ᠥᠪᠥᠷ ᠮᠣᠩᠭᠤᠯ ᠤᠨ ᠨᠤᠲᠤᠭ ᠪᠠᠯᠴᠢᠭᠡᠷ ᠢ ᠬᠠᠶᠢᠨ ᠪᠠᠶᠢᠴᠠᠭᠠᠵᠤ ᠲᠦᠯᠦᠪᠵᠢᠭᠦᠯᠬᠦ ᠬᠦᠷᠢᠶᠡᠯᠡᠩ ᠤᠨ ᠠᠺᠠᠳᠧᠮᠢᠴᠢ ᠶᠢᠨ ᠠᠵᠢᠯᠯᠠᠬᠤ ᠦᠷᠳᠡᠭᠡ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2016/10/26
     10 ᠳ᠋ᠤᠭᠠᠷ ᠰᠠᠷ᠎ᠠ ᠶᠢᠨ 25᠎ ᠤ ᠡᠳᠦᠷ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠤᠳᠤᠭ ᠪᠡᠯᠴᠢᠭᠡᠷ ᠢ ᠬᠠᠶᠢᠨ ᠪᠠᠶᠢᠴᠠᠭᠠᠵᠤ ᠲᠦᠯᠦᠪᠵᠢᠭᠦᠯᠬᠦ ᠬᠦᠷᠢᠶᠡᠯᠡᠩ ᠤᠨ ᠠᠺᠠᠳᠧᠮᠢᠴᠢ ᠶᠢᠨ ᠲᠤᠰᠬᠠᠢ ᠮᠡᠷᠭᠡᠵᠢᠯᠳᠡᠨ ᠤ ᠠᠵᠢᠯᠯᠠᠬᠤ ᠦᠷᠳᠡᠭᠡ ᠶᠢᠨ ᠫᠠᠶᠢᠰᠠ ᠢᠷᠠᠬᠤ ᠶᠤᠰᠤᠯᠠᠯ ᠵᠢᠴᠢ ᠤᠯᠤᠰ ᠤᠨ ᠭᠤᠤᠯᠳᠠᠯᠭ᠎ᠠ ᠲᠠᠢ ᠲᠦᠷᠦᠯ ᠵᠦᠢᠯ ᠳᠤ ᠡᠷᠳᠡᠮᠳᠡᠨ ᠤᠷᠢᠬᠤ ᠡᠷᠳᠡᠮ ᠰᠢᠨᠵᠢᠯᠡᠭᠡᠨ ᠤ ᠶᠠᠷᠢᠯᠴᠠᠬᠤ ᠬᠤᠷᠠᠯ ᠬᠦᠬᠡᠬᠤᠳᠠ ᠳᠤ ᠶᠠᠪᠤᠭᠳᠠᠪᠠ᠃      ᠦᠪᠦᠷ ᠮᠤᠩᠭᠤᠯ ᠤᠨ ᠨᠤᠳᠤᠭ ᠪᠡᠯᠴᠢᠭᠡᠷ ᠢ ᠬᠠᠶᠢᠨ ᠪᠠᠶᠢᠴᠠᠭᠠᠵᠤ ᠲᠦᠯᠦᠪᠵᠢᠭᠦᠯᠬᠦ ᠬᠦᠷᠢᠶᠡᠯᠡᠩ  ᠎ ᠤᠨ ᠠᠺᠠᠳᠧᠮᠢᠴᠢ ᠶᠢᠨ ᠲᠤᠰᠬᠠᠢ ᠮᠡᠷᠭᠡᠵᠢᠯᠳᠡᠨ ᠤ ᠠᠵᠢᠯᠯᠠᠬᠤ ᠦᠷᠳᠡᠭᠡ ᠶᠢ ᠪᠤᠯ 2015 ᠤᠨ ᠳᠤ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠵᠤᠬᠢᠶᠠᠨ ᠪᠠᠶᠢᠭᠤᠯᠬᠤ ᠬᠡᠯᠳᠡᠰ᠂ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠭᠢᠮ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠢᠶᠠᠷ ᠴᠤᠬᠤᠯᠠᠪᠤᠷᠢᠯᠠᠭᠤᠯᠵᠤ᠂ ᠲᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠭᠠᠵᠠᠷ ᠵᠦᠢ ᠶᠢᠨ ᠰᠢᠨᠵᠢᠯᠡᠬᠦ ᠤᠬᠠᠭᠠᠨ ᠬᠢᠭᠡᠳ ᠡᠬᠢ ᠪᠠᠶᠠᠯᠢᠭ ᠤᠨ ᠰᠤᠳᠤᠯᠭᠠᠨ ᠤ ᠭᠠᠵᠠᠷ ᠤᠨ ᠵᠸᠦ ᠴᠧᠩ ᠬᠤ᠋ ᠠᠺᠠᠳᠧᠮᠢᠴᠢ ᠵᠢᠴᠢ ᠲᠡᠭᠦᠨ ᠤ ᠡᠷᠳᠡᠮ ᠰᠢᠨᠵᠢᠯᠡᠭᠡᠨ ᠤ ᠪᠦᠯᠬᠦᠮ ᠎ ᠤᠨ ᠬᠢᠨ ᠢ ᠠᠵᠢᠯᠯᠠᠬᠤ ᠦᠷᠳᠡᠭᠡ ᠳᠡᠭᠡᠨ ᠤᠷᠢᠨ ᠠᠪᠴᠢᠷᠠᠬᠤ ᠪᠠᠷ ᠲᠤᠭᠳᠠᠵᠠᠢ᠃ ᠲᠤᠰ ᠠᠵᠢᠯᠯᠠᠬᠤ ᠦᠷᠳᠡᠭᠡ ᠪᠤᠯ ᠮᠠᠨ ᠤ ᠤᠷᠤᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ ᠰᠢᠰᠲ᠋ᠧᠮ ᠤᠨ ᠠᠩᠬᠠᠳᠠᠭᠴᠢ ᠠᠺᠠᠳᠧᠮᠢᠴᠢ ᠶᠢᠨ ᠲᠤᠰᠬᠠᠢ ᠮᠡᠷᠭᠡᠵᠢᠯᠳᠡᠨ ᠤ ᠠᠵᠢᠯᠯᠠᠬᠤ ᠦᠷᠳᠡᠭᠡ ᠪᠤᠯᠤᠨ᠎ᠠ᠃ ᠡᠨᠡ ᠵᠢᠯ ᠨᠤᠳᠤᠭ ᠪᠡᠯᠴᠢᠭᠡᠷ ᠢ ᠬᠠᠶᠢᠨ ᠪᠠᠶᠢᠴᠠᠭᠠᠵᠤ ᠲᠦᠯᠦᠪᠵᠢᠭᠦᠯᠬᠦ ᠬᠦᠷᠢᠶᠡᠯᠡᠩ ᠬᠢᠭᠡᠳ ᠠᠺᠠᠳᠧᠮᠢᠴᠢ ᠶᠢᠨ ᠲᠤᠰᠬᠠᠢ ᠮᠡᠷᠭᠡᠵᠢᠯᠳᠡᠨ ᠤ ᠠᠵᠢᠯᠯᠠᠬᠤ ᠦᠷᠳᠡᠭᠡ ᠶᠢᠨ ᠲᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠵᠸᠦ ᠴᠧᠩ ᠬᠤ᠋ ᠠᠺᠠᠳᠧᠮᠢᠴᠢ ᠶᠢᠨ ᠡᠷᠳᠡᠮ ᠰᠢᠨᠵᠢᠯᠡᠭᠡᠨ ᠤ ᠪᠦᠯᠬᠦᠮ ᠪᠤᠯᠤᠨ ᠭᠠᠳᠠᠭᠠᠳᠤ ᠤᠯᠤᠰ ᠤᠨ ᠲᠤᠰᠬᠠᠢ ᠮᠡᠷᠭᠡᠵᠢᠯᠳᠡᠳ ᠬᠠᠮᠳᠤᠷᠠᠵᠤ ᠪᠠᠶᠢᠭᠠᠳ ᠨᠤᠳᠤᠭ ᠪᠡᠯᠴᠢᠭᠡᠷ ᠤᠨ ᠡᠵᠡᠩᠨᠡᠯᠳᠡ ᠶᠢᠨ ᠡᠷᠭᠡ ᠵᠢᠴᠢ ᠨᠤᠳᠤᠭ ᠪᠡᠯᠴᠢᠭᠡᠷ ᠤᠨ ᠤᠯᠠᠭᠠᠨ ᠱᠤᠭᠤᠮ ᠢ ᠢᠯᠭᠠᠨ ᠲᠤᠭᠳᠠᠭᠠᠬᠤ ᠲᠤᠮᠳᠠᠬᠢ ᠬᠡᠷᠡᠭᠯᠡᠭᠡᠨ ᠤ ᠰᠤᠳᠤᠯᠭᠠᠨ︔ ᠨᠤᠳᠤᠭ ᠪᠡᠯᠴᠢᠭᠡᠷ ᠤᠨ ᠠᠭᠤᠷᠬᠠᠢ ᠶᠢᠨ ᠤᠷᠤᠨ ᠢ ᠬᠢᠨᠠᠨ ᠬᠡᠮᠵᠢᠬᠦ ᠬᠢᠭᠡᠳ ᠤᠷᠭᠤᠮᠠᠯ ᠤᠨ ᠪᠦᠷᠬᠦᠴᠡ ᠶᠢᠨ ᠰᠡᠷᠭᠦᠯᠳᠡ ᠲᠤᠮᠳᠠᠬᠢ ᠬᠡᠷᠡᠭᠯᠡᠭᠡᠨ ᠤ ᠰᠤᠳᠤᠯᠭᠠᠨ︔ ᠨᠤᠳᠤᠭ ᠪᠡᠯᠴᠢᠭᠡᠷ ᠤᠨ ᠤᠷᠴᠢᠨ ᠲᠤᠭᠤᠷᠢᠨ ᠢ ᠬᠠᠮᠠᠭᠠᠯᠠᠵᠤ ᠬᠢᠨᠠᠨ ᠬᠡᠮᠵᠢᠬᠦ ᠲᠤᠮᠳᠠᠬᠢ ᠬᠡᠷᠡᠭᠯᠡᠭᠡᠨ ᠤ ᠰᠤᠳᠤᠯᠭᠠᠨ ᠵᠡᠷᠭᠡ ᠤᠯᠠᠨ ᠠᠵᠢᠯ ᠢ ᠦᠷᠨᠢᠭᠦᠯᠦᠭᠡᠳ ᠪᠤᠢ᠃      ︽ᠦᠪᠦᠷ ᠮᠤᠩᠭᠤᠯ ᠤᠷᠤᠨ ᠳᠤ 13.2 ᠳ᠋ᠦᠩᠰᠢᠭᠤᠷ ᠮᠦ ᠨᠤᠳᠤᠭ ᠪᠡᠯᠴᠢᠭᠡᠷ ᠲᠠᠢ᠂ ᠨᠤᠳᠤᠭ ᠪᠡᠯᠴᠢᠭᠡᠷ ᠎ ᠤᠨ ᠲᠠᠯᠠᠪᠠᠢ ᠪᠦᠬᠦ ᠤᠷᠤᠨ ᠤ ᠭᠠᠵᠠᠷ ᠰᠢᠷᠤᠢ ᠶᠢᠨ ᠶᠡᠷᠦᠩᠬᠡᠢ ᠲᠠᠯᠠᠪᠠᠢ ᠶᠢᠨ 74 %᠎ ᠶᠢ ᠡᠵᠡᠯᠡᠵᠦ᠂ ᠨᠤᠳᠤᠭ ᠪᠡᠯᠴᠢᠭᠡᠷ ᠤᠨ ᠠᠮᠢ ᠠᠬᠤᠢ ᠪᠤᠯ ᠪᠦᠬᠦ ᠤᠷᠤᠨ ᠤ ᠠᠮᠢ ᠠᠬᠤᠢ ᠶᠢᠨ ᠭᠤᠤᠯ ᠴᠤᠭᠴᠠ ᠪᠤᠯᠬᠤ ᠶᠤᠮ᠃ ᠤᠯᠠᠨ ᠵᠢᠯ ᠎ ᠤᠨ ᠲᠤᠷᠰᠢ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ‌ᠡᠴᠠ ᠨᠤᠳᠤᠭ ᠪᠡᠯᠴᠢᠭᠡᠷ ᠎ ᠤᠨ ᠠᠮᠢ ᠠᠬᠤᠢ ᠶᠢ ᠬᠠᠮᠠᠭᠠᠯᠠᠬᠤ ᠳᠤ ᠤᠯᠠᠨ ᠵᠦᠢᠯ ᠤᠨ ᠠᠷᠭ᠎ᠠ ᠬᠡᠮᠵᠢᠶ᠎ᠠ ᠠᠪᠤᠭᠰᠠᠨ ᠢᠶᠠᠷ ᠨᠤᠳᠤᠭ ᠪᠡᠯᠴᠢᠭᠡᠷ ᠤᠨ ᠠᠮᠢ ᠠᠬᠤᠢ ᠠᠯᠭᠤᠷ ᠢᠶᠠᠷ ᠰᠡᠷᠭᠦᠬᠡᠳ ᠬᠤᠷᠢᠳᠤᠭᠠᠷ ᠵᠠᠭᠤᠨ ᠤ ᠨᠠᠶᠠᠭᠠᠳ ᠤᠨ ᠤ ᠬᠢᠷᠢ ᠬᠡᠮᠵᠢᠶᠡᠨ ᠳᠤ ᠬᠦᠷᠴᠡᠢ᠃ ᠬᠡᠪᠡᠴᠦ ᠮᠠᠨ ᠤ ᠤᠷᠤᠨ ᠤ ᠨᠤᠳᠤᠭ ᠪᠡᠯᠴᠢᠭᠡᠷ ᠤᠨ ᠠᠮᠢ ᠠᠬᠤᠢ ᠶᠢᠨ ᠪᠦᠳᠦᠬᠡᠨ ᠪᠠᠶᠢᠭᠤᠯᠤᠯᠳᠠ ᠶᠠᠭ ᠤᠷᠤᠭᠰᠢᠯᠠᠬᠤ ᠦᠭᠡᠢ ᠪᠤᠯ ᠤᠬᠤᠷᠢᠬᠤ ᠵᠠᠩᠭᠢᠯᠠᠭ᠎ᠠ ᠶᠢᠨ ᠴᠠᠭ ᠦᠶ᠎ᠠ ᠳᠤ ᠤᠷᠤᠵᠤ᠂ ᠮᠡᠷᠭᠡᠵᠢᠯ ᠪᠠ ᠲᠦᠷᠦ ᠶᠢᠨ ᠪᠤᠳᠤᠯᠭ᠎ᠠ ᠶᠢᠨ ᠲᠠᠯ᠎ᠠ ᠪᠠᠷ ᠨᠡᠩ ᠢᠯᠡᠭᠦᠦ ᠬᠦᠴᠦᠯᠡᠬᠦ ᠴᠢᠬᠤᠯᠠᠳᠠᠢ᠃ ᠲᠤᠰ ᠠᠵᠢᠯᠯᠠᠬᠤ ᠦᠷᠳᠡᠭᠡ ᠶᠢᠨ ᠪᠠᠶᠢᠭᠤᠯᠤᠭᠳᠠᠭᠰᠠᠨ ᠨᠢ ︿ᠲᠠᠭᠠᠷᠠᠭᠰᠠᠨ ᠬᠦᠮᠦᠨ ᠳᠤ ᠲᠠᠬᠤ ᠬᠦᠷᠭᠡᠭᠰᠡᠨ ᠶᠠᠪᠤᠳᠠᠯ﹀ ᠪᠤᠯᠵᠤ᠂ ᠮᠠᠨ ᠤ ᠤᠷᠤᠨ ᠤ ᠨᠤᠳᠤᠭ ᠪᠡᠯᠴᠢᠭᠡᠷ ᠤᠨ ᠪᠦᠳᠦᠭᠡᠨ ᠪᠠᠶᠢᠭᠤᠯᠤᠯᠳᠠ ᠬᠢᠭᠡᠳ ᠬᠠᠮᠠᠭᠠᠯᠠᠯᠳᠠ ᠳᠤ ᠢᠳᠡᠪᠬᠢᠳᠡᠢ ᠦᠢᠯᠡᠳᠦᠯ ᠦᠵᠡᠭᠦᠯᠬᠦ ᠨᠢ ᠵᠠᠶᠢᠯᠠᠰᠢ ᠦᠬᠡᠢ︾ ᠭᠡᠵᠦ ᠦᠪᠡᠷᠳᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠭᠢᠮ ᠤᠨ ᠲᠡᠳ᠋ ᠲᠠᠷᠤᠭ᠎ᠠ ᠯᠢᠦ ᠶᠦᠩ ᡁᠢ ᠰᠤᠷᠪᠤᠯᠵᠢᠯᠠᠭ᠎ᠠ ᠬᠦᠯᠢᠶᠡᠬᠦ ᠳᠡᠭᠡᠨ ᠶᠠᠷᠢᠯ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号