ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠪᠦᠬᠦ ᠲᠠᠯ᠎ᠠ ᠪᠠᠷ ᠲᠦᠯᠬᠢᠨ | ᠠᠬᠢᠭᠤᠯᠬᠤ ᠶᠢᠨ ᠲᠤᠯᠠᠳᠠ᠂ ᠣᠶᠢᠷ᠎ᠠ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2016 | ᠣᠨ ᠤ ᠠᠭᠠᠷ ᠮᠠᠨᠳᠠᠯ ᠤᠨ ᠪᠤᠬᠢᠷᠳᠤᠯ ᠢ ᠰᠡᠷᠭᠡᠶᠢᠯᠡᠨ ᠵᠠᠰᠠᠬᠤ ᠶᠢᠨ ᠬᠡᠷᠡᠭᠵᠢᠬᠦᠯᠬᠦ ᠲᠥᠯᠥᠪᠯᠡᠭᠡ︾ ︵ᠳᠣᠷᠣᠭᠰᠢ ︽ | ᠲᠥᠯᠥᠪᠯᠡᠭᠡ︾ ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠵᠤ᠂ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ | ᠵᠠᠰᠠᠬᠤ ᠲᠥᠯᠥᠪᠯᠡᠭᠡ ᠶᠢᠨ ᠠᠵᠢᠯ ᠤᠨ ᠬᠠᠷᠠᠯᠲᠠ ᠶᠢ ᠲᠤᠲᠤᠷᠬᠠᠶᠢᠯᠠᠭᠰᠠᠨ ᠤ ᠬᠠᠮᠲᠤ ᠪᠣᠳᠠᠲᠠᠶ ᠰᠡᠷᠭᠡᠶᠢᠯᠡᠨ ᠵᠠᠰᠠᠬᠤ | ᠠᠷᠭ᠎ᠠ ᠬᠡᠮᠵᠢᠶ᠎ᠡ ᠶᠢ ᠳᠤᠷᠠᠳᠪᠠ᠃ | ︽ᠲᠥᠯᠥᠪᠯᠡᠭᠡ︾ ᠳᠤ ᠳᠤᠷᠠᠳᠤᠭᠰᠠᠨ ᠨᠢ᠂ ᠬᠦᠨᠳᠦ ᠪᠣᠬᠢᠷᠲᠤᠯ ᠲᠠᠢ ᠠᠭᠤᠷ ᠠᠮᠢᠰᠬᠤᠯ ᠢ ᠵᠦᠪᠳᠡᠯᠴᠡᠬᠦ | ᠪᠠᠨ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ᠨᠢᠭᠡᠨᠲᠡ ᠪᠠᠶᠢᠭᠤᠯᠤᠭᠰᠠᠨ ᠠᠭᠠᠷ ᠤᠨ ᠶᠠᠰᠤ ᠴᠢᠨᠠᠷ ᠢ | ᠬᠢᠨᠠᠨ ᠬᠡᠮᠵᠢᠬᠦ ᠤᠷᠢᠳᠴᠢᠯᠠᠭᠰᠠᠨ ᠮᠡᠳᠡᠭᠡᠯᠡᠬᠦ ᠪᠠ ᠤᠷᠢᠳᠴᠢᠯᠠᠨ ᠰᠡᠷᠡᠮᠵᠢᠯᠡᠭᠦᠯᠬᠦ ᠲᠠᠪᠴᠠᠩ ᠵᠢᠴᠢ ᠥᠪᠡᠷᠲᠡᠭᠡᠨ | ᠵᠠᠰᠠᠬᠤ ᠣᠷᠣᠨ ᠤ ᠠᠭᠠᠷ ᠮᠠᠨᠳᠠᠯ ᠤᠨ ᠣᠷᠴᠢᠨ ᠲᠣᠭᠤᠷᠢᠨ ᠢ ᠬᠢᠨᠠᠨ ᠬᠡᠮᠵᠢᠬᠦ ᠬᠡᠲᠦ ᠦᠷᠳᠡᠭᠡ ᠳᠤ ᠲᠦᠰᠢᠭᠯᠡᠨ᠂ | ᠢᠷᠡᠬᠦ ᠬᠡᠳᠦᠨ ᠡᠳᠦᠷ ᠲᠠᠬᠢ ᠣᠷᠴᠢᠨ ᠲᠣᠭᠤᠷᠢᠨ ᠤ ᠠᠭᠤᠷ ᠠᠮᠢᠰᠬᠤᠯ ᠤᠨ ᠶᠠᠰᠤ ᠴᠢᠨᠠᠷ ᠪᠤᠯᠤᠨ | ᠬᠤᠪᠢᠷᠠᠯᠲᠠ ᠶᠢᠨ ᠬᠠᠨᠳᠤᠰᠢ ᠶᠢ ᠰᠤᠳᠤᠯᠤᠨ ᠮᠠᠭᠠᠳᠯᠠᠵᠤ᠂ ᠬᠦᠨᠳᠦ ᠪᠣᠬᠢᠷᠲᠤᠯ ᠲᠠᠢ ᠠᠭᠤᠷ ᠠᠮᠢᠰᠬᠤᠯ ᠢ | ᠰᠡᠷᠡᠮᠵᠢᠯᠡᠭᠦᠯᠬᠦ ᠪᠠ ᠤᠷᠢᠳᠴᠢᠯᠠᠨ ᠮᠡᠳᠡᠭᠡᠯᠡᠬᠦ ᠣᠨᠣᠪᠴᠢᠲᠤ ᠴᠢᠨᠠᠷ ᠢ ᠳᠡᠭᠡᠭᠰᠢᠯᠡᠭᠦᠯᠵᠦ᠂ ᠪᠠᠴᠢᠮ ᠪᠠᠶᠢᠳᠠᠯ ᠢ | ᠠᠷᠭᠠᠴᠠᠬᠤ ᠠᠷᠭ᠎ᠠ ᠬᠡᠮᠵᠢᠶ᠎ᠡ ᠶᠢ ᠴᠠᠭ ᠲᠤᠬᠠᠶ ᠳᠤᠨᠢ ᠡᠬᠢᠯᠡᠬᠦᠯᠬᠦ ᠳᠤ ᠮᠡᠷᠭᠡᠵᠢᠯ ᠤᠨ ᠲᠦᠰᠢᠭ ᠲᠤᠯᠭᠠᠭᠤᠷᠢ | ᠤᠯᠭᠤᠬᠤ ᠬᠡᠷᠡᠭᠲᠠᠢ︔ ᠡᠯ᠎ᠡ ᠱᠠᠲᠤᠨ ᠤ ᠣᠷᠴᠢᠨ ᠲᠣᠭᠤᠷᠢᠨ ᠤ ᠬᠠᠮᠠᠭᠠᠯᠠᠯᠲᠠ᠂ ᠴᠠᠭ ᠠᠭᠤᠷ ᠤᠨ ᠰᠠᠯᠠᠭ᠎ᠠ | ᠮᠥᠴᠢᠷ ᠤᠳ ᠵᠥᠪᠳᠡᠯᠴᠡᠬᠦ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠰᠢᠭ ᠦᠭᠡᠢ ᠴᠠᠭ | ᠠᠭᠤᠷ ᠤᠨ ᠨᠥᠬᠦᠴᠡᠯ ᠲᠤᠬᠢᠶᠠᠯᠳᠤᠬᠤ ᠦᠶᠡᠰ ᠵᠦᠪᠳᠡᠯᠴᠡᠬᠦ ᠳᠠᠪᠲᠠᠮᠵᠢ ᠪᠠᠨ ᠤᠯᠠᠰᠢᠷᠠᠭᠤᠯᠵᠤ᠂ ᠬᠢᠨᠠᠨ ᠬᠡᠮᠵᠢᠵᠦ | ᠤᠷᠢᠳᠴᠢᠯᠠᠨ ᠰᠡᠷᠡᠮᠵᠢᠯᠡᠭᠦᠯᠬᠦ ᠤᠨᠤᠪᠴᠢᠲᠤ ᠴᠢᠨᠠᠷ ᠢ ᠳᠡᠭᠡᠭᠰᠢᠯᠡᠭᠦᠯᠵᠤ᠂ ᠬᠢᠨᠠᠨ ᠬᠡᠮᠵᠢᠵᠦ ᠰᠡᠷᠡᠮᠵᠢᠯᠡᠭᠦᠯᠬᠦ ᠮᠡᠳᠡᠭᠡ | ᠵᠠᠩᠭᠢ ᠶᠢ ᠴᠠᠭ ᠲᠤᠬᠠᠶ ᠳᠤᠨᠢ ᠨᠡᠶᠢᠲᠡᠯᠡᠬᠦ ᠬᠡᠷᠡᠭᠲᠠᠢ︔ ᠪᠡᠭᠡᠵᠢᠩ ᠲᠢᠶᠠᠨᠵᠢᠨ ᠡᠾᠧᠪᠸᠢ ᠵᠢᠴᠢ ᠡᠷᠭᠢᠨ ᠲᠣᠭᠤᠷᠢᠨ ᠤ | ᠭᠠᠵᠠᠷ ᠤᠷᠤᠨ ᠤ ᠬᠦᠨᠳᠦ ᠪᠣᠬᠢᠷᠲᠤᠯ ᠲᠠᠢ ᠠᠭᠤᠷ ᠠᠮᠢᠰᠬᠤᠯ ᠢ ᠬᠤᠯᠪᠤᠭᠠᠯᠠᠨ ᠵᠦᠪᠳᠡᠯᠴᠡᠬᠦ ᠪᠠᠨ ᠴᠢᠩᠭᠠᠳᠬᠠᠵᠤ᠂ | ᠣᠷᠣᠨ ᠪᠦᠰᠡ ᠶᠢᠨ ᠬᠦᠨᠳᠦ ᠪᠣᠬᠢᠷᠲᠤᠯ ᠲᠠᠢ ᠠᠭᠤᠷ ᠠᠮᠢᠰᠬᠤᠯ ᠢ ᠰᠡᠷᠡᠮᠵᠢᠯᠡᠭᠦᠯᠬᠦ ᠰᠢᠰᠲ᠋ᠧᠮᠵᠢ ᠶᠢ ᠬᠠᠮᠵᠢᠨ | ᠪᠠᠶᠢᠭᠤᠯᠵᠤ᠂ ᠣᠷᠣᠨ ᠪᠦᠰᠡ ᠶᠢᠨ ᠬᠦᠨᠳᠦ ᠪᠣᠬᠢᠷᠲᠤᠯ ᠲᠠᠢ ᠠᠭᠤᠷ ᠠᠮᠢᠰᠬᠤᠯ ᠢ ᠠᠷᠭᠠᠴᠠᠬᠤ ᠴᠢᠳᠠᠪᠤᠷᠢ ᠪᠠᠨ | ᠳᠡᠭᠡᠭᠰᠢᠯᠡᠭᠦᠯᠬᠦ ᠬᠡᠷᠡᠭᠲᠡᠶ ᠬᠡᠪᠡ᠃ |