10 ᠳ᠋ᠤᠭᠠᠷ ᠰᠠᠷ᠎ᠠ ᠶᠢᠨ 25 ᠤ ᠡᠳᠦᠷ᠂ ᠪᠦᠬᠦ ᠣᠷᠣᠨ ᠤ ︽ᠢᠲᠡᠭᠡᠮᠵᠢ ᠲᠠᠢ ᠪᠠᠶᠢᠪᠠᠯ ᠬᠤᠯᠪᠣᠭᠠᠯᠠᠨ | ᠤᠷᠮᠠᠰᠢᠭᠤᠯᠵᠤ᠂ ᠢᠲᠡᠭᠡᠮᠵᠢ ᠪᠠᠨ ᠠᠯᠳᠠᠪᠠᠯ ᠬᠤᠯᠪᠣᠭᠠᠯᠠᠨ ᠵᠠᠯᠬᠠᠭᠠᠬᠤ︾ ᠠᠵᠢᠯ ᠢ ᠳᠥᠯᠭᠢᠨ ᠠᠬᠢᠭᠤᠯᠬᠤ ᠬᠤᠷᠠᠯ | ᠬᠥᠬᠡᠬᠤᠲᠠ ᠳᠤ ᠬᠤᠷᠠᠯᠳᠤᠪᠠ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ | ᠠᠷᠠᠳ ᠤᠨ ᠪᠠᠩᠬᠢ ᠶᠢᠨ ᠬᠥᠬᠡᠬᠤᠲᠠ ᠳᠠᠬᠢ ᠲᠥᠪ ᠬᠤᠪᠢᠶᠠᠷᠢ ᠪᠠᠩᠬᠢ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠡᠪ ᠬᠠᠮᠲᠤ ᠨᠠᠮ ᠤᠨ | ᠵᠠᠯᠠᠭᠤᠴᠤᠳ ᠤᠨ ᠡᠪᠯᠡᠯ ᠤᠨ ᠬᠤᠷᠢᠶ᠎ᠠ ᠵᠡᠷᠭᠡ 59 ᠰᠠᠯᠠᠭ᠎ᠠ ᠮᠥᠴᠢᠷ ᠤᠨ ᠬᠤᠯᠪᠣᠭᠳᠠᠯ ᠪᠦᠬᠦᠢ | ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃ ᠬᠤᠷᠠᠯ ᠳᠡᠭᠡᠷ᠎ᠡ ᠡᠯ᠎ᠡ ᠰᠠᠯᠠᠭ᠎ᠠ ᠮᠥᠴᠢᠷ ᠤᠳ ᠤᠨ ᠢᠲᠡᠭᠡᠮᠵᠢ ᠲᠠᠢ | ᠪᠠᠶᠢᠪᠠᠯ ᠬᠤᠯᠪᠣᠭᠠᠯᠠᠨ ᠤᠷᠮᠠᠰᠢᠭᠤᠯᠵᠤ ᠢᠲᠡᠭᠡᠮᠵᠢ ᠪᠠᠨ ᠠᠯᠳᠠᠪᠠᠯ ᠬᠤᠯᠪᠣᠭᠠᠯᠠᠨ ᠵᠠᠯᠬᠠᠭᠠᠬᠤ ᠡᠭᠦᠷᠭᠡ ᠶᠢᠨ | ᠬᠤᠪᠢᠶᠠᠷᠢᠯᠠᠯ ᠤᠨ ᠰᠠᠨᠠᠯ ᠬᠤᠷᠢᠶᠠᠬᠤ ᠵᠠᠬᠢᠳᠠᠯ ᠢ ᠨᠡᠶᠢᠲᠡᠯᠡᠭᠰᠡᠨ ᠤ ᠬᠠᠮᠲᠤ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ︾ ᠢ ᠨᠡᠶᠢᠲᠡᠯᠡᠪᠡ᠂ ᠲᠤᠰ | ᠲᠠᠪᠴᠠᠩ ᠨᠢ ᠠᠵᠤ ᠠᠬᠤᠢᠯᠠᠯ᠂ ᠵᠣᠬᠢᠶᠠᠨ ᠪᠠᠶᠢᠭᠤᠯᠤᠯᠲᠠ᠂ ᠬᠤᠪᠢ ᠬᠥᠮᠦᠨ ᠤ ᠢᠲᠡᠭᠡᠮᠵᠢ ᠶᠢᠨ ᠲᠤᠭ᠎ᠠ | ᠪᠠᠷᠢᠮᠲᠠ ᠶᠢ ᠳᠡᠭᠡᠭᠰᠢ ᠤᠯᠠᠮᠵᠢᠯᠠᠬᠤ᠂ ᠰᠣᠯᠢᠯᠴᠠᠬᠤ ᠪᠠ ᠬᠠᠮᠲᠤ ᠪᠠᠷ ᠬᠦᠷᠲᠡᠬᠦ ᠶᠢ ᠪᠡᠶᠡᠯᠡᠭᠦᠯᠵᠦ᠂ ᠡᠯ᠎ᠡ ᠰᠠᠯᠠᠭ᠎ᠠ | ᠮᠥᠴᠢᠷ ᠤᠳ ᠲᠤᠰ ᠲᠠᠪᠴᠠᠩ ᠤᠨ ᠪᠠᠶᠢᠭᠤᠯᠤᠭᠰᠠᠨ ᠰᠢᠰᠲ᠋ᠧᠮ ᠢᠶᠠᠷ ᠳᠠᠮᠵᠢᠭᠤᠯᠤᠨ᠂ ︽ᠨᠢᠭᠡ ᠶᠠᠪᠤᠳᠠᠯ ᠳᠤ | ᠢᠲᠡᠭᠡᠮᠵᠢ ᠠᠯᠳᠠᠪᠠᠯ᠂ ᠶᠠᠪᠤᠳᠠᠯ ᠪᠣᠯᠭᠠᠨ ᠳᠤ ᠬᠢᠵᠠᠭᠠᠷᠯᠠᠭᠳᠠᠬᠤ︾ ᠰᠠᠯᠠᠭ᠎ᠠ ᠮᠥᠴᠢᠷ ᠤᠳ ᠤᠨ ᠬᠠᠮᠲᠤᠷᠠᠨ | ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠮᠠᠨ ᠤ ᠣᠷᠣᠨ ᠤ ᠨᠡᠶᠢᠭᠡᠮ ᠳᠠᠶᠠᠭᠠᠷ ᠢᠶᠠᠨ ᠥᠭᠡᠰᠢ ᠲᠣᠣᠷ | ᠰᠦᠯᠵᠢᠵᠦ ᠪᠤᠯᠢᠬᠠᠶᠢᠯᠠᠭᠴᠢ ᠶᠢ ᠬᠠᠮᠲᠤᠪᠡᠷ ᠵᠠᠰᠠᠬᠤ ᠵᠣᠷᠢᠯᠭ᠎ᠠ ᠶᠢ ᠪᠡᠶᠡᠯᠡᠭᠦᠯᠬᠦ ᠪᠣᠯᠣᠨ᠎ᠠ᠃ | ᠬᠤᠷᠠᠯ ᠠᠴᠠ ᠱᠠᠭᠠᠷᠳᠠᠭᠰᠠᠨ ᠨᠢ᠂ ᠬᠤᠷᠠᠯ ᠳᠤ ᠣᠷᠣᠯᠴᠠᠭᠰᠠᠨ ᠡᠯ᠎ᠡ ᠰᠠᠯᠠᠭ᠎ᠠ ᠮᠥᠴᠢᠷ ᠤᠳ ᠲᠣᠭᠲᠠᠭᠠᠨ | ᠪᠦᠷᠢᠨᠰᠢᠭᠦᠯᠦᠭᠰᠡᠨ ᠢᠲᠡᠭᠡᠮᠵᠢ ᠲᠠᠢ ᠪᠠᠶᠢᠪᠠᠯ ᠬᠤᠯᠪᠣᠭᠠᠯᠠᠨ ᠤᠷᠮᠠᠰᠢᠭᠤᠯᠵᠤ ᠢᠲᠡᠭᠡᠮᠵᠢ ᠪᠠᠨ ᠠᠯᠳᠠᠪᠠᠯ | ᠬᠤᠯᠪᠣᠭᠠᠯᠠᠨ ᠵᠠᠯᠬᠠᠭᠠᠬᠤ ᠠᠵᠢᠯ ᠤᠨ ᠲᠠᠯ᠎ᠠ ᠪᠠᠷ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ | ᠮᠡᠳᠡᠭᠡ ᠵᠠᠩᠭᠢ ᠶᠢᠨ ᠲᠠᠪᠴᠠᠩ ᠳᠤ ᠲᠦᠰᠢᠭᠯᠡᠨ ᠭᠠᠵᠠᠷ ᠣᠷᠣᠨ ᠤ ᠬᠤᠭᠤᠷᠣᠨᠳᠣᠬᠢ᠂ ᠰᠠᠯᠠᠭ᠎ᠠ ᠮᠥᠴᠢᠷ ᠤᠳ | ᠬᠤᠭᠤᠷᠣᠨᠳᠤᠬᠢ ᠢᠲᠡᠭᠡᠮᠵᠢ ᠶᠢᠨ ᠮᠡᠳᠡᠭᠡ ᠵᠠᠩᠭᠢ ᠪᠠᠨ ᠰᠣᠯᠢᠯᠴᠠᠨ ᠬᠠᠮᠲᠤ ᠪᠠᠷ ᠬᠦᠷᠲᠡᠬᠦ ᠪᠠ ᠢᠲᠡᠭᠡᠮᠵᠢ ᠶᠢᠨ | ᠲᠠᠯ᠎ᠠ ᠪᠠᠷ ᠬᠤᠯᠪᠣᠭᠠᠯᠠᠨ ᠵᠠᠯᠬᠠᠭᠠᠬᠤ ᠪᠠᠨ ᠴᠢᠩᠭᠠᠳᠬᠠᠬᠤ ᠬᠡᠷᠡᠭᠲᠡᠢ᠃ ᠨᠡᠶᠢᠭᠡᠮ ᠤᠨ ᠡᠯ᠎ᠡ ᠬᠦᠷᠢᠶᠡᠨ ᠤ ︽ | ᠤᠯᠠᠭᠠᠨ ᠬᠠᠷ᠎ᠠ ᠳᠠᠩᠰᠠ︾ ᠶᠢᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ︽ᠤᠯᠠᠭᠠᠨ ᠬᠠᠷ᠎ᠠ ᠲᠠᠩᠰᠠ︾ ᠶᠢ | ᠦᠨᠡᠮᠯᠡᠨ ᠲᠣᠭᠲᠠᠭᠠᠬᠤ ᠪᠠ ᠨᠡᠶᠢᠲᠡᠯᠡᠬᠦ ᠠᠵᠢᠯ ᠢ ᠵᠢᠷᠤᠮᠵᠢᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠨᠡᠶᠢᠲᠡᠯᠡᠭᠰᠡᠨ ︽ᠢᠲᠡᠭᠡᠮᠵᠢ ᠪᠠᠨ ᠠᠯᠳᠠᠭᠰᠠᠨ ᠢᠶᠠᠷ | ᠭᠦᠢᠴᠡᠳᠬᠡᠭᠳᠡᠭᠴᠢ ᠶᠢᠨ ᠢᠲᠡᠭᠡᠮᠵᠢ ᠳᠤ ᠬᠢᠨᠠᠯᠲᠠ ᠲᠠᠯᠪᠢᠬᠤ᠂ ᠰᠡᠷᠡᠮᠵᠢᠯᠡᠭᠦᠯᠬᠦ ᠪᠠ ᠵᠠᠯᠬᠠᠭᠠᠬᠤ ᠲᠣᠭᠲᠠᠴᠠ ᠶᠢᠨ | ᠪᠠᠶᠢᠭᠤᠯᠤᠯᠲᠠ ᠶᠢ ᠲᠦᠷᠭᠡᠨ ᠠᠬᠢᠭᠤᠯᠬᠤ ᠲᠤᠬᠠᠢ ᠰᠠᠨᠠᠯ︾ ︵ᠰᠠᠨᠠᠯ ᠬᠤᠷᠢᠶᠠᠬᠤ ᠡᠬᠡ ᠪᠢᠴᠢᠭ︶ ᠤᠨ ᠶᠣᠰᠣᠭᠠᠷ᠂ | ᠦᠢᠯᠡ ᠠᠵᠢᠯᠯᠠᠭᠠᠳᠠᠨ ᠬᠡᠷᠪᠡ ᠢᠲᠡᠭᠡᠮᠵᠢ ᠪᠠᠨ ᠠᠯᠳᠠᠭᠰᠠᠨ ᠢᠶᠠᠷ ᠨᠤᠲᠠᠯᠠᠭᠳᠠᠬᠤ ᠳᠤ ᠬᠦᠷᠪᠡᠯ ᠣᠨᠴᠠ | ᠲᠣᠭᠲᠠᠭᠠᠭᠰᠠᠨ ᠠᠵᠢᠯ ᠲᠥᠷᠥᠯ ᠪᠤᠶᠤ ᠲᠥᠷᠥᠯ ᠵᠦᠢᠯ ᠢ ᠡᠷᠬᠢᠯᠡᠬᠦ᠂ ᠵᠠᠰᠠᠭ ᠤᠨ ᠣᠷᠳᠣᠨ ᠤ ᠳᠡᠮᠵᠢᠯᠭᠡ ᠪᠤᠶᠤ | ᠨᠥᠬᠦᠪᠥᠷᠢ ᠤᠯᠬᠤ᠂ ᠲᠤᠰᠢᠶᠠᠯ ᠡᠭᠦᠷᠭᠡᠯᠡᠬᠦ᠂ ᠪᠡᠯᠡ ᠣᠷᠣᠭᠤᠯᠬᠤ ᠬᠢᠷᠢ ᠬᠡᠮ ᠣᠯᠬᠤ᠂ ᠢᠷᠠᠭᠤ ᠠᠯᠳᠠᠷ ᠪᠠ | ᠢᠲᠡᠭᠡᠮᠵᠢ ᠬᠦᠷᠲᠡᠬᠦ᠂ ᠣᠨᠴᠠᠭᠠᠶ ᠵᠠᠬ᠎ᠠ ᠳᠡᠯᠭᠡᠭᠦᠷ ᠤᠨ ᠠᠷᠠᠯᠵᠢᠶ᠎ᠠ ᠡᠷᠬᠢᠯᠡᠬᠦ᠂ ᠳᠡᠭᠡᠳᠦ ᠲᠡᠰ ᠤᠨ ᠬᠡᠷᠡᠭᠯᠡᠭᠡ | ᠬᠡᠷᠡᠭᠯᠡᠬᠦ᠂ ᠬᠢᠯᠢ ᠪᠠᠷ ᠣᠷᠣᠵᠤ ᠭᠠᠷᠬᠤ ᠵᠡᠷᠭᠡ ᠤᠯᠠᠨ ᠲᠠᠯ᠎ᠠ ᠪᠠᠷ ᠬᠢᠵᠠᠭᠠᠷᠯᠠᠵᠤ᠂ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠳ ᠴᠦ ᠢᠲᠡᠭᠡᠮᠵᠢ ᠠᠯᠳᠠᠭᠰᠠᠨ ᠢᠶᠠᠷ ᠭᠦᠢᠴᠡᠳᠬᠡᠭᠳᠡᠭᠴᠢ ᠳᠤ ᠡᠳᠦᠷ ᠲᠤᠳᠤᠮ ᠤᠨ ᠬᠢᠨᠠᠯᠲᠠ | ᠬᠠᠮᠢᠶᠠᠷᠤᠯᠲᠠ ᠪᠠᠶᠢᠴᠠᠭᠠᠯᠲᠠ ᠶᠢ ᠴᠢᠩᠭᠠᠳᠬᠠᠨ᠂ ᠢᠲᠡᠭᠡᠮᠵᠢ ᠠᠯᠳᠠᠭᠰᠠᠳ ᠶᠠᠮᠠᠷ ᠴᠦ ᠶᠠᠪᠤᠳᠠᠯ ᠢ ᠭᠦᠢᠴᠡᠳᠬᠡᠬᠦ ᠳᠤ | ᠪᠡᠷᠬᠡ ᠪᠣᠯᠭᠠᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠢ ᠭᠡᠵᠡᠢ᠃ | ᠵᠠᠯᠬᠠᠭᠠᠬᠤ ᠶᠢᠨ ᠨᠦᠬᠦᠭᠡ ᠨᠢᠭᠡ ᠲᠠᠯ᠎ᠠ ᠨᠢ ᠤᠷᠮᠠᠰᠢᠭᠤᠯᠤᠯ ᠪᠣᠯᠣᠨ᠎ᠠ᠂ ᠨᠡᠶᠢᠭᠡᠮ ᠳᠠᠶᠠᠭᠠᠷ ᠲᠤ ᠦᠨᠡᠨᠴᠢ | ᠢᠲᠡᠭᠡᠮᠵᠢ ᠶᠢ ᠮᠠᠭᠲᠠᠨ ᠰᠠᠶᠢᠰᠢᠶᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠶᠢᠨ ᠲᠤᠰᠠᠳᠠ | ᠤᠯᠤᠰ ᠠᠴᠠ ᠭᠠᠶᠢᠯᠢ ᠲᠤᠰᠢᠶᠠᠬᠤ ᠢᠲᠡᠭᠡᠮᠵᠢ ᠶᠢᠨ A ᠳᠡᠰ ᠤᠨ ᠭᠠᠶᠢᠯᠢ ᠲᠤᠰᠢᠶᠠᠭᠴᠢ ᠪᠣᠯᠣᠨ ᠰᠢᠯᠢᠳᠡᠭ ᠵᠠᠯᠠᠭᠤ | ᠰᠠᠶᠢᠨ ᠳᠤᠷᠠᠴᠤᠤᠯ ᠤᠨ ᠢᠲᠡᠭᠡᠮᠵᠢ ᠶᠢᠨ ᠬᠤᠯᠪᠣᠭᠠᠯᠠᠨ ᠤᠷᠮᠠᠰᠢᠭᠤᠯᠬᠤ ᠳᠦᠷᠢᠮ ᠢ ᠪᠠᠶᠢᠭᠤᠯᠵᠤ᠂ ᠭᠠᠶᠢᠯᠢ | ᠲᠤᠰᠢᠶᠠᠬᠤ ᠢᠲᠡᠭᠡᠮᠵᠢ ᠶᠢᠨ A ᠳᠡᠰ ᠤᠨ ᠭᠠᠶᠢᠯᠢ ᠲᠤᠰᠢᠶᠠᠭᠴᠢᠳ ᠨᠢ ᠲᠥᠷᠥᠯ ᠵᠦᠢᠯ ᠬᠢᠨᠠᠨ ᠵᠥᠪᠰᠢᠶᠡᠷᠡᠭᠦᠯᠬᠦ | ᠪᠠ ᠬᠠᠮᠢᠶᠠᠷᠬᠤ᠂ ᠭᠠᠶᠢᠯᠢ ᠲᠠᠲᠠᠪᠤᠷᠢ ᠶᠢᠨ ᠦᠢᠯᠡᠴᠢᠯᠡᠭᠡ ᠪᠠ ᠬᠠᠮᠢᠶᠠᠷᠤᠯᠲᠠ᠂ ᠡᠳ᠋ ᠤᠨ ᠵᠠᠰᠠᠭ᠂ ᠨᠡᠶᠢᠭᠡᠮ ᠤᠨ | ᠪᠠᠲᠤᠯᠠᠭ᠎ᠠ ᠵᠡᠷᠭᠡ 18 ᠬᠦᠷᠢᠶ᠎ᠡ ᠳᠤ ᠤᠷᠮᠠᠰᠢᠭᠤᠯᠤᠯ ᠬᠦᠷᠲᠡᠵᠦ᠂ ᠰᠢᠯᠢᠳᠡᠭ ᠵᠠᠯᠠᠭᠤ ᠰᠠᠶᠢᠨ ᠳᠤᠷᠠᠴᠤᠤᠯ ᠨᠢ | ᠰᠤᠷᠭᠠᠨ ᠬᠥᠮᠦᠵᠢᠯ ᠤᠨ ᠦᠢᠯᠡᠴᠢᠯᠡᠭᠡ ᠪᠠ ᠬᠠᠮᠢᠶᠠᠷᠤᠯᠲᠠ᠂ ᠠᠵᠢᠯ ᠣᠯᠭᠤᠯᠲᠠ ᠪᠠ ᠰᠢᠨ᠎ᠡ ᠶᠢ ᠡᠭᠦᠳᠦᠯᠲᠡ ᠠᠳᠠᠯ | ᠦᠢᠯᠡᠰ ᠴᠣᠭᠴᠠᠯᠠᠯᠲᠠ᠂ ᠨᠡᠶᠢᠭᠡᠮ ᠤᠨ ᠪᠠᠲᠤᠯᠠᠭ᠎ᠠ ᠵᠡᠷᠭᠡ 7 ᠬᠦᠷᠢᠶ᠎ᠡ ᠳᠤ ᠤᠷᠮᠠᠰᠢᠭᠤᠯᠤᠯ ᠬᠦᠷᠲᠡᠵᠦ ᠪᠣᠯᠬᠤ ᠪᠠᠷ | ᠲᠣᠭᠲᠠᠪᠠ᠃ ᠬᠤᠵᠢᠮ᠂ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠠᠵᠢᠯ ᠲᠠᠰᠤᠷᠠᠯᠲᠠ | ᠦᠭᠡᠢ ᠤᠷᠤᠭᠰᠢ ᠠᠬᠢᠵᠤ᠂ ᠨᠡᠶᠢᠭᠡᠮ ᠤᠨ ᠠᠮᠢᠳᠤᠷᠠᠯ ᠤᠨ ᠳᠤᠮᠳᠠ ᠤᠯᠠᠮ ᠠᠴᠠ ᠤᠯᠠᠮ ᠴᠢᠬᠤᠯᠠ ᠪᠣᠯᠬᠤ ᠪᠣᠯᠣᠨ᠎ᠠ᠃ | |