ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠬᠤᠲᠠ ᠬᠦᠳᠡᠭᠡ ᠶᠢᠨ ᠪᠠᠶᠢᠭᠤᠯᠤᠯᠲᠠ ᠶᠢᠨ ᠰᠢᠰᠲ᠋ᠧᠮ ᠤᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠵᠢᠯ ᠤᠨ ᠬᠤᠷᠠᠯ ᠵᠢᠴᠢ ᠥᠪᠥᠷ ᠮᠣᠩᠭᠤᠯ ᠤᠨ ᠪᠥᠲᠥᠭᠡᠨ ᠪᠠᠶᠢᠭᠤᠯᠤᠯᠲᠠ ᠶᠢᠨ ᠠᠵᠢᠯᠲᠡᠨ ᠠᠵᠢᠯᠴᠢᠨ ᠤ ᠲᠦᠷᠦ ᠶᠢᠨ ᠪᠤᠳᠤᠯᠭ᠎ᠠ ᠰᠤᠳᠤᠯᠬᠤ ᠭᠤᠷᠪᠠᠳᠤᠭᠠᠷ ᠬᠤᠭᠤᠴᠠᠭᠠᠨ ᠤ ᠪᠦᠬᠦ ᠭᠡᠰᠢᠭᠦᠳ ᠤᠨ ᠶᠡᠭᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2016/10/26
     ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷᠤᠨ ᠰᠠᠭᠤᠴᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠢᠰᠲ᠋ᠧᠮ ᠤᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠵᠢᠯ ᠤᠨ ᠬᠤᠷᠠᠯ ᠵᠢᠴᠢ ᠥᠪᠥᠷ ᠮᠣᠩᠭᠤᠯ ᠤᠨ ᠪᠠᠶᠢᠭᠤᠯᠤᠯᠲᠠ ᠶᠢᠨ ᠠᠵᠢᠯᠲᠡᠨ ᠠᠵᠢᠯᠴᠢᠨ ᠤ ᠲᠦᠷᠦ ᠶᠢᠨ ᠪᠤᠳᠤᠯᠭ᠎ᠠ ᠰᠤᠳᠤᠯᠬᠤ ᠬᠤᠷᠠᠯ ᠤᠨ ᠭᠤᠷᠪᠠᠳᠤᠭᠠᠷ ᠬᠤᠭᠤᠴᠠᠭᠠᠨ ᠤ ᠪᠦᠬᠦ ᠭᠡᠰᠢᠭᠦᠳ ᠤᠨ ᠶᠡᠭᠡ ᠬᠤᠷᠠᠯ ᠪᠠᠶᠠᠨᠨᠠᠭᠤᠷ ᠬᠤᠳᠠ ᠳᠤ ᠬᠤᠷᠠᠯᠳᠤᠪᠠ᠃ ᠬᠤᠷᠠᠯ ᠨᠢ ᠪᠦᠬᠦ ᠤᠯᠤᠰ ᠤᠨ ᠤᠷᠤᠨ ᠰᠠᠭᠤᠴᠠ ᠬᠤᠲᠠ ᠬᠦᠳᠡᠭᠡ ᠶᠢᠨ ᠪᠠᠶᠢᠭᠤᠯᠤᠯᠲᠠ ᠶᠢᠨ ᠰᠢᠰᠲ᠋ᠧᠮ ᠤᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠵᠢᠯ ᠤᠨ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ ᠤ ᠤᠶᠤᠨ ᠤ ᠪᠣᠯᠪᠠᠰᠤᠨ ᠤ ᠬᠤᠷᠢᠶ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠢᠢᠷ᠎ᠠ ᠶᠢᠨ ᠵᠢᠯ ᠠᠴᠠ ᠨᠠᠰᠢᠬᠢ ᠪᠥᠬᠦ ᠣᠷᠣᠨ ᠤ ᠣᠷᠣᠨ ᠰᠠᠭᠤᠴᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠢᠰᠲ᠋ᠧᠮ ᠤᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠵᠢᠯ ᠢ ᠡᠷᠭᠢᠴᠡᠭᠦᠯᠦᠨ ᠳ᠋ᠦᠩᠨᠡᠵᠦ᠂ ᠬᠤᠶᠢᠰᠢᠳᠠ ᠶᠢᠨ ᠣᠷᠣᠨ ᠰᠠᠭᠤᠴᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠢᠰᠲ᠋ᠧᠮ ᠤᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠳᠡᠳ᠋ ᠲᠣᠭᠤᠷᠢᠨ ᠪᠠᠶᠢᠴᠠᠭᠠᠭᠴᠢ ᠸᠠᠩ ᠭᠧᠨ ᠰᠢᠶᠣᠣ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠶ᠃      ᠬᠤᠷᠠᠯ ᠠᠴᠠ ᠪᠦᠬᠦ ᠣᠷᠣᠨ ᠤ ᠣᠷᠣᠨ ᠰᠠᠭᠤᠴᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠢᠰᠲ᠋ᠧᠮ ᠤᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ 44 ᠲᠡᠷᠢᠭᠦᠨ ᠤ ᠨᠢᠭᠡᠴᠡ ᠪᠠ 43 ᠲᠡᠷᠢᠭᠦᠨ ᠤ ᠬᠤᠪᠢ ᠬᠦᠮᠦᠨ ᠢ ᠰᠠᠶᠢᠰᠢᠶᠠᠨ ᠬᠥᠬᠢᠭᠦᠯᠵᠦ᠂ ᠬᠡᠰᠡᠭ ᠲᠡᠷᠢᠭᠦᠨ ᠤ ᠨᠢᠭᠡᠴᠡ ᠪᠠ ᠲᠡᠷᠢᠭᠦᠨ ᠤ ᠬᠤᠪᠢ ᠬᠦᠮᠦᠨ ᠤ ᠲᠥᠯᠥᠭᠡᠯᠡᠭᠴᠢᠳ ᠲᠤᠷᠰᠢᠯᠭ᠎ᠠ ᠪᠠᠨ ᠰᠤᠯᠢᠯᠴᠠᠬᠤ ᠶᠠᠷᠢᠶ᠎ᠠ ᠲᠠᠯᠪᠢᠪᠠ᠃ ᠬᠤᠷᠠᠯ ᠳᠤ ᠤᠷᠤᠯᠴᠠᠭᠰᠠᠳ ᠢ ᠵᠤᠬᠢᠶᠠᠨ ᠪᠠᠶᠢᠭᠤᠯᠤᠨ ᠪᠠᠶᠠᠨᠨᠠᠭᠤᠷ ᠬᠤᠲᠠ ᠶᠢᠨ ᠭᠡᠷ ᠪᠠᠶᠢᠰᠢᠩ ᠤᠨ ᠥᠮᠴᠢᠯᠡᠬᠦ ᠡᠷᠬᠡ ᠶᠢᠨ ᠠᠷᠠᠯᠵᠢᠶ᠎ᠠ ᠰᠤᠯᠢᠯᠴᠠᠭᠠᠨ ᠤ ᠲᠢᠩᠬᠢᠮ᠂ ᠬᠤᠲᠠ ᠶᠢᠨ ᠣᠷᠣᠨ ᠰᠠᠭᠤᠴᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠵᠦᠪᠯᠡᠯ ᠤᠨ ᠨᠠᠮ ᠤᠨ ᠪᠠᠶᠢᠭᠤᠯᠤᠯᠲᠠ ᠴᠢᠭᠡᠴᠢ ᠵᠠᠰᠠᠭ ᠤᠨ ᠪᠠᠶᠢᠭᠤᠯᠤᠯᠲᠠ ᠶᠢᠨ ᠰᠤᠷᠦᠯᠴᠡᠯᠭ᠎ᠠ ᠶᠢᠨ ᠬᠦᠷᠢᠶᠡᠯᠡᠩ᠂ ᠬᠠᠲᠤᠨ ᠭᠤᠣᠯ ᠤᠨ ᠨᠤᠭᠤ ᠭᠠᠵᠠᠷ ᠤᠨ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ᠂ ᠬᠠᠲᠤᠨ ᠭᠤᠣᠯ ᠤᠨ ᠤᠰᠤᠨ ᠠᠰᠢᠭᠯᠠᠯᠲᠠ ᠶᠢᠨ ᠰᠣᠶᠣᠯ ᠤᠨ ᠮᠦᠽᠧᠶ᠂ ᠭᠠᠴᠠᠭ᠎ᠠ ᠲᠣᠰᠬᠤᠨ ᠰᠤᠮᠤ ᠪᠠᠯᠭᠠᠰᠤ ᠶᠢᠨ ᠪᠥᠳᠥᠭᠡᠨ ᠪᠠᠶᠢᠭᠤᠯᠤᠯᠲᠠ ᠪᠠ ᠬᠤᠲᠠ ᠶᠢᠨ ᠪᠦᠲᠦᠭᠡᠨ ᠪᠠᠶᠢᠭᠤᠯᠤᠯᠲᠠ ᠵᠡᠷᠭᠡ ᠶᠢ ᠲᠤᠭᠤᠷᠢᠨ ᠦᠵᠡᠪᠡ᠃      ᠥᠪᠥᠷ ᠮᠣᠩᠭᠤᠯ ᠤᠨ ᠪᠥᠲᠥᠭᠡᠨ ᠪᠠᠶᠢᠭᠤᠯᠤᠯᠲᠠ ᠶᠢᠨ ᠠᠵᠢᠯᠲᠡᠨ ᠠᠵᠢᠯᠴᠢᠨ ᠤ ᠲᠦᠷᠦ ᠶᠢᠨ ᠪᠤᠳᠤᠯᠭ᠎ᠠ ᠰᠤᠳᠤᠯᠬᠤ ᠬᠤᠷᠠᠯ ᠤᠨ ᠭᠤᠷᠪᠠᠳᠤᠭᠠᠷ ᠬᠤᠭᠤᠴᠠᠭᠠᠨ ᠤ ᠪᠦᠬᠦ ᠭᠡᠰᠢᠭᠦᠳ ᠤᠨ ᠶᠡᠭᠡ ᠬᠤᠷᠠᠯ ᠨᠢ ᠬᠤᠶᠠᠳᠤᠭᠠᠷ ᠬᠤᠭᠤᠴᠠᠭᠠᠨ ᠤ ᠬᠡᠷᠡᠭ ᠡᠷᠬᠢᠯᠡᠭᠴᠢᠳ ᠤᠨ ᠬᠤᠷᠠᠯ ᠤᠨ ᠠᠵᠢᠯ ᠤᠨ ᠢᠯᠡᠳᠬᠡᠯ ᠪᠤᠯᠤᠨ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠦᠷᠢᠮ︾᠎ ᠢ ᠪᠠᠲᠤᠯᠠᠵᠤ᠂ ᠭᠤᠷᠪᠠᠳᠤᠭᠠᠷ ᠬᠤᠭᠤᠴᠠᠭᠠᠨ ᠤ ᠬᠡᠷᠡᠭ ᠡᠷᠬᠢᠯᠡᠭᠴᠢ ᠶᠢᠨ ᠳᠠᠷᠤᠭ᠎ᠠ ᠂ ᠳᠡᠳ᠋ ᠳᠠᠷᠤᠭ᠎ᠠ᠂ ᠨᠠᠷᠢᠨ ᠪᠢᠴᠢᠭ ᠤᠨ ᠳᠠᠷᠤᠭ᠎ᠠ᠂ ᠳᠡᠳ᠋ ᠨᠠᠷᠢᠨ ᠪᠢᠴᠢᠭ ᠤᠨ ᠳᠠᠷᠤᠭ᠎ᠠ᠂ ᠪᠠᠶᠢᠩᠭᠤ ᠶᠢᠨ ᠬᠡᠷᠡᠭ ᠡᠷᠬᠢᠯᠡᠭᠴᠢ ᠵᠢᠴᠢ ᠬᠡᠷᠡᠭ ᠡᠷᠬᠢᠯᠡᠭᠴᠢ ᠶᠢ ᠰᠤᠩᠭᠤᠨ ᠭᠠᠷᠭᠠᠪᠠ᠃ ᠰᠢᠨ᠎ᠡ ᠪᠠᠷ ᠰᠣᠩᠭᠤᠭᠳᠠᠭᠰᠠᠨ ᠬᠡᠷᠡᠭ ᠡᠷᠬᠢᠯᠡᠭᠴᠢᠳ ᠤᠨ ᠬᠤᠷᠠᠯ ᠤᠨ ᠳᠠᠷᠤᠭ᠎ᠠ ᠶᠠᠷᠢᠶᠠᠨ ᠳᠠᠭᠠᠨ ᠵᠢᠠᠭᠠᠭᠰᠠᠨ ᠨᠢ᠂ ᠭᠤᠷᠪᠠᠳᠤᠭᠠᠷ ᠬᠤᠭᠤᠴᠠᠭᠠᠨ ᠤ ᠬᠡᠷᠡᠭ ᠡᠷᠬᠢᠯᠡᠭᠴᠢᠳ ᠤᠨ ᠬᠤᠷᠠᠯ ᠨᠢ ᠢᠲᠡᠭᠡᠯ ᠵᠣᠷᠢᠭ ᠢᠶᠠᠨ ᠬᠦᠪᠴᠢᠯᠡᠵᠦ᠂ ᠵᠠᠮ ᠨᠡᠭᠡᠭᠡᠨ ᠰᠢᠨ᠎ᠡ ᠶᠢ ᠡᠭᠦᠳᠴᠦ᠂ ᠲᠦᠷᠦ ᠶᠢᠨ ᠪᠤᠳᠤᠯᠭ᠎ᠠ ᠰᠤᠳᠤᠯᠬᠤ ᠠᠵᠢᠯ ᠤᠨ ᠤᠯᠤᠰ ᠳᠦᠷᠦ ᠶᠢᠨ ᠵᠥᠪ ᠴᠢᠭᠯᠡᠯ ᠢ ᠢᠮᠠᠭᠲᠠ ᠪᠠᠷᠢᠮᠲᠠᠯᠠᠵᠤ᠂ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠤᠨ ᠰᠢᠨ᠎ᠡ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠡᠷᠡᠭ ᠡᠷᠬᠢᠯᠡᠭᠴᠢ ᠨᠢᠭᠡᠴᠡ ᠳᠤ ᠨᠡᠩ ᠰᠠᠶᠢᠨ ᠰᠤᠷᠤᠯᠴᠠᠨ ᠰᠣᠯᠢᠯᠴᠠᠬᠤ ᠲᠠᠪᠴᠠᠩ ᠪᠠᠶᠢᠭᠤᠯᠤᠨ ᠦᠭᠴᠦ᠂ ᠣᠷᠣᠨ ᠰᠠᠭᠤᠴᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠲᠦᠷᠦᠯ ᠤᠨ ᠬᠥᠭᠵᠢᠯᠲᠡ ᠶᠢ ᠠᠬᠢᠭᠤᠯᠬᠤ ᠳᠤ ᠪᠠᠲᠤ ᠴᠢᠩᠭ᠎ᠠ ᠦᠵᠡᠯ ᠰᠠᠨᠠᠭᠠᠨ ᠤ ᠪᠠᠲᠤᠯᠠᠭ᠎ᠠ ᠬᠠᠩᠭᠠᠬᠤ ᠬᠡᠷᠡᠭᠲᠡᠶ ᠭᠡᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号