠬᠡᠷᠡᠭᠯᠡᠵᠦ᠂ ᠨᠥᠬᠦᠴᠡᠯ ᠪᠦᠬᠦᠢ ᠭᠠᠵᠠᠷ ᠣᠷᠣᠨ ᠨᠢ ︽ ᠪᠦᠬᠦᠨ ᠳᠤ ᠲᠤᠬᠢᠷᠠᠬᠤ ᠺᠠᠷᠲ ︵ᠡᠪᠬᠡᠮᠡᠯ︶︾᠎ ᠢᠶᠠᠷ ᠳᠠᠮᠵᠢᠭᠤᠯᠤᠨ ᠪᠡᠯᠡ ᠮᠥᠩᠭᠦ ᠤᠯᠭᠤᠬᠤ ᠬᠡᠷᠡᠭᠲᠡᠢ︔  ᠬᠡᠰᠡᠭ ᠬᠤᠪᠢᠶᠠᠨ ᠲᠡᠩᠬᠡᠷᠡᠭᠦᠯᠦᠨ‌‍ᠲ᠋ᠤᠰᠠᠯᠠᠵᠤ᠂ ᠪᠦᠯᠦᠭ ᠬᠤᠪᠢᠶᠠᠨ ᠤᠯᠭᠤᠬᠤ ᠳᠤ ᠪᠡᠯᠡ ᠮᠦᠩᠭᠦ ᠶᠢᠨ ᠭᠦᠢᠴᠡᠳᠬᠡᠯ ᠲᠤᠭ᠎ᠠ ᠶᠢ ᠨᠢᠭᠡ ᠯᠡ ᠤᠳᠠᠭ᠎ᠠ ᠳᠡᠭᠡᠷ᠎ᠡ ᠡᠷᠦᠬᠡ ᠳᠤ ᠬᠤᠪᠢᠶᠠᠷᠢᠯᠠᠵᠤ᠂ ᠡᠷᠦᠬᠡ ᠳᠤ ᠬᠡᠯᠡᠵᠦ ᠥᠭᠬᠦ ᠬᠡᠷᠡᠭᠲᠡᠶ︔  ᠦᠨᠡᠨ ᠬᠦ ᠪᠣᠳᠠᠲᠤ ᠶᠠᠭᠤᠮ᠎ᠠ ᠪᠠᠷ ᠲᠡᠩᠬᠡᠷᠡᠭᠦᠯᠦᠨ ᠲᠤᠰᠠᠯᠠᠬᠤ ᠴᠢᠬᠤᠯᠠᠲᠠᠢ ᠪᠤᠯ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠪᠠ ᠬᠤᠳᠠᠯᠳᠤᠨ ᠠᠪᠬᠤ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠲᠣᠭᠲᠠᠭᠠᠯ ᠢᠶᠠᠷ ᠵᠣᠬᠢᠶᠠᠨ ᠪᠠᠶᠢᠭᠤᠯᠤᠨ ᠬᠤᠳᠠᠯᠳᠤᠨ ᠠᠪᠴᠦ᠂ ᠬᠤᠳᠠᠯᠳᠤᠨ ᠠᠪᠬᠤ ᠡᠳ᠋ ᠪᠣᠳᠠᠰ ᠤᠨ ᠶᠠᠰᠤ ᠴᠢᠨᠠᠷ ᠤᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号