ᠪᠦᠬᠦ ᠤᠷᠤᠨ ᠤ ᠬᠤᠳᠠᠯᠳᠤᠭᠠᠨ ᠤ ᠶᠠᠪᠤᠳᠠᠯ ᠤᠨ ᠳᠦᠷᠢᠮ ᠤᠨ ᠦᠭᠡᠷᠡᠴᠢᠯᠡᠯᠲᠡ ᠶᠢ ᠠᠬᠢᠭᠤᠯᠵᠤ ᠬᠡᠷᠡᠭ ᠳᠤᠮᠳᠠᠬᠢ ᠬᠡᠷᠡᠭ ᠤᠨ ᠳᠠᠷᠠᠭᠠᠬᠢ ᠬᠢᠨᠠᠨ ᠬᠠᠮᠢᠶᠠᠷᠬᠤ ᠠᠵᠢᠯ ᠢ ᠴᠢᠩᠭᠠᠳᠬᠠᠬᠤ ᠲᠧᠯᠸᠢᠰ ᠤᠲᠠᠰᠤ ᠬᠤᠷᠠᠯ ᠬᠤᠷᠠᠯᠳᠤᠵᠠᠢ
ᠨᠡᠶᠢᠲᠡᠯᠡᠭᠰᠡᠨ ᠴᠠᠭ᠄
2016/10/26
     10 ᠳ᠋ᠤᠭᠠᠷ ᠰᠠᠷ᠎ᠠ ᠶᠢᠨ 25᠎ ᠤ ᠡᠳᠦᠷ ᠪᠦᠬᠦ ᠤᠷᠤᠨ ᠤ ᠬᠤᠳᠠᠯᠳᠤᠭᠠᠨ ᠤ ᠶᠠᠪᠤᠳᠠᠯ ᠤᠨ ᠳᠦᠷᠢᠮ ᠤᠨ ᠦᠭᠡᠷᠡᠴᠢᠯᠡᠯᠳᠡ ᠶᠢ ᠠᠬᠢᠭᠤᠯᠵᠤ ᠬᠡᠷᠡᠭ ᠳᠤᠮᠳᠠᠬᠢ ᠬᠡᠷᠡᠭ ᠤᠨ ᠳᠠᠷᠠᠭᠠᠬᠢ ᠬᠢᠨᠠᠨ ᠬᠠᠮᠢᠶᠠᠷᠬᠤ ᠠᠵᠢᠯ ᠢ ᠴᠢᠩᠭᠠᠳᠬᠠᠬᠤ ᠳᠧᠯᠧᠢᠰ ᠤᠳᠠᠰᠤ ᠬᠤᠷᠠᠯ ᠬᠤᠷᠠᠯᠳᠤᠵᠤ᠂ ᠡᠮᠤᠨᠡᠬᠢ ᠬᠡᠰᠡᠭ ᠬᠤᠭᠤᠴᠠᠭᠠᠨ ᠤ ᠠᠵᠢᠯ ᠢᠶᠠᠨ ᠳ᠋ᠦᠩᠨᠡᠵᠤ᠂ ᠤᠳᠤᠬᠠᠨ ᠤ ᠪᠠᠶᠢᠳᠠᠯ ᠢ ᠵᠠᠳᠠᠯᠤᠨ᠂ ᠳᠠᠷᠠᠭᠠᠴᠢ ᠶᠢᠨ ᠱᠠᠳᠤᠨ ᠤ ᠭᠤᠤᠯᠳᠠᠯᠭ᠎ᠠ ᠲᠠᠢ ᠠᠵᠢᠯ ᠢᠶᠠᠨ ᠰᠤᠳᠤᠯᠤᠨ ᠪᠠᠶᠢᠷᠢᠯᠠᠭᠤᠯᠪᠠ᠃      ᠦᠪᠡᠷᠳᠡᠭᠡᠨ ᠵᠠᠰᠠᠬᠤ ᠤᠷᠤᠨ ᠤ ᠳᠡᠳ᠋ ᠳᠡᠷᠢᠭᠦᠯᠡᠭᠴᠢ ᠴᠠᠩ ᠵᠢᠶᠦ᠋ᠨ ᠵᠧᠩ ᠬᠤᠷᠠᠯ ᠳᠤ ᠤᠷᠤᠯᠴᠠᠵᠦ ᠶᠠᠷᠢᠶ᠎ᠠ ᠳᠠᠯᠪᠢᠪᠡ᠃      ᠬᠤᠷᠠᠯ ᠠᠴᠠ᠂ ᠡᠯ᠎ᠠ ᠭᠠᠵᠠᠷ ᠤᠷᠤᠨ᠂ ᠡᠯ᠎ᠠ ᠰᠠᠯᠠᠭ᠎ᠠ ᠮᠦᠴᠢᠷ ᠦᠵᠡᠯ ᠰᠠᠨᠠᠭ᠎ᠠ ᠪᠤᠯᠤᠨ ᠦᠢᠯᠡ ᠠᠵᠢᠯᠯᠠᠭ᠎ᠠ ᠪᠠᠨ ᠲᠦᠪ ᠪᠠ ᠦᠪᠡᠷᠳᠡᠭᠡᠨ ᠵᠠᠰᠠᠬᠤ ᠤᠷᠤᠨ ᠤ ᠰᠢᠢᠳᠪᠦᠷᠢᠳᠤ ᠪᠤᠳᠤᠯᠭ᠎ᠠ ᠪᠠᠶᠢᠷᠢᠯᠠᠭᠤᠯᠤᠯᠳᠠ ᠳᠡᠭᠡᠷ᠎ᠠ ᠨᠢᠭᠡᠳᠭᠡᠵᠤ᠂ ᠠᠵᠢᠯ ᠤᠨ ᠬᠠᠷᠢᠭᠤᠴᠠᠯᠭᠠᠳᠤ ᠰᠡᠳᠬᠢᠯᠭᠡ ᠪᠠᠨ ᠴᠢᠨᠠᠭᠰᠢᠳᠠ ᠴᠢᠩᠭᠠᠳᠬᠠᠨ᠂ ᠬᠤᠳᠠᠯᠳᠤᠭᠠᠨ ᠤ ᠶᠠᠪᠤᠳᠠᠯ ᠤᠨ ᠲᠦᠷᠢᠮ ᠤᠨ ᠦᠭᠡᠷᠡᠴᠢᠯᠡᠯᠳᠡ ᠶᠢ ᠠᠬᠢᠭᠤᠯᠬᠤ ᠠᠵᠢᠯ ᠢ ᠳᠤᠰ ᠭᠠᠵᠠᠷ ᠤᠷᠤᠨ᠂ ᠳᠤᠰ ᠰᠠᠯᠠᠭ᠎ᠠ ᠮᠦᠴᠢᠷ ᠤᠨ ᠡᠳᠦᠷ ᠳᠤᠳᠤᠮ ᠤᠨ ᠵᠦᠪᠯᠡᠭᠦ ᠵᠦᠢᠯ ᠪᠤᠯᠭᠠᠨ ᠠᠳᠬᠤᠵᠤ᠂ ᠬᠠᠷᠢᠭᠤᠴᠠᠯᠭ᠎ᠠ ᠪᠠᠨ ᠳᠤᠳᠤᠷᠬᠠᠢᠢᠯᠠᠨ᠂ ᠤᠷᠤᠰᠢᠵᠤ ᠪᠠᠶᠢᠭ᠎ᠠ ᠬᠦᠴᠢᠷᠳᠠᠯ ᠬᠢᠭᠡᠳ ᠠᠰᠠᠭᠤᠳᠠᠯ ᠢᠶᠠᠨ ᠰᠤᠳᠤᠯᠤᠨ ᠰᠢᠢᠳᠪᠦᠷᠢᠯᠡᠵᠤ᠂ ᠦᠭᠡᠷᠡᠴᠢᠯᠡᠯᠳᠡ ᠶᠢᠨ ᠡᠯ᠎ᠠ ᠵᠦᠢᠯ ᠤᠨ ᠠᠷᠭ᠎ᠠ ᠬᠡᠮᠵᠢᠶ᠎ᠠ ᠶᠢᠨ ᠪᠤᠳᠠᠳᠠᠢ ᠦᠷ᠎ᠠ ᠪᠦᠳᠦᠮᠵᠢ ᠭᠠᠷᠭᠠᠬᠤ ᠶᠢ ᠪᠠᠳᠤᠯᠠᠬᠤ ᠬᠡᠷᠡᠭᠳᠠᠢ᠃ ᠦᠷᠭᠦᠯᠵᠢᠯᠡᠨ ᠵᠠᠰᠠᠭ ᠢ ᠴᠤᠮᠬᠠᠳᠬᠠᠨ ᠡᠷᠭᠡ ᠶᠢ ᠳᠠᠯᠪᠢᠵᠤ᠂ ᠵᠠᠬ᠎ᠠ ᠳᠡᠯᠭᠡᠭᠦᠷ ᠤᠨ ᠵᠦᠪᠰᠢᠶᠡᠷᠡᠯ ᠤᠨ ᠬᠢᠵᠠᠭᠠᠷᠯᠠᠯ ᠢ ᠰᠤᠯᠠᠯᠠᠬᠤ ᠪᠠᠨ ᠴᠢᠨᠠᠭᠰᠢᠳᠠ ᠲᠦᠷᠭᠡᠳᠭᠡᠭᠦ ᠬᠡᠷᠡᠭᠳᠠᠢ᠃ ᠠᠵᠢᠯ ᠤᠨ ᠬᠤᠭᠤᠴᠠᠭ᠎ᠠ ᠶᠢ ᠰᠠᠶᠢᠳᠤᠷ ᠳᠤᠬᠢᠷᠠᠭᠤᠯᠵᠤ᠂ ᠤᠯᠤᠰ ᠤᠨ ᠠᠵᠤ ᠠᠬᠤᠢᠢᠯᠠᠯ ᠤᠨ ᠢᠳᠡᠭᠡᠮᠵᠢ ᠶᠢᠨ ᠮᠡᠳᠡᠭᠡ ᠵᠠᠩᠬᠢ ᠶᠢ ᠢᠯᠡ ᠪᠤᠯᠭᠠᠬᠤ ᠰᠢᠰᠲ᠋ᠧᠮ ︵ᠦᠪᠦᠷ ᠮᠤᠩᠭᠤᠯ︶᠎ ᠤᠨ ᠪᠠᠶᠢᠭᠤᠯᠤᠯᠳᠠ ᠶᠢ ᠲᠦᠷᠭᠡᠳᠭᠡᠭᠦ ᠬᠡᠷᠡᠭᠳᠠᠢ᠃ ︽ᠴᠠᠭ ᠳᠤᠬᠠᠢ ᠳᠤᠨᠢ ᠰᠤᠭᠤᠴᠢᠨ ᠪᠠᠶᠢᠴᠠᠭᠠᠵᠤ᠂ ᠬᠠᠤᠯᠢ ᠬᠡᠷᠡᠭᠵᠢᠭᠦᠯᠦᠯᠳᠠ ᠶᠢᠨ ᠪᠠᠶᠢᠴᠠᠭᠠᠭᠴᠢ ᠶᠢ ᠴᠠᠭ ᠳᠤᠬᠠᠢ ᠳᠤᠨᠢ ᠰᠤᠩᠭᠤᠨ ᠳᠤᠮᠢᠯᠠᠬᠤ᠂ ᠰᠤᠭᠤᠴᠢᠨ ᠪᠠᠶᠢᠴᠠᠭᠠᠭᠰᠠᠨ ᠪᠠᠶᠢᠳᠠᠯ ᠪᠠ ᠰᠢᠢᠳᠪᠦᠷᠢᠯᠡᠭᠰᠡᠨ ᠦᠷ᠎ᠠ ᠳ᠋ᠦᠩ ᠢ ᠴᠠᠭ ᠳᠤᠬᠠᠢ ᠳᠤᠨᠢ ᠨᠡᠶᠢᠭᠡᠮ ᠨᠡᠶᠢᠳᠡ ᠳᠤ ᠢᠯᠡ ᠪᠤᠯᠭᠠᠬᠤ︾ ᠰᠤᠭᠤᠴᠢᠨ ᠪᠠᠶᠢᠴᠠᠭᠠᠬᠤ ᠲᠤᠭᠳᠠᠴᠠ ᠶᠢ ᠪᠦᠬᠦ ᠳᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠳᠠᠢ ᠭᠡᠵᠤ ᠴᠢᠬᠤᠯᠠᠴᠢᠯᠠᠪᠠ᠃      ᠬᠤᠷᠠᠯ ᠠᠴᠠ᠂ ᠦᠪᠡᠷᠳᠡᠭᠡᠨ ᠵᠠᠰᠠᠬᠤ ᠤᠷᠤᠨ ᠠᠴᠠ ᠬᠤᠳᠠᠯᠳᠤᠭᠠᠨ ᠤ ᠶᠠᠪᠤᠳᠠᠯ ᠤᠨ ᠲᠦᠷᠢᠮ ᠤᠨ ᠦᠭᠡᠷᠡᠴᠢᠯᠡᠯᠳᠡ ᠶᠢ ᠠᠬᠢᠭᠤᠯᠬᠤ᠂ ᠬᠡᠷᠡᠭ ᠤᠨ ᠳᠤᠮᠳᠠᠬᠢ ᠬᠡᠷᠡᠭ ᠤᠨ ᠳᠠᠷᠠᠭᠠᠬᠢ ᠬᠢᠨᠠᠨ ᠬᠠᠮᠢᠶᠠᠷᠬᠤ ᠠᠵᠢᠯ ᠢ ᠴᠢᠩᠭᠠᠳᠬᠠᠬᠤ ᠶᠢ ᠵᠠᠰᠠᠭ ᠤᠨ ᠤᠷᠳᠤᠨ ᠤ ᠱᠠᠯᠠᠪᠳᠠᠭᠤᠯᠤᠨ ᠪᠠᠶᠢᠴᠠᠭᠠᠬᠤ ᠭᠤᠤᠯᠳᠠᠯᠭ᠎ᠠ ᠪᠤᠯᠭᠠᠨ ᠠᠳᠬᠤᠵᠤ᠂ ᠡᠨᠡ ᠵᠢᠯ ᠤᠨ ᠡᠴᠦᠰ ᠠᠴᠠ ᠡᠮᠤᠨ᠎ᠠ ᠡᠯ᠎ᠠ ᠰᠠᠯᠠᠭ᠎ᠠ ᠮᠦᠴᠢᠷ᠂ ᠡᠯ᠎ᠠ ᠭᠠᠵᠠᠷ ᠤᠷᠤᠨ ᠤ ᠠᠵᠢᠯ ᠤᠨ ᠪᠠᠶᠢᠳᠠᠯ ᠢ ᠱᠠᠯᠠᠪᠳᠠᠭᠤᠯᠤᠨ ᠪᠠᠶᠢᠴᠠᠭᠠᠬᠤ ᠪᠤᠯᠤᠨ᠎ᠠ᠂ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠭᠰᠡᠨ ᠦᠭᠡᠢ᠂ ᠠᠵᠢᠯ ᠢᠶᠠᠨ ᠰᠠᠶᠢᠳᠤᠷ ᠬᠢᠭᠰᠡᠨ ᠦᠭᠡᠢ᠂ ᠦᠭᠡᠷᠡᠴᠢᠯᠡᠯᠳᠡ ᠶᠢᠨ ᠠᠬᠢᠴᠠ ᠤᠳᠠᠭᠠᠨ ᠪᠠᠶᠢᠭ᠎ᠠ ᠶᠠᠪᠤᠳᠠᠯ ᠳᠤ ᠬᠠᠷᠢᠭᠤᠴᠠᠯᠭ᠎ᠠ ᠨᠡᠭᠡᠮᠵᠢᠯᠡᠭᠦ ᠪᠤᠯᠤᠨ᠎ᠠ ᠭᠡᠵᠤ ᠵᠢᠭᠠᠵᠤ ᠭᠠᠷᠭᠠᠪᠠ᠃      ᠬᠤᠷᠠᠯ ᠳᠡᠭᠡᠷ᠎ᠡ ᠪᠦᠬᠦ ᠤᠷᠤᠨ ᠤ ᠬᠤᠳᠠᠯᠳᠤᠭᠠᠨ ᠤ ᠶᠠᠪᠤᠳᠠᠯ ᠤᠨ ᠲᠦᠷᠢᠮ ᠤᠨ ᠦᠭᠡᠷᠡᠴᠢᠯᠡᠯᠳᠡ ᠶᠢ ᠴᠢᠩᠭᠠᠳᠬᠠᠬᠤ ᠬᠡᠷᠡᠭ ᠳᠤᠮᠳᠠᠬᠢ ᠬᠡᠷᠡᠭ ᠤᠨ ᠳᠠᠷᠠᠭᠠᠬᠢ ᠬᠢᠨᠠᠨ ᠬᠠᠮᠢᠶᠠᠷᠬᠤ ᠠᠵᠢᠯ ᠤᠨ ᠪᠠᠶᠢᠳᠠᠯ ᠢ ᠨᠡᠶᠢᠳᠡᠯᠡᠵᠤ᠂ ᠬᠦᠭᠡᠬᠤᠳᠠ᠂ ᠤᠷᠳᠤᠰ ᠬᠤᠳᠠ ᠶᠢᠨ ᠵᠠᠰᠠᠭ ᠤᠨ ᠤᠷᠳᠤᠨ ᠪᠠ ᠦᠪᠡᠷᠳᠡᠭᠡᠨ ᠵᠠᠰᠠᠬᠤ ᠤᠷᠤᠨ ᠤ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠳᠢᠩᠬᠢᠮ᠂ ᠤᠯᠤᠰ ᠤᠨ ᠭᠠᠵᠠᠷ ᠰᠢᠷᠤᠢ ᠶᠢᠨ ᠡᠬᠢ ᠪᠠᠶᠠᠯᠢᠭ ᠤᠨ ᠳᠢᠩᠬᠢᠮ ᠤᠨ ᠬᠠᠷᠢᠭᠤᠴᠠᠯᠭᠠᠳᠠᠨ ᠬᠤᠪᠢᠶᠠᠷᠢ ᠬᠤᠷᠠᠯ ᠤᠨ ᠳᠠᠯᠠᠪᠠᠢ ᠠᠴᠠ ᠰᠠᠨᠠᠯ ᠢᠶᠠᠨ ᠰᠤᠯᠢᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号