ᠥᠪᠥᠷ ᠮᠣᠩᠭᠤᠯ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠰᠣᠨᠢᠨ ᠮᠡᠳᠡᠭᠡᠨ ᠤ ᠦᠭᠦᠯᠡᠭᠴᠢ ᠶᠢᠨ ᠲᠦᠷᠢᠮ ᠪᠠᠶᠢᠭᠤᠯᠬᠤ ᠶᠢ ᠨᠢ ᠲᠥᠯᠬᠢᠨ ᠠᠬᠢᠭᠤᠯᠬᠤ ᠪᠠᠷ ᠪᠣᠢ
ᠨᠡᠶᠢᠲᠡᠯᠡᠭᠰᠡᠨ ᠴᠠᠭ᠄
2016/10/26
     ᠠᠷᠠᠳ ᠤᠨ ᠶᠠᠪᠤᠳᠠᠯ ᠤᠨ ᠶᠠᠮᠤᠨ ᠤ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠥᠪᠡᠷᠲᠡᠭᠡᠨ ᠵᠠᠰᠠᠬᠤ ᠣᠷᠣᠨ ᠤ ᠱᠠᠲᠤᠨ ᠤ ᠠᠵᠢᠯ ᠲᠦᠷᠦᠯ ᠤᠨ ᠨᠡᠶᠢᠭᠡᠮᠯᠢᠭ ᠬᠤᠳᠠᠯᠳᠤᠭᠠᠨ ᠤ ᠡᠪᠯᠡᠯ ᠪᠣᠯᠤᠨ ᠰᠠᠭᠤᠷᠢ ᠮᠥᠩᠭᠦᠨ ᠤ ᠨᠡᠶᠢᠭᠡᠮᠯᠢᠭ ᠲᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠰᠣᠨᠢᠨ ᠮᠡᠳᠡᠭᠡᠨ ᠤ ᠥᠭᠦᠯᠡᠭᠴᠢ ᠶᠢᠨ ᠳᠦᠷᠢᠮ ᠢ ᠪᠠᠶᠢᠭᠤᠯᠬᠤ ᠲᠤᠷᠰᠢᠯᠲᠠ ᠶᠢ ᠦᠷᠨᠢᠭᠦᠯᠵᠤ᠂ ᠡᠯ᠎ᠡ ᠠᠶᠢᠮᠠᠭ ᠬᠤᠳᠠ᠂ ᠬᠤᠰᠢᠭᠤ ᠰᠢᠶᠠᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠲᠤ ᠳᠠᠩᠰᠠᠯᠠᠭᠤᠯᠤᠭᠰᠠᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠥᠬᠦᠴᠡᠯ ᠲᠠᠢ ᠨᠢ ᠪᠠᠰᠠ ᠰᠣᠨᠢᠨ ᠮᠡᠳᠡᠭᠡᠨ ᠤ ᠥᠭᠦᠯᠡᠭᠴᠢ ᠶᠢᠨ ᠳᠦᠷᠢᠮ ᠢ ᠪᠠᠶᠢᠭᠤᠯᠬᠤ ᠪᠠᠷ ᠪᠠᠶᠢᠨ᠎ᠠ᠃      ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠠᠷᠠᠳ ᠤᠨ ᠶᠠᠪᠤᠳᠠᠯ ᠤᠨ ᠲᠢᠩᠬᠢᠮ ᠡᠯ᠎ᠡ ᠠᠶᠢᠮᠠᠭ ᠬᠤᠲᠠ ᠨᠤᠭᠤᠳ ᠲᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠰᠣᠨᠢᠨ ᠮᠡᠳᠡᠭᠡᠨ ᠤ ᠥᠭᠦᠯᠡᠭᠴᠢ ᠶᠢᠨ ᠳᠦᠷᠢᠮ ᠪᠠᠶᠢᠭᠤᠯᠬᠤ ᠳᠠᠭᠠᠨ ᠠᠷᠠᠳ ᠤᠨ ᠶᠠᠪᠤᠳᠠᠯ ᠤᠨ ᠶᠠᠮᠤᠨ ᠤ ︽ᠮᠡᠳᠡᠭᠳᠡᠯ︾ ᠶᠣᠰᠣᠭᠠᠷ ᠬᠡᠷᠡᠭᠵᠢᠭᠦᠯᠬᠦ ᠬᠡᠷᠡᠭᠲᠡᠢ ᠭᠡᠵᠦ ᠱᠠᠭᠠᠷᠳᠠᠵᠠᠢ᠃ ᠠᠷᠠᠳ ᠤᠨ ᠶᠠᠪᠤᠳᠠᠯ ᠤᠨ ᠶᠠᠮᠤᠠ ︽ᠮᠡᠳᠡᠭᠳᠡᠯ︾᠎ ᠳᠡᠭᠡᠨ ᠦᠵᠡᠭᠰᠡᠨ ᠢ᠂ ᠢᠨᠲ᠋ᠧᠷ ᠰᠦᠯᠵᠢᠶᠡᠨ ᠤ ᠮᠡᠷᠭᠡᠵᠢᠯ ᠤᠨ ᠦᠳᠲᠡᠷ ᠲᠦᠷᠭᠡᠨ ᠬᠥᠭᠵᠢᠯᠲᠡ ᠪᠣᠯᠤᠨ ᠮᠡᠳᠡᠭᠡ ᠵᠠᠩᠭᠢ ᠤᠯᠠᠮᠵᠢᠯᠠᠬᠤ ᠠᠷᠭ᠎ᠠ ᠪᠠᠷᠢᠯ ᠤᠨ ᠭᠦᠨᠵᠡᠭᠡᠶ ᠬᠤᠪᠢᠰᠤᠯᠲᠠ ᠶᠢ ᠳᠠᠭᠠᠯᠳᠤᠨ᠂ ᠨᠡᠶᠢᠭᠡᠮ ᠨᠡᠶᠢᠲᠡ ᠶᠢᠨ ᠬᠢᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠳᠠᠯ ᠢ ᠣᠶᠢᠯᠭᠠᠬᠤ᠂ ᠣᠷᠣᠯᠴᠠᠬᠤ ᠪᠠ ᠬᠢᠨᠠᠯᠲᠠ ᠲᠠᠯᠪᠢᠬᠤ ᠤᠬᠠᠮᠰᠠᠷ ᠲᠠᠰᠤᠷᠠᠯᠲᠠ ᠦᠭᠡᠶ ᠴᠢᠩᠭᠠᠷᠠᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠲᠠᠯᠪᠢᠬᠤ ᠰᠣᠨᠢᠨ ᠮᠡᠳᠡᠭᠡ ᠨᠡᠶᠢᠲᠡᠯᠡᠬᠦ ᠪᠠᠨ ᠴᠢᠩᠭᠠᠳᠬᠠᠬᠤ᠂ ᠰᠡᠵᠢᠭᠯᠡᠯ ᠳᠠᠭᠠᠭᠠᠪᠤᠷᠢ ᠶᠢ ᠴᠠᠭ ᠲᠤᠬᠠᠶ ᠳᠤᠨᠢ ᠲᠠᠶᠢᠯᠪᠤᠷᠢᠯᠠᠬᠤ ᠪᠠ ᠶᠠᠷᠢᠶ᠎ᠠ ᠬᠡᠯᠡᠯᠴᠡᠭᠡᠨ ᠤ ᠪᠠᠶᠢᠳᠠᠯ ᠢ ᠵᠦᠪ ᠢᠶᠠᠷ ᠬᠥᠲᠥᠯᠥᠨ ᠵᠢᠯᠤᠭᠤᠳᠬᠤ ᠱᠠᠭᠠᠷᠳᠠᠯᠭ᠎ᠠ ᠤᠯᠠᠮ ᠢᠶᠠᠷ ᠴᠢᠩᠭᠠᠷᠠᠵᠤ ᠪᠠᠶᠢᠨ᠎ᠠ᠃ ᠭᠡᠲᠡᠯ᠎ᠡ ᠣᠳᠣᠬᠠᠨ ᠳᠤ ᠮᠠᠨ ᠤ ᠤᠯᠤᠰ ᠤᠨ ᠴᠥᠭᠡᠨ ᠪᠤᠰᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠪᠠᠰᠠ ᠰᠣᠨᠢᠨ ᠮᠡᠳᠡᠭᠡ ᠶᠢ ᠴᠠᠭ ᠲᠤᠬᠠᠶ ᠳᠤᠨᠢ ᠨᠡᠶᠢᠲᠡᠯᠡᠬᠦ ᠦᠭᠡᠢ᠂ ᠰᠠᠨᠠᠭᠠᠴᠢᠯᠠᠭ᠎ᠠ ᠠᠴᠠ ᠪᠠᠨ ᠮᠡᠳᠡᠭᠡ ᠵᠠᠩᠭᠢ ᠶᠢ ᠢᠯᠡ ᠪᠠᠶᠢᠯᠭᠠᠬᠤ ᠤᠢᠭᠡᠢ᠂ ᠶᠠᠷᠢᠶ᠎ᠠ ᠬᠡᠯᠡᠯᠴᠡᠭᠡ ᠶᠢ ᠬᠦᠲᠦᠯᠦᠨ ᠵᠢᠯᠤᠭᠤᠳᠬᠤ ᠪᠠᠷ ᠬᠦᠷᠦᠯᠴᠡᠬᠦ ᠦᠭᠡᠢ ᠵᠡᠷᠭᠡ ᠠᠰᠠᠭᠤᠳᠠᠯ ᠤᠷᠤᠰᠢᠵᠤ᠂ ᠡᠭᠦᠷᠭᠡ ᠬᠠᠷᠢᠭᠤᠴᠠᠯᠭ᠎ᠠ ᠪᠠᠷ ᠨᠡᠯᠢᠶᠡᠳ ᠬᠦᠨᠳᠦ᠂ ᠨᠥᠯᠥᠭᠡ ᠪᠠᠷ ᠶᠡᠭᠡ ᠪᠦᠬᠦ ᠤᠯᠤᠰ ᠤᠨ ᠴᠢᠨᠠᠷᠲᠠᠶ ᠪᠠ ᠮᠤᠵᠢ ᠶᠢᠨ ᠱᠠᠲᠤᠨ ᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠰᠣᠨᠢᠨ ᠮᠡᠳᠡᠭᠡᠨ ᠤ ᠥᠭᠦᠯᠡᠭᠴᠢ ᠶᠢᠨ ᠳᠦᠷᠢᠮ ᠢ ᠤᠷᠢᠳᠠᠪᠠᠷ ᠪᠠᠶᠢᠭᠤᠯᠬᠤ ᠶᠠᠪᠤᠳᠠᠯ ᠪᠠᠴᠢᠮ ᠱᠠᠭᠠᠷᠳᠠᠭᠳᠠᠵᠤ ᠪᠠᠶᠢᠨ᠎ᠠ ᠭᠡᠵᠡᠢ᠃ ᠲᠡᠷᠡᠴᠢᠯᠡᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠰᠣᠨᠢᠨ ᠮᠡᠳᠡᠭᠡᠨ ᠤ ᠥᠭᠦᠯᠡᠭᠴᠢ ᠶᠢᠨ ᠳᠦᠷᠢᠮ ᠢ ᠱᠠᠳᠤ ᠬᠤᠪᠢᠶᠠᠨ ᠲᠦᠷᠦᠯ ᠬᠤᠪᠢᠶᠠᠨ ᠠᠯᠬᠤᠮ ᠠᠯᠬᠤᠮ ᠢᠶᠠᠷ ᠬᠡᠷᠡᠭᠵᠢᠭᠦᠯᠬᠦ ᠬᠡᠷᠡᠭᠲᠡᠢ ᠭᠡᠵᠦ ᠲᠣᠳᠤᠷᠬᠠᠶᠢᠯᠠᠵᠠᠢ᠄ ᠪᠦᠬᠦ ᠤᠯᠤᠰ ᠤᠨ ᠴᠢᠨᠠᠷᠲᠠᠶ ᠠᠵᠢᠯ ᠲᠥᠷᠥᠯ ᠤᠨ ᠨᠡᠶᠢᠭᠡᠮᠯᠢᠭ ᠬᠤᠳᠠᠯᠳᠤᠭᠠᠨ ᠤ ᠡᠪᠯᠡᠯ ᠪᠠ ᠢᠯᠡ ᠪᠠᠷ ᠵᠣᠭᠤᠰ ᠴᠤᠭᠯᠠᠭᠤᠯᠬᠤ ᠬᠢᠷᠢ ᠬᠡᠮ ᠪᠦᠬᠦᠢ ᠰᠠᠭᠤᠷᠢ ᠮᠥᠩᠭᠦᠨ ᠤ ᠨᠡᠶᠢᠭᠡᠮᠯᠢᠭ ᠨᠢ 2016 ᠣᠨ ᠤ ᠡᠴᠦᠰ ᠠᠴᠠ ᠡᠮᠦᠨ᠎ᠡ ᠲᠤᠰ ᠳᠦᠷᠢᠮ ᠢ ᠨᠡᠶᠢᠳᠡᠮ ᠪᠠᠶᠢᠭᠤᠯᠬᠤ ᠬᠡᠷᠡᠭᠲᠡᠶ ᠭᠡᠵᠦ ᠰᠠᠨᠠᠭᠠᠴᠢᠯᠠᠪᠠ︔ ᠠᠷᠠᠳ ᠤᠨ ᠶᠠᠪᠤᠳᠠᠯ ᠤᠨ ᠶᠠᠮᠤᠨ ᠳᠤ ᠳᠠᠩᠰᠠᠯᠠᠭᠤᠯᠤᠭᠰᠠᠨ ᠪᠤᠰᠤᠳ ᠡᠯ᠎ᠡ ᠲᠦᠷᠦᠯ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠣᠯᠣᠨ ᠮᠤᠵᠢ ᠶᠢᠨ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠲᠤ ᠳᠠᠩᠰᠠᠯᠠᠭᠤᠯᠤᠭᠰᠠᠨ ᠡᠯ᠎ᠡ ᠲᠦᠷᠦᠯ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ  ᠎ ᠨᠢ 2017 ᠣᠨ ᠤ ᠡᠴᠦᠰ ᠠᠴᠠ ᠡᠮᠦᠨ᠎ᠡ ᠲᠤᠰ ᠲᠦᠷᠢᠮ ᠢ ᠪᠠᠶᠢᠭᠤᠯᠬᠤ ᠬᠡᠷᠡᠭᠲᠡᠢ ᠭᠡᠵᠦ ᠰᠠᠨᠠᠭᠠᠴᠢᠯᠠᠪᠠ︔ ᠬᠤᠲᠠ᠂ ᠰᠢᠶᠠᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠲᠤ ᠳᠠᠩᠰᠠᠯᠠᠭᠤᠯᠤᠭᠰᠠᠨ ᠡᠯ᠎ᠡ ᠲᠥᠷᠥᠯ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠥᠬᠦᠴᠡᠯ ᠲᠠᠢ ᠨᠢ ᠪᠠᠰᠠ ᠡᠨᠡ ᠬᠦ ᠲᠦᠷᠢᠮ ᠢ ᠪᠠᠶᠢᠭᠤᠯᠬᠤ ᠬᠡᠷᠡᠭᠲᠡᠶ ᠭᠡᠵᠦ ᠰᠠᠨᠠᠭᠠᠴᠢᠯᠠᠪᠠ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号