ᠥᠪᠡᠷᠲᠡᠭᠡᠨ ᠵᠠᠰᠠᠬᠤ ᠣᠷᠣᠨ ᠤ ᠲᠤᠭᠠᠴᠢᠯᠠᠭᠰᠠᠨ ᠵᠤᠬᠢᠶᠠᠮᠠᠯ ᠦᠶ᠎ᠠ ᠭᠡᠰᠢᠬᠦᠦ ᠶᠢᠨ ᠲᠦᠯᠦᠪᠯᠡᠭᠡ ᠪᠠ ᠭᠡᠷᠡᠭᠯᠡᠭᠡᠨ ᠤ ᠠᠺᠠᠳᠧᠮᠢᠴᠢ ᠶᠢᠨ ᠲᠤᠰᠬᠠᠢ ᠮᠡᠷᠭᠡᠵᠢᠯ ᠤᠨ ᠠᠵᠢᠯ ᠤᠨ ᠦᠷᠳᠡᠭᠡ ᠡᠷᠦᠭᠡ ᠪᠠᠨ ᠰᠡᠬᠦᠪᠡ  ᠯᠢᠦ ᠰᠢᠨ ᠯᠧ ᠤᠷᠤᠯᠴᠠᠵᠠᠢ
ᠨᠡᠶᠢᠲᠡᠯᠡᠭᠰᠡᠨ ᠴᠠᠭ᠄
2016/10/26
     ᠳᠤᠮᠳᠠᠳᠤ ᠤᠯᠤᠰ ᠤᠨ ᠠᠺᠠᠳᠧᠮᠢᠴᠢ ᠶᠢᠨ ᠬᠦᠷᠢᠶᠡᠯᠡᠩ ᠤᠨ ᠠᠺᠠᠳᠧᠮᠢᠴᠢ ᠳ᠋ᠠᠢ ᠺᠧ ᠷᠦᠩ ᠢᠶᠠᠷ ᠲᠦᠷᠦᠬᠦᠯᠡᠨ ᠪᠠᠶᠢᠭᠤᠯᠤᠭᠰᠠᠨ ᠦᠪᠡᠷᠲᠡᠭᠡᠨ ᠵᠠᠰᠠᠬᠤ ᠤᠷᠤᠨ ᠤ ᠲᠤᠭᠠᠴᠢᠯᠠᠭᠰᠠᠨ ᠵᠤᠬᠢᠶᠠᠮᠠᠯ ᠦᠶ᠎ᠠ ᠭᠡᠰᠢᠬᠦᠦ ᠶᠢᠨ ᠲᠦᠯᠦᠪᠯᠡᠭᠡ ᠪᠠ ᠭᠡᠷᠡᠭᠯᠡᠭᠡᠨ ᠤ ᠠᠺᠠᠳᠧᠮᠢᠴᠢ ᠶᠢᠨ ᠲᠤᠰᠬᠠᠢ ᠮᠡᠷᠭᠡᠵᠢᠯ ᠤᠨ ᠠᠵᠢᠯ ᠤᠨ ᠦᠷᠳᠡᠭᠡ ᠥᠪᠦᠷ ᠮᠤᠩᠭᠤᠯ ᠎ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠳᠤ ᠡᠷᠦᠭᠡ ᠪᠠᠨ ᠰᠡᠬᠦᠵᠦ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠵᠤᠬᠢᠶᠠᠨ ᠪᠠᠶᠢᠭᠤᠯᠬᠤ ᠭᠡᠯᠳᠡᠰ᠂ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠡᠷᠡᠬᠦᠯ ᠬᠠᠮᠠᠭᠠᠯᠠᠯ ᠲᠦᠯᠦᠪᠯᠡᠭᠡᠳᠦ ᠦᠷᠡᠵᠢᠯ ᠤᠨ ᠵᠦᠪᠯᠡᠯ ᠠᠴᠠ ᠫᠠᠶᠢᠰᠠ ᠰᠡᠬᠦᠬᠦ ᠶᠤᠰᠤᠯᠠᠯ ᠢ ᠬᠠᠮᠳᠤᠪᠡᠷ ᠡᠷᠬᠢᠯᠡᠵᠡᠢ᠃      ᠦᠪᠡᠷᠲᠡᠭᠡᠨ ᠵᠠᠰᠠᠬᠤ ᠤᠷᠤᠨ ᠤ ᠳᠡᠳ᠋ ᠲᠡᠷᠢᠬᠦᠯᠡᠭᠴᠢ ᠯᠢᠦ ᠰᠢᠨ ᠯᠧ ᠶᠤᠰᠤᠯᠠᠯ ᠳᠤ ᠤᠷᠤᠯᠴᠠᠵᠠᠢ᠃      ᠳ᠋ᠠᠢ ᠺᠧ ᠷᠦᠩ᠂ ᠳᠤᠮᠳᠠᠳᠤ ᠤᠯᠤᠰ ᠤᠨ ᠠᠺᠠᠳᠧᠮᠢᠴᠢ ᠶᠢᠨ ᠬᠦᠷᠢᠶᠡᠯᠡᠩ ᠤᠨ ᠠᠺᠠᠳᠧᠮᠢᠴᠢ᠂ ᠶᠠᠰᠤᠨ ᠤ ᠭᠠᠳᠠᠷ ᠰᠠᠯᠠᠭᠠᠨ ᠤ ᠤᠬᠠᠭᠠᠨ ᠪᠠ ᠶᠠᠰᠤᠨ ᠤ ᠰᠠᠯᠠᠭᠠᠨ ᠤ ᠠᠮᠢᠳᠤ ᠪᠤᠳᠠᠰ ᠤᠨ ᠬᠦᠴᠦᠨ ᠤ ᠤᠬᠠᠭᠠᠨ ᠤ ᠲᠤᠰᠬᠠᠢ ᠮᠡᠷᠭᠡᠵᠢᠯᠳᠠᠨ᠂ ᠱᠠᠩᠬᠠᠢ ᠶᠢᠨ ᠬᠤᠶᠠᠳᠤᠭᠠᠷ ᠠᠨᠠᠠᠭᠬᠤ ᠤᠬᠠᠭᠠᠨ ᠤ ᠶᠡᠭᠡ ᠰᠤᠷᠭᠠᠭᠤᠯᠢ ︵ᠤᠳᠤ ᠶᠢᠨ ᠱᠠᠩᠬᠠᠢ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠠᠨᠠᠭᠠᠬᠤ ᠤᠬᠠᠭᠠᠨ ᠤ ᠳᠡᠭᠡᠳᠦ ᠰᠤᠷᠭᠠᠭᠤᠯᠢ︶᠎ ᠶᠢᠨ ᠬᠠᠷᠢᠶ᠎ᠠ ᠶᠢᠰᠦᠳᠦᠭᠡᠷ ᠠᠷᠠᠳ ᠤᠨ ᠡᠮᠨᠡᠯᠭᠡ ᠶᠢᠨ ᠬᠤᠷᠢᠶᠠᠨ ᠤ ᠳᠠᠷᠤᠭ᠎ᠠ ᠵᠢᠴᠢ ᠶᠠᠰᠤᠨ ᠤ ᠰᠠᠯᠠᠭᠠᠨ ᠤ ᠡᠷᠬᠢᠯᠡᠭᠴᠢ ᠶᠢᠨ ᠲᠤᠰᠢᠶᠡᠯ ᠢ ᠬᠠᠷᠢᠭᠤᠴᠠᠵᠦ ᠪᠠᠶᠢᠵᠠᠢ᠃      ︽ᠳ᠋ᠠᠢ ᠺᠧ ᠷᠦᠩ ᠠᠺᠠᠳᠧᠮᠢᠴᠢ ᠠᠨᠠᠭᠠᠬᠤ ᠤᠬᠠᠭᠠᠨ ᠪᠤᠯᠤᠨ ᠪᠠᠷᠢᠯᠭ᠎ᠠ ᠶᠢᠨ ᠤᠬᠠᠭᠠᠨ᠂ ᠠᠮᠢᠳᠤ ᠪᠤᠳᠠᠰ ᠎ ᠤᠨ ᠤᠬᠠᠭᠠᠨ᠂ ᠮᠠᠲ᠋ᠧᠷᠢᠶᠡᠯ ᠤᠨ ᠡᠷᠳᠡᠮ ᠰᠢᠨᠵᠢᠯᠡᠭᠡ ᠶᠢ ᠰᠤᠯᠪᠢᠴᠠᠭᠤᠯᠤᠨ ᠨᠡᠶᠢᠳᠭᠡᠵᠦ᠂ ᠠᠨᠠᠭᠠᠬᠤ ᠤᠬᠠᠭᠠᠨ ᠪᠤᠯᠤᠨ ᠪᠠᠷᠢᠯᠭ᠎ᠠ ᠶᠢᠨ ᠤᠬᠠᠭᠠᠨ ᠤᠶᠠᠯᠳᠤᠭᠰᠠᠨ᠂ ᠦᠢᠯᠡᠳᠪᠤᠷᠢᠯᠡᠯ ᠰᠤᠷᠭᠠᠨ ᠬᠦᠮᠦᠵᠢᠯ ᠰᠤᠳᠤᠯᠭᠠᠨ ᠤᠶᠠᠯᠳᠤᠭᠰᠠᠨ᠂ ᠰᠠᠭᠤᠷᠢ ᠰᠤᠳᠤᠯᠭᠠᠨ ᠪᠤᠯᠤᠨ ᠡᠮᠴᠢᠯᠡᠭᠡᠨ ᠤ ᠰᠤᠳᠤᠯᠭᠠᠨ ᠢ ᠤᠶᠠᠯᠳᠤᠭᠤᠯᠤᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠠ ᠶᠢ ᠡᠬᠦᠳᠬᠦ ᠵᠠᠮ ᠢ ᠨᠡᠭᠡᠭᠡᠵᠡᠢ︾᠃ ᠥᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠳᠠᠷᠤᠭ᠎ᠠ ᠰᠦᠨ ᠳ᠋ᠧ ᠵᠢᠶᠦ᠋ᠨ᠂ ᠡᠮᠨᠡᠯᠭᠡ ᠶᠢᠨ ᠬᠤᠷᠢᠶᠠᠨ ᠤ ᠬᠤᠯᠪᠤᠭᠳᠠᠯ ᠪᠦᠬᠦᠢ ᠰᠠᠯᠠᠭ᠎ᠠ ᠲᠠᠰᠤᠭ ᠤᠨ ᠬᠢᠨ ᠳ᠋ᠠᠢ ᠺᠧ ᠷᠦᠩ ᠠᠺᠠᠳᠧᠮᠢᠴᠢ ᠶᠢᠨ ᠪᠦᠯᠬᠦᠮ ᠤᠨ ᠳᠠᠭᠠᠭᠤᠯᠭ᠎ᠠ ᠳᠤᠤᠷ᠎ᠠ᠂ ᠨᠢᠭᠡᠴᠢᠯᠡᠭᠰᠡᠨ ᠵᠤᠬᠢᠶᠠᠮᠠᠯ ᠦᠶ᠎ᠠ ᠭᠡᠰᠢᠬᠦᠦ ᠶᠢᠨ ᠲᠦᠯᠦᠪᠯᠡᠭᠡ ᠪᠤᠯᠤᠨ ᠭᠡᠷᠡᠭᠯᠡᠭᠡᠨ ᠤ ᠮᠡᠷᠭᠡᠵᠢᠯ ᠢ ᠶᠡᠭᠡᠪᠡᠷ ᠦᠷᠨᠢᠬᠦᠯᠵᠦ᠂ ᠤᠷᠤᠭᠤᠯᠤᠨ ᠠᠪᠴᠢᠷᠠᠬᠤ ᠪᠤᠯᠤᠨ ᠭᠠᠳᠠᠭᠰᠢ ᠭᠠᠷᠴᠦ ᠰᠤᠷᠤᠯᠴᠠᠬᠤ ᠪᠠᠷ ᠳᠠᠮᠵᠢᠭᠤᠯᠤᠨ᠂ ᠮᠠᠨ ᠤ ᠤᠷᠤᠨ ᠤ ᠲᠤᠰᠬᠠᠢ ᠮᠡᠷᠭᠡᠵᠢᠯ ᠤᠨ ᠮᠠᠰᠠ ᠵᠠᠰᠠᠯ ᠵᠢᠴᠢ ᠲᠦᠯᠦᠪᠯᠡᠭᠡ ᠭᠡᠷᠡᠭᠯᠡᠭᠡᠨ ᠤ ᠡᠩᠨᠡᠭᠡ ᠶᠢ ᠠᠭᠠᠵᠢᠮ ᠢᠶᠠᠷ ᠪᠠᠶᠢᠭᠤᠯᠤᠨ᠎ᠠ᠃ ᠡᠬᠦᠨ ᠤ ᠵᠡᠷᠭᠡᠪᠡᠷ᠂ ᠮᠤᠩᠭᠤᠯ ᠦᠨᠳᠦᠰᠦᠳᠡᠨ ᠤ ᠨᠢᠭᠡᠴᠢᠯᠡᠭᠰᠡᠨ ᠵᠤᠬᠢᠶᠠᠮᠠᠯ ᠦᠶ᠎ᠠ ᠭᠡᠰᠢᠬᠦᠦ ᠶᠢᠨ ᠲᠦᠯᠦᠪᠯᠡᠭᠡ ᠪᠠ ᠭᠡᠷᠡᠭᠯᠡᠭᠡᠨ ᠤ ᠰᠤᠳᠤᠯᠭᠠᠨ ᠢ ᠦᠷᠨᠢᠬᠦᠯᠵᠦ᠂ ᠮᠠᠨ ᠤ ᠤᠷᠤᠨ ᠤ ᠬᠤᠯᠪᠤᠭᠳᠠᠯ ᠪᠦᠬᠦᠢ ᠰᠤᠳᠤᠯᠭᠠᠨ ᠤ ᠴᠢᠭᠯᠡᠯ ᠤᠨ ᠬᠤᠭᠤᠰᠤᠨ ᠢ ᠨᠦᠬᠦᠪᠦᠷᠢᠯᠡᠨ᠎ᠡ ᠭᠡᠵᠦ ᠢᠯᠡᠳᠭᠡᠪᠡ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号