10 ᠳ᠋ᠤᠭᠠᠷ ᠰᠠᠷ᠎ᠠ ᠶᠢᠨ 21 ᠤ ᠡᠳᠦᠷ᠂ ᠪᠦᠬᠦ ᠣᠷᠣᠨ ᠤ 2016 ᠣᠨ ᠤ ᠨᠠᠮᠤᠷ ᠤᠨ ᠤᠯᠠᠷᠢᠯ ᠤᠨ | ᠲᠠᠷᠢᠶᠠᠯᠠᠩ ᠮᠠᠯ ᠠᠵᠤ ᠠᠬᠤᠶ ᠶᠢᠨ ᠭᠤᠣᠯᠳᠠᠯᠭ᠎ᠠ ᠲᠠᠢ ᠠᠵᠢᠯ ᠢ ᠲᠦᠯᠬᠢᠨ ᠠᠬᠢᠭᠤᠯᠬᠤ ᠬᠠᠷᠠᠭᠠᠨ ᠳᠠᠪᠲᠠᠮᠵᠢ ᠶᠢᠨ | ᠬᠤᠷᠠᠯ ᠬᠤᠷᠠᠯᠳᠤᠪᠠ᠃ ᠣᠶᠢᠯᠠᠭᠠᠭᠰᠠᠨ ᠢᠶᠠᠷ᠂ ᠭᠠᠵᠠᠷ ᠰᠢᠷᠣᠶ ᠨᠤᠲᠤᠭ ᠪᠡᠯᠴᠢᠭᠡᠷ ᠤᠨ ᠥᠮᠴᠢᠯᠡᠬᠦ ᠡᠷᠬᠡ ᠶᠢ | ᠨᠤᠲᠠᠯᠠᠨ ᠲᠣᠭᠲᠠᠭᠠᠬᠤ ᠶᠢ ᠡᠨᠡ ᠡᠪᠦᠯ ᠢᠷᠡᠬᠦ ᠬᠠᠪᠤᠷ ᠤᠨ ᠲᠠᠷᠢᠶᠠᠯᠠᠩ ᠮᠠᠯ ᠠᠵᠤ ᠠᠬᠤᠶ ᠶᠢᠨ ᠭᠤᠣᠯᠳᠠᠯᠭ᠎ᠠ ᠲᠠᠢ | ᠠᠵᠢᠯ ᠢᠶᠠᠷ ᠲᠣᠭᠲᠠᠭᠠᠪᠠ᠃ ᠮᠠᠨ ᠤ ᠣᠷᠣᠨ 2014 ᠣᠨ ᠳᠤ ᠪᠦᠬᠦ ᠣᠷᠣᠨ ᠤ 12 ᠬᠤᠰᠢᠭᠤ ᠰᠢᠶᠠᠨ ᠳᠤ | ᠬᠥᠳᠡᠭᠡ ᠲᠣᠰᠬᠤᠨ ᠤ ᠭᠠᠵᠠᠷ ᠰᠢᠷᠣᠶ ᠶᠢ ᠳᠠᠭᠠᠭᠠᠴᠢᠯᠠᠨ ᠡᠵᠡᠩᠨᠡᠬᠦ ᠡᠷᠬᠡ ᠶᠢ ᠨᠤᠲᠠᠯᠠᠨ ᠲᠣᠭᠲᠠᠭᠠᠵᠤ ᠳᠠᠩᠰᠠᠯᠠᠵᠤ | ᠦᠨᠡᠮᠯᠡᠯ ᠣᠯᠭᠤᠬᠤ ᠲᠤᠷᠰᠢᠯᠲᠠ ᠶᠢᠨ ᠠᠵᠢᠯ ᠢ ᠥᠷᠨᠢᠭᠦᠯᠵᠦ᠂ ᠪᠦᠬᠦ ᠣᠷᠣᠨ ᠤ 10 ᠬᠤᠰᠢᠭᠤ ᠳᠤ ᠨᠤᠲᠤᠭ | ᠪᠡᠯᠴᠢᠭᠡᠷ ᠤᠨ ᠥᠮᠴᠢᠯᠡᠬᠦ ᠡᠷᠬᠡ ᠶᠢ ᠨᠤᠲᠠᠯᠠᠨ ᠲᠣᠭᠲᠠᠭᠠᠵᠤ ᠳᠠᠭᠠᠭᠠᠴᠢᠯᠠᠭᠤᠯᠬᠤ ᠶᠢ ᠪᠦᠷᠢᠨᠰᠢᠭᠦᠯᠬᠦ | ᠲᠤᠷᠰᠢᠯᠲᠠ ᠶᠢᠨ ᠠᠵᠢᠯ ᠢ ᠥᠷᠨᠢᠭᠦᠯᠦᠭᠡᠳ᠂ ᠣᠳᠣᠬᠠᠨ ᠳᠤ᠂ ᠭᠠᠵᠠᠷ ᠰᠢᠷᠣᠶ ᠨᠤᠲᠤᠭ ᠪᠡᠯᠴᠢᠭᠡᠷ ᠤᠨ ᠥᠮᠴᠢᠯᠡᠬᠦ | ᠡᠷᠬᠡ ᠶᠢ ᠨᠤᠲᠠᠯᠠᠨ ᠲᠣᠭᠲᠠᠭᠠᠬᠤ ᠠᠵᠢᠯ ᠦᠨᠳᠦᠰᠦᠨ ᠳᠡᠭᠡᠨ ᠳᠠᠭᠤᠰᠪᠠ᠃ ᠭᠠᠵᠠᠷ ᠰᠢᠷᠣᠶ ᠨᠤᠲᠤᠭ ᠪᠡᠯᠴᠢᠭᠡᠷ ᠤᠨ | ᠥᠮᠴᠢᠯᠡᠬᠦ ᠡᠷᠬᠡ ᠶᠢ ᠨᠤᠲᠠᠯᠠᠨ ᠲᠣᠭᠲᠠᠭᠠᠬᠤ ᠪᠣᠯ ᠲᠥᠪ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠮᠥᠨ᠂ ᠮᠠᠯᠵᠢᠬᠤ ᠲᠠᠷᠢᠶᠠᠯᠠᠬᠤ | ᠣᠷᠣᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠰᠠᠭᠤᠷᠢ ᠠᠵᠢᠯ ᠮᠥᠨ᠂ ᠮᠠᠯᠵᠢᠬᠤ ᠲᠠᠷᠢᠶᠠᠯᠠᠬᠤ | ᠣᠷᠣᠨ ᠤ ᠦᠨᠳᠦᠰᠦᠨ ᠡᠵᠡᠩᠨᠡᠯᠲᠡ ᠶᠢᠨ ᠲᠦᠷᠢᠮ ᠢ ᠪᠠᠬᠢᠵᠢᠭᠦᠯᠦᠨ ᠪᠦᠷᠢᠨᠰᠢᠭᠦᠯᠬᠦ ᠪᠠᠲᠤᠯᠠᠭ᠎ᠠ ᠮᠥᠨ᠂ ᠤᠳᠤ | ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠵᠠᠶᠢᠯᠠᠰᠢ ᠦᠭᠡᠢ ᠶᠠᠪᠤᠳᠠᠯ ᠮᠥᠨ᠃ | ᠨᠤᠲᠤᠭ ᠪᠡᠯᠴᠢᠭᠡᠷ ᠤᠨ ᠥᠮᠴᠢᠯᠡᠬᠦ ᠡᠷᠬᠡ ᠶᠢ ᠨᠤᠲᠠᠯᠠᠨ ᠲᠣᠭᠲᠠᠭᠠᠵᠤ ᠳᠠᠭᠠᠭᠠᠴᠢᠯᠠᠬᠤ ᠠᠵᠢᠯ ᠢ 2017 ᠣᠨ ᠤ | ᠰᠡᠭᠦᠯᠴᠢ ᠳᠤ ᠦᠨᠳᠦᠰᠦᠨ ᠳᠡᠭᠡᠨ ᠪᠡᠶᠡᠯᠡᠭᠦᠯᠬᠦ ᠪᠣᠯᠣᠨ᠎ᠠ᠂ ᠪᠥᠬᠦ ᠣᠷᠣᠨ ᠤ ᠨᠤᠲᠤᠭ ᠪᠡᠯᠴᠢᠭᠡᠷ ᠤᠨ ᠥᠮᠴᠢᠯᠡᠬᠦ | ᠡᠷᠬᠡ ᠶᠢ ᠨᠤᠲᠠᠯᠠᠨ ᠲᠣᠭᠲᠠᠭᠠᠵᠤ ᠳᠠᠭᠠᠭᠠᠴᠢᠯᠠᠭᠤᠯᠬᠤ ᠲᠠᠯᠠᠪᠠᠢ 10.4 ᠳ᠋ᠦᠩᠰᠢᠭᠤᠷ ᠮᠦ ᠪᠠᠶᠢᠵᠤ᠂ | ᠣᠳᠣᠬᠠᠨ ᠳᠤ 2.6 ᠳ᠋ᠦᠩᠰᠢᠭᠤᠷ ᠭᠠᠷᠤᠢ ᠮᠥ ᠶᠢ ᠲᠣᠭᠲᠠᠭᠠᠵᠤ ᠳᠠᠭᠤᠰᠪᠠ︔ ᠪᠦᠬᠦ ᠣᠷᠣᠨ ᠤ ᠭᠠᠵᠠᠷ | ᠰᠢᠷᠣᠶ ᠶᠢᠨ ᠡᠷᠬᠡ ᠶᠢ ᠨᠤᠲᠠᠯᠠᠨ ᠲᠣᠭᠲᠠᠭᠠᠵᠤ ᠲᠠᠩᠰᠠᠯᠠᠵᠤ ᠦᠨᠡᠮᠯᠡᠯ ᠣᠯᠭᠤᠬᠤ ᠴᠢᠬᠤᠯᠠᠲᠠᠢ 1.38 ᠳ᠋ᠦᠩᠰᠢᠭᠤᠷ | ᠮᠦ ᠪᠠᠶᠢᠵᠤ᠂ 2018 ᠣᠨ ᠤ 6 ᠳ᠋ᠤᠭᠠᠷ ᠰᠠᠷ᠎ᠠ ᠶᠢᠨ ᠰᠡᠭᠦᠯᠴᠢ ᠳᠤ ᠦᠨᠳᠦᠰᠦᠨ ᠳᠡᠭᠡᠨ ᠳᠠᠭᠤᠰᠬᠠᠬᠤ ᠪᠠᠷ | ᠲᠥᠯᠥᠪᠯᠡᠵᠦ ᠪᠤᠢ᠃ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠠᠴᠠ ᠠᠵᠢᠯ ᠤᠨ | ᠵᠠᠷᠴᠢᠮ ᠢᠶᠠᠨ ᠡᠵᠡᠮᠰᠢᠵᠦ ᠭᠠᠵᠠᠷ ᠰᠢᠷᠣᠶ ᠨᠤᠲᠤᠭ ᠪᠡᠯᠴᠢᠭᠡᠷ ᠤᠨ ᠥᠮᠴᠢᠯᠡᠬᠦ ᠡᠷᠬᠡ ᠶᠢ ᠨᠤᠲᠠᠯᠠᠨ ᠲᠣᠭᠲᠠᠭᠠᠬᠤ | ᠠᠵᠢᠯ ᠤᠨ ᠤᠷᠤᠭᠰᠢᠲᠠᠶ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠢ ᠪᠥᠭᠡᠳ ᠭᠠᠵᠠᠷ ᠰᠢᠷᠣᠶ ᠨᠤᠲᠤᠭ | ᠪᠡᠯᠴᠢᠭᠡᠷ ᠤᠨ ᠥᠮᠴᠢᠯᠡᠬᠦ ᠡᠷᠬᠡ ᠶᠢ ᠨᠤᠲᠠᠯᠠᠨ ᠲᠣᠭᠲᠠᠭᠠᠬᠤ ᠠᠵᠢᠯ ᠢ ᠢᠳᠡᠪᠬᠢᠲᠡᠶ ᠯᠠᠪᠳᠠᠭᠤᠨ ᠢᠶᠠᠷ ᠲᠦᠯᠬᠢᠨ | ᠠᠬᠢᠭᠤᠯᠬᠤ ᠬᠡᠷᠡᠭᠲᠡᠢ᠃ ᠭᠤᠣᠯ ᠡᠭᠦᠷᠭᠡ᠂ ᠠᠵᠢᠯ ᠤᠨ ᠠᠭᠤᠯᠭ᠎ᠠ᠂ ᠲᠥᠷᠥ ᠶᠢᠨ ᠪᠤᠳᠤᠯᠭ᠎ᠠ ᠶᠢᠨ ᠪᠠᠷᠢᠮᠵᠢᠶ᠎ᠠ᠂ | ᠠᠷᠭ᠎ᠠ ᠬᠡᠮᠵᠢᠶ᠎ᠡ ᠠᠯᠬᠤᠮ ᠳᠠᠷᠠᠭ᠎ᠠ ᠶᠢ ᠪᠠᠲᠤ ᠡᠵᠡᠮᠰᠢᠵᠦ᠂ ᠠᠷᠠᠳᠴᠢᠯᠠᠯ ᠢᠶᠠᠷ ᠵᠥᠪᠳᠡᠯᠴᠡᠵᠦ᠂ ᠭᠠᠵᠠᠷ ᠰᠢᠷᠤᠢ ᠶᠢᠨ | ᠡᠷᠬᠡ ᠶᠢ ᠨᠤᠲᠠᠯᠠᠨ ᠲᠣᠭᠲᠠᠭᠠᠬᠤ ᠠᠵᠢᠯ ᠢ ᠡᠷᠣᠬᠡ ᠳᠤ ᠬᠦᠷᠲᠡᠯ᠎ᠡ ᠬᠢᠵᠦ᠂ ᠭᠦᠢᠴᠡᠳ ᠪᠡᠯᠡᠳᠬᠡᠵᠦ᠂ ᠲᠤᠤᠱᠲᠠᠶ | ᠪᠠᠶᠢᠴᠠᠭᠠᠵᠤ᠂ ᠳᠡᠰ ᠳᠠᠷᠠᠭᠠᠯᠠᠯ ᠢ ᠴᠢᠩᠭ᠎ᠠ ᠵᠢᠷᠤᠮᠯᠠᠵᠤ᠂ ᠲᠦᠢᠯ ᠤᠨ ᠣᠨᠣᠪᠴᠢᠲᠠᠢ ᠬᠡᠮᠵᠢᠵᠦ᠂ ᠪᠦᠬᠦ ᠲᠠᠯ᠎ᠠ ᠪᠠᠷ | ᠵᠠᠷᠯᠠᠨ ᠨᠡᠶᠢᠲᠡᠯᠡᠵᠦ᠂ ᠭᠡᠷ᠎ᠡ ᠶᠢ ᠪᠦᠷᠢᠨᠰᠢᠭᠦᠯᠵᠦ᠂ ᠣᠨᠣᠪᠴᠢᠲᠠᠶ ᠳᠠᠩᠰᠠᠯᠠᠵᠦ᠂ ᠲᠤᠭ᠎ᠠ ᠪᠠᠷᠢᠮᠲᠠ ᠶᠢ | ᠳᠦᠷᠢᠮᠵᠢᠭᠦᠯᠵᠦ᠂ ᠳᠠᠩᠰᠠ ᠡᠪᠬᠡᠮᠡᠯ ᠢ ᠪᠦᠷᠢᠨ ᠭᠦᠢᠴᠡᠳ ᠬᠢᠬᠦ ᠬᠡᠷᠡᠭᠲᠡᠢ ᠭᠡᠵᠦ ᠱᠠᠭᠠᠷᠳᠠᠪᠠ᠃ |