| ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ | ᠵᠢᠷᠭᠤᠳᠤᠭᠠᠷ ᠪᠥᠬᠦᠳᠡ ᠬᠤᠷᠠᠯ 2016 ᠤᠨ ᠤ 10 ᠳ᠋ᠤᠭᠠᠷ ᠰᠠᠷ᠎ᠠ ᠶᠢᠨ 24 ᠠᠴᠠ 27 ᠤ ᠡᠳᠤᠷ ᠪᠤᠯᠳᠠᠯ᠎ᠠ | ᠪᠡᠭᠡᠵᠢᠩ ᠳᠤ ᠬᠤᠷᠠᠯᠳᠤᠪᠠ᠃ | ᠡᠨᠡ ᠤᠳᠠᠭ᠎ᠠ ᠶᠢᠨ ᠪᠦᠬᠦᠳᠡ ᠬᠤᠷᠠᠯ ᠳᠤ ᠤᠷᠤᠯᠴᠠᠭᠰᠠᠳ ᠲᠤ᠂ ᠲᠦᠪ ᠬᠤᠷᠢᠶ᠎ᠠ ᠶᠢᠨ ᠬᠡᠰᠢᠬᠦᠨ 197 | ᠬᠦᠮᠥᠨ᠂ ᠲᠦᠪ ᠬᠤᠷᠢᠶ᠎ᠠ ᠶᠢᠨ ᠤᠷᠤᠯᠠᠭᠴᠢ ᠬᠡᠰᠢᠬᠦᠨ 151 ᠬᠦᠮᠥᠨ ᠪᠠᠶᠢᠨ᠎ᠠ᠃ ᠲᠦᠪ ᠤᠨ ᠰᠠᠬᠢᠯᠭ᠎ᠠ ᠪᠠᠳᠤ | ᠪᠠᠶᠢᠴᠠᠭᠠᠬᠤ ᠬᠤᠷᠢᠶ᠎ᠠ ᠶᠢᠨ ᠬᠡᠰᠢᠬᠦᠨ ᠪᠤᠯᠤᠨ ᠬᠠᠮᠢᠶ᠎ᠠ ᠪᠦᠬᠦᠢ ᠲᠠᠯ᠎ᠠ ᠶᠢᠨ ᠬᠠᠷᠢᠭᠤᠴᠠᠯᠭᠠᠳᠠᠨ ᠬᠤᠷᠠᠯ ᠳᠤ ᠰᠤᠯᠠ | ᠤᠷᠤᠯᠴᠠᠪᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠤᠨ ᠲᠦᠯᠥᠭᠡᠯᠡᠭᠴᠢ ᠶᠢᠨ ᠲᠤᠳᠤᠷᠠᠬᠢ ᠬᠡᠰᠡᠭ | ᠦᠨᠳᠦᠰᠦᠨ ᠱᠠᠳᠤᠨ ᠤ ᠨᠦᠬᠦᠳ ᠪᠤᠯᠤᠨ ᠲᠤᠰᠬᠠᠢ ᠮᠡᠷᠬᠡᠵᠢᠯᠳᠡᠨ ᠡᠷᠳᠡᠮᠳᠡᠨ ᠪᠠᠰᠠ ᠬᠤᠷᠠᠯ ᠳᠤ ᠰᠤᠯᠠ | ᠤᠷᠤᠯᠴᠠᠵᠠᠢ᠃ | ᠪᠦᠬᠦᠳᠡ ᠬᠤᠷᠠᠯ ᠢ ᠨᠠᠮ ᠤᠨ ᠲᠦᠪ ᠬᠤᠷᠢᠶ᠎ᠠ ᠶᠢᠨ ᠤᠯᠤᠰ ᠲᠦᠷᠦ ᠶᠢᠨ ᠲᠤᠪᠴᠢᠶ᠎ᠠ ᠠᠴᠠ ᠡᠷᠬᠢᠯᠡᠪᠡ᠃ | ᠨᠠᠮ ᠤᠨ ᠲᠦᠪ ᠬᠤᠷᠢᠶ᠎ᠠ ᠶᠢᠨ ᠶᠡᠷᠤᠩᠬᠡᠢ ᠱᠦᠵᠢ ᠰᠢ ᠶᠢᠨ ᠫᠢᠩ ᠴᠢᠬᠤᠯᠠ ᠶᠠᠷᠢᠶ᠎ᠠ ᠲᠠᠯᠪᠢᠵᠠᠢ᠃ | ᠪᠦᠬᠦᠳᠡ ᠬᠤᠷᠠᠯ ᠨᠢ ᠰᠢ ᠶᠢᠨ ᠫᠢᠩ ᠤᠨ ᠨᠠᠮ ᠤᠨ ᠲᠦᠪ ᠬᠤᠷᠢᠶ᠎ᠠ ᠶᠢᠨ ᠤᠯᠤᠰ ᠲᠦᠷᠦ ᠶᠢᠨ | ᠲᠣᠪᠴᠢᠶ᠎ᠠ ᠶᠢᠨ ᠨᠠᠶᠢᠳᠠᠯᠭ᠎ᠠ ᠪᠠᠷ ᠬᠢᠭᠰᠡᠡ ᠠᠵᠢᠯ ᠤᠨ ᠢᠯᠡᠳᠭᠡᠯ ᠢ ᠰᠤᠨᠤᠰᠤᠨ ᠶᠠᠷᠢᠯᠴᠠᠵᠥ᠂ ︽ᠰᠢᠨ᠎ᠡ ᠪᠠᠶᠢᠳᠠᠯ | ᠲᠤᠤᠷᠠᠬᠢ ᠨᠠᠮ ᠤᠨ ᠲᠤᠳᠤᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ᠲᠤᠬᠠᠢ ᠪᠠᠷᠢᠮᠵᠢᠶ᠎ᠠ ᠨᠤᠭᠤᠳ︾ | ᠪᠤᠯᠤᠨ ︽ᠲᠤᠮᠳᠠᠳᠤ ᠤᠯᠤᠰ ᠤᠨ ᠡᠪ ᠬᠠᠮᠳᠤ ᠨᠠᠮ ᠤᠨ ᠨᠠᠮ ᠤᠨ ᠲᠤᠳᠤᠭᠠᠳᠤ ᠶᠢᠨ ᠬᠢᠨᠠᠯᠳᠠ ᠲᠠᠯᠪᠢᠬᠤ ᠲᠦᠷᠢᠮ︾ | ᠢ ᠬᠢᠨᠠᠨ ᠵᠦᠪᠯᠡᠨ ᠪᠠᠳᠤᠯᠠᠵᠥ᠂ ︽ᠨᠠᠮ ᠤᠨ ᠠᠷᠪᠠ ᠶᠢᠰᠦᠳᠦᠭᠡᠷ ᠤᠳᠠᠭ᠎ᠠ ᠶᠢᠨ ᠪᠦᠬᠦ ᠤᠯᠤᠰ ᠤᠨ | ᠲᠦᠯᠥᠬᠡᠯᠡᠭᠴᠢᠳ ᠤᠨ ᠶᠡᠭᠡ ᠬᠤᠷᠠᠯ ᠢ ᠬᠤᠷᠠᠯᠳᠤᠭᠤᠯᠬᠤ ᠲᠤᠬᠠᠢ ᠰᠢᠢᠳᠪᠤᠷᠢ︾ ᠶᠢ ᠬᠢᠨᠠᠨ ᠵᠦᠪᠯᠡᠵᠥ ᠪᠠᠳᠤᠯᠠᠪᠠ᠃ | ᠰᠢ ᠶᠢᠨ ᠫᠢᠩ ︽ᠪᠠᠷᠢᠮᠵᠢᠶ᠎ᠠ ︵ᠶᠠᠷᠢᠯᠴᠠᠬᠤ ᠨᠤᠤᠷᠠᠭ︶︾ ᠪᠤᠯᠤᠨ ︽ᠲᠦᠷᠢᠮ ︵ᠶᠠᠷᠢᠯᠴᠠᠬᠤ ᠨᠤᠤᠷᠠᠭ︶︾ ᠤᠨ | ᠲᠤᠬᠠᠢ ᠪᠦᠬᠦᠳᠡ ᠬᠤᠷᠠᠯ ᠳᠤ ᠲᠤᠳᠤᠷᠬᠠᠢᠢᠯᠠᠯᠳᠡ ᠬᠢᠪᠡ᠃ | ᠪᠦᠬᠦᠳᠡ ᠬᠤᠷᠠᠯ ᠠᠴᠠ᠂ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶ᠎ᠠ ᠶᠢᠨ | ᠲᠠᠪᠤᠳᠤᠭᠠᠷ ᠪᠦᠬᠦᠳᠡ ᠬᠤᠷᠠᠯ ᠠᠴᠠ ᠨᠡᠰᠢᠬᠢ ᠲᠦᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠠᠵᠢᠯ ᠢ | ᠬᠦᠢᠴᠡᠳ ᠨᠤᠳᠠᠯᠠᠪᠠ᠃ ᠲᠡᠯᠡᠬᠡᠢ ᠶᠢᠨ ᠪᠡ ᠤᠯᠤᠰ ᠤᠨ ᠲᠤᠳᠤᠭᠠᠳᠤ ᠶᠢᠨ ᠨᠠᠷᠢᠨ ᠪᠤᠳᠤᠯᠢᠶᠠᠨᠳᠠᠢ ᠪᠠᠶᠢᠳᠠᠯ ᠤᠨ | ᠡᠮᠤᠨ᠎ᠡ᠂ ᠲᠦᠪ ᠬᠤᠷᠢᠶ᠎ᠠ ᠶᠢᠨ ᠤᠯᠤᠰ ᠲᠦᠷᠦ ᠶᠢᠨ ᠲᠤᠪᠴᠢᠶ᠎ᠠ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ | ᠵᠢᠷᠤᠮ ᠤᠨ ᠠᠭᠤᠤ ᠶᠡᠭᠡ ᠲᠤᠭ ᠢ ᠦᠨᠳᠤᠷ ᠮᠠᠨᠳᠤᠭᠤᠯᠵᠥ᠂ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ | ᠦᠵᠡᠯ ᠰᠠᠨᠠᠭ᠎ᠠ᠂ ᠳ᠋ᠧᠩ ᠰᠢᠶᠤᠤ ᠫᠢᠩ ᠤᠨ ᠤᠨᠤᠯ᠂ ︽ᠭᠤᠷᠪᠠ ᠶᠢ ᠲᠦᠯᠥᠬᠡᠯᠡᠬᠦ︾ ᠴᠢᠬᠤᠯᠠ ᠦᠵᠡᠯ ᠰᠠᠨᠠᠭ᠎ᠠ᠂ | ᠰᠢᠨᠵᠢᠯᠡᠬᠦ ᠤᠬᠠᠭᠠᠨᠴᠢ ᠬᠦᠭᠵᠢᠯᠳᠡ ᠶᠢᠨ ᠦᠵᠡᠯᠳᠡ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠵᠥ᠂ ᠨᠠᠮ ᠤᠨ | ᠠᠷᠪᠠᠨ ᠨᠠᠢᠮᠠᠳᠤᠭᠠᠷ ᠶᠡᠭᠡ ᠬᠤᠷᠠᠯ ᠪᠤᠯᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶ᠎ᠠ ᠶᠢᠨ ᠭᠤᠷᠪᠠ᠂ | ᠳᠥᠷᠪᠡ᠂ ᠲᠠᠪᠤᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠥ᠂ ᠶᠡᠷᠤᠩᠬᠡᠢ | ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶᠠᠨ ᠤ ᠵᠤᠷᠢᠭ ᠰᠠᠨᠠᠭ᠎ᠠ ᠪᠤᠯᠤᠨ ᠲᠦᠷᠦ ᠶᠢ ᠵᠠᠰᠠᠵᠥ ᠵᠠᠰᠠᠭ ᠢ | ᠡᠷᠬᠢᠯᠡᠬᠦ ᠰᠢᠨ᠎ᠡ ᠣᠨᠤᠯᠵᠢᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠶᠢᠯᠳᠤᠬᠤ ᠪᠤᠳᠤᠯᠭ᠎ᠠ ᠶᠢ ᠬᠦᠨᠵᠡᠬᠡᠢ | ᠲᠤᠤᠱᠯᠠᠭᠤᠯᠵᠥ᠂ ᠴᠠᠭ ᠦᠶ᠎ᠡ ᠶᠢᠨ ᠶᠡᠭᠡ ᠬᠠᠨᠳᠤᠰᠢ ᠶᠢ ᠡᠵᠡᠮᠳᠡᠵᠥ᠂ ᠦᠢᠯᠡᠳᠦᠯᠬᠡ ᠶᠢᠨ ᠱᠠᠭᠠᠷᠳᠠᠯᠭ᠎ᠠ ᠳᠤ | ᠬᠠᠷᠢᠭᠤᠯᠳᠡ ᠦᠭᠴᠦ᠂ ᠪᠦᠬᠦ ᠤᠯᠤᠰ ᠤᠨ ᠦᠨᠳᠦᠰᠦᠳᠡᠨ ᠨᠦᠭᠦᠳ ᠤᠨ ᠠᠷᠠᠳ ᠲᠦᠮᠡᠨ ᠢ ᠪᠦᠯᠬᠦᠮᠳᠡᠬᠦᠯᠥᠨ | ᠲᠠᠶᠢᠴᠢᠯᠠᠵᠥ ᠰᠡᠳᠬᠢᠯ ᠨᠢᠬᠡᠳᠤᠨ ᠬᠦᠴᠦ ᠪᠠᠨ ᠬᠠᠮᠳᠤᠳᠬᠠᠵᠥ᠂ ᠰᠢᠷᠭᠠᠭᠤ ᠠᠵᠢᠯᠯᠠᠨ ᠦᠨᠡᠨ ᠪᠤᠳᠠᠳᠠᠢ ᠠᠵᠢᠯᠯᠠᠵᠥ | ᠂ ︽ᠲᠠᠪᠤ ᠶᠢ ᠨᠢᠬᠡ ᠴᠤᠭᠴᠠᠵᠢᠭᠤᠯᠬᠤ︾ ᠶᠡᠷᠤᠩᠬᠡᠢ ᠪᠠᠶᠢᠷᠢᠯᠠᠭᠤᠯᠤᠯᠲᠠ ᠶᠢ ᠨᠢᠬᠡᠳᠤᠯᠳᠡᠢ ᠲᠦᠯᠥᠪᠵᠢᠬᠦᠯᠥᠨ | ᠠᠬᠢᠭᠤᠯᠤᠭᠰᠠᠠ ᠪᠠ ︽ᠲᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠠ ᠶᠢ | ᠵᠤᠬᠢᠴᠠᠭᠤᠯᠤᠨ ᠠᠬᠢᠭᠤᠯᠵᠥ᠂ ︽ᠬᠤᠶᠠᠷ ᠢ ᠰᠤᠷᠤᠯᠴᠠᠵᠥ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ | ᠰᠤᠷᠤᠯᠴᠠᠭ᠎ᠠ ᠬᠦᠮᠥᠵᠢᠯ ᠢ ᠦᠷᠨᠢᠬᠦᠯᠵᠥ᠂ ᠦᠭᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠬᠡᠶᠢᠷᠡᠬᠦᠯᠬᠦ᠂ | ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ᠂ ᠤᠯᠤᠰ ᠤᠨ ᠪᠠᠳᠤᠯᠠᠨ ᠬᠠᠮᠠᠭᠠᠯᠠᠯᠳᠡ | ᠪᠤᠯᠤᠨ ᠴᠡᠷᠢᠭ ᠠᠩᠬᠢ ᠶᠢᠨ ᠦᠭᠡᠷᠡᠴᠢᠯᠡᠯᠳᠡ ᠲᠤ ᠴᠢᠬᠤᠯᠠ ᠠᠯᠬᠤᠮ ᠠᠯᠬᠤᠬᠤ ᠶᠢ ᠠᠬᠢᠭᠤᠯᠵᠥ᠂ ᠨᠠᠮ ᠪᠤᠯᠤᠨ | ᠤᠯᠤᠰ ᠤᠨ ᠡᠯ᠎ᠡ ᠵᠦᠢᠯ ᠤᠨ ᠠᠵᠢᠯ ᠰᠢᠨ᠎ᠡ ᠴᠢᠬᠤᠯᠠ ᠶᠡᠭᠡ ᠠᠬᠢᠴᠠ ᠲᠠᠢ ᠪᠤᠯᠤᠭᠰᠠᠠ ᠪᠠᠶᠢᠨ᠎ᠠ ᠬᠡᠵᠥ ᠰᠠᠨᠠᠯ | ᠨᠢᠭᠡᠲᠡᠢ ᠦᠵᠡᠪᠡ᠃ | ᠪᠦᠬᠦᠳᠡ ᠬᠤᠷᠠᠯ ᠠᠴᠠ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠤᠯᠤᠭᠰᠠᠠ ᠠᠮᠵᠢᠯᠳᠠ ᠶᠢ | ᠲᠡᠬᠡᠳᠤ ᠬᠡᠮᠵᠢᠶ᠎ᠡ ᠪᠠᠷ ᠦᠨᠡᠯᠡᠵᠥ᠂ ᠨᠠᠮ ᠤᠨ ᠠᠷᠪᠠᠨᠨᠠᠢᠮᠠᠳᠤᠭᠠᠷ ᠶᠡᠭᠡ ᠬᠤᠷᠠᠯ ᠠᠴᠠ ᠨᠠᠰᠢ᠂ ᠰᠢ ᠶᠢᠨ ᠫᠢᠩ | ᠨᠦᠬᠦᠷ ᠢᠶᠠᠷ ᠭᠤᠤᠯ ᠪᠤᠯᠭᠠᠭᠰᠠᠠ ᠨᠠᠮ ᠤᠨ ᠲᠦᠪ ᠬᠤᠷᠢᠶ᠎ᠠ ᠪᠡᠶᠡᠴᠢᠯᠡᠨ ᠤᠷᠤᠯᠴᠠᠵᠤ ᠴᠢᠷᠮᠠᠶᠢᠨ ᠠᠵᠢᠯᠯᠠᠵᠥ᠂ | ᠪᠡᠶ᠎ᠡ ᠪᠠᠷ ᠢᠶᠠᠨ ᠦᠯᠢᠬᠡᠷ ᠲᠠᠭᠤᠷᠢᠶᠠᠯ ᠪᠤᠯᠵᠥ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠡᠷᠡᠰ ᠠᠬᠢᠭᠤᠯᠵᠥ᠂ | ᠦᠵᠡᠯ ᠰᠠᠨᠠᠭ᠎ᠠ ᠪᠠᠷ ᠨᠠᠮ ᠢ ᠪᠠᠶᠢᠭᠤᠯᠬᠤ ᠪᠠ ᠲᠦᠷᠢᠮ ᠢᠶᠠᠷ ᠨᠠᠮ ᠢ ᠪᠠᠶᠢᠭᠤᠯᠬᠤ ᠶᠢ ᠨᠢᠬᠳᠠ ᠤᠶᠠᠯᠳᠤᠭᠤᠯᠬᠤ ᠶᠢ | ᠪᠠᠷᠢᠮᠳᠠᠯᠠᠵᠥ᠂ ᠨᠠᠮ ᠤᠨ ᠰᠤᠷᠳᠠᠯ ᠢ ᠲᠦᠪᠯᠡᠷᠡᠬᠦᠯᠥᠨ ᠴᠡᠭᠴᠡᠯᠡᠵᠥ᠂ ᠢᠯᠵᠢᠷᠠᠯ ᠢ ᠴᠢᠩᠭ᠎ᠠ ᠵᠠᠯᠬᠠᠭᠠᠨ ᠰᠢᠳᠭᠡᠵᠥ᠂ | ᠨᠠᠮ ᠤᠨ ᠲᠤᠳᠤᠭᠠᠳᠤ ᠶᠢᠨ ᠤᠯᠤᠰ ᠲᠦᠷᠦ ᠶᠢᠨ ᠠᠮᠢ ᠠᠬᠤᠢ ᠶᠢ ᠴᠡᠪᠡᠷᠰᠢᠬᠦᠯᠵᠥ᠂ ᠨᠠᠮ ᠤᠨ ᠲᠤᠳᠤᠭᠠᠳᠤ ᠶᠢᠨ | ᠤᠯᠤᠰ ᠲᠦᠷᠦ ᠶᠢᠨ ᠠᠮᠢᠳᠤᠷᠠᠯ ᠳᠤ ᠰᠢᠨ᠎ᠡ ᠪᠠᠶᠢᠳᠠᠯ ᠢᠯᠡᠷᠡᠵᠥ᠂ ᠨᠠᠮ ᠤᠨ ᠰᠡᠳᠬᠢᠯ ᠠᠷᠠᠳ ᠤᠨ ᠰᠡᠳᠬᠢᠯ ᠢ | ᠤᠯᠵᠥ᠂ ᠨᠠᠮ ᠪᠤᠯᠤᠨ ᠤᠯᠤᠰ ᠤᠨ ᠦᠢᠯᠡᠰ ᠤᠨ ᠰᠢᠨ᠎ᠡ ᠪᠠᠶᠢᠳᠠᠯ ᠢ ᠡᠬᠦᠳᠬᠦ ᠳᠤ ᠴᠢᠬᠤᠯᠠ ᠪᠠᠳᠤᠯᠠᠭ᠎ᠠ | ᠬᠠᠩᠭᠠᠭᠰᠠᠠ ᠪᠠᠶᠢᠨ᠎ᠠ ᠬᠡᠵᠥ ᠦᠵᠡᠪᠡ᠃ | ᠪᠦᠬᠦᠳᠡ ᠬᠤᠷᠠᠯ ᠠᠴᠠ᠂ ᠮᠠᠨ ᠤ ᠨᠠᠮ ᠤᠨ ᠦᠷᠨᠢᠬᠦᠯᠥᠭᠰᠡᠡ ᠨᠠᠮ ᠤᠨ ᠲᠤᠳᠤᠭᠠᠳᠤ ᠶᠢᠨ ᠤᠯᠤᠰ | ᠲᠦᠷᠦ ᠶᠢᠨ ᠠᠮᠢᠳᠤᠷᠠᠯ ᠤᠨ ᠲᠡᠤᠬᠡᠨ ᠲᠤᠷᠰᠢᠯᠭ᠎ᠠ ᠶᠢ ᠳ᠋ᠦᠩᠨᠡᠵᠥ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠳᠤ | ᠲᠤᠯᠭᠠᠷᠠᠵᠥ ᠪᠠᠶᠢᠭ᠎ᠠ ᠪᠠᠶᠢᠳᠠᠯ ᠪᠤᠯᠤᠨ ᠡᠬᠦᠷᠬᠡ ᠳᠤ ᠵᠠᠳᠠᠯᠤᠯᠳᠡ ᠬᠢᠵᠥ᠂ ᠲᠤᠮᠳᠠᠳᠤ ᠤᠯᠤᠰ ᠤᠨ ᠶᠠᠪᠤᠳᠠᠯ ᠢ | ᠰᠠᠶᠢᠳᠤᠷ ᠬᠢᠬᠦ ᠳᠤ ᠵᠠᠩᠬᠢᠯᠠᠭ᠎ᠠ ᠨᠢ ᠨᠠᠮ ᠳᠤ ᠪᠠᠶᠢᠨ᠎ᠠ᠂ ᠵᠠᠩᠬᠢᠯᠠᠭ᠎ᠠ ᠨᠢ ᠨᠠᠮ ᠨᠢ ᠨᠠᠮ ᠢᠶᠠᠨ ᠬᠠᠮᠢᠶᠠᠷᠴᠦ᠂ ᠨᠠᠮ ᠢ | ᠴᠢᠩᠭ᠎ᠠ ᠵᠠᠰᠠᠬᠤ ᠳᠤ ᠪᠠᠶᠢᠨ᠎ᠠ᠃ ᠨᠠᠮ ᠨᠢ ᠨᠠᠮ ᠢᠶᠠᠨ ᠬᠠᠮᠢᠶᠠᠷᠬᠤ ᠳᠤ ᠡᠷᠬᠡᠪᠰᠢ ᠨᠠᠮ ᠤᠨ ᠲᠤᠳᠤᠭᠠᠳᠤ ᠶᠢᠨ ᠤᠯᠤᠰ | ᠲᠦᠷᠦ ᠶᠢᠨ ᠠᠮᠢᠳᠤᠷᠠᠯ ᠠᠴᠠ ᠡᠬᠢᠯᠡᠨ ᠬᠠᠮᠢᠶᠠᠷᠬᠤ ᠬᠡᠷᠡᠭᠳᠡᠢ᠂ ᠨᠠᠮ ᠢ ᠴᠢᠩᠭ᠎ᠠ ᠵᠠᠰᠠᠬᠤ ᠳᠤ ᠡᠷᠬᠡᠪᠰᠢ ᠨᠠᠮ ᠤᠨ | ᠲᠤᠳᠤᠭᠠᠳᠤ ᠶᠢᠨ ᠤᠯᠤᠰ ᠲᠦᠷᠦ ᠶᠢᠨ ᠠᠮᠢᠳᠤᠷᠠᠯ ᠠᠴᠠ ᠡᠬᠢᠯᠡᠨ ᠴᠢᠩᠳᠠᠯᠠᠬᠤ ᠬᠡᠷᠡᠭᠳᠡᠢ᠃ ᠮᠠᠰᠢ ᠤᠯᠠᠨ ᠰᠢᠨ᠎ᠡ | ᠲᠡᠤᠬᠡ ᠶᠢᠨ ᠤᠨᠴᠠᠯᠢᠭ ᠲᠠᠢ ᠠᠭᠤᠤ ᠶᠡᠭᠡ ᠲᠡᠮᠡᠴᠡᠯ ᠢ ᠶᠠᠪᠤᠭᠤᠯᠵᠥ᠂ ᠨᠠᠮ ᠤᠨ ᠪᠠᠶᠢᠭᠤᠯᠤᠯᠳᠠ ᠶᠢᠨ ᠰᠢᠨ᠎ᠡ ᠠᠭᠤᠤ | ᠶᠡᠭᠡ ᠢᠨᠵᠧᠨᠧᠷᠢᠩ ᠢ ᠠᠬᠢᠭᠤᠯᠵᠥ᠂ ᠲᠤᠮᠳᠠᠳᠤ | ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠦᠢᠯᠡᠰ ᠢ ᠠᠬᠢᠭᠤᠯᠵᠥ᠂ ︽ᠲᠦᠷᠪᠡᠨ ᠶᠡᠭᠡ | ᠰᠢᠯᠭᠠᠯᠳᠡ︾ ᠶᠢ ᠲᠤᠭᠤᠯᠵᠥ᠂ ︽ᠲᠦᠷᠪᠡᠨ ᠵᠦᠢᠯ ᠤᠨ ᠠᠶᠤᠯ ᠲᠦᠭᠰᠢᠬᠦᠷᠢ︾ ᠶᠢ ᠢᠯᠠᠨ ᠲᠠᠪᠠᠭ᠋ᠤ ᠳᠤ ᠰᠢᠨ᠎ᠡ | ᠪᠠᠶᠢᠳᠠᠯ ᠲᠤᠤᠷᠠᠬᠢ ᠨᠠᠮ ᠤᠨ ᠲᠤᠳᠤᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ᠪᠠᠷᠢᠮᠵᠢᠶ᠎ᠠ ᠶᠢ ᠲᠤᠭᠳᠠᠭᠠᠬᠤ | ᠴᠢᠬᠤᠯᠠᠳᠠᠢ ᠪᠠᠶᠢᠨ᠎ᠠ ᠭᠡᠵᠦ ᠦᠵᠡᠪᠡ᠃ | ᠪᠦᠭᠦᠳᠡ ᠬᠤᠷᠠᠯ ᠠᠴᠠ᠂ ᠰᠢᠨ᠎ᠠ ᠪᠠᠶᠢᠳᠠᠯ ᠳᠤᠤᠷ᠎ᠠ ᠨᠠᠮ ᠤᠨ ᠳᠤᠳᠤᠭᠠᠳᠦ ᠶᠢᠨ ᠤᠯᠤᠰ ᠲᠦᠷᠦ ᠶᠢᠨ | ᠠᠮᠢᠳᠤᠷᠠᠯ ᠢ ᠴᠢᠩᠭᠠᠳᠬᠠᠨ ᠵᠢᠷᠤᠮᠵᠢᠭᠤᠯᠬᠤ ᠳᠤ ᠡᠷᠬᠡᠪᠰᠢ ᠨᠠᠮ ᠤᠨ ᠳᠦᠷᠢᠮ ᠢᠶᠠᠷ ᠦᠨᠳᠦᠰᠦᠨ ᠵᠢᠷᠤᠮᠯᠡᠯ | ᠪᠤᠯᠭᠠᠵᠤ᠂ ᠨᠠᠮ ᠤᠨ ᠤᠯᠤᠰ ᠲᠦᠷᠦ ᠶᠢᠨ ᠱᠤᠭᠤᠮ᠂ ᠦᠵᠡᠯ ᠰᠠᠨᠠᠭᠠᠨ ᠤ ᠱᠤᠭᠤᠮ᠂ ᠵᠤᠬᠢᠶᠠᠨ | ᠪᠠᠶᠢᠭᠤᠯᠤᠯᠲᠠ ᠶᠢᠨ ᠱᠤᠭᠤᠮ᠂ ᠤᠯᠠᠨ ᠲᠦᠮᠡᠨᠴᠢ ᠱᠤᠭᠤᠮ ᠢ ᠪᠠᠷᠢᠮᠲᠠᠯᠠᠵᠤ᠂ ᠨᠠᠮ ᠤᠨ ᠳᠤᠳᠤᠭᠠᠳᠦ ᠶᠢᠨ ᠤᠯᠤᠰ | ᠲᠦᠷᠦ ᠶᠢᠨ ᠠᠮᠢᠳᠤᠷᠠᠯ ᠤᠨ ᠤᠯᠤᠰ ᠲᠦᠷᠦᠴᠢ ᠴᠢᠨᠠᠷ᠂ ᠴᠠᠭ ᠦᠶᠡᠴᠢ ᠴᠢᠨᠠᠷ᠂ ᠵᠠᠷᠴᠢᠮᠳᠤ ᠴᠢᠨᠠᠷ᠂ ᠳᠠᠶᠢᠴᠢᠨ | ᠴᠢᠨᠠᠷ ᠢ ᠬᠦᠴᠦᠯᠡᠨ ᠴᠢᠩᠭᠠᠳᠬᠠᠵᠤ᠂ ᠨᠠᠮ ᠤᠨ ᠦᠪᠡᠷ ᠢ ᠪᠠᠨ ᠴᠡᠪᠡᠷᠰᠢᠭᠦᠯᠬᠦ᠂ ᠦᠪᠡᠷ ᠢ ᠪᠠᠨ ᠲᠡᠭᠦᠯᠳᠡᠷᠵᠢᠭᠦᠯᠬᠦ᠂ | ᠦᠪᠡᠷ ᠢ ᠪᠠᠨ ᠰᠢᠨᠡᠴᠢᠯᠡᠬᠦ᠂ ᠦᠪᠡᠷ ᠢ ᠪᠠᠨ ᠳᠡᠭᠡᠭᠰᠢᠯᠡᠭᠦᠯᠬᠦ ᠴᠢᠳᠠᠪᠤᠷᠢ ᠶᠢ ᠬᠦᠴᠦᠯᠡᠨ ᠴᠢᠩᠭᠠᠳᠬᠠᠵᠤ᠂ ᠨᠠᠮ ᠤᠨ | ᠤᠳᠤᠷᠢᠳᠬᠤ ᠲᠦᠪᠰᠢᠨ ᠪᠠ ᠲᠦᠷᠦ ᠪᠠᠷᠢᠬᠤ ᠲᠦᠪᠰᠢᠨ ᠢ ᠬᠦᠴᠦᠯᠡᠨ ᠳᠡᠭᠡᠭᠰᠢᠯᠡᠭᠦᠯᠵᠦ ᠢᠯᠵᠢᠷᠡᠬᠦ ᠶᠢ ᠲᠡᠪᠴᠢᠵᠤ | ᠴᠢᠨᠠᠷ ᠬᠤᠪᠢᠷᠠᠬᠤ ᠶᠢ ᠰᠡᠷᠭᠡᠶᠢᠯᠡᠬᠦ ᠪᠠ ᠠᠶᠤᠯ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠶᠢ ᠬᠦᠴᠦᠯᠡᠨ | ᠳᠡᠭᠡᠭᠰᠢᠯᠡᠭᠦᠯᠬᠦ ᠬᠡᠷᠡᠭᠳᠡᠢ᠂ ᠨᠠᠮ ᠤᠨ ᠲᠦᠪ ᠬᠤᠷᠢᠶ᠎ᠠ ᠶᠢᠨ ᠡᠷᠬᠡ ᠰᠦᠷ ᠢ ᠬᠠᠮᠠᠭᠠᠯᠠᠵᠤ᠂ ᠨᠠᠮ ᠤᠨ ᠪᠦᠯᠬᠦᠮᠳᠡᠯ | ᠨᠢᠭᠡᠳᠦᠯ ᠢ ᠪᠠᠲᠤᠳᠬᠠᠵᠤ᠂ ᠨᠠᠮ ᠤᠨ ᠲᠡᠷᠢᠭᠦᠨ ᠤ ᠴᠢᠨᠠᠷ ᠪᠠ ᠴᠡᠪᠡᠷ ᠴᠢᠨᠠᠷ ᠢ ᠪᠠᠷᠢᠮᠲᠠᠯᠠᠵᠤ᠂ ᠪᠦᠬᠦ ᠨᠠᠮ ᠤᠨ | ᠳᠤᠳᠤᠷ᠎ᠠ ᠲᠦᠪᠯᠡᠷᠡᠯ ᠲᠠᠢ ᠪᠦᠭᠡᠳ ᠠᠷᠠᠳᠴᠢᠯᠠᠯ ᠲᠠᠢ᠂ ᠰᠠᠬᠢᠯᠭ᠎ᠠ ᠪᠠᠲᠦ ᠲᠠᠢ ᠪᠦᠭᠡᠳ ᠡᠷᠬᠡ ᠴᠢᠯᠦᠭᠡᠲᠠᠢ᠂ | ᠨᠢᠭᠡᠳᠦᠯᠲᠠᠢ ᠵᠤᠷᠢᠭ ᠰᠠᠨᠠᠭ᠎ᠠ ᠲᠠᠢ ᠪᠦᠭᠡᠳ ᠬᠤᠪᠢ ᠬᠦᠮᠦᠨ ᠤ ᠰᠡᠳᠭᠢᠯᠭᠡ ᠠᠮᠢᠳᠤᠯᠢᠭ ᠴᠢᠯᠦᠭᠡᠲᠠᠢ ᠪᠠᠶᠢᠬᠤ | ᠤᠯᠤᠰ ᠲᠦᠷᠦ ᠶᠢᠨ ᠪᠠᠶᠢᠳᠠᠯ ᠢ ᠴᠢᠷᠮᠠᠶᠢᠨ ᠪᠦᠷᠢᠯᠳᠦᠭᠦᠯᠬᠦ ᠬᠡᠷᠡᠭᠳᠡᠢ ᠭᠡᠵᠤ ᠴᠢᠬᠤᠯᠠᠴᠢᠯᠠᠵᠠᠢ᠃ | ᠪᠦᠭᠦᠳᠡ ᠬᠤᠷᠠᠯ ᠠᠴᠠ᠂ ᠰᠢᠨ᠎ᠠ ᠪᠠᠶᠢᠳᠠᠯ ᠳᠤᠤᠷ᠎ᠠ ᠨᠠᠮ ᠤᠨ ᠳᠤᠳᠤᠭᠠᠳᠦ ᠶᠢᠨ ᠤᠯᠤᠰ ᠲᠦᠷᠦ ᠶᠢᠨ | ᠠᠮᠢᠳᠤᠷᠠᠯ ᠢ ᠴᠢᠩᠭᠠᠳᠬᠠᠨ ᠵᠢᠷᠤᠮᠵᠢᠭᠤᠯᠬᠤ ᠳᠤ ᠭᠤᠤᠯᠳᠠᠯᠭ᠎ᠠ ᠨᠢ ᠡᠯ᠎ᠠ ᠱᠠᠳᠤᠨ ᠤ ᠤᠳᠤᠷᠢᠳᠬᠤ ᠪᠠᠶᠢᠭᠤᠯᠤᠯᠭ᠎ᠠ | ᠪᠠ ᠤᠳᠤᠷᠢᠳᠬᠤ ᠺᠠᠳ᠋ᠷ ᠲᠤ ᠪᠠᠶᠢᠨ᠎ᠠ᠂ ᠵᠠᠩᠭᠢᠯᠠᠭ᠎ᠠ ᠨᠢ ᠳᠡᠭᠡᠳᠦ ᠳᠡᠰ ᠤᠨ ᠺᠠᠳ᠋ᠷ᠂ ᠢᠯᠠᠩᠭᠤᠶ᠎ᠠ ᠨᠠᠮ ᠤᠨ ᠲᠦᠪ | ᠬᠤᠷᠢᠶ᠎ᠠ᠂ ᠨᠠᠮ ᠤᠨ ᠲᠦᠪ ᠬᠤᠷᠢᠶ᠎ᠠ ᠶᠢᠨ ᠤᠯᠤᠰ ᠲᠦᠷᠦ ᠶᠢᠨ ᠲᠤᠪᠴᠢᠶ᠎ᠠ᠂ ᠨᠠᠮ ᠤᠨ ᠲᠦᠪ ᠬᠤᠷᠢᠶ᠎ᠠ ᠶᠢᠨ | ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠪᠦᠷᠢᠯᠳᠦᠭᠦᠨ ᠳᠤ ᠪᠠᠶᠢᠨ᠎ᠠ᠃ ᠳᠡᠭᠡᠳᠦ ᠳᠡᠰ | ᠤᠨ ᠺᠠᠳ᠋ᠷ᠂ ᠢᠯᠠᠩᠭᠤᠶ᠎ᠠ ᠲᠦᠪ ᠤᠨ ᠤᠳᠤᠷᠢᠳᠬᠤ ᠲᠠᠪᠬᠤᠷᠭ᠎ᠠ ᠶᠢᠨ ᠪᠦᠷᠢᠯᠳᠦᠭᠦᠨ ᠡᠷᠬᠡᠪᠰᠢ ᠦᠪᠡᠷ ᠤᠨ | ᠪᠡᠶ᠎ᠠ ᠪᠠᠷ ᠢᠶᠠᠨ ᠳᠠᠭᠤᠷᠢᠶᠠᠯ ᠪᠤᠯᠵᠤ᠂ ᠨᠠᠮ ᠤᠨ ᠳᠦᠷᠢᠮ ᠨᠠᠮ ᠤᠨ ᠲᠤᠭᠳᠠᠭᠠᠯ ᠢ ᠰᠠᠬᠢᠬᠤ ᠲᠠᠯ᠎ᠠ ᠪᠠᠷ ᠵᠢᠱᠢᠶ᠎ᠠ | ᠦᠵᠡᠭᠦᠯᠵᠤ᠂ ᠨᠠᠮ ᠤᠨ ᠤᠯᠤᠰ ᠲᠦᠷᠦ ᠶᠢᠨ ᠰᠠᠬᠢᠯᠭ᠎ᠠ ᠪᠠᠲᠦ ᠪᠠ ᠤᠯᠤᠰ ᠲᠦᠷᠦ ᠶᠢᠨ ᠶᠤᠰᠤ ᠳᠦᠷᠢᠮ ᠢ | ᠴᠢᠩᠭ᠎ᠠ ᠰᠠᠬᠢᠵᠤ᠂ ᠤᠭ ᠰᠠᠨᠠᠭ᠎ᠠ ᠪᠠᠨ ᠦᠯᠦ ᠮᠠᠷᠲᠠᠵᠤ ᠦᠷᠭᠦᠯᠵᠢᠯᠡᠨ ᠤᠷᠤᠭᠰᠢᠯᠠᠬᠤ ᠶᠢ ᠪᠠᠷᠢᠮᠲᠠᠯᠠᠵᠤ᠂ | ᠲᠦᠷᠦᠭᠦᠯᠡᠨ ᠵᠢᠱᠢᠶ᠎ᠠ ᠦᠵᠡᠭᠦᠯᠵᠤ᠂ ᠳᠡᠭᠡᠳᠤ ᠱᠠᠳᠤ ᠨᠢ ᠳᠤᠤᠷᠠᠳᠤ ᠱᠠᠳᠤ ᠪᠠᠨ ᠳᠠᠶᠢᠴᠢᠯᠠᠵᠤ᠂ ᠪᠦᠬᠦ ᠨᠠᠮ ᠪᠦᠬᠦ | ᠨᠡᠶᠢᠭᠡᠮ ᠳᠤ ᠦᠯᠢᠬᠡᠷ ᠵᠢᠱᠢᠶ᠎ᠡ ᠪᠤᠯᠬᠤ ᠬᠡᠷᠡᠭᠲᠡᠢ ᠭᠡᠵᠤ ᠴᠢᠬᠤᠯᠠᠴᠢᠯᠠᠵᠠᠢ᠃ | ᠪᠦᠭᠦᠳᠡ ᠬᠤᠷᠠᠯ ᠠᠴᠠ᠂ ᠡᠪ ᠬᠠᠮᠲᠦ ᠶᠤᠰᠤᠨ ᠤ ᠠᠯᠤᠰ ᠤᠨ ᠬᠦᠰᠡᠯᠡᠩ ᠪᠤᠯᠤᠨ ᠳᠤᠮᠳᠠᠳᠤ ᠤᠯᠤᠰ ᠤᠨ | ᠤᠨᠴᠠᠯᠢᠭ ᠲᠠᠢ ᠨᠡᠶᠢᠭᠡᠮ ᠵᠢᠷᠤᠮ ᠤᠨ ᠬᠠᠮᠲᠦ ᠶᠢᠨ ᠬᠦᠰᠡᠯᠡᠩ ᠪᠤᠯ ᠳᠤᠮᠳᠠᠳᠤ ᠤᠯᠤᠰ ᠤᠨ ᠡᠪ ᠬᠠᠮᠲᠦᠴᠤᠳ ᠤᠨ | ᠵᠤᠷᠢᠭ ᠰᠠᠨᠠᠭᠠᠨ ᠤ ᠲᠤᠯᠭᠠᠭᠤᠷᠢ ᠪᠠ ᠤᠯᠤᠰ ᠲᠦᠷᠦ ᠶᠢᠨ ᠰᠦᠭ ᠰᠦᠨᠡᠰᠦ ᠪᠤᠯᠬᠤ ᠪᠦᠭᠡᠳ ᠨᠠᠮ ᠤᠨ ᠪᠦᠯᠬᠦᠮᠳᠡᠯ | ᠨᠢᠭᠡᠳᠦᠯ ᠢ ᠪᠠᠷᠢᠮᠲᠠᠯᠠᠬᠤ ᠦᠵᠡᠯ ᠰᠠᠨᠠᠭᠠᠨ ᠤ ᠰᠠᠭᠤᠷᠢ ᠪᠤᠯᠤᠨ᠎ᠠ᠃ ᠡᠷᠬᠡᠪᠰᠢ ᠬᠦᠰᠡᠯᠡᠩ ᠢᠳᠡᠭᠡᠯ ᠪᠢᠰᠢᠷᠡᠯ ᠢᠶᠠᠨ | ᠪᠠᠲᠤᠳᠬᠠᠬᠤ ᠪᠠᠷ ᠨᠠᠮ ᠤᠨ ᠳᠤᠳᠤᠭᠠᠳᠦ ᠶᠢᠨ ᠤᠯᠤᠰ ᠲᠦᠷᠦ ᠶᠢᠨ ᠠᠮᠢᠳᠤᠷᠠᠯ ᠢ ᠦᠷᠨᠢᠭᠦᠯᠬᠦ ᠶᠢᠨ ᠲᠡᠷᠢᠭᠦᠨ | ᠴᠢᠬᠤᠯᠠ ᠡᠭᠦᠷᠭᠡ ᠪᠠᠨ ᠪᠤᠯᠭᠠᠬᠤ ᠬᠡᠷᠡᠭᠲᠡᠢ᠃ ᠪᠦᠬᠦ ᠨᠠᠮ ᠤᠨ ᠨᠦᠭᠦᠳ ᠡᠷᠬᠡᠪᠰᠢ ᠮᠠᠷᠺᠰ ᠤᠨ ᠦᠵᠡᠯ ᠤᠨ ᠲᠤᠬᠠᠢ | ᠢᠲᠡᠭᠡᠯ᠂ ᠨᠡᠶᠢᠭᠡᠮ ᠵᠢᠷᠤᠮ ᠪᠠ ᠡᠪ ᠬᠠᠮᠲᠦ ᠶᠤᠰᠤᠨ ᠤ ᠲᠤᠬᠠᠢ ᠢᠲᠡᠭᠡᠯ ᠢᠶᠠᠷ ᠨᠠᠰᠤᠨ ᠤ ᠬᠦᠭᠡᠭᠡᠴᠡᠯᠳᠦᠯ ᠢᠶᠠᠨ | ᠪᠤᠯᠭᠠᠵᠤ᠂ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠵᠠᠮ ᠤᠨ ᠢᠲᠡᠭᠡᠯ᠂ ᠤᠨᠤᠯ ᠤᠨ | ᠢᠲᠡᠭᠡᠯ᠂ ᠲᠦᠷᠢᠮ ᠤᠨ ᠢᠲᠡᠭᠡᠯ᠂ ᠰᠤᠶᠤᠯ ᠤᠨ ᠢᠲᠡᠭᠡᠯ ᠢᠶᠠᠨ ᠪᠠᠲᠤᠳᠬᠠᠬᠤ ᠬᠡᠷᠡᠭᠲᠡᠢ᠃ ᠤᠳᠤᠷᠢᠳᠬᠤ ᠺᠠᠳ᠋ᠷ᠂ | ᠢᠯᠠᠩᠭᠤᠶ᠎ᠠ ᠳᠡᠭᠡᠳᠦ ᠳᠡᠰ ᠤᠨ ᠤᠳᠤᠷᠢᠳᠬᠤ ᠺᠠᠳ᠋ᠷ ᠪᠤᠳᠠᠳᠦ ᠠᠵᠢᠯᠯᠠᠭ᠎ᠠ ᠪᠠᠷ ᠢᠶᠠᠨ ᠨᠠᠮ ᠤᠨ ᠭᠡᠰᠢᠭᠦᠨ ᠪᠠ ᠤᠯᠠᠨ | ᠲᠦᠮᠡᠨ ᠳᠤ ᠬᠦᠰᠡᠯᠡᠩ ᠢᠳᠡᠭᠡᠯ ᠪᠢᠰᠢᠷᠡᠯ ᠤᠨ ᠠᠤᠭ᠎ᠠ ᠬᠦᠴᠦᠨ ᠢ ᠮᠡᠳᠡᠭᠦᠯᠬᠦ ᠬᠡᠷᠡᠭᠲᠡᠢ᠃ ᠪᠦᠬᠦ ᠨᠠᠮ ᠤᠨ ᠬᠢᠨ | ᠡᠷᠬᠡᠪᠰᠢ ᠮᠠᠷᠺᠰ ᠤᠨ ᠦᠵᠡᠯ ᠤᠨ ᠵᠢᠯᠤᠭᠤᠳᠬᠤ ᠦᠵᠡᠯ ᠰᠠᠨᠠᠭ᠎ᠠ ᠶᠢ ᠭᠤᠶᠢᠪᠢᠰᠢ ᠦᠭᠡᠢ ᠪᠠᠷᠢᠮᠲᠠᠯᠠᠵᠤ᠂ ᠨᠠᠮ ᠤᠨ | ᠡᠯ᠎ᠠ ᠱᠠᠳᠤᠨ ᠤ ᠵᠤᠬᠢᠶᠠᠨ ᠪᠠᠶᠢᠭᠤᠯᠤᠯᠲᠠ ᠡᠷᠬᠡᠪᠰᠢ ᠤᠨᠤᠯ ᠢᠶᠠᠷ ᠵᠡᠪᠰᠡᠭᠯᠡᠬᠦ ᠶᠢ ᠰᠢᠨᠳᠡᠷᠡᠰᠢ ᠦᠭᠡᠢ ᠰᠠᠶᠢᠲᠤᠷ | ᠠᠳᠬᠤᠵᠤ᠂ ᠦᠷᠭᠡᠨ ᠤᠯᠠᠨ ᠨᠠᠮ ᠤᠨ ᠭᠡᠰᠢᠭᠦᠨ᠂ ᠺᠠᠳ᠋ᠷ᠂ ᠢᠯᠠᠩᠭᠤᠶ᠎ᠠ ᠳᠡᠭᠡᠳᠦ ᠳᠡᠰ ᠤᠨ ᠺᠠᠳ᠋ᠷ ᠡᠷᠬᠡᠪᠰᠢ | ᠤᠬᠠᠮᠰᠠᠷ ᠠᠴᠠ ᠪᠠᠨ ᠰᠠᠶᠢᠲᠤᠷ ᠰᠤᠷᠤᠯᠴᠠᠵᠤ᠂ ᠨᠠᠮᠴᠢ ᠴᠢᠨᠠᠷ ᠤᠨ ᠪᠤᠯᠪᠠᠰᠤᠷᠠᠯ ᠢᠶᠠᠨ ᠳᠡᠭᠡᠭᠰᠢᠯᠡᠭᠦᠯᠬᠦ ᠬᠡᠷᠡᠭᠲᠡᠢ | ᠭᠡᠵᠤ ᠳᠤᠷᠠᠳᠴᠠᠢ᠃ | ᠪᠦᠬᠦᠳᠠ ᠬᠤᠷᠠᠯ ᠠᠴᠠ᠂ ᠨᠠᠮ ᠤᠨ ᠨᠡᠶᠢᠭᠡᠮ ᠵᠢᠷᠤᠮ ᠤᠨ ᠠᠩᠬᠠᠨ ᠤ ᠱᠠᠲᠤᠨ ᠳᠠᠬᠢ ᠦᠨᠳᠦᠰᠦᠨ ᠱᠤᠭᠤᠮ | ᠪᠤᠯ ᠨᠠᠮ ᠪᠤᠯᠤᠨ ᠤᠯᠤᠰ ᠤᠨ ᠠᠮᠢ ᠨᠠᠰᠤᠨ ᠤ ᠱᠤᠭᠤᠮ᠂ ᠠᠷᠠᠳ ᠲᠦᠮᠡᠨ ᠤ ᠵᠤᠯ ᠵᠢᠷᠭᠠᠯ ᠤᠨ ᠱᠤᠭᠤᠮ ᠮᠦᠨ᠂ | ᠪᠠᠰᠠᠴᠦ ᠨᠠᠮ ᠤᠨ ᠳᠤᠳᠤᠭᠠᠳᠤᠬᠢ ᠤᠯᠤᠰ ᠲᠦᠷᠦ ᠶᠢᠨ ᠠᠮᠢᠳᠤᠷᠠᠯ ᠢ ᠬᠡᠪ ᠢᠶᠠᠷ ᠦᠷᠨᠢᠬᠦᠯᠬᠦ ᠦᠨᠳᠦᠰᠦᠨ | ᠪᠠᠳᠤᠯᠠᠭ᠎ᠠ ᠮᠦᠨ᠃ ᠨᠠᠮ ᠤᠨ ᠦᠨᠳᠦᠰᠦᠨ ᠱᠤᠭᠤᠮ ᠢ ᠡᠷᠭᠡᠪᠰᠢ ᠪᠦᠬᠦ ᠲᠠᠯ᠎ᠠ ᠪᠠᠷ ᠲᠤᠤᠱᠯᠠᠭᠤᠯᠤᠨ | ᠭᠡᠷᠡᠭᠵᠢᠬᠦᠯᠵᠦ᠂ ᠠᠵᠤ ᠠᠬᠤᠢ ᠶᠢᠨ ᠪᠦᠳᠦᠭᠡᠨ ᠪᠠᠶᠢᠭᠤᠯᠤᠯᠳᠠ ᠪᠠᠷ ᠭᠤᠤᠯ ᠪᠤᠯᠭᠠᠬᠤ ᠶᠢ ᠲᠦᠷᠪᠡᠨ ᠦᠨᠳᠦᠰᠦᠨ | ᠵᠠᠷᠴᠢᠮ ᠢ ᠪᠠᠷᠢᠮᠳᠠᠯᠠᠬᠤ᠂ ᠦᠭᠡᠷᠡᠴᠢᠯᠡᠯᠳᠠ ᠨᠡᠭᠡᠭᠡᠯᠳᠠ ᠬᠢᠬᠦ ᠬᠤᠶᠠᠷ ᠦᠨᠳᠦᠰᠦᠨ ᠵᠦᠢᠯ ᠢ ᠪᠠᠷᠢᠮᠳᠠᠯᠠᠬᠤ ᠲᠠᠢ | ᠬᠠᠮᠳᠤ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠦᠢᠯᠡᠳᠦᠯᠭᠡ ᠲᠠᠢ ᠨᠢᠭᠡᠳᠭᠡᠬᠦ | ᠬᠡᠷᠡᠭᠳᠠᠢ᠂ ᠬᠡᠵᠢᠶ᠎ᠡ ᠴᠤ ᠭᠡᠰᠡᠨ ᠭᠡᠯᠪᠠᠶᠢᠬᠦ ᠪᠤᠶᠤ ᠭᠤᠶᠢᠪᠢᠯᠵᠡᠵᠦ ᠤᠭᠳᠤ ᠪᠤᠯᠬᠤ ᠦᠭᠡᠢ᠃ ᠪᠦᠬᠦ ᠨᠠᠮ ᠢᠶᠠᠷ ᠢᠶᠠᠨ | ᠠᠩᠬᠠᠷᠤᠯ ᠢᠶᠠᠨ ᠲᠦᠪᠯᠡᠷᠡᠬᠦᠯᠵᠦ ᠬᠦᠭᠵᠢᠯᠳᠠ ᠭᠡᠬᠦ ᠡᠨᠡᠬᠦ ᠨᠠᠮ ᠤᠨ ᠲᠦᠷᠦ ᠪᠠᠷᠢᠵᠦ ᠤᠯᠤᠰ ᠢ ᠮᠠᠨᠳᠤᠭᠤᠯᠬᠤ | ᠲᠡᠷᠢᠬᠦᠨ ᠴᠢᠬᠤᠯᠠ ᠡᠬᠦᠷᠭᠡ ᠶᠢ ᠡᠷᠭᠡᠪᠰᠢ ᠰᠠᠶᠢᠳᠤᠷ ᠠᠳᠬᠤᠬᠤ ᠭᠡᠷᠡᠭᠲᠡᠢ᠃ ᠲᠦᠷᠪᠡᠨ ᠦᠨᠳᠦᠰᠦᠨ ᠵᠠᠷᠴᠢᠮ ᠢ | ᠪᠠᠷᠢᠮᠳᠠᠯᠠᠬᠤ ᠳᠤ᠂ ᠦᠨᠳᠦᠰᠤᠨ ᠵᠦᠢᠯ ᠨᠢ ᠨᠠᠮ ᠤᠨ ᠤᠳᠤᠷᠢᠳᠤᠯᠭ᠎ᠠ ᠶᠢ ᠪᠠᠷᠢᠮᠳᠠᠯᠠᠵᠦ᠂ ᠳᠤᠮᠳᠠᠳᠤ ᠤᠯᠤᠰ ᠤᠨ | ᠤᠨᠴᠠᠯᠢᠭ ᠲᠠᠢ ᠨᠡᠶᠢᠭᠡᠮ ᠵᠢᠷᠤᠮ ᠤᠨ ᠵᠠᠮ᠂ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠤᠨᠤᠯ | ᠤᠨ ᠰᠢᠰᠲ᠋ᠧᠮ᠂ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ᠂ ᠳᠤᠮᠳᠠᠳᠤ ᠤᠯᠤᠰ | ᠤᠨ ᠤᠨᠴᠠᠯᠢᠭ ᠲᠠᠢ ᠨᠡᠶᠢᠭᠡᠮ ᠵᠢᠷᠤᠮ ᠤᠨ ᠰᠤᠶᠤᠯ ᠢ ᠪᠠᠷᠢᠮᠳᠠᠯᠠᠬᠤ ᠳᠤ ᠪᠤᠢ᠃ ᠡᠷᠭᠡᠪᠰᠢ ᠤᠨᠤᠯ ᠤᠨ ᠰᠢᠨ᠎ᠠ ᠶᠢ | ᠡᠬᠦᠳᠬᠦ᠂ ᠦᠢᠯᠡᠳᠦᠯᠭᠡ ᠶᠢᠨ ᠰᠢᠨ᠎ᠠ ᠶᠢ ᠡᠬᠦᠳᠬᠦ᠂ ᠲᠦᠷᠢᠮ ᠤᠨ ᠰᠢᠨ᠎ᠠ ᠶᠢ ᠡᠬᠦᠳᠬᠦ᠂ ᠰᠤᠶᠤᠯ ᠤᠨ ᠰᠢᠨ᠎ᠠ ᠶᠢ | ᠡᠬᠦᠳᠬᠦ ᠵᠢᠴᠢ ᠪᠤᠰᠤᠳ ᠡᠯ᠎ᠠ ᠲᠠᠯ᠎ᠠ ᠶᠢᠨ ᠰᠢᠨ᠎ᠠ ᠶᠢ ᠡᠬᠦᠳᠬᠦ ᠶᠢ ᠵᠤᠷᠢᠭᠳᠠᠢ ᠠᠬᠢᠭᠤᠯᠵᠦ᠂ ᠭᠠᠳᠠᠬᠰᠢ ᠨᠡᠭᠡᠭᠡᠯᠳᠠ | ᠬᠢᠬᠦ ᠦᠨᠳᠦᠰᠤᠨ ᠤᠯᠤᠰ ᠤᠨ ᠪᠤᠳᠤᠯᠭ᠎ᠠ ᠶᠢ ᠡᠷᠡᠰ ᠭᠤᠶᠢᠪᠢᠰᠢ ᠦᠭᠡᠢ ᠭᠡᠷᠡᠭᠵᠢᠬᠦᠯᠬᠦ ᠭᠡᠷᠡᠭᠲᠡᠢ᠃ ᠨᠠᠮ ᠤᠨ | ᠦᠵᠡᠯ ᠰᠠᠨᠠᠭ᠎ᠠ ᠱᠤᠭᠤᠮ ᠢ ᠪᠠᠷᠢᠮᠳᠠᠯᠠᠬᠤ ᠶᠢ ᠨᠠᠮ ᠤᠨ ᠦᠨᠳᠦᠰᠦᠨ ᠱᠤᠭᠤᠮ ᠢ ᠭᠡᠷᠡᠭᠵᠢᠬᠦᠯᠬᠦ ᠪᠦᠬᠦ ᠶᠠᠪᠤᠴᠠ ᠳᠤ | ᠲᠤᠤᠱᠯᠠᠭᠤᠯᠵᠤ᠂ ᠦᠢᠯᠡᠳᠦᠯᠭᠡ ᠶᠢᠨ ᠳᠤᠮᠳᠠ ᠦᠨᠡᠨ ᠶᠤᠰᠤ ᠪᠠ ᠬᠦᠭᠵᠢᠯᠳᠠ ᠶᠢᠨ ᠦᠨᠡᠨ ᠶᠤᠰᠤ ᠶᠢ ᠰᠢᠯᠭᠠᠵᠦ᠂ | ᠮᠠᠷᠺᠰ ᠤᠨ ᠦᠵᠡᠯ ᠤᠨ ᠳᠤᠮᠳᠠᠳᠤ ᠤᠯᠤᠰᠴᠢᠯᠠᠬᠤ ᠶᠢ ᠳᠠᠰᠤᠷᠠᠯᠳᠠ ᠦᠭᠡᠢ ᠠᠬᠢᠭᠤᠯᠬᠤ ᠭᠡᠷᠡᠭᠲᠡᠢ᠃ ᠺᠠᠳ᠋ᠷ᠂ | ᠢᠯᠠᠩᠭᠤᠶ᠎ᠠ ᠳᠡᠭᠡᠳᠦ ᠲᠡᠰ ᠤᠨ ᠺᠠᠳ᠋ᠷ ᠢ ᠰᠢᠯᠭᠠᠨ ᠲᠠᠨᠢᠬᠤ ᠳᠤ ᠡᠷᠭᠡᠪᠰᠢ ᠡᠩ ᠲᠡᠷᠢᠬᠦᠨ ᠳᠤ ᠨᠠᠮ ᠤᠨ ᠦᠨᠳᠦᠰᠦᠨ | ᠱᠤᠭᠤᠮ ᠢ ᠡᠷᠡᠰ ᠭᠤᠶᠢᠪᠢᠰᠢ ᠦᠭᠡᠢ ᠲᠤᠤᠱᠯᠠᠭᠤᠯᠤᠭᠰᠠᠨ ᠡᠰᠡᠬᠦ ᠶᠢ ᠦᠵᠡᠬᠦ ᠭᠡᠷᠡᠭᠲᠡᠢ᠃ ᠨᠠᠮ ᠤᠨ ᠭᠡᠰᠢᠬᠦᠨ᠂ | ᠺᠠᠳ᠋ᠷ᠂ ᠢᠯᠠᠩᠭᠤᠶ᠎ᠠ ᠳᠡᠭᠡᠳᠦ ᠲᠡᠰ ᠤᠨ ᠺᠠᠳ᠋ᠷ ᠵᠦᠪ ᠪᠤᠷᠤᠭᠤ ᠶᠢᠨ ᠡᠮᠦᠨ᠎ᠠ ᠤᠪᠤᠷ ᠨᠠᠵᠠᠭᠠᠢ ᠪᠠᠶᠢᠵᠦ ᠪᠤᠯᠬᠤ | ᠦᠭᠡᠢ᠂ ᠦᠨᠳᠦᠰᠦᠨ ᠤᠯᠤᠰ ᠲᠦᠷᠦ ᠶᠢᠨ ᠵᠤᠭᠰᠤᠯᠳᠠ ᠪᠠᠨ ᠭᠤᠶᠢᠪᠢᠯᠵᠠᠭᠤᠯᠵᠦ ᠪᠤᠯᠬᠤ ᠦᠭᠡᠢ᠂ ᠪᠤᠷᠤᠭᠤ | ᠶᠠᠷᠢᠶ᠎ᠠ ᠭᠡᠯᠡᠯᠴᠡᠭᠡᠨ ᠳᠤ ᠡᠵᠡᠮᠳᠡᠭᠳᠡᠵᠤ ᠪᠤᠯᠬᠤ ᠦᠭᠡᠢ ᠭᠡᠵᠦ ᠳᠤᠷᠠᠳᠪᠠ᠃ | ᠪᠦᠬᠦᠳᠠ ᠬᠤᠷᠠᠯ ᠠᠴᠠ᠂ ᠨᠠᠮ ᠤᠨ ᠲᠦᠪ ᠬᠤᠷᠢᠶ᠎ᠠ ᠶᠢᠨ ᠡᠷᠭᠡ ᠰᠦᠷ ᠢ ᠡᠷᠡᠰ ᠬᠠᠮᠠᠭᠠᠯᠠᠵᠦ᠂ ᠪᠦᠬᠦ ᠨᠠᠮ | ᠤᠨ ᠵᠠᠷᠯᠢᠭ ᠴᠠᠭᠠᠵᠠ ᠶᠢ ᠳᠠᠭᠠᠬᠤ ᠶᠢ ᠪᠠᠳᠤᠯᠠᠬᠤ ᠪᠤᠯ ᠨᠠᠮ ᠪᠤᠯᠤᠨ ᠤᠯᠤᠰ ᠤᠨ ᠠᠯᠤᠰ ᠢᠷᠡᠭᠡᠳᠦᠢ ᠶᠢᠨ ᠬᠤᠪᠢ | ᠵᠠᠶᠠᠭᠠᠨ ᠳᠤ ᠬᠤᠯᠪᠤᠭᠳᠠᠵᠦ᠂ ᠪᠦᠬᠦ ᠤᠯᠤᠰ ᠤᠨ ᠦᠨᠳᠦᠰᠦᠳᠡᠨ ᠨᠦᠭᠦᠳ ᠤᠨ ᠠᠷᠠᠳ ᠲᠦᠮᠡᠨ ᠤ ᠦᠨᠳᠤᠰᠦᠨ | ᠠᠰᠢᠭ ᠲᠤᠰᠠ ᠳᠤ ᠬᠤᠯᠪᠤᠭᠳᠠᠨ᠎ᠠ᠂ ᠲᠡᠷᠡᠴᠢᠯᠡᠨ ᠨᠠᠮ ᠤᠨ ᠳᠤᠳᠤᠭᠠᠳᠤᠬᠢ ᠤᠯᠤᠰ ᠲᠦᠷᠦ ᠶᠢᠨ ᠠᠮᠢᠳᠤᠷᠠᠯ ᠢ | ᠴᠢᠩᠭᠠᠳᠬᠠᠵᠤ ᠵᠢᠷᠤᠮᠵᠢᠭᠤᠯᠬᠤ ᠴᠢᠬᠤᠯᠠ ᠬᠠᠷᠠᠯᠳᠠ ᠮᠦᠨ᠃ ᠨᠠᠮ ᠤᠨ ᠤᠳᠤᠷᠢᠳᠤᠯᠭ᠎ᠠ ᠶᠢ ᠪᠠᠷᠢᠮᠳᠠᠯᠠᠬᠤ ᠳᠤ᠂ | ᠡᠩ ᠲᠡᠷᠢᠬᠦᠨ ᠳᠤ ᠨᠠᠮ ᠤᠨ ᠲᠦᠪ ᠬᠤᠷᠢᠶ᠎ᠠ ᠶᠢᠨ ᠲᠦᠪᠯᠡᠷᠡᠩᠬᠦᠢ ᠨᠢᠭᠡᠳᠦᠯᠳᠠᠢ ᠤᠳᠤᠷᠢᠳᠤᠯᠭ᠎ᠠ ᠶᠢ ᠪᠠᠷᠢᠮᠳᠠᠯᠠᠬᠤ | ᠭᠡᠷᠡᠭᠲᠡᠢ᠂ ᠨᠢᠭᠡ ᠤᠯᠤᠰ᠂ ᠨᠢᠭᠡ ᠲᠦᠷᠦ ᠶᠢᠨ ᠨᠠᠮ ᠳᠤ ᠠᠪᠴᠦ ᠭᠡᠯᠡᠪᠡᠯ᠂ ᠤᠳᠤᠷᠢᠳᠬᠤ ᠭᠤᠤᠯᠯᠠᠭᠴᠢ ᠪᠤᠯ ᠮᠠᠰᠢ | ᠴᠢᠬᠤᠯᠠ ᠪᠠᠶᠢᠭ᠎ᠠ ᠶᠤᠮ᠃ ᠪᠦᠬᠦ ᠨᠠᠮ ᠢᠶᠠᠷ ᠢᠶᠠᠨ ᠡᠷᠭᠡᠪᠰᠢ ᠦᠵᠡᠯ ᠰᠠᠨᠠᠭ᠎ᠠ ᠤᠯᠤᠰ ᠲᠦᠷᠦ ᠦᠢᠯᠡ | ᠠᠵᠢᠯᠯᠠᠭ᠎ᠠ ᠶᠢᠨ ᠲᠠᠯ᠎ᠠ ᠪᠠᠷ ᠰᠠᠨᠠᠭᠠᠴᠢᠯᠠᠭ᠎ᠠ ᠠᠴᠠ ᠪᠠᠨ ᠨᠠᠮ ᠤᠨ ᠲᠦᠪ ᠬᠤᠷᠢᠶ᠎ᠠ ᠲᠠᠢ ᠳᠡᠭᠡᠳᠦ ᠭᠡᠮᠵᠢᠶ᠎ᠠ ᠪᠠᠷ | ᠨᠢᠭᠡᠳᠦᠯᠳᠠᠢ ᠪᠠᠶᠢᠬᠤ ᠭᠡᠷᠡᠭᠲᠡᠢ᠃ ᠨᠠᠮ ᠤᠨ ᠡᠯ᠎ᠠ ᠱᠠᠳᠤᠨ ᠤ ᠵᠤᠬᠢᠶᠠᠨ ᠪᠠᠶᠢᠭᠤᠯᠤᠯᠳᠠ᠂ ᠪᠦᠬᠦ ᠨᠠᠮ ᠤᠨ ᠭᠡᠰᠢᠬᠦᠨ | ᠢᠯᠡᠩᠭᠤᠶ᠎ᠠ ᠳᠡᠭᠡᠳᠦ ᠲᠡᠰ ᠤᠨ ᠺᠠᠳ᠋ᠷ ᠴᠦᠮ ᠨᠠᠮ ᠤᠨ ᠲᠦᠪ ᠬᠤᠷᠢᠶ᠎ᠠ ᠲᠠᠢ ᠨᠢᠭᠡᠳᠦᠯᠳᠠᠢ ᠪᠠᠶᠢᠬᠤ ᠬᠡᠷᠡᠭᠳᠠᠢ᠂ ᠨᠠᠮ | ᠤᠨ ᠤᠨᠤᠯ ᠪᠠ ᠱᠤᠭᠤᠮ ᠴᠢᠭᠯᠡᠯᠳᠠ ᠲᠦᠷᠦ ᠶᠢᠨ ᠪᠤᠳᠤᠯᠭ᠎ᠠ ᠲᠠᠢ ᠨᠢᠭᠡᠳᠦᠯᠳᠠᠢ ᠪᠠᠶᠢᠬᠤ ᠬᠡᠷᠡᠭᠳᠠᠢ᠂ ᠨᠠᠮ ᠤᠨ | ᠲᠦᠪ ᠬᠤᠷᠢᠶ᠎ᠠ ᠶᠢᠨ ᠰᠢᠢᠳᠪᠤᠷᠢᠳᠦ ᠪᠤᠳᠤᠯᠭ᠎ᠠ ᠪᠠᠶᠢᠷᠢᠯᠠᠭᠤᠯᠤᠯᠳᠠ ᠲᠠᠢ ᠨᠢᠭᠡᠳᠦᠯᠳᠠᠢ ᠪᠠᠶᠢᠬᠤ ᠬᠡᠷᠡᠭᠳᠠᠢ᠂ ᠨᠠᠮ ᠤᠨ | ᠲᠦᠪ ᠬᠤᠷᠢᠶ᠎ᠠ ᠶᠢᠨ ᠰᠠᠨᠠᠭᠠᠴᠢᠯᠠᠭ᠎ᠠ ᠶᠢ ᠡᠷᠡᠰ ᠴᠤᠤᠷᠢᠶᠠᠳᠤᠨ ᠳᠠᠭᠠᠵᠦ᠂ ᠨᠠᠮ ᠤᠨ ᠲᠦᠪ ᠬᠤᠷᠢᠶ᠎ᠠ ᠶᠢᠨ | ᠳᠤᠭᠳᠠᠭᠠᠯ ᠢ ᠡᠷᠡᠰ ᠭᠡᠷᠡᠭᠵᠢᠬᠦᠯᠵᠦ᠂ ᠨᠠᠮ ᠤᠨ ᠲᠦᠪ ᠬᠤᠷᠢᠶ᠎ᠠ ᠶᠢᠨ ᠴᠠᠭᠠᠵᠠᠯᠠᠬᠠᠰᠠᠨ ᠵᠦᠢᠯ ᠢ ᠤᠭᠳᠤ ᠬᠢᠬᠦ | ᠦᠭᠡᠢ ᠪᠠᠶᠢᠬᠤ ᠬᠡᠷᠡᠭᠳᠠᠢ ᠭᠡᠵᠦ ᠳᠤᠷᠠᠳᠴᠠᠢ᠃ | ᠪᠦᠬᠦᠳᠠ ᠬᠤᠷᠠᠯ ᠠᠴᠠ᠂ ᠰᠠᠬᠢᠯᠭ᠎ᠠ ᠪᠠᠳᠤ ᠶᠢ ᠴᠢᠩᠭ᠎ᠠ ᠪᠠᠶᠢᠯᠭᠠᠬᠤ ᠪᠤᠯ ᠪᠦᠬᠦ ᠨᠠᠮ ᠤᠨ ᠨᠢᠭᠡᠳᠦᠯᠳᠠᠢ | ᠵᠤᠷᠢᠯᠳᠠ᠂ ᠨᠢᠭᠡᠳᠦᠯᠳᠠᠢ ᠠᠵᠢᠯᠯᠠᠭ᠎ᠠ᠂ ᠠᠯᠬᠤᠮ ᠢᠶᠠᠨ ᠨᠢᠭᠡᠳᠭᠡᠵᠤ ᠤᠷᠤᠭᠰᠢᠯᠠᠬᠤ ᠶᠢᠨ ᠴᠢᠬᠤᠯᠠ ᠪᠠᠳᠤᠯᠠᠭ᠎ᠠ | ᠮᠦᠨ᠂ ᠨᠠᠮ ᠤᠨ ᠳᠤᠳᠤᠭᠠᠳᠤᠬᠢ ᠤᠯᠤᠰ ᠲᠦᠷᠦ ᠶᠢᠨ ᠠᠮᠢᠳᠤᠷᠠᠯ ᠤᠨ ᠴᠢᠬᠤᠯᠠ ᠠᠭᠤᠯᠭ᠎ᠠ ᠮᠦᠨ᠃ ᠡᠷᠭᠡᠪᠰᠢ | ᠨᠠᠮ ᠤᠨ ᠰᠠᠬᠢᠯᠭ᠎ᠠ ᠪᠠᠳᠤ ᠶᠢ ᠴᠢᠩᠭᠠᠳᠬᠠᠵᠤ᠂ ᠰᠠᠬᠢᠯᠭ᠎ᠠ ᠪᠠᠳᠤ ᠶᠢ ᠲᠦᠷᠦᠭᠦᠨ ᠳᠤ ᠲᠠᠯᠪᠢᠵᠦ᠂ ᠪᠠᠳᠤ ᠴᠢᠩᠭ᠎ᠠ | ᠰᠠᠬᠢᠯᠭ᠎ᠠ ᠪᠠᠳᠤ ᠪᠠᠷ ᠨᠠᠮ ᠢ ᠴᠢᠩᠭ᠎ᠠ ᠵᠠᠰᠠᠬᠤ ᠭᠡᠷᠡᠭᠲᠡᠢ᠃ ᠰᠠᠬᠢᠯᠭ᠎ᠠ ᠪᠠᠳᠤ ᠶᠢᠨ ᠡᠮᠦᠨ᠎ᠠ ᠬᠦᠮᠦᠨ ᠪᠦᠬᠦᠨ ᠡᠷᠭᠡ | ᠲᠡᠭᠰᠢ ᠪᠠᠶᠢᠬᠤ ᠶᠢ ᠪᠠᠷᠢᠮᠳᠠᠯᠠᠬᠤ ᠬᠡᠷᠡᠭᠳᠠᠢ᠂ ᠰᠠᠬᠢᠯᠭ᠎ᠠ ᠪᠠᠳᠤ ᠶᠢ ᠰᠠᠬᠢᠨ ᠵᠢᠷᠤᠮᠯᠠᠬᠤ ᠳᠤ ᠤᠨᠴᠠ ᠡᠷᠭᠡ ᠪᠠᠶᠢᠬᠤ | ᠦᠭᠡᠢ᠂ ᠰᠠᠬᠢᠯᠭ᠎ᠠ ᠪᠠᠳᠤ ᠶᠢ ᠭᠡᠷᠡᠭᠵᠢᠬᠦᠯᠬᠦ ᠳᠤ ᠤᠨᠴᠠ ᠶᠠᠪᠤᠳᠠᠯ ᠪᠠᠶᠢᠬᠤ ᠦᠭᠡᠢ᠂ ᠨᠠᠮ ᠤᠨ ᠳᠤᠳᠤᠭᠠᠳᠦ ᠳᠤ | ᠰᠠᠬᠢᠯᠭ᠎ᠠ ᠪᠠᠳᠤ ᠶᠢᠨ ᠬᠢᠵᠠᠭᠠᠷᠯᠠᠯ ᠢ ᠬᠦᠯᠢᠶᠡᠬᠦ ᠦᠭᠡᠢ ᠤᠴᠠᠭᠠᠢ ᠵᠤᠬᠢᠶᠠᠨ ᠪᠠᠶᠢᠭᠤᠯᠤᠯᠳᠠ ᠪᠠ ᠤᠨᠴᠠᠭᠠᠢ ᠨᠠᠮ ᠤᠨ | ᠭᠡᠰᠢᠬᠦᠨ ᠪᠠᠶᠢᠬᠤ ᠶᠢ ᠤᠬᠳᠤ ᠵᠦᠪᠰᠢᠶᠡᠷᠡᠬᠦ ᠦᠭᠡᠢ᠃ ᠨᠠᠮ ᠤᠨ ᠡᠯ᠎ᠠ ᠱᠠᠳᠤᠨ ᠤ ᠵᠤᠬᠢᠶᠠᠨ ᠪᠠᠶᠢᠭᠤᠯᠤᠯᠳᠠ ᠪᠠ | ᠨᠠᠮ ᠤᠨ ᠭᠡᠰᠢᠬᠦᠨ ᠡᠷᠭᠡᠪᠰᠢ ᠨᠠᠮ ᠳᠠᠭᠠᠨ ᠦᠨᠡᠨᠴᠢ ᠰᠢᠳᠤᠷᠭᠤ᠂ ᠲᠦᠪ ᠴᠢᠬᠡᠴᠢ᠂ ᠦᠨᠡᠨ ᠦᠭᠡ ᠶᠠᠷᠢᠵᠦ᠂ | ᠰᠢᠷᠭᠠᠭᠤ ᠠᠵᠢᠯᠯᠠᠵᠤ᠂ ᠦᠨᠡᠨᠴᠢ ᠬᠦᠮᠦᠨ ᠪᠤᠯᠵᠦ᠂ ᠪᠠᠶᠢᠳᠠᠯ ᠢᠶᠠᠨ ᠨᠠᠮ ᠳᠤ ᠦᠨᠡᠨᠴᠢ ᠪᠠᠷ ᠲᠤᠰᠬᠠᠨ ᠮᠡᠳᠡᠬᠦᠯᠵᠦ᠂ | ᠬᠤᠶᠠᠷ ᠨᠢᠭᠤᠷᠳᠠᠨ ᠤ ᠪᠦᠯᠦᠭᠳᠡᠨ ᠪᠤᠯᠵᠤ᠂ ︽ᠬᠤᠶᠠᠷ ᠨᠢᠭᠤᠷᠳᠡᠨ︾ ᠪᠤᠯᠬᠤ ᠶᠢ ᠡᠰᠡᠷᠬᠦᠴᠡᠵᠦ᠂ ᠬᠤᠳᠠᠯ | ᠬᠡᠯᠡᠵᠤ ᠬᠤᠯᠤ ᠲᠠᠷᠢᠬᠤ᠂ ᠬᠤᠳᠠᠯ ᠢᠶᠠᠷ ᠮᠡᠳᠡᠬᠦᠯᠵᠦ ᠭᠡᠳᠦᠷᠡᠳᠡᠯ᠎ᠠ ᠮᠠᠭᠳᠠᠬᠤ ᠶᠢ ᠡᠰᠡᠷᠬᠦᠴᠡᠵᠦ᠂ ᠪᠤᠳᠠᠳᠤ | ᠪᠠᠶᠢᠳᠠᠯ ᠢᠶᠠᠨ ᠨᠢᠭᠤᠬᠤ᠂ ᠰᠠᠶᠢᠨ ᠢ ᠨᠢ ᠮᠡᠳᠡᠬᠦᠯᠦᠭᠡᠳ ᠮᠠᠭᠤ ᠶᠢ ᠳᠠᠯᠳᠠᠯᠠᠬᠤ ᠶᠢ ᠡᠰᠡᠷᠬᠦᠴᠡᠬᠦ ᠭᠡᠷᠡᠭᠲᠡᠢ᠃ | ᠤᠳᠤᠷᠢᠳᠬᠤ ᠪᠠᠶᠢᠭᠤᠯᠤᠯᠭ᠎ᠠ ᠪᠠ ᠤᠳᠤᠷᠢᠳᠬᠤ ᠺᠠᠳ᠋ᠷ ᠶᠠᠮᠠᠷᠪᠠ ᠰᠢᠯᠳᠠᠭᠠᠨ ᠪᠠ ᠨᠡᠷ᠎ᠠ ᠪᠠᠷ ᠳᠤᠤᠷᠠᠳᠦ | ᠱᠠᠳᠤᠨ ᠤ ᠬᠢ ᠪᠠᠨ ᠬᠠᠭᠤᠷᠮᠠᠬᠯᠠᠨ ᠭᠡᠯᠡᠬᠦ ᠶᠢ ᠲᠤᠷ᠎ᠠ ᠪᠠᠷ ᠲᠠᠯᠪᠢᠵᠦ᠂ ᠦᠳᠦᠭᠡᠵᠦ᠂ ᠪᠢᠳᠡᠬᠦᠦ ᠪᠠᠷ ᠵᠢᠭᠠᠬᠤ ᠪᠤᠶᠤ | ᠠᠯᠪᠠᠳᠠᠵᠦ ᠪᠤᠯᠬᠤ ᠦᠭᠡᠢ᠃ ᠨᠠᠮ ᠤᠨ ᠳᠤᠳᠤᠭᠠᠳᠦ ᠳᠤ ᠰᠦᠯᠪᠡᠭᠡᠯᠡᠨ ᠲᠠᠳᠠᠯᠴᠠᠬᠤ᠂ ᠡᠷᠭᠦᠨ ᠮᠠᠬᠳᠠᠬᠤ᠂ | ᠵᠢᠰᠤᠷᠳᠠᠨ ᠪᠢᠯᠳᠠᠤᠴᠢᠯᠠᠬᠤ ᠮᠡᠳᠦ ᠶᠢᠨ ᠠᠵᠢᠯᠯᠠᠭ᠎ᠠ ᠶᠢ ᠬᠢᠵᠤ ᠪᠤᠯᠬᠤ ᠦᠭᠡᠢ᠃ ᠤᠳᠤᠷᠢᠳᠤᠯᠭ᠎ᠠ ᠶᠢ | ᠤᠬᠠᠭᠤᠯᠬᠤ ᠲᠠᠭᠠᠨ ᠦᠨᠡᠨ ᠢᠶᠠᠷ ᠨᠢ ᠮᠡᠳᠡᠭᠡᠯᠡᠬᠦ ᠬᠡᠷᠡᠭᠳᠠᠢ᠂ ᠡᠷᠬᠦᠨ ᠮᠠᠭᠳᠠᠵᠦ ᠪᠤᠯᠬᠤ ᠦᠭᠡᠢ᠃ ᠨᠠᠮ ᠤᠨ ᠡᠯ᠎ᠠ | ᠱᠠᠳᠤᠨ ᠤ ᠵᠤᠬᠢᠶᠠᠨ ᠪᠠᠶᠢᠭᠤᠯᠤᠯᠳᠠ ᠡᠷᠭᠡᠪᠰᠢ ᠤᠯᠤᠰ ᠲᠦᠷᠦ ᠶᠢᠨ ᠰᠠᠬᠢᠯᠭ᠎ᠠ ᠪᠠᠳᠤ ᠪᠠ ᠤᠯᠤᠰ ᠲᠦᠷᠦ ᠶᠢᠨ | ᠲᠦᠷᠢᠮ ᠲᠤᠭᠳᠠᠭᠠᠯ ᠢ ᠭᠡᠷᠡᠭᠵᠢᠬᠦᠯᠵᠤ ᠬᠠᠮᠠᠭᠠᠯᠠᠬᠤ ᠬᠠᠷᠢᠭᠤᠴᠠᠯᠭ᠎ᠠ ᠶᠢ ᠡᠬᠦᠷᠭᠡᠯᠡᠵᠦ᠂ ᠰᠠᠬᠢᠯᠭ᠎ᠠ ᠪᠠᠳᠤ ᠶᠢ | ᠭᠡᠷᠡᠭᠵᠢᠬᠦᠯᠬᠦ ᠳᠤ ᠰᠤᠯᠠ ᠵᠠᠳᠠᠭᠠᠢ ᠪᠠᠶᠢᠬᠤ ᠠᠰᠠᠭᠤᠳᠠᠯ ᠢ ᠡᠷᠡᠰ ᠬᠤᠷᠢᠬᠯᠠᠨ ᠵᠠᠯᠠᠷᠠᠭᠤᠯᠬᠤ ᠭᠡᠷᠡᠭᠲᠡᠢ ᠭᠡᠵᠦ | ᠳᠤᠷᠠᠳᠪᠠ᠃ | ᠪᠦᠬᠦᠳᠠ ᠬᠤᠷᠠᠯ ᠠᠴᠠ᠂ ᠮᠠᠨ ᠤ ᠨᠠᠮ ᠪᠤᠯ ᠠᠷᠠᠳ ᠲᠦᠮᠡᠨ ᠠᠴᠠ ᠢᠷᠡᠯᠳᠠ ᠲᠠᠢ ᠶᠤᠮ᠂ ᠠᠷᠠᠳ | ᠲᠦᠮᠡᠨ ᠤ ᠬᠦᠷᠢᠶᠡᠯᠡᠯ ᠳᠡᠮᠵᠢᠯᠭᠡ ᠶᠢ ᠠᠯᠳᠠᠪᠠᠯ᠂ ᠨᠠᠮ ᠦᠨᠳᠤᠰᠤ ᠰᠠᠭᠤᠷᠢ ᠪᠠᠨ ᠠᠯᠳᠠᠨ᠎ᠠ᠃ ᠡᠷᠭᠡᠪᠰᠢ ᠪᠦᠬᠦ | ᠰᠡᠳᠬᠢᠯ ᠪᠦᠬᠦ ᠵᠤᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠦᠨᠳᠦᠰᠦᠨ ᠵᠤᠷᠢᠯᠳᠠ ᠶᠢ ᠪᠠᠷᠢᠮᠳᠠᠯᠠᠬᠤ᠂ | ᠨᠠᠮ ᠤᠨ ᠠᠷᠠᠳ ᠤᠯᠠᠨ ᠯᠤᠭ᠎ᠠ ᠶᠢᠨ ᠮᠢᠬ᠎ᠠ ᠴᠢᠰᠤᠨ ᠤ ᠬᠠᠷᠢᠴᠠᠭ᠎ᠠ ᠶᠢ ᠪᠠᠳᠤᠯᠠᠬᠤ ᠪᠠᠷ ᠨᠠᠮ ᠤᠨ ᠳᠤᠳᠤᠭᠠᠳᠤᠬᠢ | ᠤᠯᠤᠰ ᠲᠦᠷᠦ ᠶᠢᠨ ᠠᠮᠢᠳᠤᠷᠠᠯ ᠢ ᠴᠢᠩᠭᠠᠳᠬᠠᠵᠤ ᠵᠢᠷᠤᠮᠵᠢᠭᠤᠯᠬᠤ ᠦᠨᠳᠦᠰᠦᠨ ᠱᠠᠭᠠᠷᠳᠠᠯᠭ᠎ᠠ ᠪᠤᠯᠭᠠᠬᠤ ᠭᠡᠷᠡᠭᠲᠡᠢ᠃ | ᠪᠦᠬᠦ ᠨᠠᠮ ᠢᠶᠠᠷ ᠢᠶᠠᠨ ᠡᠷᠭᠡᠪᠰᠢ ᠨᠠᠮ ᠤᠨ ᠤᠯᠠᠨ ᠲᠦᠮᠡᠨᠴᠢ ᠱᠤᠭᠤᠮ ᠢ ᠲᠤᠤᠱᠯᠠᠭᠤᠯᠵᠦ᠂ ᠤᠯᠠᠨ ᠲᠦᠮᠡᠨ ᠳᠤ | ᠦᠨᠡᠨᠬᠦ ᠪᠤᠳᠠᠳᠠᠢ ᠠᠵᠢᠯ ᠬᠢᠵᠦ ᠦᠭᠬᠦᠨ᠂ ᠬᠦᠴᠢᠷᠳᠡᠯ ᠢ ᠨᠢ ᠰᠢᠢᠳᠪᠤᠷᠢᠯᠡᠨ ᠦᠭᠴᠦ᠂ ᠠᠷᠠᠳ ᠲᠦᠮᠡᠨ ᠤ ᠰᠠᠶᠢᠨ | ᠠᠯᠪᠡᠨ ᠵᠠᠷᠤᠴᠠ ᠪᠤᠯᠬᠤ ᠭᠡᠷᠡᠭᠲᠡᠢ᠃ ᠵᠠᠰᠠᠬ ᠤᠨ ᠶᠠᠪᠤᠳᠠᠯ ᠢ ᠠᠷᠠᠳ ᠠᠴᠠ ᠠᠰᠠᠭᠤᠵᠤ᠂ ᠬᠡᠷᠡᠭᠴᠡᠭᠡ | ᠱᠠᠭᠠᠷᠳᠠᠯᠭ᠎ᠠ ᠶᠢ ᠠᠷᠠᠳ ᠠᠴᠠ ᠠᠰᠠᠭᠤᠵᠤ᠂ ᠠᠷᠭ᠎ᠠ ᠪᠤᠳᠤᠯᠭ᠎ᠠ ᠶᠢ ᠠᠷᠠᠳ ᠠᠴᠠ ᠠᠰᠠᠭᠤᠬᠤ ᠬᠡᠷᠡᠭᠳᠠᠢ᠂ ᠤᠯᠠᠨ | ᠲᠦᠮᠠᠡ ᠤ ᠡᠮᠦᠨ᠎ᠠ ᠦᠪᠡᠷ ᠢ ᠪᠠᠨ ᠯᠡ ᠵᠦᠪ ᠭᠡᠮᠡᠬᠦ᠂ ᠤᠮᠤᠬ ᠰᠦᠷ ᠢᠶᠠᠷ ᠬᠦᠮᠦᠨ ᠢ ᠰᠦᠷᠳᠡᠬᠦᠯᠬᠦ ᠶᠢ ᠤᠭᠳᠤ | ᠵᠦᠪᠰᠢᠶᠡᠷᠡᠬᠦ ᠦᠭᠡᠢ᠂ ᠨᠤᠶᠠᠨ ᠪᠤᠯᠤᠭᠠᠳ ᠭᠡᠳᠡᠶᠢᠵᠦ ᠰᠠᠭᠤᠬᠤ᠂ ᠤᠯᠠᠨ ᠲᠦᠮᠡᠨ ᠤ ᠬᠦᠴᠢᠷ ᠵᠤᠪᠠᠯᠠᠩ ᠢ | ᠬᠠᠶᠢᠬᠤᠷᠬᠤ ᠦᠭᠡᠢ ᠪᠠᠶᠢᠬᠤ ᠶᠢ ᠤᠭᠳᠤ ᠵᠦᠪᠰᠢᠶᠡᠷᠡᠬᠦ ᠦᠭᠡᠢ᠂ ᠤᠯᠠᠨ ᠲᠦᠮᠡᠨ ᠢ ᠳᠠᠷᠤᠯᠠᠵᠦ᠂ ᠤᠯᠠᠨ | ᠲᠦᠮᠡᠨ ᠤ ᠠᠰᠢᠭ ᠲᠤᠰᠠ ᠶᠢ ᠬᠤᠬᠢᠷᠠᠭᠤᠯᠵᠤ ᠡᠵᠡᠯᠡᠬᠦ ᠶᠢ ᠨᠡᠩ ᠴᠦ ᠵᠦᠪᠰᠢᠶᠡᠷᠡᠬᠦ ᠦᠭᠡᠢ᠃ ᠭᠡᠯᠪᠡᠷᠢᠴᠢ ᠦᠵᠡᠯ᠂ | ᠨᠤᠶᠠᠨᠴᠢ ᠰᠤᠷᠳᠠᠯ᠂ ᠵᠢᠷᠭᠠᠵᠤ ᠴᠡᠩᠬᠡᠬᠦ ᠦᠵᠡᠯ ᠪᠠ ᠱᠠᠯᠢᠨ ᠪᠦᠷᠢᠯᠭᠡᠬᠦ ᠰᠤᠷᠳᠠᠯ ᠢ ᠡᠷᠭᠡᠪᠰᠢ ᠡᠷᠡᠰ ᠡᠰᠡᠷᠬᠦᠴᠡᠬᠦ | ᠭᠡᠷᠡᠭᠲᠡᠢ᠃ ᠡᠯ᠎ᠠ ᠱᠠᠳᠤᠨ ᠤ ᠤᠳᠤᠷᠢᠳᠬᠤ ᠺᠠᠳ᠋ᠷ ᠡᠷᠭᠡᠪᠰᠢ ᠪᠤᠳᠠᠳᠤ ᠪᠠᠶᠢᠳᠠᠯ ᠳᠤ ᠬᠦᠨᠵᠡᠭᠡᠶᠢᠷᠡᠵᠦ᠂ ᠦᠨᠳᠦᠰᠦᠨ | ᠱᠠᠳᠤᠨ ᠳᠤ ᠬᠦᠨᠵᠡᠭᠡᠶᠢᠷᠡᠵᠦ᠂ ᠤᠯᠠᠨ ᠲᠦᠮᠡᠨ ᠤ ᠳᠤᠮᠳᠠ ᠬᠦᠨᠵᠡᠭᠡᠶᠢᠷᠡᠵᠦ᠂ ᠨᠦᠬᠦᠴᠡᠯ ᠬᠠᠳᠠᠭᠤᠵᠢᠯᠳᠠᠢ᠂ | ᠪᠠᠶᠢᠳᠠᠯ ᠪᠤᠳᠤᠯᠢᠶᠠᠨᠳᠠᠢ᠂ ᠵᠦᠷᠢᠴᠡᠯ ᠲᠤᠪᠤᠶᠢᠮ᠎ᠠ ᠪᠠᠶᠢᠬᠤ ᠭᠠᠵᠠᠷ ᠤᠷᠤᠨ ᠢᠶᠠᠷ ᠤᠯᠠᠨᠳᠠ ᠬᠦᠷᠴᠦ ᠠᠰᠠᠭᠤᠳᠠᠯ ᠢ | ᠰᠢᠢᠳᠪᠤᠷᠢᠯᠡᠨ᠂ ᠠᠷᠭ᠎ᠠ ᠪᠦᠬᠦᠨ ᠢ ᠰᠦᠪᠡᠭᠴᠢᠯᠡᠵᠦ ᠤᠯᠠᠨ ᠲᠦᠮᠡᠨ ᠤ ᠬᠦᠴᠢᠷᠳᠠᠯ ᠢ ᠰᠢᠢᠳᠪᠤᠷᠢᠯᠡᠵᠤ ᠦᠭᠬᠦ | ᠭᠡᠷᠡᠭᠲᠡᠢ᠃ ᠶᠠᠮᠠᠷᠪᠠ ᠭᠡᠯᠪᠡᠷᠢ ᠶᠢᠨ ᠠᠷᠠᠳ ᠢ ᠵᠦᠳᠡᠭᠡᠵᠦ ᠬᠦᠷᠦᠩᠭᠡ ᠪᠠᠨ ᠪᠠᠷᠠᠬᠤ ︽ᠲᠦᠷᠢ ᠲᠦᠷᠬᠦ ᠶᠢᠨ | ᠢᠨᠵᠧᠨᠧᠷᠢᠩ︾ ᠪᠠ ︽ᠠᠵᠢᠯ ᠤᠨ ᠠᠮᠵᠢᠯᠳᠠ ᠶᠢᠨ ᠢᠨᠵᠧᠨᠧᠷᠢᠩ︾ ᠢ ᠬᠢᠬᠦ ᠠᠵᠢᠯᠯᠠᠭ᠎ᠠ ᠠᠴᠠ ᠲᠦᠪ | ᠴᠢᠩᠭ᠎ᠠ ᠪᠠᠷ ᠬᠠᠷᠢᠭᠤᠴᠠᠯᠭ᠎ᠠ ᠨᠡᠭᠡᠮᠵᠢᠯᠡᠵᠦ᠂ ᠰᠠᠬᠢᠯᠭ᠎ᠠ ᠪᠠᠳᠤ ᠬᠠᠤᠯᠢ ᠶᠤᠰᠤᠭᠠᠷ ᠰᠢᠢᠳᠪᠤᠷᠢᠯᠡᠬᠦ ᠭᠡᠷᠡᠭᠲᠡᠢ ᠭᠡᠵᠦ | ᠳᠤᠷᠠᠳᠴᠠᠢ᠃ | ᠪᠦᠭᠦᠳᠡ ᠬᠤᠷᠠᠯ ᠠᠴᠠ᠂ ᠠᠷᠠᠳᠴᠢᠯᠡᠯ ᠲᠦᠪᠯᠡᠷᠡᠯ ᠤᠨ ᠶᠤᠰᠤ ᠪᠤᠯ ᠨᠠᠮ ᠤᠨ ᠦᠨᠳᠤᠰᠤᠨ ᠵᠤᠬᠢᠶᠠᠨ | ᠪᠠᠶᠢᠭᠤᠯᠤᠯᠳᠡ ᠶᠢᠨ ᠵᠠᠷᠴᠢᠮ᠂ ᠨᠠᠮ ᠤᠨ ᠲᠤᠳᠤᠭᠠᠳᠤᠬᠢ ᠤᠯᠤᠰ ᠲᠦᠷᠦ ᠶᠢᠨ ᠠᠮᠢᠳᠤᠷᠠᠯ ᠬᠡᠪ ᠢᠶᠠᠷ | ᠶᠠᠪᠤᠬᠳᠠᠬᠤ ᠶᠢᠨ ᠴᠢᠬᠤᠯᠠ ᠲᠦᠷᠢᠮ ᠤᠨ ᠪᠠᠳᠤᠯᠠᠭ᠎ᠠ ᠮᠦᠨ᠃ ᠬᠠᠮᠳᠤ ᠶᠢᠨ ᠤᠳᠤᠷᠢᠳᠤᠯᠭ᠎ᠠ ᠪᠡ ᠬᠤᠪᠢ ᠬᠦᠮᠤᠨ | ᠬᠤᠪᠢᠶᠠᠷᠢᠯᠡᠨ ᠬᠠᠷᠢᠭᠤᠴᠠᠬᠤ ᠶᠢ ᠤᠶᠠᠯᠳᠤᠭᠤᠯᠬᠤ ᠶᠢ ᠭᠡᠷᠡᠭᠵᠢᠭᠦᠯᠭᠦ ᠪᠤᠯ᠂ ᠠᠷᠠᠳᠴᠢᠯᠡᠯ ᠲᠦᠪᠯᠡᠷᠡᠯ ᠤᠨ | ᠶᠤᠰᠤᠨ ᠤ ᠴᠢᠬᠤᠯᠡ ᠪᠦᠷᠢᠯᠳᠦᠭᠦᠨ ᠭᠡᠰᠡᠭ ᠮᠦᠨ᠂ ᠡᠷᠭᠡᠪᠰᠢ ᠢᠮᠠᠬᠳᠡ ᠪᠠᠷᠢᠮᠳᠠᠯᠠᠬᠤ ᠬᠡᠷᠡᠭᠳᠠᠢ᠂ ᠶᠠᠮᠠᠷᠪᠡ | ᠵᠤᠬᠢᠶᠡᠨ ᠪᠠᠶᠢᠭᠤᠯᠤᠯᠳᠡ ᠪᠡ ᠬᠤᠪᠢ ᠬᠦᠮᠤᠨ ᠶᠠᠮᠠᠷᠪᠡ ᠪᠠᠶᠢᠳᠡᠯ ᠲᠤᠤᠷ᠎ᠠ ᠴᠦᠮ ᠶᠠᠮᠠᠷᠪᠠ ᠰᠢᠯᠲᠠᠭ ᠢᠶᠠᠷ ᠡᠨᠡᠭᠦ | ᠲᠦᠷᠢᠮ ᠠᠴᠠ ᠵᠦᠷᠢᠴᠡᠵᠤ ᠪᠤᠯᠬᠤ ᠦᠭᠡᠢ᠃ ᠡᠯ᠎ᠡ ᠱᠠᠳᠤᠨ ᠤ ᠨᠠᠮ ᠤᠨ ᠬᠤᠷᠢᠶ᠎ᠡ᠂ ︵ᠨᠠᠮ ᠤᠨ ᠤᠳᠤᠷᠢᠳᠬᠤ | ᠲᠤᠭᠤᠢᠢᠯᠠᠩ︶ ᠡᠷᠭᠡᠪᠰᠢ ᠬᠠᠮᠳᠤ ᠶᠢᠨ ᠤᠳᠤᠷᠢᠳᠤᠯᠭ᠎ᠠ ᠶᠢᠨ ᠲᠦᠷᠢᠮ ᠢ ᠪᠠᠷᠢᠮᠳᠠᠯᠠᠵᠤ᠂ ᠤᠳᠤᠷᠢᠳᠬᠤ ᠪᠠᠭ ᠤᠨ | ᠪᠦᠷᠢᠯᠳᠦᠬᠦᠨ ᠡᠷᠬᠡᠪᠰᠢ ᠪᠦᠭᠦ ᠲᠠᠯ᠎ᠡ ᠶᠢᠨ ᠦᠵᠡᠯᠳᠡ ᠪᠡ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ | ᠨᠠᠮ ᠤᠨ ᠬᠤᠷᠢᠶ᠎ᠡ ︵ᠨᠠᠮ ᠤᠨ ᠤᠳᠤᠷᠢᠳᠬᠤ ᠲᠤᠭᠤᠢᠢᠯᠠᠩ︶ ᠤᠨ ᠭᠤᠤᠯ ᠬᠠᠷᠢᠭᠤᠴᠠᠯᠭᠠᠳᠠᠨ ᠨᠦᠭᠦᠳ ᠡᠷᠭᠡᠪᠰᠢ | ᠠᠷᠠᠳᠴᠢᠯᠡᠯ ᠢ ᠪᠠᠳᠠᠷᠠᠭᠤᠯᠵᠤ᠂ ᠲᠦᠪᠯᠡᠷᠡᠬᠦᠯᠬᠦ ᠳᠤ ᠴᠢᠳᠠᠮᠠᠭᠠᠢ ᠪᠠᠶᠢᠵᠤ᠂ ᠵᠤᠷᠢᠭᠲᠠᠢ ᠪᠠᠷ ᠬᠠᠷᠢᠭᠤᠴᠠᠯᠭ᠎ᠠ | ᠡᠭᠦᠷᠭᠡᠯᠡᠬᠦ ᠬᠡᠷᠡᠭᠳᠠᠢ᠂ ᠤᠳᠤᠷᠢᠳᠬᠤ ᠪᠠᠭ ᠤᠨ ᠪᠦᠷᠢᠯᠳᠦᠬᠦᠨ ᠨᠠᠮ ᠤᠨ ᠵᠤᠬᠢᠶᠡᠡ ᠪᠠᠶᠢᠭᠤᠯᠤᠯᠳᠡ ᠶᠢᠨ | ᠲᠤᠭᠳᠠᠭᠠᠯ ᠢ ᠡᠷᠭᠡᠪᠰᠢ ᠡᠷᠡᠰ ᠭᠡᠷᠡᠭᠵᠢᠭᠦᠯᠭᠦ ᠭᠡᠷᠡᠭᠲᠡᠢ ᠭᠡᠵᠤ ᠲᠤᠷᠠᠳᠪᠠ᠃ | ᠪᠦᠭᠦᠳᠡ ᠬᠤᠷᠠᠯ ᠠᠴᠠ᠂ ᠨᠠᠮ ᠤᠨ ᠲᠤᠳᠤᠭᠠᠳᠤᠬᠢ ᠠᠷᠠᠳᠴᠢᠯᠡᠯ ᠪᠤᠯ ᠨᠠᠮ ᠤᠨ ᠠᠮᠢ ᠨᠠᠰᠤ᠂ ᠨᠠᠮ ᠤᠨ | ᠲᠤᠳᠤᠭᠠᠳᠤᠬᠢ ᠤᠯᠤᠰ ᠲᠦᠷᠦ ᠶᠢᠨ ᠠᠮᠢᠳᠤᠷᠠᠯ ᠢ ᠢᠳᠡᠪᠬᠢᠳᠡᠢ ᠡᠷᠡᠭᠦᠯ ᠪᠤᠯᠭᠠᠬᠤ ᠴᠢᠬᠤᠯᠡ ᠰᠠᠭᠤᠷᠢ ᠮᠦᠨ᠃ | ᠨᠠᠮ ᠤᠨ ᠳᠤᠳᠤᠭᠠᠳᠦ ᠳᠤ ᠰᠢᠢᠳᠪᠤᠷᠢᠳᠦ ᠪᠤᠳᠤᠯᠭ᠎ᠠ ᠲᠤᠭᠳᠠᠭᠠᠬᠤ᠂ ᠬᠡᠷᠡᠭᠵᠢᠭᠦᠯᠬᠦ᠂ ᠬᠢᠨᠡᠯᠳᠡ ᠲᠠᠯᠪᠢᠬᠤ ᠵᠡᠷᠭᠡ | ᠠᠵᠢᠯ ᠢ ᠡᠷᠭᠡᠪᠰᠢ ᠨᠠᠮ ᠤᠨ ᠲᠦᠷᠢᠮ ᠲᠤᠭᠳᠠᠭᠠᠯ ᠳᠤ ᠲᠤᠭᠳᠠᠭᠠᠬᠰᠡᠨ ᠠᠷᠠᠳᠴᠢᠯᠡᠯ ᠤᠨ ᠵᠠᠷᠴᠢᠮ ᠪᠡ ᠲᠡᠰ | ᠲᠠᠷᠠᠭᠠᠯᠠᠯ ᠢᠶᠠᠷ ᠭᠦᠢᠴᠡᠳᠭᠡᠬᠦ ᠬᠡᠷᠡᠭᠳᠠᠢ᠂ ᠶᠠᠮᠠᠷᠪᠡ ᠨᠠᠮ ᠤᠨ ᠵᠤᠬᠢᠶᠠᠨ ᠪᠠᠶᠢᠭᠤᠯᠤᠯᠳᠠ ᠪᠡ ᠬᠤᠪᠢ ᠬᠦᠮᠤᠨ ᠴᠦᠮ | ᠨᠠᠮ ᠤᠨ ᠲᠤᠳᠤᠭᠠᠳᠤᠬᠢ ᠠᠷᠠᠳᠴᠢᠯᠡᠯ ᠢ ᠲᠠᠷᠤᠵᠦ᠂ ᠨᠠᠮ ᠤᠨ ᠲᠤᠳᠤᠭᠠᠳᠤᠬᠢ ᠠᠷᠠᠳᠴᠢᠯᠡᠯ ᠢ ᠡᠪᠳᠡᠵᠤ ᠪᠤᠯᠬᠤ | ᠦᠭᠡᠢ᠃ ᠨᠠᠮ ᠤᠨ ᠲᠦᠪ ᠬᠤᠷᠢᠶ᠎ᠡ᠂ ᠲᠦᠪ ᠬᠤᠷᠢᠶ᠎ᠠ ᠶᠢᠨ ᠤᠯᠤᠰ ᠲᠦᠷᠦ ᠶᠢᠨ ᠲᠤᠪᠴᠢᠶ᠎ᠡ᠂ ᠲᠦᠪ | ᠬᠤᠷᠢᠶ᠎ᠠ ᠶᠢᠨ ᠤᠯᠤᠰ ᠲᠦᠷᠦ ᠶᠢᠨ ᠲᠤᠪᠴᠢᠶᠡᠨ ᠤ ᠪᠠᠶᠢᠩᠭᠤ ᠶᠢᠨ ᠬᠤᠷᠢᠶ᠎ᠡ ᠪᠡ ᠨᠠᠮ ᠤᠨ ᠡᠯ᠎ᠡ ᠱᠠᠳᠤᠨ ᠤ | ᠬᠤᠷᠢᠶ᠎ᠡ ᠴᠢᠬᠤᠯᠡ ᠶᠡᠭᠡ ᠰᠢᠢᠳᠪᠦᠷᠢᠳᠤ ᠪᠤᠳᠤᠯᠭ᠎ᠠ ᠪᠠᠶᠢᠷᠢᠯᠠᠭᠤᠯᠤᠯᠳᠡ ᠬᠢᠬᠦ ᠳᠤ᠂ ᠡᠷᠭᠡᠪᠰᠢ ᠭᠦᠨᠵᠡᠭᠡᠢ ᠪᠠᠶᠢᠴᠠᠭᠠᠨ | ᠰᠤᠳᠤᠯᠤᠯᠳᠡ ᠬᠢᠵᠤ᠂ ᠡᠯ᠎ᠡ ᠲᠠᠯ᠎ᠡ ᠶᠢᠨ ᠰᠠᠨᠠᠯ ᠰᠠᠨᠠᠭᠤᠯᠭ᠎ᠠ ᠶᠢ ᠦᠷᠭᠡᠨ ᠢᠶᠠᠷ ᠰᠤᠨᠤᠰᠬᠤ ᠭᠡᠷᠡᠭᠲᠠᠢ᠃ ᠨᠠᠮ ᠤᠨ | ᠭᠡᠰᠢᠭᠦᠨ ᠤ ᠭᠤᠤᠯ ᠴᠤᠭᠴᠡ ᠶᠢᠨ ᠪᠠᠶᠢᠷᠢ ᠰᠠᠭᠤᠷᠢ ᠶᠢ ᠡᠷᠭᠡᠪᠰᠢ ᠭᠦᠨᠳᠤᠳᠭᠡᠵᠤ᠂ ᠨᠠᠮ ᠤᠨ ᠭᠡᠰᠢᠭᠦᠨ ᠤ | ᠠᠷᠠᠳᠴᠢᠯᠡᠯ ᠤᠨ ᠡᠷᠭᠡ ᠶᠢ ᠪᠠᠳᠤᠯᠠᠵᠤ᠂ ᠨᠠᠮ ᠤᠨ ᠭᠡᠰᠢᠭᠦᠨ ᠤ ᠪᠠᠶᠢᠳᠠᠯ ᠢ ᠦᠢᠯᠠᠭᠠᠬᠤ ᠡᠷᠭᠡ᠂ ᠤᠷᠤᠯᠴᠠᠬᠤ | ᠡᠷᠭᠡ᠂ ᠰᠤᠩᠭᠤᠬᠤ ᠡᠷᠭᠡ᠂ ᠬᠢᠨᠡᠯᠳᠡ ᠲᠠᠯᠪᠢᠬᠤ ᠡᠷᠭᠡ ᠶᠢ ᠨᠠᠶᠢᠳᠠᠪᠦᠷᠢᠵᠢᠭᠤᠯᠵᠤ᠂ ᠨᠠᠮ ᠤᠨ ᠲᠦᠷᠢᠮ ᠳᠤ | ᠲᠤᠭᠳᠠᠭᠠᠬᠰᠡᠨ ᠨᠠᠮ ᠤᠨ ᠭᠡᠰᠢᠭᠦᠨ ᠤ ᠡᠷᠭᠡ ᠶᠢ ᠪᠦᠭᠦ ᠨᠠᠮ ᠤᠨ ᠭᠡᠰᠢᠭᠦᠨ ᠡᠷᠭᠡ ᠲᠡᠭᠰᠢ ᠪᠠᠷ ᠡᠳ᠋ᠯᠡᠬᠦ ᠶᠢ | ᠪᠠᠳᠤᠯᠠᠵᠤ᠂ ᠨᠠᠮ ᠤᠨ ᠲᠦᠷᠢᠮ ᠳᠤ ᠲᠤᠭᠳᠠᠭᠠᠬᠰᠡᠨ ᠨᠠᠮ ᠤᠨ ᠭᠡᠰᠢᠭᠦᠨ ᠤ ᠡᠭᠦᠷᠭᠡ ᠶᠢ ᠭᠦᠢᠴᠡᠳᠭᠡᠵᠤ᠂ ᠨᠠᠮ ᠤᠨ | ᠲᠤᠳᠤᠭᠠᠳᠤᠬᠢ ᠠᠷᠠᠳᠴᠢᠯᠡᠯ ᠲᠠᠢ ᠡᠷᠭᠡ ᠲᠡᠭᠰᠢ ᠪᠠᠶᠢᠬᠤ ᠨᠦᠭᠦᠳ ᠵᠠᠭᠤᠷ᠎ᠠ ᠶᠢᠨ ᠬᠤᠭᠤᠷᠤᠨᠳᠤᠬᠢ ᠬᠠᠷᠢᠴᠠᠭ᠎ᠠ ᠶᠢ | ᠪᠠᠷᠢᠮᠳᠠᠯᠠᠬᠤ ᠬᠡᠷᠡᠭᠳᠠᠢ᠂ ᠶᠠᠮᠠᠷᠪᠡ ᠨᠠᠮ ᠤᠨ ᠵᠤᠬᠢᠶᠡᠨ ᠪᠠᠶᠢᠭᠤᠯᠤᠯᠳᠡ ᠪᠡ ᠨᠠᠮ ᠤᠨ ᠭᠡᠰᠢᠭᠦᠨ ᠨᠠᠮ ᠤᠨ ᠭᠡᠰᠢᠭᠦᠨ | ᠤ ᠠᠷᠠᠳᠴᠢᠯᠡᠯ ᠤᠨ ᠡᠷᠭᠡ ᠲᠠᠢ ᠬᠠᠯᠳᠠᠵᠤ ᠪᠤᠯᠬᠤ ᠦᠭᠡᠢ᠃ ᠨᠠᠮ ᠤᠨ ᠭᠡᠰᠢᠭᠦᠨ ᠤ ᠨᠠᠮ ᠤᠨ ᠲᠤᠳᠤᠭᠠᠳᠤᠬᠢ | ᠤᠴᠢᠷ ᠶᠠᠪᠤᠳᠠᠯ ᠤᠳ ᠢ ᠶᠠᠷᠢᠯᠴᠠᠬᠤ ᠳᠤ ᠤᠷᠤᠯᠴᠠᠬᠤ ᠠᠷᠭ᠎ᠠ ᠵᠠᠮ ᠢ ᠰᠠᠭᠠᠳ ᠦᠭᠡᠢ ᠨᠡᠪᠳᠡᠷᠡᠭᠦᠯᠵᠤ᠂ ᠨᠠᠮ ᠤᠨ | ᠭᠡᠰᠢᠭᠦᠨ ᠤ ᠰᠠᠨᠠᠯ ᠢᠶᠠᠨ ᠢᠯᠡᠳᠭᠡᠭᠦ ᠠᠷᠭ᠎ᠠ ᠵᠠᠮ ᠢ ᠦᠷᠭᠡᠳᠭᠡᠵᠤ᠂ ᠨᠠᠮ ᠤᠨ ᠲᠤᠳᠤᠭᠠᠳᠤᠬᠢ ᠠᠷᠠᠳᠴᠢᠯᠡᠯ ᠢᠶᠠᠷ | ᠶᠠᠷᠢᠯᠴᠠᠬᠤ ᠤᠯᠤᠰ ᠲᠦᠷᠦ ᠶᠢᠨ ᠪᠠᠶᠢᠳᠠᠯ ᠢ ᠪᠤᠢ ᠪᠤᠯᠭᠠᠬᠤ ᠭᠡᠷᠡᠭᠲᠠᠢ᠃ ᠨᠠᠮ ᠤᠨ ᠭᠡᠰᠢᠭᠦᠨ ᠶᠠᠮᠠᠷᠪᠡ ᠵᠤᠬᠢᠶᠡᠨ | ᠪᠠᠶᠢᠭᠤᠯᠤᠯᠳᠡ ᠪᠡ ᠶᠠᠮᠠᠷᠪᠡ ᠨᠠᠮ ᠤᠨ ᠭᠡᠰᠢᠭᠦᠨ ᠤ ᠰᠠᠬᠢᠯᠭ᠎ᠠ ᠪᠠᠳᠤ ᠬᠠᠤᠯᠢ ᠴᠠᠭᠠᠵᠠ ᠠᠴᠠ ᠵᠦᠷᠢᠴᠡᠭᠰᠡᠨ ᠪᠤᠳᠠᠳᠦ | ᠶᠠᠪᠤᠳᠠᠯ ᠢ ᠬᠠᠷᠢᠴᠠᠭᠤᠯᠭ᠎ᠠ ᠲᠠᠢ ᠪᠠᠷ ᠨᠠᠮ ᠳᠤ ᠢᠯᠠᠴᠢᠯᠡᠵᠤ ᠵᠠᠭᠠᠯᠳᠤᠬᠤ ᠡᠷᠭᠡ ᠲᠠᠢ᠂ ᠦᠨᠡᠨ ᠨᠡᠷ᠎ᠡ ᠪᠠᠷ | ᠢᠯᠡᠴᠢᠯᠡᠭᠦ ᠶᠢ ᠰᠠᠨᠠᠭᠠᠴᠢᠯᠠᠨᠡ ᠭᠡᠵᠤ ᠲᠤᠷᠠᠳᠴᠠᠢ᠃ | ᠪᠦᠬᠦᠳᠠ ᠬᠤᠷᠠᠯ ᠠᠴᠠ᠂ ᠬᠦᠮᠦᠠ ᠢ ᠵᠦᠪ ᠰᠤᠩᠭᠤᠵᠤ ᠬᠡᠷᠡᠭᠯᠡᠬᠦ ᠤᠳᠦᠷᠢᠳᠤᠮᠵᠢ ᠶᠢ ᠪᠠᠷᠢᠮᠳᠠᠯᠠᠬᠤ ᠪᠤᠯ | ᠨᠠᠮ ᠤᠨ ᠳᠤᠳᠤᠭᠠᠳᠦᠬᠢ ᠤᠯᠤᠰ ᠳᠦᠷᠦ ᠶᠢᠨ ᠠᠮᠢᠳᠦᠷᠠᠯ ᠢ ᠴᠢᠩᠭᠠᠳᠬᠠᠬᠤ ᠵᠤᠬᠢᠶᠠᠠ ᠪᠠᠶᠢᠭᠤᠯᠤᠯᠳᠠ ᠶᠢᠨ | ᠪᠠᠳᠦᠯᠠᠭ᠎ᠠ ᠮᠦᠠ᠃ ᠺᠡᠳ᠋ᠷ ᠢ ᠰᠤᠩᠭᠤᠠ ᠳᠠᠪᠰᠢᠬᠦᠯᠵᠤ ᠬᠡᠷᠡᠭᠯᠡᠬᠦ ᠳᠤ ᠡᠷᠬᠡᠪᠰᠢ ᠮᠤᠷᠠᠯ ᠴᠢᠳᠠᠪᠤᠷᠢ ᠬᠤᠤᠰᠯᠠᠬᠰᠠᠠ᠂ | ᠮᠤᠷᠠᠯ ᠢ ᠲᠡᠷᠢᠭᠦᠨ ᠳᠤ ᠲᠠᠯᠪᠢᠬᠤ ᠶᠢ ᠪᠠᠷᠢᠮᠳᠠᠯᠠᠵᠦ᠂ ᠳᠦᠷᠪᠡᠡ ᠵᠦᠭ ᠨᠠᠢᠮᠠᠠ ᠵᠤᠪᠬᠢᠰ ᠤᠨ ᠡᠷᠳᠡᠮᠳᠡᠡ ᠮᠡᠷᠬᠡᠳ ᠢ | ᠬᠡᠷᠡᠭᠯᠡᠬᠦ ᠶᠢ ᠪᠠᠷᠢᠮᠳᠠᠯᠠᠵᠦ᠂ ᠢᠳᠠᠬᠡᠯ ᠪᠢᠰᠢᠷᠡᠯ ᠪᠠᠳᠦ᠂ ᠠᠷᠠᠳ ᠳᠦᠮᠡᠡ ᠳᠤ ᠦᠢᠯᠡᠴᠢᠯᠡᠬᠦ᠂ ᠠᠵᠢᠯᠴᠢ | ᠬᠢᠴᠢᠶᠠᠩᠬᠦᠢ᠂ ᠵᠤᠷᠢᠬᠳᠠᠢ ᠪᠠᠷ ᠬᠠᠷᠢᠭᠤᠴᠠᠯᠭ᠎ᠠ ᠡᠬᠦᠷᠬᠡᠯᠡᠬᠦ᠂ ᠳᠦᠪ ᠴᠢᠬᠡᠴᠢ ᠪᠠᠶᠢᠬᠤ ᠺᠡᠳ᠋ᠷ ᠤᠨ ᠪᠠᠷᠢᠮᠵᠢᠶ᠎ᠠ ᠶᠢ | ᠪᠠᠷᠢᠮᠳᠠᠯᠠᠬᠤ ᠬᠡᠷᠡᠭᠳᠡᠢ᠃ ᠨᠠᠮ ᠤᠨ ᠡᠯ᠎ᠠ ᠱᠠᠳᠦᠠ ᠤ ᠵᠤᠬᠢᠶᠠᠠ ᠪᠠᠶᠢᠭᠤᠯᠤᠯᠳᠠ ᠡᠷᠬᠡᠪᠰᠢ ᠬᠦᠮᠦᠠ ᠬᠡᠷᠡᠭᠯᠡᠬᠦ | ᠳᠡᠯ᠎ᠠ ᠪᠠᠷ ᠬᠢ ᠳᠦᠪ ᠪᠤᠰᠦ ᠰᠤᠷᠳᠠᠯ ᠪᠡ ᠵᠦᠢᠯ ᠪᠦᠷᠢ ᠶᠢᠨ ᠬᠡᠯᠪᠡᠷᠢᠯ ᠢ ᠤᠬᠠᠮᠰᠠᠷ ᠠᠴᠠ ᠪᠠᠨ ᠰᠠᠷᠬᠡᠶᠢᠯᠡᠵᠤ | ᠵᠠᠯᠠᠷᠠᠭᠤᠯᠬᠤ ᠬᠡᠷᠡᠭᠳᠡᠢ᠃ ᠨᠠᠮ ᠤᠨ ᠡᠯ ᠠ ᠱᠠᠳᠦᠡ ᠤ ᠵᠤᠬᠢᠶᠠᠠ ᠪᠠᠶᠢᠭᠤᠯᠤᠯᠳᠠ ᠳᠤᠬ ᠳᠡᠮᠳᠡᠭ ᠳᠤᠳᠤᠷᠬᠠᠢ ᠪᠠᠷ | ᠵᠤᠷᠢᠬᠳᠠᠢ ᠪᠠᠷ ᠬᠠᠷᠢᠭᠤᠴᠠᠯᠭ᠎ᠠ ᠡᠭᠦᠷᠬᠡᠯᠡᠬᠦ ᠺᠡᠳ᠋ᠷ ᠤᠨ ᠳᠦᠯᠥᠭᠡ ᠬᠠᠷᠢᠭᠤᠴᠠᠯᠭ᠎ᠠ ᠡᠬᠦᠷᠬᠡᠯᠡᠬᠦ ᠬᠡᠷᠡᠭᠳᠡᠢ᠃ ᠨᠤᠶᠠᠠ | ᠵᠡᠷᠭᠡ ᠬᠦᠬᠡᠬᠡᠴᠡᠯᠳᠦᠬᠦ᠂ ᠨᠤᠶᠠᠠ ᠵᠡᠷᠬᠡ ᠬᠤᠳᠠᠯᠳᠤᠠ ᠠᠪᠬᠤ ᠪᠡ ᠨᠤᠶᠠᠠ ᠵᠡᠷᠬᠡ ᠬᠤᠳᠠᠯᠳᠤᠬᠤ᠂ ᠪᠢᠯᠧᠲ ᠳᠠᠳᠠᠵᠤ | ᠬᠠᠭ᠋ᠤᠤᠯᠢ ᠳᠦᠯᠬᠢᠬᠦ ᠵᠡᠷᠬᠡ ᠠᠵᠢᠯᠯᠠᠭ᠎ᠠ ᠶᠢ ᠡᠷᠡᠰ ᠴᠠᠭᠠᠵᠠᠯᠠᠬᠤ ᠬᠡᠷᠡᠭᠳᠠᠢ᠂ ᠨᠠᠮ ᠠᠴᠠ ᠵᠡᠷᠬᠡ ᠳᠤᠰᠢᠶᠠᠯ ᠭᠤᠶᠤᠬᠤ | ᠂ ᠨᠠᠷᠠ ᠳᠦᠷᠦ ᠭᠤᠶᠤᠬᠤ᠂ ᠬᠠᠷᠠᠮᠵᠢ ᠬᠦᠷᠳᠡᠬᠡᠮᠵᠢ ᠭᠤᠶᠤᠬᠤ ᠠᠵᠢᠯᠯᠠᠭ᠎ᠠ ᠶᠢ ᠡᠷᠡᠰ ᠴᠠᠭᠠᠵᠠᠯᠠᠵᠦ᠂ ᠨᠠᠮ ᠤᠨ | ᠵᠤᠬᠢᠶᠠᠠ ᠪᠠᠶᠢᠭᠤᠯᠤᠯᠳᠠ ᠯᠤᠭ᠎ᠠ ᠦᠨ᠎ᠠ ᠬᠠᠶᠠᠯᠴᠠᠬᠤ᠂ ᠵᠤᠬᠢᠶᠠᠠ ᠪᠠᠶᠢᠭᠤᠯᠤᠯᠳᠠ ᠶᠢᠨ ᠳᠤᠬᠳᠠᠭᠠᠯ ᠢ ᠳᠠᠭᠠᠬᠤ | ᠦᠬᠡᠢ ᠪᠠᠶᠢᠬᠤ ᠠᠵᠢᠯᠯᠠᠭ᠎ᠠ ᠶᠢ ᠡᠷᠡᠰ ᠴᠠᠭᠠᠵᠠᠯᠠᠬᠤ ᠬᠡᠷᠡᠭᠳᠡᠢ᠃ ᠶᠠᠮᠠᠷᠪᠡ ᠬᠦᠮᠦᠠ ᠴᠦᠮ ᠨᠠᠮ ᠤᠨ ᠺᠡᠳ᠋ᠷ ᠢ | ᠬᠤᠪᠢᠠ ᠤ ᠬᠢ ᠪᠠᠨ ᠬᠦᠷᠦᠩᠬᠡ ᠪᠤᠯᠭᠠᠵᠦ ᠪᠤᠯᠬᠤ ᠦᠬᠡᠢ᠂ ᠨᠠᠮ ᠤᠨ ᠳᠤᠳᠤᠭᠠᠳᠦ ᠳᠤ ᠬᠤᠪᠢ ᠶᠢᠨ ᠬᠠᠷᠢᠴᠠᠭ᠎ᠠ | ᠪᠠᠶᠢᠭᠤᠯᠵᠦ ᠪᠤᠯᠬᠤ ᠦᠬᠡᠢ᠃ ᠨᠠᠮ ᠤᠨ ᠳᠤᠳᠤᠭᠠᠳᠦᠬᠢ ᠨᠦᠬᠦᠳ ᠤᠨ ᠬᠠᠷᠢᠯᠴᠠᠭ᠎ᠠ ᠶᠠᠪᠤᠯᠴᠠᠭ᠎ᠠ ᠶᠢ | ᠵᠢᠷᠦᠮᠵᠢᠭᠤᠯᠤᠨ ᠴᠡᠪᠡᠷᠰᠢᠭᠦᠯᠵᠤ᠂ ᠤᠳᠦᠷᠢᠳᠬᠤ ᠺᠡᠳ᠋ᠷ ᠨᠠᠮ ᠤᠨ ᠬᠡᠰᠢᠬᠦᠡ ᠳᠤ ᠶᠡᠬᠡᠷᠬᠡᠭ ᠵᠠᠩ ᠭᠠᠷᠭᠠᠵᠦ ᠵᠢᠭᠠᠠ | ᠳᠤᠬᠢᠵᠦ ᠪᠤᠯᠬᠤ ᠦᠬᠡᠢ᠂ ᠨᠠᠮ ᠤᠨ ᠬᠡᠰᠢᠬᠦᠡ ᠤᠳᠦᠷᠢᠳᠬᠤ ᠺᠡᠳ᠋ᠷ ᠢ ᠪᠢᠯᠪᠢᠬᠦᠷᠳᠡᠡ ᠪᠢᠯᠳᠠᠤᠴᠢᠯᠠᠵᠦ ᠪᠤᠯᠬᠤ | ᠦᠬᠡᠢ᠃ ᠠᠯᠳᠠᠭ᠎ᠠ ᠪᠤᠷᠤᠭᠤ ᠶᠢ ᠪᠠᠭᠳᠠᠭᠠᠬᠤ ᠪᠠ ᠵᠠᠯᠠᠷᠠᠭᠤᠯᠬᠤ ᠳᠤᠬᠳᠠᠴᠠ ᠶᠢ ᠪᠠᠶᠢᠭᠤᠯᠵᠦ᠂ ᠺᠡᠳ᠋ᠷ ᠤᠨ ᠠᠵᠢᠯ | ᠳᠤᠮᠳᠠᠬᠢ ᠢᠯᠠᠩᠭᠤᠶ᠎ᠠ ᠦᠬᠡᠷᠡᠴᠢᠯᠡᠯᠳᠡ ᠬᠢᠵᠤ ᠰᠢᠨ᠎ᠠ ᠶᠢ ᠡᠬᠦᠳᠬᠦ ᠳᠤᠮᠳᠠᠬᠢ ᠠᠯᠳᠠᠭ᠎ᠠ ᠪᠤᠷᠤᠭᠤ ᠶᠢ ᠠᠭᠤᠴᠢᠯᠠᠬᠤ | ᠬᠡᠷᠡᠭᠳᠡᠢ ᠬᠡᠵᠦ ᠳᠤᠷᠠᠳᠴᠠᠢ᠃ | ᠪᠦᠬᠦᠳᠠ ᠬᠤᠷᠠᠯ ᠠᠴᠠ᠂ ᠨᠠᠮ ᠤᠨ ᠵᠤᠬᠢᠶᠠᠠ ᠪᠠᠶᠢᠭᠤᠯᠤᠯᠳᠠ ᠶᠢᠨ ᠠᠮᠢᠳᠦᠷᠠᠯ ᠪᠤᠯ ᠨᠠᠮ ᠤᠨ | ᠳᠤᠳᠤᠭᠠᠳᠤᠬᠢ ᠤᠯᠤᠰ ᠳᠦᠷᠦ ᠶᠢᠨ ᠠᠮᠢᠳᠦᠷᠠᠯ ᠤᠨ ᠴᠢᠬᠤᠯᠠ ᠠᠭᠤᠯᠭ᠎ᠠ ᠪᠠ ᠠᠴᠢᠶᠠᠯᠠᠪᠤᠷᠢ ᠮᠦᠠ᠂ ᠨᠠᠮ ᠤᠨ | ᠵᠤᠬᠢᠶᠠᠠ ᠪᠠᠶᠢᠭᠤᠯᠤᠯᠳᠠ ᠠᠴᠠ ᠨᠠᠮ ᠤᠨ ᠬᠡᠰᠢᠬᠦᠡ ᠢ ᠬᠦᠮᠦᠵᠢᠬᠦᠯᠬᠦ ᠬᠠᠮᠢᠶᠠᠷᠬᠤ ᠬᠢᠨᠠᠯᠳᠠ ᠳᠠᠯᠪᠢᠬᠤ ᠴᠢᠬᠤᠯᠠ | ᠬᠡᠯᠪᠡᠷᠢ ᠮᠦᠠ᠃ ᠡᠷᠬᠡᠪᠰᠢ ᠨᠠᠮ ᠤᠨ ᠵᠤᠬᠢᠶᠠᠠ ᠪᠠᠶᠢᠭᠤᠯᠤᠯᠳᠠ ᠶᠢᠨ ᠠᠮᠢᠳᠦᠷᠠᠯ ᠤᠨ ᠡᠯ᠎ᠠ ᠵᠦᠢᠯ ᠤᠨ ᠳᠦᠷᠢᠮ ᠢ | ᠪᠠᠷᠢᠮᠳᠠᠯᠠᠵᠦ᠂ ᠠᠷᠭ᠎ᠠ ᠬᠡᠯᠪᠡᠷᠢ ᠠᠷᠭ᠎ᠠ ᠮᠠᠶ᠋ᠢᠭ ᠢᠶᠠᠨ ᠰᠢᠨᠠᠳᠬᠡᠵᠦ᠂ ᠨᠠᠮ ᠤᠨ ᠵᠤᠬᠢᠶᠠᠠ ᠪᠠᠶᠢᠭᠤᠯᠤᠯᠳᠠ ᠶᠢᠨ | ᠠᠮᠢᠳᠦᠷᠠᠯ ᠤᠨ ᠠᠮᠢᠵᠢᠷᠠᠯ ᠤᠨ ᠬᠦᠴᠦᠡ ᠢ ᠴᠢᠩᠭᠠᠳᠬᠠᠬᠤ ᠬᠡᠷᠡᠭᠳᠡᠢ᠃ ᠪᠦᠬᠦ ᠨᠠᠮ ᠤᠨ ᠬᠡᠰᠢᠬᠦᠡ᠂ ᠺᠡᠳ᠋ᠷ | ᠢᠯᠠᠩᠭᠤᠶ᠎ᠠ ᠳᠡᠬᠡᠳᠦ ᠵᠡᠷᠬᠡ ᠶᠢᠨ ᠺᠡᠳ᠋ᠷ ᠡᠷᠬᠡᠪᠰᠢ ᠨᠠᠮ ᠤᠨ ᠤᠬᠠᠮᠰᠠᠷ ᠢᠶᠠᠨ ᠴᠢᠩᠭᠠᠳᠬᠠᠵᠦ᠂ ᠦᠪᠡᠷ ᠤᠨ | ᠨᠢᠬᠡᠳᠦᠬᠡᠷ ᠭᠠᠷᠦᠯ ᠪᠤᠯ ᠨᠠᠮ ᠤᠨ ᠬᠡᠰᠢᠬᠦᠡ ᠪᠤᠯᠬᠤ ᠬᠡᠳᠡᠭ ᠢᠶᠠᠨ ᠴᠠᠬ ᠢᠮᠠᠬᠳᠠ ᠪᠠᠳᠦ ᠴᠡᠬᠡᠵᠢᠯᠠᠬᠦ ᠬᠡᠷᠡᠭᠳᠡᠢ᠃ ︽ | ᠭᠤᠷᠪᠡᠡ ᠬᠤᠷᠠᠯ ᠨᠢᠬᠡ ᠬᠢᠴᠢᠶᠡᠯ︾ ᠤᠨ ᠳᠦᠷᠢᠮ ᠢ ᠪᠠᠷᠢᠮᠳᠠᠯᠠᠵᠦ᠂ ᠠᠷᠠᠳᠴᠢᠯᠠᠯ ᠤᠨ ᠠᠮᠢᠳᠦᠷᠠᠯ ᠤᠨ ᠬᠤᠷᠠᠯ ᠪᠠ | ᠵᠤᠬᠢᠶᠠᠠ ᠪᠠᠶᠢᠭᠤᠯᠤᠯᠳᠠ ᠶᠢᠨ ᠠᠮᠢᠳᠦᠷᠠᠯ ᠤᠨ ᠬᠤᠷᠠᠯ ᠤᠨ ᠳᠦᠷᠢᠮ ᠢ ᠪᠠᠷᠢᠮᠳᠠᠯᠠᠵᠦ᠂ ᠰᠠᠳᠬᠢᠯ ᠤᠨ ᠦᠬᠡ ᠪᠠᠨ | ᠶᠠᠷᠢᠵᠦ ᠬᠡᠯᠡᠯᠴᠡᠬᠦ ᠳᠦᠷᠢᠮ ᠢ ᠪᠠᠷᠢᠮᠳᠠᠯᠠᠵᠦ᠂ ᠨᠠᠮ ᠤᠨ ᠬᠡᠰᠢᠬᠦᠡ ᠳᠤ ᠠᠷᠠᠳᠴᠢᠯᠡᠯ ᠤᠨ ᠦᠨᠠᠯᠠᠯᠳᠠ ᠬᠢᠬᠦ ᠶᠢ | ᠪᠠᠷᠢᠮᠳᠠᠯᠠᠬᠤ ᠬᠡᠷᠡᠭᠳᠡᠢ᠃ ᠤᠳᠦᠷᠢᠳᠬᠤ ᠺᠡᠳ᠋ᠷ ᠡᠷᠬᠡᠪᠰᠢ ᠵᠤᠬᠢᠶᠠᠠ ᠪᠠᠶᠢᠭᠤᠯᠤᠯᠳᠠ ᠶᠢᠨ ᠦᠵᠡᠯᠳᠡ ᠪᠠᠨ | ᠴᠢᠩᠭᠠᠳᠬᠠᠵᠦ᠂ ᠠᠵᠢᠯ ᠳᠤᠮᠳᠠᠬᠢ ᠴᠢᠬᠤᠯᠠ ᠠᠰᠠᠭᠤᠳᠠᠯ ᠪᠠ ᠬᠤᠪᠢ ᠶᠢᠨ ᠬᠠᠮᠢᠶ᠎ᠠ ᠪᠦᠬᠦᠢ ᠶᠠᠪᠤᠳᠠᠯ ᠤᠳ ᠢᠶᠠᠨ | ᠡᠷᠬᠡᠪᠰᠢ ᠳᠤᠬᠳᠠᠭᠠᠯ ᠶᠤᠰᠤᠭᠠᠷ ᠳᠠᠰ ᠳᠠᠷᠠᠭᠠᠯᠠᠯ ᠶᠤᠰᠤᠭᠠᠷ ᠵᠤᠬᠢᠶᠠᠠ ᠪᠠᠶᠢᠭᠤᠯᠤᠯᠳᠠ ᠳᠤ ᠮᠠᠳᠠᠬᠦᠯᠤᠠ ᠵᠢᠭᠠᠪᠤᠷᠢ | ᠠᠪᠬᠤ ᠬᠡᠷᠡᠭᠳᠡᠢ ᠬᠡᠵᠦ ᠳᠤᠷᠠᠳᠪᠡ᠃ | ᠪᠦᠬᠦᠳᠡ ᠬᠤᠷᠠᠯ ᠠᠴᠠ᠂ ᠰᠢᠬᠦᠮᠵᠢᠯᠡᠯ ᠪᠠ ᠦᠪᠠᠷ ᠤᠨ ᠰᠢᠬᠦᠮᠵᠢᠯᠡᠯ ᠬᠢᠬᠦ ᠪᠤᠯ ᠮᠠᠠ ᠤ ᠨᠠᠮ ᠤᠨ ᠪᠡᠶ᠎ᠠ ᠪᠠᠨ | ᠬᠦᠴᠦᠷᠬᠡᠭᠵᠢᠬᠦᠯᠤᠡ ᠡᠪᠡᠳᠴᠢᠡ ᠢᠶᠠᠨ ᠵᠠᠰᠠᠬᠤ᠂ ᠪᠠᠶ᠎ᠠ ᠮᠠᠬᠠᠪᠤᠳ ᠤᠨ ᠡᠷᠡᠬᠦᠯ ᠮᠠᠠᠳᠦ ᠶᠢ ᠪᠠᠳᠦᠯᠠᠬᠤ ᠶᠢᠨ | ᠬᠤᠷᠴᠠ ᠵᠡᠪᠰᠡᠭ ᠮᠦᠠ᠂ ᠮᠦᠨᠴᠤ ᠨᠠᠮ ᠤᠨ ᠳᠤᠳᠤᠭᠠᠳᠦᠬᠢ ᠤᠯᠥᠰ ᠳᠦᠷᠦ ᠶᠢᠨ ᠠᠮᠢᠳᠦᠷᠠᠯ ᠢ ᠴᠢᠩᠭᠠᠳᠬᠠᠬᠤ | ᠪᠠ ᠵᠢᠷᠦᠮᠵᠢᠭᠤᠯᠬᠤ ᠶᠢᠨ ᠴᠢᠬᠤᠯᠠ ᠠᠷᠭ᠎ᠠ ᠬᠡᠷᠡᠭᠯᠡᠬᠦᠷ ᠮᠦᠠ ᠪᠤᠯᠬᠤᠷ ᠡᠷᠬᠡᠪᠰᠢ ᠰᠢᠬᠦᠮᠵᠢᠯᠡᠯ ᠪᠠ ᠦᠪᠠᠷ ᠤᠨ | ᠰᠢᠬᠦᠮᠵᠢᠯᠡᠯ ᠬᠢᠬᠦ ᠡᠨᠡᠬᠦ ᠵᠡᠪᠰᠡᠭ ᠢ ᠴᠦᠬᠦᠷᠡᠰᠢ ᠦᠬᠡᠢ ᠰᠠᠶᠢᠳᠦᠷ ᠭᠡᠷᠡᠭᠯᠡᠬᠦ ᠬᠡᠷᠡᠭᠳᠡᠢ᠃ ᠰᠢᠬᠦᠮᠵᠢᠯᠡᠯ ᠪᠠ ᠦᠪᠡᠷ | ᠤᠨ ᠰᠢᠬᠦᠮᠵᠢᠯᠡᠯ ᠬᠢᠬᠦ ᠳᠤ ᠡᠷᠬᠡᠪᠰᠢ ᠦᠨᠠᠠ ᠢ ᠪᠠᠷᠢᠮᠳᠠᠯᠠᠬᠤ ᠶᠢ ᠪᠠᠷᠢᠮᠳᠠᠯᠠᠵᠦ᠂ ᠨᠠᠮᠴᠢ ᠴᠢᠨᠠᠷ ᠢ ᠡᠷᠬᠢᠮᠯᠡᠬᠦ ᠠᠴᠠ | ᠪᠢᠰᠢ ᠬᠤᠪᠢ ᠶᠢᠨ ᠨᠠᠶᠢᠷ ᠢ ᠡᠷᠬᠢᠮᠯᠡᠬᠦ ᠦᠬᠡᠢ᠂ ᠦᠨᠠᠠ ᠶᠤᠰᠤ ᠶᠢ ᠡᠷᠬᠢᠮᠯᠡᠬᠦ ᠠᠴᠠ ᠪᠢᠰᠢ ᠨᠢᠭᠤᠷ ᠲᠠᠯ᠎ᠠ ᠬᠠᠷᠠᠬᠤ | ᠦᠬᠡᠢ ᠪᠠᠶᠢᠬᠤ ᠬᠡᠷᠡᠭᠳᠡᠢ᠃ ᠨᠠᠮ ᠤᠨ ᠬᠡᠰᠢᠬᠦᠡ᠂ ᠺᠡᠳ᠋ᠷ ᠡᠷᠬᠡᠪᠰᠢ ᠦᠪᠡᠷ ᠢ ᠪᠠᠨ ᠴᠢᠩᠭ᠎ᠠ ᠬᠢᠨᠠᠮᠠᠭᠠᠢ ᠵᠠᠳᠠᠯᠵᠦ᠂ | ᠠᠰᠠᠭᠤᠳᠠᠯ ᠢ ᠢᠯᠡᠷᠡᠬᠦᠯᠪᠡᠯ ᠰᠢᠯᠳᠠᠭᠠᠠ ᠢ ᠨᠢ ᠬᠦᠠ ᠬᠦᠨᠵᠡᠬᠡᠢ ᠵᠠᠳᠠᠯᠵᠦ᠂ ᠨᠠᠷᠢᠨ ᠬᠢᠨᠠᠮᠠᠭᠠᠢ ᠪᠠᠷ ᠴᠡᠭᠴᠡᠯᠡᠡ | ᠵᠠᠰᠠᠬᠤ ᠬᠡᠷᠡᠭᠳᠡᠢ᠃ ᠨᠠᠮ ᠤᠨ ᠤᠳᠦᠷᠢᠳᠬᠤ ᠪᠠᠶᠢᠭᠤᠯᠤᠯᠭ᠎ᠠ ᠪᠠ ᠤᠳᠦᠷᠢᠳᠬᠤ ᠺᠡᠳ᠋ᠷᠴᠤᠳ ᠡᠯ᠎ᠠ ᠵᠦᠢᠯ ᠤᠨ | ᠠᠳᠠᠯᠢ ᠪᠤᠰᠦ ᠰᠠᠨᠠᠯ ᠢ ᠴᠦᠮ ᠡᠷᠬᠡᠪᠰᠢ ᠰᠤᠨᠤᠰᠴᠦ᠂ ᠤᠳᠦᠷᠢᠳᠬᠤ ᠺᠡᠳ᠋ᠷ ᠤᠠᠴᠠᠭᠠᠢᠢᠯᠠᠠ ᠳᠠᠬᠡᠳᠦ ᠵᠡᠷᠬᠡ ᠶᠢᠨ | ᠺᠡᠳ᠋ᠷ ᠡᠷᠬᠡᠪᠰᠢ ᠳᠦᠷᠦᠬᠦᠯᠡᠡ ᠪᠤᠰᠦᠳ ᠤᠨ ᠰᠠᠨᠠᠯ ᠢ ᠪᠠᠶᠠᠷᠳᠠᠢ ᠪᠠᠷ ᠬᠦᠯᠢᠶᠠᠵᠦ᠂ ᠵᠤᠷᠢᠬᠳᠠᠢ ᠪᠠᠷ ᠰᠢᠭᠤᠤᠠ | ᠰᠢᠯᠥᠭᠤᠠ ᠢᠶᠠᠷ ᠦᠭᠡ ᠬᠡᠯᠡᠬᠦ ᠬᠡᠷᠡᠭᠳᠡᠢ ᠬᠡᠵᠦ ᠳᠤᠷᠠᠳᠴᠠᠢ᠃ | ᠪᠦᠬᠦᠳᠡ ᠬᠤᠷᠠᠯ ᠠᠴᠠ᠂ ᠬᠢᠨᠠᠯᠳᠠ ᠳᠠᠯᠪᠢᠬᠤ ᠪᠤᠯ ᠡᠷᠬᠡ ᠶᠢ ᠵᠦᠪ ᠤᠨᠤᠪᠴᠢᠳᠠᠢ ᠭᠡᠷᠡᠭᠯᠡᠬᠦ ᠶᠢᠨ | ᠦᠨᠳᠦᠰᠦᠠ ᠪᠠᠳᠦᠯᠠᠭ᠎ᠠ ᠮᠦᠠ᠂ ᠨᠠᠮ ᠤᠨ ᠳᠤᠳᠤᠭᠠᠳᠦᠬᠢ ᠤᠯᠤᠰ ᠳᠦᠷᠦ ᠶᠢᠨ ᠠᠮᠢᠳᠦᠷᠠᠯ ᠢ ᠴᠢᠩᠭᠠᠳᠬᠠᠬᠤ ᠪᠠ | ᠵᠢᠷᠦᠮᠵᠢᠭᠤᠯᠬᠤ ᠶᠢᠨ ᠴᠢᠬᠤᠯᠠ ᠠᠷᠭ᠎ᠠ ᠬᠡᠮᠵᠢᠶ᠎ᠠ ᠮᠦᠠ᠃ ᠡᠷᠬᠡᠪᠰᠢ ᠤᠳᠦᠷᠢᠳᠬᠤ ᠺᠡᠳ᠋ᠷ ᠲᠤ ᠬᠢᠨᠠᠯᠳᠠ | ᠳᠠᠯᠪᠢᠬᠤ ᠪᠠᠨ ᠴᠢᠩᠭᠠᠳᠬᠠᠬᠤ ᠬᠡᠷᠡᠭᠳᠡᠢ᠂ ᠨᠠᠮ ᠤᠨ ᠳᠤᠳᠤᠭᠠᠳᠦ ᠳᠤ ᠬᠢᠵᠠᠭᠠᠷᠯᠠᠯ ᠬᠦᠯᠢᠶᠡᠬᠦ ᠦᠬᠡᠢ ᠡᠷᠬᠡ ᠭᠡᠵᠤ | ᠪᠠᠶᠢᠵᠦ ᠪᠤᠯᠬᠤ ᠦᠬᠡᠢ᠂ ᠪᠠᠰᠠ ᠬᠢᠨᠠᠯᠳᠠ ᠳᠠᠯᠪᠢᠯᠳᠠ ᠶᠢ ᠬᠦᠯᠢᠶᠠᠬᠦ ᠦᠬᠡᠢ ᠤᠠᠴᠠᠭᠠᠢ ᠨᠠᠮ ᠤᠨ ᠬᠡᠰᠢᠬᠦᠡ ᠭᠡᠵᠤ | ᠪᠠᠶᠢᠵᠦ ᠪᠤᠯᠬᠤ ᠦᠬᠡᠢ᠃ ᠡᠷᠬᠡ ᠶᠢᠨ ᠬᠡᠷᠡᠭᠯᠡᠯᠳᠡ ᠶᠢ ᠬᠢᠵᠠᠭᠠᠷᠯᠠᠬᠤ ᠪᠡ ᠬᠢᠨᠠᠯᠳᠠ ᠳᠠᠯᠪᠢᠬᠤ ᠳᠤᠬᠳᠠᠴᠠ ᠶᠢ | ᠳᠠᠬᠦᠯᠳᠠᠷᠵᠢᠬᠦᠯᠵᠦ᠂ ᠡᠷᠬᠡ ᠶᠢ ᠠᠳᠬᠤᠪᠡᠯ ᠵᠡᠪᠡᠯ ᠬᠠᠷᠢᠭᠤᠴᠠᠬᠤ᠂ ᠡᠷᠬᠡ ᠶᠢ ᠬᠡᠷᠡᠭᠯᠡᠪᠡᠯ ᠵᠠᠪᠡᠯ ᠡᠬᠦᠷᠬᠡᠯᠡᠬᠦ᠂ | ᠡᠷᠬᠡ ᠶᠢ ᠳᠤᠷᠠᠪᠡᠷ ᠬᠡᠷᠡᠭᠯᠡᠪᠡᠯ ᠵᠠᠪᠠᠯ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠤᠨ ᠳᠤᠬᠢᠷᠠᠭᠤᠯᠤᠯᠳᠠ ᠶᠢ | ᠪᠦᠷᠢᠯᠳᠦᠬᠦᠯᠬᠦ ᠬᠡᠷᠡᠭᠳᠡᠢ᠃ ᠨᠠᠮ ᠤᠨ ᠡᠯ᠎ᠠ ᠱᠠᠳᠤᠠ ᠤ ᠵᠤᠬᠢᠶᠠᠠ ᠪᠠᠶᠢᠭᠤᠯᠤᠯᠳᠠ ᠪᠡ ᠤᠳᠦᠷᠢᠳᠬᠤ ᠺᠡᠳ᠋ᠷ ᠡᠷᠬᠡᠪᠰᠢ | ᠦᠨᠳᠦᠰᠦᠠ ᠬᠠᠤᠯᠢ ᠪᠠ ᠬᠠᠤᠯᠢ ᠴᠠᠭᠠᠵᠠ ᠶᠢᠨ ᠬᠦᠷᠢᠶ᠎ᠠ ᠬᠡᠪᠴᠢᠶᠡᠡ ᠳᠤᠳᠤᠷ᠎ᠠ ᠠᠵᠢᠯᠯᠠᠭ᠎ᠠ ᠬᠢᠬᠦ ᠬᠡᠷᠡᠭᠲᠡᠢ᠂ | ᠬᠡᠷᠬᠢᠪᠡᠴᠦ ᠦᠬᠡ ᠪᠠᠷ ᠢᠶᠠᠨ ᠬᠠᠤᠯᠢ ᠶᠢ ᠤᠷᠦᠯᠠᠭᠤᠯᠬᠤ᠂ ᠡᠷᠬᠡ ᠪᠠᠷ ᠢᠶᠠᠨ ᠬᠠᠤᠯᠢ ᠶᠢ ᠳᠠᠷᠤᠬᠤ᠂ ᠬᠤᠪᠢ ᠶᠢᠨ | ᠨᠠᠶᠢᠷ ᠢᠶᠠᠷ ᠬᠠᠤᠯᠢ ᠴᠠᠭᠠᠵᠠ ᠶᠢ ᠭᠠᠵᠢᠭᠤᠳᠠᠭᠤᠯᠵᠦ ᠪᠤᠯᠬᠤ ᠦᠬᠡᠢ᠃ ᠰᠠᠬᠢᠯᠭ᠎ᠠ ᠬᠠᠤᠯᠢ ᠠᠴᠠ ᠵᠦᠷᠢᠴᠡᠭᠰᠠᠠ | ᠠᠵᠢᠯᠯᠠᠭ᠎ᠠ ᠶᠢᠨ ᠳᠤᠬᠠᠢ ᠢᠯᠡᠴᠢᠯᠡᠯᠳᠡ᠂ ᠨᠠᠮ ᠤᠨ ᠬᠡᠰᠢᠬᠦᠡ ᠳᠤ ᠳᠤᠰᠬᠠᠬᠰᠠᠠ ᠠᠰᠠᠭᠤᠳᠠᠯ ᠤᠳ ᠢ ᠶᠠᠮᠠᠷᠪᠡ ᠨᠠᠮ | ᠤᠨ ᠵᠤᠬᠢᠶᠠᠠ ᠪᠠᠶᠢᠭᠤᠯᠤᠯᠳᠠ ᠪᠡ ᠤᠳᠦᠷᠢᠳᠬᠤ ᠺᠡᠳ᠋ᠷ ᠴᠦᠮ ᠨᠢᠭᠤᠵᠦ ᠳᠠᠯᠳᠠᠯᠠᠭᠠᠳ ᠮᠠᠳᠠᠬᠦᠯᠬᠦ ᠦᠬᠡᠢ᠂ | ᠤᠳᠠᠭᠠᠰᠢᠷᠠᠭᠤᠯᠤᠭᠠᠳ ᠰᠢᠢᠳᠪᠤᠷᠢᠯᠡᠬᠦ ᠦᠬᠡᠢ ᠪᠠᠶᠢᠵᠦ ᠪᠤᠯᠬᠤ ᠦᠬᠡᠢ᠃ ᠳᠤᠰᠬᠠᠬᠰᠠᠠ ᠠᠰᠠᠭᠤᠳᠠᠯ ᠳᠤ | ᠬᠤᠯᠪᠤᠬᠳᠠᠬᠤ ᠤᠳᠦᠷᠢᠳᠬᠤ ᠺᠡᠳ᠋ᠷ ᠨᠢ ᠵᠠᠶᠢᠯᠠᠰᠬᠢᠬᠦ ᠬᠡᠷᠡᠭᠲᠡᠢ᠂ ᠬᠠᠷᠢᠨ ᠵᠤᠬᠢᠶᠠᠠ ᠪᠠᠶᠢᠭᠤᠯᠤᠯᠳᠠ ᠶᠢᠨ | ᠪᠠᠶᠢᠴᠠᠭᠠᠯᠳᠠ ᠶᠢ ᠬᠠᠷᠰᠢᠯᠠᠬᠤ ᠪᠡ ᠭᠠᠷ ᠳᠦᠷᠦᠵᠦ ᠪᠣᠯᠬᠤ ᠦᠭᠡᠢ ᠬᠡᠵᠦ ᠳᠤᠷᠠᠳᠪᠡ᠃ | ᠪᠦᠬᠦᠲᠠ ᠬᠤᠷᠠᠯ ᠠᠴᠠ᠂ ᠠᠷᠢᠭᠤᠨ ᠴᠡᠭᠡᠴᠢ ᠤᠯᠤᠰ ᠲᠦᠷᠦ ᠶᠢ ᠪᠦᠲᠦᠭᠡᠡ ᠪᠠᠶᠢᠭᠤᠯᠵᠦ᠂ ᠢᠯᠵᠢᠷᠠᠯ ᠢ | ᠡᠷᠡᠰ ᠡᠰᠡᠷᠭᠦᠴᠡᠬᠦ ᠶᠢ ᠪᠠᠷᠢᠮᠲᠠᠯᠠᠬᠤ ᠪᠤᠯ ᠨᠠᠮ ᠤᠨ ᠲᠤᠲᠤᠭᠠᠲᠤᠬᠢ ᠤᠯᠤᠰ ᠲᠦᠷᠦ ᠶᠢᠨ ᠠᠮᠢᠲᠤᠷᠠᠯ ᠢ | ᠴᠢᠩᠭᠠᠳᠬᠠᠠ ᠲᠦᠷᠢᠮᠵᠢᠬᠦᠯᠬᠦ ᠴᠢᠬᠤᠯᠠ ᠡᠬᠦᠷᠭᠡ ᠪᠤᠯᠤᠨ᠎ᠠ᠃ ᠡᠷᠬᠡᠪᠰᠢ ᠢᠯᠵᠢᠷᠠᠠᠬᠤ ᠶᠢ ᠲᠡᠪᠴᠢᠵᠦ ᠴᠢᠨᠠᠷ | ᠬᠤᠪᠢᠷᠠᠬᠤ ᠶᠢ ᠰᠡᠷᠭᠡᠶᠢᠯᠡᠬᠦ ᠦᠵᠡᠯ ᠰᠠᠨᠠᠭᠠᠠ ᠤ ᠰᠡᠷᠭᠡᠶᠢᠯᠡᠯᠲᠡ ᠶᠢᠨ ᠱᠤᠭᠤᠮ ᠪᠤᠯᠤᠨ ᠲᠦᠷᠢᠮ ᠤᠨ | ᠰᠡᠷᠭᠡᠶᠢᠯᠡᠯᠲᠡ ᠶᠢᠨ ᠱᠤᠭᠤᠮ ᠢ ᠪᠠᠬᠢᠯᠢᠭ᠌ ᠪᠠᠶᠢᠭᠤᠯᠵᠦ᠂ ᠢᠯᠵᠢᠷᠠᠠ ᠲᠤᠷᠦ᠋ᠢᠲᠠᠵᠦ ᠴᠢᠲᠠᠬᠤ ᠦᠭᠡᠢ᠂ ᠢᠯᠵᠢᠷᠠᠠ | ᠲᠤᠷᠦ᠋ᠢᠲᠠᠵᠦ ᠪᠤᠯᠬᠤ ᠦᠭᠡᠢ᠂ ᠢᠯᠵᠢᠷᠠᠠ ᠲᠤᠷᠦ᠋ᠢᠲᠠᠬᠤ ᠶᠢ ᠰᠠᠨᠠᠬᠤ ᠦᠭᠡᠢ ᠪᠤᠯᠭᠠᠬᠤ ᠪᠠᠶᠢᠭᠤᠯᠤᠮᠵᠢ ᠲᠤᠭᠲᠠᠴᠠ | ᠶᠢ ᠬᠦᠴᠦᠯᠡᠨ ᠪᠠᠶᠢᠭᠤᠯᠬᠤ ᠭᠡᠷᠡᠭᠲᠡᠢ᠃ ᠤᠲᠤᠷᠢᠳᠬᠤ ᠺᠠᠳ᠋ᠷ ᠢᠯᠠᠩᠭᠤᠶ᠎ᠠ ᠲᠡᠭᠡᠲᠦ ᠲᠡᠰ ᠤᠨ ᠺᠠᠳ᠋ᠷ ᠡᠷᠬᠡᠪᠰᠢ | ᠨᠡᠶᠢᠭᠡᠮ ᠵᠢᠷᠤᠮ ᠤᠨ ᠭᠤᠤᠯᠯᠠᠭᠴᠢ ᠦᠷᠲᠡᠭ ᠤᠨ ᠦᠵᠡᠯᠲᠡ ᠶᠢ ᠲᠦᠷᠦᠬᠦᠯᠡᠨ ᠦᠢᠯᠡᠲᠦᠯᠭᠡᠵᠢᠭᠦᠯᠵᠦ᠂ ᠬᠡᠪ | ᠪᠤᠯᠪᠠᠰᠤᠷᠠᠯ ᠢ ᠡᠷᠬᠢᠮᠯᠡᠬᠦ᠂ ᠶᠤᠰᠤ ᠰᠤᠷᠲᠠᠬᠤᠨ ᠢ ᠡᠷᠬᠢᠮᠯᠡᠬᠦ᠂ ᠦᠨᠡᠡᠴᠢ ᠢᠲᠡᠭᠡᠮᠵᠢ ᠲᠠᠢ ᠪᠠᠶᠢᠬᠤ ᠶᠢ ᠡᠷᠬᠢᠮᠯᠡᠬᠦ᠂ | ᠴᠡᠪᠡᠷ ᠢᠴᠢᠮᠡᠲᠡᠭᠡᠢ ᠪᠠᠶᠢᠬᠤ ᠶᠢ ᠡᠷᠬᠢᠮᠯᠡᠬᠦ ᠬᠡᠷᠡᠭᠲᠡᠢ᠃ ᠡᠯ᠎ᠠ ᠱᠠᠲᠤᠨ ᠤ ᠤᠲᠤᠷᠢᠳᠬᠤ ᠺᠠᠳ᠋ᠷ ᠪᠤᠯ ᠠᠷᠠᠳ | ᠲᠦᠢᠮᠡᠨ ᠤ ᠠᠯᠪᠠᠠ ᠵᠠᠷᠤᠴᠠ ᠮᠦᠨ᠂ ᠤᠯᠠᠠ ᠠᠴᠠ ᠤᠨᠴᠠᠭᠠᠢᠢᠷᠠᠬᠤ ᠡᠷᠭᠡ ᠦᠭᠡᠢ᠂ ᠠᠷᠢᠭᠤᠠ ᠴᠢᠭᠡᠴᠢ | ᠪᠠᠶᠢᠬᠤ ᠪᠠᠷ ᠪᠡᠶ᠎ᠠ ᠪᠠᠨ ᠱᠠᠭᠠᠷᠲᠠᠬᠤ ᠲᠦᠷᠢᠮ ᠢ ᠲᠦᠷᠦᠬᠦᠯᠡᠨ ᠭᠡᠷᠡᠭᠵᠢᠭᠦᠯᠵᠦ᠂ ᠤᠨᠴᠠ ᠡᠷᠭᠡ ᠡᠳ᠋ᠯᠡᠬᠦ ᠦᠵᠡᠯ | ᠰᠠᠨᠠᠭ᠎ᠠ ᠪᠤᠯᠤᠨ ᠤᠨᠴᠠ ᠡᠷᠭᠡ ᠶᠢᠨ ᠦᠵᠡᠭᠲᠡᠯ ᠲᠠᠢ ᠤᠬᠠᠮᠠᠰᠠᠷ ᠠᠴᠠ ᠪᠠᠨ ᠲᠠᠮᠡᠴᠡᠯ ᠬᠢᠵᠦ᠂ ᠭᠡᠷ ᠪᠦᠯᠢ᠂ ᠭᠡᠷ ᠤᠨ | ᠬᠦᠮᠦᠵᠢᠯ᠂ ᠭᠡᠷ ᠤᠨ ᠰᠤᠷᠲᠠᠯ ᠢ ᠴᠢᠬᠤᠯᠠᠴᠢᠯᠠᠠ᠂ ᠲᠦᠷᠦᠯ ᠰᠠᠲᠤᠨ ᠪᠤᠯᠤᠨ ᠲᠡᠷᠭᠡᠲᠡᠬᠢ ᠠᠵᠢᠯᠲᠠᠳ ᠢᠶᠠᠨ | ᠰᠤᠷᠭᠠᠠ ᠬᠦᠮᠦᠵᠢᠭᠦᠯᠵᠦ ᠰᠠᠶᠢᠲᠤᠷ ᠬᠠᠮᠢᠶᠠᠷᠬᠤ ᠭᠡᠷᠡᠭᠲᠡᠢ᠃ ᠡᠷᠭᠡ ᠲᠤᠰᠢᠶᠠᠯ ᠪᠤᠶᠤ ᠨᠦᠯᠦᠭᠡᠯᠡᠬᠦ ᠬᠦᠴᠤᠨ ᠢᠢᠨᠨ | ᠠᠰᠢᠠᠠᠯᠠᠵᠦ ᠲᠦᠷᠦᠯ ᠰᠠᠲᠤᠨ ᠲᠤᠲᠤᠨᠤ ᠨᠦᠬᠦᠳ ᠲᠡᠭᠡᠨ ᠤᠨᠴᠠ ᠡᠷᠭᠡ ᠡᠳ᠋ᠯᠡᠭᠦᠯᠦᠨ ᠬᠠᠷᠠᠭᠠᠯᠵᠠᠯ ᠬᠦᠷᠲᠡᠭᠡᠬᠦ ᠶᠢ | ᠴᠠᠭᠠᠵᠠᠯᠠᠵᠦ᠂ ᠤᠲᠤᠷᠢᠳᠬᠤ ᠺᠠᠳ᠋ᠷ ᠤᠨ ᠲᠦᠷᠦᠯ ᠰᠠᠲᠤᠨ ᠲᠤᠲᠤᠨᠤ ᠨᠦᠬᠦᠳ ᠨᠢ ᠤᠲᠤᠷᠢᠳᠬᠤ ᠺᠠᠳ᠋ᠷ ᠤᠨ ᠡᠷᠭᠡ | ᠲᠤᠰᠢᠶᠠᠯ ᠤᠨ ᠬᠦᠷᠢᠶ᠎ᠠ ᠬᠡᠪᠴᠢᠶᠡᠡ ᠳᠠᠬᠢ ᠠᠵᠢᠯ ᠳᠤ ᠭᠠᠷ ᠲᠦᠷᠦᠬᠦ᠂ ᠠᠵᠢᠯᠲᠠᠠ ᠤ ᠶᠠᠪᠤᠲᠠᠯ ᠤᠨ | ᠲᠤᠬᠢᠷᠠᠭᠤᠯᠤᠯᠲᠠ ᠳᠤ ᠭᠠᠷ ᠲᠦᠷᠦᠬᠦ ᠶᠢ ᠴᠠᠭᠠᠵᠠᠯᠠᠬᠤ ᠭᠡᠷᠡᠭᠲᠡᠢ᠃ ᠢᠯᠵᠢᠷᠠᠠ ᠲᠤᠷᠦ᠋ᠢᠲᠠᠪᠠᠯ ᠵᠠᠪᠠᠯ ᠡᠰᠡᠷᠭᠦᠴᠡᠬᠦ᠂ | ᠱᠠᠮᠰᠢᠨ ᠵᠠᠯᠬᠢᠪᠠᠯ ᠵᠠᠪᠠᠯ ᠴᠡᠪᠡᠷᠯᠡᠡ ᠠᠷᠢᠯᠭᠠᠬᠤ ᠶᠢ ᠪᠠᠷᠢᠮᠲᠠᠯᠠᠵᠦ᠂ ᠬᠤᠷᠢᠭᠠᠲᠦ ᠤᠷᠤᠠ ᠦᠭᠡᠢ᠂ ᠪᠦᠬᠦᠨ ᠢ | ᠪᠦᠷᠭᠦᠬᠦᠯᠬᠦ᠂ ᠤᠭᠲᠤ ᠦᠯᠦ ᠠᠭᠤᠴᠢᠯᠠᠬᠤᠮ ᠶᠢ ᠪᠠᠷᠢᠮᠲᠠᠯᠠᠵᠦ᠂ ᠨᠠᠮ ᠤᠨ ᠲᠤᠲᠤᠭᠠᠲᠤ ᠳᠤ ᠢᠯᠵᠢᠷᠠᠠ | ᠲᠤᠷᠦ᠋ᠢᠲᠠᠬᠰᠠᠳ ᠪᠡᠶ᠎ᠠ ᠲᠠᠯᠲᠠᠯᠠᠬᠤ ᠭᠠᠵᠠᠷ ᠲᠠᠢ ᠪᠤᠯᠬᠤ ᠶᠢ ᠤᠭᠲᠤ ᠵᠦᠪᠰᠢᠶᠡᠷᠡᠬᠦ ᠦᠭᠡᠢ ᠭᠡᠵᠦ ᠵᠢᠭᠠᠵᠦ | ᠭᠠᠷᠭᠠᠪᠠ᠃ | ᠪᠦᠬᠦᠲᠠ ᠬᠤᠷᠠᠯ ᠠᠴᠠ᠂ ᠨᠠᠮ ᠤᠨ ᠲᠤᠲᠤᠭᠠᠲᠦ ᠳᠤ ᠬᠢᠨᠠᠯᠳᠠ ᠲᠠᠯᠪᠢᠬᠤ ᠳᠤ ᠮᠠᠷᠺᠰ ᠯᠧᠨᠢᠨ ᠤ ᠦᠵᠡᠯ᠂ | ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠤᠤ ᠫᠢᠩ ᠤᠨ ᠤᠨᠤᠯ᠂ ︽ᠭᠤᠷᠪᠠ ᠶᠢ ᠲᠦᠯᠦᠭᠡᠯᠡᠬᠦ︾ | ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠠᠴᠢ ᠬᠦᠭᠵᠢᠯᠲᠠ ᠶᠢᠨ ᠦᠵᠡᠯᠲᠠ ᠪᠠᠷ ᠵᠢᠯᠤᠭᠤᠲᠤᠯᠭ᠎ᠠ ᠪᠤᠯᠭᠠᠠ᠂ | ᠶᠡᠷᠦᠩᠭᠡᠢ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶᠠᠠ ᠤ ᠵᠤᠷᠢᠭ ᠰᠠᠨᠠᠭ᠎ᠠ ᠶᠢ ᠬᠦᠨᠵᠡᠭᠡᠢ | ᠲᠤᠤᠱᠯᠠᠭᠤᠯᠤᠨ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠭᠡᠢ ᠪᠠᠶᠢᠷᠢᠯᠠᠭᠤᠯᠤᠯᠲᠠ ᠶᠢ ᠨᠢᠭᠡᠲᠦᠯᠲᠡᠢ | ᠲᠦᠯᠦᠪᠵᠢᠭᠦᠯᠦᠨ ᠠᠬᠢᠭᠤᠯᠬᠤ ᠪᠠ ︽ᠲᠦᠷᠪᠡᠡ ᠪᠦᠬᠦ ᠲᠠᠯ᠎ᠠ︾ ᠶᠢᠨ ᠪᠠᠶᠢᠯᠲᠤᠬᠤ ᠪᠤᠲᠤᠯᠭ᠎ᠠ ᠶᠢᠨ | ᠪᠠᠶᠢᠷᠢᠯᠠᠭᠤᠯᠤᠯᠲᠠ ᠶᠢ ᠵᠤᠬᠢᠴᠠᠭᠤᠯᠤᠨ ᠠᠬᠢᠭᠤᠯᠬᠤ ᠶᠢᠨ ᠲᠤᠭᠤᠷᠢᠨ ᠳᠤ᠂ ᠨᠠᠮ ᠤᠨ ᠲᠦᠷᠢᠮ ᠢ ᠬᠦᠨᠲᠦᠳᠭᠡᠡ᠂ | ᠲᠦᠷᠢᠮ ᠲᠤᠭᠲᠠᠭᠠᠯ ᠶᠤᠰᠤᠭᠠᠷ ᠨᠠᠮ ᠢ ᠵᠠᠰᠠᠵᠦ᠂ ᠨᠠᠮ ᠤᠨ ᠲᠤᠲᠤᠭᠠᠲᠤ ᠶᠢᠨ ᠬᠢᠨᠠᠯᠲᠠ ᠲᠠᠯᠪᠢᠯᠲᠠ ᠪᠤᠯᠤᠨ | ᠠᠷᠠᠳ ᠲᠦᠮᠡᠡ ᠤ ᠬᠢᠨᠠᠯᠲᠠ ᠲᠠᠯᠪᠢᠯᠲᠠ ᠶᠢ ᠬᠠᠷᠢᠯᠴᠠᠠ ᠤᠶᠠᠯᠲᠤᠭᠤᠯᠬᠤ ᠶᠢ ᠪᠠᠷᠢᠮᠲᠠᠯᠠᠵᠦ᠂ ᠨᠠᠮ ᠤᠨ ᠤᠷᠲᠤ | ᠬᠤᠭᠤᠴᠠᠭᠠᠨ᠎ᠠ ᠲᠦᠷᠦ ᠪᠠᠷᠢᠬᠤ ᠨᠦᠬᠦᠴᠡᠯ ᠲᠤᠤᠷ᠎ᠠ ᠦᠪᠡᠷ ᠢ ᠪᠠᠨ ᠴᠡᠪᠡᠷᠰᠢᠭᠦᠯᠬᠦ᠂ ᠦᠪᠡᠷ ᠢ ᠪᠠᠨ | ᠲᠡᠭᠦᠯᠲᠡᠷᠵᠢᠭᠦᠯᠬᠦ᠂ ᠦᠪᠡᠷ ᠢ ᠪᠠᠨ ᠰᠢᠨᠡᠴᠢᠯᠡᠬᠦ᠂ ᠦᠪᠡᠷ ᠢ ᠪᠠᠨ ᠲᠡᠭᠡᠭᠰᠢᠯᠡᠭᠦᠯᠬᠦ ᠴᠢᠲᠠᠪᠤᠷᠢ ᠶᠢ ᠴᠢᠩᠭᠠᠳᠬᠠᠬᠤ | ᠭᠡᠷᠡᠭᠲᠡᠢ ᠭᠡᠵᠦ ᠴᠢᠬᠤᠯᠠᠴᠢᠯᠠᠵᠠᠢ᠃ | ᠪᠦᠬᠦᠲᠠ ᠬᠤᠷᠠᠯ ᠠᠴᠠ᠂ ᠨᠠᠮ ᠤᠨ ᠲᠤᠲᠤᠭᠠᠲᠤᠬᠢ ᠬᠢᠨᠠᠯᠲᠠ ᠲᠠᠯᠪᠢᠯᠲᠠ ᠳᠤ ᠬᠤᠷᠢᠭᠠᠲᠤ ᠤᠷᠤᠨ ᠭᠡᠵᠦ | ᠦᠭᠡᠢ᠂ ᠲᠦᠷᠢᠮ ᠠᠴᠠ ᠭᠠᠲᠠᠭᠤᠷ ᠭᠡᠰᠡᠠ ᠶᠠᠪᠤᠲᠠᠯ ᠦᠭᠡᠢ᠃ ᠡᠯ᠎ᠠ ᠱᠠᠲᠤᠨ ᠤ ᠨᠠᠮ ᠤᠨ ᠵᠤᠬᠢᠶᠠᠠ ᠪᠠᠶᠢᠭᠤᠯᠤᠯᠲᠠ | ᠢᠲᠡᠭᠡᠵᠦ ᠤᠷᠮᠠᠰᠢᠭᠤᠯᠤᠨ ᠵᠤᠷᠢᠠᠠᠵᠢᠭᠤᠯᠬᠤ ᠶᠢ ᠴᠢᠩᠭ᠎ᠠ ᠬᠢᠨᠠᠯᠲᠠ ᠲᠠᠯᠪᠢᠬᠤ ᠲᠠᠢ ᠤᠶᠠᠯᠲᠤᠭᠤᠯᠵᠦ᠂ ᠨᠠᠮ ᠤᠨ | ᠤᠲᠤᠷᠢᠳᠬᠤ ᠺᠠᠳ᠋ᠷ ᠢ ᠡᠷᠬᠡ ᠶᠢ ᠠᠳᠬᠤᠪᠠᠯ ᠵᠠᠪᠠᠯ ᠬᠠᠷᠢᠭᠤᠴᠠᠬᠤ᠂ ᠬᠠᠷᠢᠭᠤᠴᠠᠪᠠᠯ ᠡᠬᠦᠷᠭᠡᠯᠡᠯ ᠲᠠᠢ ᠪᠤᠯᠭᠠᠵᠦ᠂ | ᠡᠷᠭᠡ ᠪᠠᠨ ᠬᠡᠷᠡᠭᠯᠡᠬᠦ ᠳᠡᠭᠡᠨ ᠬᠢᠨᠠᠯᠲᠠ ᠶᠢ ᠬᠦᠯᠢᠶᠡᠵᠦ᠂ ᠬᠠᠷᠢᠭᠤᠴᠠᠯᠭ᠎ᠠ ᠳᠠᠭᠠᠨ ᠤᠰᠤᠯᠲᠠᠪᠠᠯ ᠵᠠᠪᠠᠯ ᠬᠠᠷᠢᠭᠤᠴᠠᠯᠭ᠎ᠠ | ᠨᠡᠬᠡᠮᠵᠢᠯᠡᠬᠦ ᠭᠡᠷᠡᠭᠲᠡᠢ᠃ ᠨᠠᠮ ᠤᠨ ᠲᠤᠲᠤᠭᠠᠲᠤ ᠶᠢᠨ ᠬᠢᠨᠠᠯᠲᠠ ᠳᠤ ᠠᠷᠠᠳᠴᠢᠯᠠᠯ ᠲᠦᠪᠯᠡᠷᠡᠯ ᠤᠨ ᠶᠤᠰᠤ ᠶᠢ | ᠲᠤᠤᠱᠯᠠᠭᠤᠯᠵᠦ᠂ ᠲᠦᠷᠢᠮ ᠲᠤᠭᠲᠠᠭᠠᠯ ᠰᠠᠬᠢᠯᠭ᠎ᠠ ᠪᠠᠲᠤ ᠶᠤᠰᠤᠭᠠᠷ ᠶᠠᠪᠤᠭᠳᠠᠭᠤᠯᠵᠤ᠂ ᠵᠤᠬᠢᠶᠠᠠ | ᠪᠠᠶᠢᠭᠤᠯᠤᠯᠲᠠ ᠶᠢᠨ ᠲᠡᠭᠡᠷ᠎ᠠ ᠠᠴᠠ ᠲᠤᠷᠤᠭᠰᠢ ᠶᠠᠪᠤᠭᠳᠠᠭᠤᠯᠬᠤ ᠬᠢᠨᠠᠯᠲᠠ ᠲᠠᠯᠪᠢᠯᠲᠠ ᠶᠢ ᠴᠢᠩᠭᠠᠳᠬᠠᠠ᠂ | ᠲᠤᠤᠷ᠎ᠠ ᠠᠴᠠ ᠲᠡᠭᠡᠭᠰᠢ ᠶᠠᠪᠤᠭᠳᠠᠭᠤᠯᠬᠤ ᠠᠷᠠᠳᠴᠢᠯᠠᠯ ᠤᠨ ᠬᠢᠨᠠᠯᠲᠠ ᠲᠠᠯᠪᠢᠯᠲᠠ ᠶᠢ ᠰᠠᠶᠢᠵᠢᠷᠠᠭᠤᠯᠤᠨ᠂ ᠠᠲᠠᠯᠢ | ᠱᠠᠲᠤᠨ ᠤ ᠬᠤᠭᠤᠷᠤᠨᠲᠤ ᠪᠠᠨ ᠬᠠᠷᠢᠯᠴᠠᠠ ᠬᠢᠨᠠᠯᠲᠠ ᠲᠠᠯᠪᠢᠬᠤ ᠦᠢᠯᠡᠳᠦᠯ ᠢ ᠪᠠᠲᠠᠷᠠᠭᠤᠯᠬᠤ ᠭᠡᠷᠡᠭᠲᠡᠢ ᠭᠡᠵᠦ | ᠵᠢᠭᠠᠵᠦ ᠭᠠᠷᠭᠠᠪᠠ᠃ | ᠪᠦᠬᠦᠳᠡ ᠬᠤᠷᠠᠯ ᠠᠴᠠ᠂ ᠨᠠᠮ ᠤᠨ ᠲᠤᠲᠤᠭᠠᠲᠤ ᠶᠢᠨ ᠬᠢᠨᠠᠯᠲᠠ ᠲᠠᠯᠪᠢᠬᠤ ᠡᠬᠦᠷᠭᠡ ᠪᠤᠯ ᠨᠠᠮ ᠤᠨ ᠲᠦᠷᠢᠮ | ᠲᠤᠭᠲᠠᠭᠠᠯ ᠨᠠᠮ ᠤᠨ ᠰᠠᠬᠢᠯᠭ᠎ᠠ ᠪᠠᠲᠤ ᠶᠢ ᠪᠦᠬᠦ ᠨᠠᠮ ᠳᠤ ᠪᠦᠲᠦᠮᠵᠢᠲᠠᠢ ᠭᠡᠷᠡᠭᠵᠢᠭᠦᠯᠬᠦ ᠶᠢ ᠪᠠᠲᠤᠯᠠᠵᠦ᠂ ᠨᠠᠮ ᠤᠨ | ᠪᠦᠯᠭᠦᠮᠲᠡᠯ ᠨᠢᠭᠡᠲᠦᠯ ᠢ ᠬᠠᠮᠠᠭᠠᠯᠠᠵᠦ᠂ ᠨᠠᠮ ᠤᠨ ᠤᠲᠤᠷᠢᠲᠤᠯᠭ᠎ᠠ ᠰᠤᠯᠠᠷᠠᠬᠤ᠂ ᠨᠠᠮ ᠤᠨ ᠪᠠᠶᠢᠭᠤᠯᠤᠯᠲᠠ | ᠲᠤᠲᠠᠭᠲᠠᠬᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠨᠢ ᠰᠤᠯᠠ᠂ ᠨᠠᠮ ᠤᠨ ᠲᠤᠬᠠᠢ ᠦᠵᠡᠯᠲᠠ ᠪᠠᠭᠤᠷᠠᠢ᠂ | ᠵᠤᠬᠢᠶᠠᠠ ᠪᠠᠶᠢᠭᠤᠯᠤᠯᠲᠠ ᠰᠤᠯᠠ ᠵᠠᠲᠠᠭᠠᠢ᠂ ᠰᠠᠬᠢᠯᠭ᠎ᠠ ᠪᠠᠲᠤ ᠰᠤᠯᠠ᠂ ᠨᠠᠮ ᠢ ᠬᠠᠮᠢᠶᠠᠷᠴᠤ ᠨᠠᠮ ᠢ ᠵᠠᠰᠠᠬᠤ ᠠᠵᠢᠯ | ᠬᠦᠴᠦᠨ ᠦᠭᠡᠢ ᠪᠤᠯᠤᠭᠰᠠᠠ ᠠᠰᠠᠭᠤᠲᠠᠯ ᠢ ᠭᠤᠤᠯᠲᠠᠯᠭ᠎ᠠ ᠲᠠᠢ ᠰᠢᠢᠳᠪᠦᠷᠢᠯᠡᠵᠦ᠂ ᠨᠠᠮ ᠤᠨ ᠵᠤᠬᠢᠶᠠᠠ | ᠪᠠᠶᠢᠭᠤᠯᠤᠯᠲᠠ ᠶᠢᠨ ᠡᠷᠭᠡ ᠲᠤᠰᠢᠶᠠᠯ ᠢᠶᠠᠨ ᠰᠠᠶᠢᠲᠤᠷ ᠬᠦᠢᠴᠡᠳᠭᠡᠡ᠂ ᠭᠤᠤᠯᠯᠠᠭᠴᠢ ᠦᠢᠯᠡᠲᠦᠯ ᠢᠶᠠᠨ | ᠪᠠᠲᠠᠷᠠᠭᠤᠯᠬᠤ ᠶᠢ ᠪᠠᠲᠤᠯᠠᠵᠦ᠂ ᠪᠦᠬᠦ ᠨᠠᠮ ᠤᠨ ᠭᠡᠰᠢᠭᠦᠳ ᠤᠨ ᠬᠤᠰᠢᠭᠤᠴᠢ ᠵᠢᠱᠢᠶᠡᠴᠢ ᠦᠢᠯᠡᠲᠦᠯ ᠢᠶᠠᠨ | ᠪᠠᠲᠠᠷᠠᠭᠤᠯᠬᠤ ᠶᠢ ᠪᠠᠲᠤᠯᠠᠵᠦ᠂ ᠨᠠᠮ ᠤᠨ ᠤᠲᠤᠷᠢᠳᠬᠤ ᠺᠠᠳ᠋ᠷ ᠤᠨ ᠦᠨᠡᠡᠴᠢ ᠰᠢᠳᠤᠷᠭᠤ ᠠᠷᠢᠭᠤᠨ ᠴᠢᠭᠡᠴᠢ | ᠡᠭᠦᠷᠭᠡᠯᠡᠯ ᠲᠠᠢ ᠪᠠᠶᠢᠬᠤ ᠶᠢ ᠪᠠᠲᠤᠯᠠᠨ᠎ᠠ᠃ ᠨᠠᠮ ᠤᠨ ᠲᠤᠲᠤᠭᠠᠲᠤ ᠶᠢᠨ ᠬᠢᠨᠠᠯᠲᠠ ᠲᠠᠯᠪᠢᠬᠤ ᠭᠤᠤᠯ ᠠᠭᠤᠯᠭ᠎ᠠ ᠪᠤᠯ | ᠨᠠᠮ ᠤᠨ ᠲᠦᠷᠢᠮ ᠲᠤᠭᠲᠠᠭᠠᠯ ᠪᠤᠯᠤᠨ ᠤᠯᠤᠰ ᠤᠨ ᠦᠨᠲᠦᠰᠦᠨ ᠬᠠᠤᠯᠢ ᠬᠠᠤᠯᠢ ᠴᠠᠭᠠᠵᠠ ᠶᠢ ᠵᠢᠷᠤᠮᠯᠠᠵᠦ᠂ ᠨᠠᠮ | ᠤᠨ ᠲᠦᠪ ᠬᠤᠷᠢᠶ᠎ᠠ ᠶᠢᠨ ᠲᠦᠪᠯᠡᠷᠡᠩᠭᠦᠢ ᠨᠢᠭᠡᠲᠦᠯ ᠲᠠᠢ ᠤᠲᠤᠷᠢᠳᠬᠤ ᠶᠢ ᠬᠠᠮᠠᠭᠠᠯᠠᠵᠦ᠂ ᠠᠷᠠᠳᠴᠢᠯᠠᠯ ᠲᠦᠪᠯᠡᠷᠡᠯ | ᠤᠨ ᠶᠤᠰᠤ ᠶᠢ ᠪᠠᠷᠢᠮᠲᠠᠯᠠᠠ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠬᠠᠤ ᠬᠠᠷᠢᠭᠤᠴᠠᠯᠭ᠎ᠠ ᠶᠢ ᠨᠠᠶᠢᠲᠠᠪᠤᠷᠢᠵᠢᠭᠤᠯᠤᠨ | ᠂ ᠲᠦᠪ ᠤᠨ ᠨᠠᠢᠮᠠᠠ ᠲᠤᠭᠲᠠᠭᠠᠯ ᠤᠨ ᠵᠤᠷᠢᠭ ᠰᠠᠨᠠᠭ᠎ᠠ ᠶᠢ ᠨᠠᠶᠢᠲᠠᠪᠤᠷᠢᠵᠢᠭᠤᠯᠵᠦ᠂ ᠨᠠᠮ ᠤᠨ ᠺᠠᠳ᠋ᠷ ᠤᠨ ᠪᠠᠷᠢᠮᠵᠢᠶ᠎ᠠ | ᠶᠢ ᠪᠠᠷᠢᠮᠲᠠᠯᠠᠵᠦ᠂ ᠠᠷᠢᠭᠤᠠ ᠴᠢᠭᠡᠴᠢ ᠪᠠᠶᠢᠬᠤ ᠪᠠᠷ ᠪᠡᠶ᠎ᠠ ᠪᠠᠨ ᠱᠠᠭᠠᠷᠲᠠᠬᠤ᠂ ᠭᠤᠤᠯᠴᠢ ᠪᠠᠷ ᠡᠷᠭᠡ ᠪᠠᠨ ᠭᠡᠷᠡᠭᠯᠡᠬᠦ | ᠶᠢ ᠪᠠᠷᠢᠮᠲᠠᠯᠠᠵᠦ᠂ ᠨᠠᠮ ᠤᠨ ᠲᠦᠪ ᠬᠤᠷᠢᠶ᠎ᠠ ᠪᠤᠯᠤᠨ ᠲᠡᠭᠡᠲᠦ ᠱᠠᠲᠤᠨ ᠤ ᠨᠠᠮ ᠤᠨ ᠵᠤᠬᠢᠶᠠᠠ ᠪᠠᠶᠢᠭᠤᠯᠤᠯᠲᠠ ᠶᠢᠨ | ᠪᠠᠶᠢᠷᠢᠯᠠᠭᠤᠯᠤᠭᠰᠠᠠ ᠡᠭᠦᠷᠭᠡ ᠶᠢ ᠪᠡᠶᠡᠯᠡᠭᠦᠯᠦᠭᠰᠡᠡ ᠵᠡᠷᠭᠡ ᠪᠠᠶᠢᠳᠠᠯ ᠪᠤᠯᠤᠨ᠎ᠠ ᠭᠡᠵᠦ ᠵᠢᠭᠠᠵᠦ ᠭᠠᠷᠭᠠᠪᠠ᠃ | ᠪᠦᠬᠦᠲᠠ ᠬᠤᠷᠠᠯ ᠠᠴᠠ᠂ ᠨᠠᠮ ᠤᠨ ᠲᠤᠲᠤᠭᠠᠲᠤ ᠳᠤ ᠬᠢᠨᠠᠯᠲᠠ ᠲᠠᠯᠪᠢᠬᠤ ᠭᠤᠤᠯ ᠡᠲᠡᠭᠡᠳ ᠪᠤᠯ ᠨᠠᠮ ᠤᠨ | ᠤᠲᠤᠷᠢᠳᠬᠤ ᠪᠠᠶᠢᠭᠤᠯᠭ᠎ᠠ ᠪᠤᠯᠤᠨ ᠤᠲᠤᠷᠢᠳᠬᠤ ᠺᠠᠳ᠋ᠷ ᠢᠯᠠᠩᠭᠤᠶ᠎ᠠ ᠭᠤᠤᠯ ᠤᠲᠤᠷᠢᠳᠬᠤ ᠺᠠᠳ᠋ᠷ ᠪᠤᠯᠤᠨ᠎ᠠ᠃ | ᠨᠠᠮ ᠤᠨ ᠲᠦᠪ ᠬᠤᠷᠢᠶ᠎ᠠ ᠨᠢᠭᠡᠳᠦᠯᠳᠠᠢ ᠤᠳᠤᠷᠢᠳᠴᠦ᠂ ᠨᠠᠮ ᠤᠨ ᠬᠤᠷᠢᠶ᠎ᠠ ︵ᠨᠠᠮ ᠤᠨ ᠤᠲᠤᠷᠢᠳᠬᠤ | ᠲᠤᠭᠤᠢᠢᠯᠠᠩ︶ ᠪᠦᠬᠦ ᠲᠠᠯ᠎ᠠ ᠪᠠᠷ ᠬᠢᠨᠠᠯᠲᠠ ᠲᠠᠯᠪᠢᠵᠤ᠂ ᠰᠠᠬᠢᠯᠭ᠎ᠠ ᠪᠠᠲᠤ ᠪᠠᠶᠢᠴᠠᠭᠠᠬᠤ ᠪᠠᠶᠢᠭᠤᠯᠤᠯᠭ᠎ᠠ ᠬᠢᠨᠠᠯᠲᠠ | ᠲᠠᠯᠪᠢᠬᠤ ᠶᠢ ᠲᠤᠰᠬᠠᠢ ᠬᠠᠷᠢᠭᠤᠴᠠᠵᠦ᠂ ᠨᠠᠮ ᠤᠨ ᠠᠵᠢᠯ ᠤᠨ ᠰᠠᠯᠠᠭ᠎ᠠ ᠮᠦᠴᠢᠷ ᠡᠬᠦᠷᠭᠡ ᠴᠢᠲᠠᠪᠬᠢᠲᠦ ᠬᠢᠨᠠᠯᠲᠠ | ᠲᠠᠯᠪᠢᠠ᠂ ᠨᠠᠮ ᠤᠨ ᠦᠨᠲᠦᠰᠦᠨ ᠱᠠᠲᠤᠨ ᠤ ᠵᠤᠬᠢᠶᠠᠠ ᠪᠠᠶᠢᠭᠤᠯᠤᠯᠲᠠ ᠡᠲᠦᠷ ᠲᠤᠲᠤᠮ ᠤᠨ ᠬᠢᠨᠠᠯᠲᠠ ᠲᠠᠯᠪᠢᠵᠦ᠂ | ᠨᠠᠮ ᠤᠨ ᠭᠡᠰᠢᠭᠦᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠨᠠᠮ ᠤᠨ ᠲᠤᠲᠤᠭᠠᠲᠤ ᠶᠢᠨ ᠬᠢᠨᠠᠯᠲᠠ ᠲᠠᠯᠪᠢᠬᠤ | ᠰᠢᠰᠲ᠋ᠧᠮᠵᠢ ᠶᠢ ᠪᠠᠶᠢᠭᠤᠯᠤᠨ ᠲᠡᠭᠦᠯᠲᠡᠷᠵᠢᠭᠦᠯᠦᠨ᠎ᠠ ᠭᠡᠵᠦ ᠵᠢᠭᠠᠵᠦ ᠭᠠᠷᠭᠠᠪᠠ᠃ | ᠪᠦᠬᠦᠳᠠ ᠬᠤᠷᠠᠯ ᠠᠴᠠ᠂ ᠨᠠᠮ ᠤᠨ ᠲᠦᠪ ᠬᠤᠷᠢᠶ᠎ᠠ᠂ ᠲᠦᠪ ᠬᠤᠷᠢᠶ᠎ᠠ ᠶᠢᠨ ᠤᠯᠤᠰ ᠲᠦᠷᠤ ᠶᠢᠨ | ᠲᠤᠪᠴᠢᠶ᠎ᠠ᠂ ᠲᠦᠪ ᠬᠤᠷᠢᠶ᠎ᠠ ᠶᠢᠨ ᠤᠯᠤᠰ ᠲᠦᠷᠤ ᠶᠢᠨ ᠲᠤᠪᠴᠢᠶᠠᠨ ᠤ ᠪᠠᠶᠢᠩᠭᠤ ᠶᠢᠨ ᠬᠤᠷᠢᠶ᠎ᠠ ᠨᠠᠮ ᠤᠨ | ᠳᠤᠳᠤᠷ᠎ᠠ ᠬᠢᠨᠠᠯᠳᠠ ᠲᠠᠯᠪᠢᠬᠤ ᠠᠵᠢᠯ ᠢ ᠪᠦᠬᠦ ᠲᠠᠯ᠎ᠠ ᠪᠠᠷ ᠤᠳᠤᠷᠢᠳᠤᠨ᠎ᠠ᠃ ᠨᠠᠮ ᠤᠨ ᠬᠤᠷᠢᠶ᠎ᠠ ︵ᠨᠠᠮ ᠤᠨ | ᠤᠳᠤᠷᠢᠳᠬᠤ ᠲᠤᠭᠤᠢᠢᠯᠠᠩ︶ ᠨᠢ ᠨᠠᠮ ᠤᠨ ᠳᠤᠳᠤᠷ᠎ᠠ ᠬᠢᠨᠠᠯᠳᠠ ᠲᠠᠯᠪᠢᠬᠤ ᠭᠤᠤᠯ ᠴᠤᠬᠴᠠ ᠶᠢᠨ ᠬᠠᠷᠢᠭᠤᠴᠠᠯᠭ᠎ᠠ | ᠶᠢ ᠡᠬᠦᠷᠭᠡᠯᠡᠵᠦ᠂ ᠱᠦᠵᠢ ᠪᠤᠯ ᠨᠢᠬᠡᠳᠤᠭᠡᠷ ᠬᠠᠷᠢᠭᠤᠴᠠᠯᠭᠠᠳᠠᠨ ᠪᠤᠯᠤᠨ᠎ᠠ᠂ ᠨᠠᠮ ᠤᠨ ᠬᠤᠷᠢᠶ᠎ᠠ ᠶᠢᠨ ᠪᠠᠶᠢᠩᠭᠤ ᠶᠢᠨ | ᠬᠡᠰᠢᠬᠦᠨ ︵ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠤᠬᠦᠨ︶ ᠪᠤᠯᠤᠨ ᠨᠠᠮ ᠤᠨ ᠬᠤᠷᠢᠶ᠎ᠠ ᠶᠢᠨ ᠬᠡᠰᠢᠬᠦᠨ | ᠡᠬᠦᠷᠭᠡ ᠬᠠᠷᠢᠭᠤᠴᠠᠯᠭ᠎ᠠ ᠶᠢᠨ ᠬᠡᠪᠴᠢᠶᠠᠨ ᠳᠡᠭᠡᠨ ᠬᠢᠨᠠᠯᠳᠠ ᠲᠠᠯᠪᠢᠬᠤ ᠬᠠᠷᠢᠭᠤᠴᠠᠯᠭ᠎ᠠ ᠪᠠᠨ ᠬᠦᠢᠴᠡᠳᠬᠡᠬᠦ ᠭᠡᠷᠡᠭᠳᠠᠢ᠃ | ᠨᠠᠮ ᠤᠨ ᠡᠯ᠎ᠠ ᠱᠠᠳᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠬᠢᠨᠠᠯᠳᠠ ᠲᠠᠯᠪᠢᠬᠤ ᠰᠠᠬᠢᠯᠭ᠎ᠠ ᠪᠠᠳᠤ | ᠭᠡᠷᠡᠭᠵᠢᠬᠦᠯᠬᠦ ᠬᠠᠷᠢᠭᠤᠴᠠᠯᠭ᠎ᠠ ᠨᠡᠬᠡᠮᠵᠢᠯᠡᠬᠦ ᠡᠬᠦᠷᠭᠡ ᠶᠢ ᠬᠦᠢᠴᠡᠳᠬᠡᠬᠦ ᠭᠡᠷᠡᠭᠳᠠᠢ᠃ ᠨᠠᠮ ᠤᠨ ᠠᠵᠢᠯᠯᠠᠬᠤ ᠰᠠᠯᠠᠭ᠎ᠠ | ᠮᠦᠴᠢᠷ ᠨᠢ ᠡᠬᠦᠷᠬᠡ ᠬᠠᠷᠢᠭᠤᠴᠠᠯᠭ᠎ᠠ ᠶᠢᠨ ᠬᠡᠪᠴᠢᠶᠠᠨ ᠳᠡᠭᠡᠨ ᠨᠠᠮ ᠤᠨ ᠳᠤᠳᠤᠷ᠎ᠠ ᠬᠢᠨᠠᠯᠳᠠ ᠲᠠᠯᠪᠢᠬᠤ ᠠᠵᠢᠯ ᠢᠶᠠᠨ | ᠴᠢᠩᠭᠠᠳᠬᠠᠬᠤ ᠭᠡᠷᠡᠭᠳᠠᠢ᠃ ᠨᠠᠮ ᠤᠨ ᠦᠨᠳᠤᠰᠤᠨ ᠱᠠᠳᠤᠨ ᠤ ᠵᠤᠬᠢᠶᠠᠨ ᠪᠠᠶᠢᠭᠤᠯᠤᠯᠳᠠ ᠨᠢ ᠨᠠᠮ ᠤᠨ ᠬᠡᠰᠢᠬᠦᠨ ᠤ | ᠡᠬᠦᠷᠬᠡ ᠬᠠᠷᠢᠭᠤᠴᠠᠯᠭ᠎ᠠ ᠪᠠᠨ ᠦᠨᠡᠨᠬᠦ ᠬᠦᠢᠴᠡᠳᠭᠡᠭᠰᠡᠨ ᠡᠰᠡᠬᠦ ᠳᠤ ᠬᠢᠨᠠᠯᠳᠠ ᠲᠠᠯᠪᠢᠵᠤ᠂ ᠨᠠᠮ ᠤᠨ ᠰᠠᠬᠢᠯᠭ᠎ᠠ | ᠪᠠᠳᠤ ᠶᠢ ᠬᠠᠮᠠᠭᠠᠯᠠᠬᠤ ᠪᠠ ᠭᠡᠷᠡᠭᠵᠢᠬᠦᠯᠬᠦ ᠭᠡᠷᠡᠭᠳᠠᠢ᠃ ᠨᠠᠮ ᠤᠨ ᠬᠡᠰᠢᠬᠦᠨ ᠨᠢ ᠨᠠᠮ ᠤᠨ ᠬᠡᠰᠢᠬᠦᠨ ᠤ ᠡᠷᠬᠡ ᠪᠠᠨ | ᠢᠳᠡᠪᠬᠢᠳᠠᠢ ᠬᠦᠢᠴᠡᠳᠬᠡᠵᠤ᠂ ᠨᠠᠮ ᠤᠨ ᠤᠳᠤᠷᠢᠳᠬᠤ ᠺᠠᠳ᠋ᠷ ᠲᠤ ᠠᠷᠠᠳᠴᠢᠯᠠᠯ ᠢᠶᠠᠷ ᠬᠢᠨᠠᠯᠳᠠ ᠲᠠᠯᠪᠢᠬᠤ ᠶᠢ | ᠴᠢᠩᠭᠠᠳᠬᠠᠬᠤ ᠭᠡᠷᠡᠭᠳᠠᠢ ᠬᠡᠵᠤ ᠴᠢᠬᠤᠯᠠᠴᠢᠯᠠᠪᠠ᠃ | ᠪᠦᠬᠦᠳᠠ ᠬᠤᠷᠠᠯ ᠠᠴᠠ᠂ ᠡᠯ᠎ᠠ ᠱᠠᠳᠤᠨ ᠤ ᠨᠠᠮ ᠤᠨ ᠬᠤᠷᠢᠶ᠎ᠠ ᠶᠢᠨ ᠬᠢᠨ ᠲᠤᠰ ᠱᠠᠳᠤᠨ ᠤ ᠠᠷᠠᠳ ᠤᠨ | ᠲᠦᠯᠤᠬᠡᠯᠡᠭᠴᠢᠳ ᠤᠨ ᠶᠡᠭᠡ ᠬᠤᠷᠠᠯ᠂ ᠵᠠᠰᠠᠬ ᠤᠨ ᠤᠷᠳᠤᠨ᠂ ᠬᠢᠨᠠᠨ ᠪᠠᠶᠢᠴᠠᠭᠠᠬᠤ ᠪᠠᠶᠢᠭᠤᠯᠤᠯᠭ᠎ᠠ᠂ ᠬᠠᠤᠯᠢ | ᠴᠠᠭᠠᠵᠠ ᠶᠢᠨ ᠪᠠᠶᠢᠭᠤᠯᠭ᠎ᠠ ᠵᠡᠷᠭᠡ ᠲᠦᠷᠦ ᠶᠢᠨ ᠪᠠᠶᠢᠭᠤᠯᠭ᠎ᠠ ᠵᠢᠴᠢ ᠲᠡᠭᠦᠨ ᠤ ᠠᠯᠪᠠᠨ ᠠᠵᠢᠯᠳᠠᠨ ᠬᠠᠤᠯᠢ | ᠶᠤᠰᠤᠭᠠᠷ ᠬᠢᠨᠠᠯᠳᠠ ᠲᠠᠯᠪᠢᠬᠤ᠂ ᠠᠷᠠᠳ ᠤᠨ ᠤᠯᠤᠰ ᠲᠦᠷᠤ ᠶᠢᠨ ᠵᠦᠪᠯᠡᠯᠬᠡᠨ ᠤ ᠲᠦᠷᠢᠮ ᠲᠤᠭᠳᠠᠭᠠᠯ ᠶᠤᠰᠤᠭᠠᠷ | ᠠᠷᠠᠳᠴᠢᠯᠠᠯ ᠢᠶᠠᠷ ᠬᠢᠨᠠᠯᠳᠠ ᠲᠠᠯᠪᠢᠬᠤ᠂ ᠬᠢᠨᠠᠨ ᠪᠤᠳᠤᠯᠳᠠ ᠶᠢᠨ ᠪᠠᠶᠢᠭᠤᠯᠭ᠎ᠠ ᠬᠠᠤᠯᠢ ᠶᠤᠰᠤᠭᠠᠷ ᠬᠢᠨᠠᠨ ᠪᠤᠳᠤᠯᠳᠠ | ᠶᠢᠨ ᠬᠢᠨᠠᠯᠳᠠ ᠲᠠᠯᠪᠢᠬᠤ ᠶᠢ ᠳᠠᠮᠵᠢᠬᠦ ᠪᠠ ᠪᠠᠳᠤᠯᠠᠬᠤ ᠭᠡᠷᠡᠭᠳᠠᠢ᠃ ᠠᠷᠠᠳᠴᠢᠯᠠᠬᠰᠠᠨ ᠨᠠᠮ ᠪᠦᠯᠦᠭ ᠤᠨ ᠬᠢᠨ ᠤ | ᠬᠢᠨᠠᠯᠳᠠ ᠲᠠᠯᠪᠢᠬᠤ ᠴᠢᠳᠠᠪᠬᠢ ᠪᠠᠨ ᠭᠡᠷᠡᠭᠵᠢᠬᠦᠯᠬᠦ ᠶᠢ ᠲᠡᠮᠵᠢᠵᠤ᠂ ᠠᠷᠠᠳᠴᠢᠯᠠᠬᠰᠠᠨ ᠨᠠᠮ ᠪᠦᠯᠦᠭ ᠪᠤᠯᠤᠨ ᠨᠠᠮ | ᠪᠦᠯᠦᠭ ᠤᠨ ᠪᠤᠰᠤ ᠬᠦᠮᠤᠰ ᠤᠨ ᠲᠤᠷᠠᠳᠤᠭᠰᠠᠠ ᠰᠠᠨᠠᠯ᠂ ᠰᠢᠬᠦᠮᠵᠢᠯᠠᠯ᠂ ᠰᠠᠨᠠᠭᠤᠯᠭ᠎ᠠ ᠶᠢ ᠬᠦᠨᠳᠦᠳᠭᠡᠨ ᠦᠵᠡᠬᠦ | ᠭᠡᠷᠡᠭᠳᠠᠢ᠃ ᠨᠡᠶᠢᠬᠡᠮ ᠤᠨ ᠬᠢᠨᠠᠯᠳᠠ ᠲᠠᠯᠪᠢᠯᠲᠠ ᠳᠤ ᠨᠠᠷᠢᠨ ᠬᠢᠨᠠᠮᠠᠭᠠᠢ ᠬᠠᠨᠳᠤᠵᠤ᠂ ᠤᠬᠠᠮᠰᠠᠷ ᠠᠴᠠ ᠪᠠᠨ ᠬᠦᠯᠢᠶᠡᠨ | ᠠᠪᠬᠤ ᠭᠡᠷᠡᠭᠳᠠᠢ ᠬᠡᠵᠤ ᠴᠢᠬᠤᠯᠠᠴᠢᠯᠠᠪᠠ᠃ | ᠪᠦᠬᠦᠳᠠ ᠬᠤᠷᠠᠯ ᠠᠴᠠ᠂ ᠳᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠ ᠶᠢᠰᠤᠳᠤᠭᠡᠷ ᠤᠳᠠᠭ᠎ᠠ ᠶᠢᠨ | ᠪᠦᠬᠦ ᠤᠯᠤᠰ ᠤᠨ ᠲᠦᠯᠤᠬᠡᠯᠡᠭᠴᠢᠳ ᠤᠨ ᠶᠡᠭᠡ ᠬᠤᠷᠠᠯ ᠢ 2017 ᠤᠨ ᠤ ᠲᠤᠤᠷ᠎ᠠ ᠬᠠᠭᠠᠰ ᠵᠢᠯ ᠪᠡᠬᠡᠵᠢᠩ ᠳᠤ | ᠬᠤᠷᠠᠯᠳᠤᠭᠤᠯᠬᠤ ᠪᠠᠷ ᠲᠤᠬᠳᠠᠪᠠ᠃ ᠪᠦᠬᠦᠳᠠ ᠬᠤᠷᠠᠯ ᠠᠴᠠ᠂ ᠨᠠᠮ ᠤᠨ ᠠᠷᠪᠠ ᠶᠢᠰᠤᠳᠤᠭᠡᠷ ᠤᠳᠠᠭ᠎ᠠ ᠶᠢᠨ ᠶᠡᠭᠡ | ᠬᠤᠷᠠᠯ ᠢ ᠬᠤᠷᠠᠯᠳᠤᠭᠤᠯᠬᠤ ᠪᠤᠯ ᠨᠠᠮ ᠪᠤᠯᠤᠨ ᠤᠯᠤᠰ ᠤᠨ ᠤᠯᠤᠰ ᠲᠦᠷᠤ ᠶᠢᠨ ᠠᠮᠢᠳᠤᠷᠠᠯ ᠳᠠᠬᠢ ᠨᠢᠬᠡᠨ ᠶᠡᠭᠡ | ᠶᠠᠪᠤᠳᠠᠯ ᠪᠤᠯᠤᠨ᠎ᠠ᠂ ᠪᠦᠬᠦ ᠨᠠᠮ ᠢᠶᠠᠷ ᠢᠶᠠᠨ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠤᠯᠤᠨ ᠠᠷᠪᠠᠨ | ᠨᠠᠢᠮᠠᠳᠤᠭᠠᠷ ᠬᠤᠭᠤᠴᠠᠭᠠᠨ ᠤ ᠲᠦᠪ ᠬᠤᠷᠢᠶ᠎ᠠ ᠶᠢᠨ ᠭᠤᠷᠪᠠ᠂ ᠳᠥᠷᠪᠡ᠂ ᠲᠠᠪᠤ᠂ ᠵᠢᠷᠭᠤᠳᠤᠭᠠᠷ ᠪᠦᠬᠦᠳᠠ ᠬᠤᠷᠠᠯ | ᠤᠨ ᠵᠤᠷᠢᠬ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠪᠦᠬᠦ ᠤᠯᠤᠰ ᠤᠨ ᠦᠨᠳᠤᠰᠤᠳᠠᠨ ᠨᠦᠭᠦᠳ ᠤᠨ | ᠠᠷᠠᠳ ᠲᠦᠮᠡᠨ ᠢ ᠪᠦᠯᠬᠦᠮᠳᠡᠬᠦᠯᠤᠨ ᠲᠠᠶᠢᠴᠢᠯᠠᠵᠤ᠂ ᠢᠳᠡᠬᠡᠯ ᠵᠤᠷᠢᠬ ᠢᠶᠠᠨ ᠪᠠᠳᠤᠳᠬᠠᠵᠤ᠂ ᠬᠦᠴᠤᠯᠠᠨ ᠴᠢᠷᠮᠠᠶᠢᠵᠤ | ᠂ ᠨᠠᠮ ᠪᠤᠯᠤᠨ ᠤᠯᠤᠰ ᠤᠨ ᠡᠯ᠎ᠠ ᠵᠦᠢᠯ ᠤᠨ ᠠᠵᠢᠯ ᠢ ᠴᠢᠨᠠᠬᠰᠢᠳᠠ ᠰᠠᠶᠢᠳᠤᠷ ᠬᠢᠵᠤ᠂ ᠤᠨᠴᠠᠭᠠᠢᠢᠯᠠᠨ ᠦᠵᠡᠯ | ᠰᠠᠨᠠᠭ᠎ᠠ ᠤᠨᠤᠯ ᠤᠨ ᠪᠡᠯᠡᠳᠭᠡᠯ ᠠᠵᠢᠯ᠂ ᠵᠤᠬᠢᠶᠠᠨ ᠪᠠᠶᠢᠭᠤᠯᠤᠯᠳᠠ ᠶᠢᠨ ᠪᠡᠯᠡᠳᠬᠡᠯ ᠠᠵᠢᠯ᠂ ᠠᠵᠤ ᠠᠬᠤᠢ ᠨᠡᠶᠢᠬᠡᠮ | ᠤᠨ ᠬᠦᠭᠵᠢᠯᠳᠠ ᠶᠢᠨ ᠠᠵᠢᠯ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠦᠨᠡᠨᠬᠦ ᠰᠠᠶᠢᠳᠤᠷ ᠬᠢᠵᠤ᠂ ᠨᠡᠶᠢᠬᠡᠮ | ᠤᠨ ᠡᠶ᠎ᠡ ᠵᠤᠬᠢᠴᠠᠩᠭᠤᠢ ᠲᠤᠭᠳᠠᠭᠤᠨ ᠪᠠᠶᠢᠳᠠᠯ ᠢ ᠦᠨᠡᠨᠬᠦ ᠬᠠᠮᠠᠭᠠᠯᠠᠵᠤ᠂ ᠰᠢᠯᠢᠳᠡᠭ ᠬᠢᠷᠢ ᠪᠦᠳᠤᠮᠵᠢ ᠪᠠᠷ ᠨᠠᠮ ᠤᠨ | ᠠᠷᠪᠠ ᠶᠢᠰᠤᠳᠤᠭᠡᠷ ᠤᠳᠠᠭ᠎ᠠ ᠶᠢᠨ ᠶᠡᠭᠡ ᠬᠤᠷᠠᠯ ᠬᠤᠷᠠᠯᠳᠤᠬᠤ ᠶᠢ ᠤᠬᠳᠤᠬᠤ ᠭᠡᠷᠡᠭᠳᠠᠢ ᠭᠡᠵᠦ ᠦᠵᠡᠪᠡ᠃ | ᠪᠦᠬᠦᠳᠠ ᠬᠤᠷᠠᠯ ᠠᠴᠠ ᠨᠠᠮ ᠤᠨ ᠲᠦᠷᠢᠮ ᠲᠤᠭᠳᠠᠭᠠᠯ ᠢ ᠦᠨᠳᠤᠰᠤᠯᠠᠵᠤ᠂ ᠲᠦᠪ ᠬᠤᠷᠢᠶ᠎ᠠ ᠶᠢᠨ | ᠤᠷᠤᠯᠠᠬᠴᠢ ᠬᠡᠰᠢᠬᠦᠨ ᠵᠤᠤ ᠰᠢᠶᠠᠨ ᠭᠧᠩ᠂ ᠰᠢᠶᠠᠨ ᠬᠤᠢ ᠶᠢ ᠲᠦᠪ ᠬᠤᠷᠢᠶ᠎ᠠ ᠶᠢᠨ ᠬᠡᠰᠢᠬᠦᠨ ᠪᠤᠯᠭᠠᠬᠤ ᠪᠠᠷ | ᠲᠤᠭᠳᠠᠪᠠ᠃ | ᠪᠦᠬᠦᠳᠠ ᠬᠤᠷᠠᠯ ᠠᠴᠠ ᠸᠠᠩ ᠮᠢᠨ᠂ ᠯᠢᠦᠢ ᠰᠢ ᠸᠧᠨ ᠤ ᠰᠠᠬᠢᠯᠭ᠎ᠠ ᠪᠠᠳᠤ ᠠᠴᠠ ᠬᠦᠨᠳᠤ ᠨᠤᠴᠢᠳᠠᠢ | ᠵᠦᠷᠢᠴᠡᠭᠰᠡᠨ ᠠᠰᠠᠭᠤᠳᠠᠯ ᠢ ᠬᠢᠨᠠᠨ ᠪᠠᠶᠢᠴᠠᠭᠠᠬᠰᠠᠨ ᠲᠤᠬᠠᠢ ᠨᠠᠮ ᠤᠨ ᠲᠦᠪ ᠬᠤᠷᠢᠶ᠎ᠠ ᠶᠢᠨ ᠰᠠᠬᠢᠯᠭ᠎ᠠ ᠪᠠᠳᠤ | ᠪᠠᠶᠢᠴᠠᠭᠠᠬᠤ ᠬᠤᠷᠢᠶ᠎ᠠ ᠶᠢᠨ ᠮᠡᠳᠡᠬᠦᠯᠤᠯᠳᠠ ᠶᠢ ᠬᠢᠨᠠᠨ ᠵᠦᠪᠯᠡᠬᠡᠳ ᠪᠠᠳᠤᠯᠠᠵᠤ᠂ ᠹᠠᠨ ᠴᠠᠩ ᠮᠢ᠂ ᠨᠢᠤ ᡁᠢ ᠵᠦᠩ | ᠤᠨ ᠰᠠᠬᠢᠯᠭ᠎ᠠ ᠪᠠᠳᠤ ᠠᠴᠠ ᠬᠦᠨᠳᠤ ᠨᠤᠴᠢᠳᠠᠢ ᠵᠦᠷᠢᠴᠡᠭᠰᠡᠨ ᠠᠰᠠᠭᠤᠳᠠᠯ ᠢ ᠬᠢᠨᠠᠨ ᠪᠠᠶᠢᠴᠠᠭᠠᠬᠰᠠᠨ ᠲᠤᠬᠠᠢ ᠲᠦᠪ | ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠮᠡᠳᠡᠬᠦᠯᠤᠯᠳᠠ ᠶᠢ ᠬᠢᠨᠠᠨ ᠵᠦᠪᠯᠡᠬᠡᠳ ᠪᠠᠳᠤᠯᠠᠵᠤ᠂ ᠲᠦᠪ | ᠬᠤᠷᠢᠶ᠎ᠠ ᠶᠢᠨ ᠤᠯᠤᠰ ᠲᠦᠷᠤ ᠶᠢᠨ ᠲᠤᠪᠴᠢᠶ᠎ᠠ ᠶᠢᠨ ᠡᠬᠦᠨ ᠠᠴᠠ ᠡᠮᠤᠨ᠎ᠠ ᠸᠠᠩ ᠮᠢᠨ᠂ ᠯᠢᠦᠢ ᠰᠢ ᠸᠧᠨ᠂ ᠹᠠᠨ | ᠴᠠᠩ ᠮᠢ᠂ ᠨᠢᠤ ᡁᠢ ᠵᠦᠩ ᠳᠤ ᠨᠠᠮ ᠠᠴᠠ ᠬᠦᠬᠡᠬᠡᠬᠦ ᠰᠢᠢᠳᠬᠡᠯ ᠥᠭᠭᠦᠭᠰᠡᠨ ᠢ ᠨᠤᠳᠠᠯᠠᠪᠠ᠃ | ᠪᠦᠬᠦᠳᠡ ᠬᠤᠷᠠᠯ ᠠᠴᠠ᠂ ᠪᠦᠬᠦ ᠨᠠᠮ ᠤᠨ ᠨᠦᠬᠦᠳ ᠢ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ | ᠨᠠᠮ ᠤᠨ ᠲᠦᠪ ᠬᠤᠷᠢᠶ᠎ᠠ ᠶᠢᠨ ᠲᠤᠭᠤᠷᠢᠨ ᠲᠤ ᠨᠢᠬᠳᠠᠷᠠᠨ ᠪᠦᠯᠬᠦᠮᠳᠡᠵᠤ᠂ ᠲᠤᠰ ᠤᠳᠠᠭ᠎ᠠ ᠶᠢᠨ ᠪᠦᠬᠦᠳᠠ ᠬᠤᠷᠠᠯ | ᠤᠨ ᠵᠤᠷᠢᠬ ᠰᠠᠨᠠᠭ᠎ᠠ ᠶᠢ ᠪᠦᠬᠦ ᠲᠠᠯ᠎ᠠ ᠪᠠᠷ ᠬᠦᠨᠵᠡᠬᠡᠢ ᠲᠤᠤᠱᠯᠠᠭᠤᠯᠵᠤ᠂ ᠤᠯᠤᠰ ᠲᠦᠷᠤ ᠶᠢᠨ ᠤᠬᠠᠮᠰᠠᠷ᠂ ᠶᠡᠭᠡ | ᠲᠠᠯ᠎ᠠ ᠶᠢᠨ ᠤᠬᠠᠮᠰᠠᠷ᠂ ᠭᠤᠤᠯᠯᠠᠬᠤ ᠤᠬᠠᠮᠰᠠᠷ᠂ ᠨᠢᠬᠡᠳᠤᠯᠳᠠᠢ ᠪᠠᠶᠢᠬᠤ ᠤᠬᠠᠮᠰᠠᠷ ᠢ ᠪᠠᠳᠤ ᠪᠤᠢ ᠪᠤᠯᠭᠠᠵᠤ᠂ ᠨᠠᠮ | ᠤᠨ ᠲᠦᠪ ᠬᠤᠷᠢᠶ᠎ᠠ ᠶᠢᠨ ᠡᠷᠬᠡ ᠰᠦᠷ ᠪᠤᠯᠤᠨ ᠨᠠᠮ ᠤᠨ ᠲᠦᠪ ᠬᠤᠷᠢᠶ᠎ᠠ ᠶᠢᠨ ᠲᠦᠪᠯᠡᠷᠡᠩᠬᠦᠢ ᠨᠢᠬᠡᠳᠤᠯᠳᠠᠢ | ᠤᠳᠤᠷᠢᠳᠤᠯᠭ᠎ᠠ ᠶᠢ ᠡᠷᠡᠰ ᠭᠤᠶᠢᠪᠢᠰᠢ ᠦᠬᠡᠢ ᠬᠠᠮᠠᠭᠠᠯᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ | ᠦᠷᠬᠦᠯᠵᠢᠯᠠᠨ ᠠᠬᠢᠭᠤᠯᠵᠤ᠂ ᠠᠷᠢᠭᠤᠨ ᠴᠢᠬᠡᠴᠢ ᠰᠤᠷᠳᠠᠯ ᠲᠦᠪ ᠤᠯᠤᠰ ᠲᠦᠷᠤ ᠶᠢᠨ ᠠᠮᠢ ᠠᠬᠤᠢ ᠶᠢ ᠬᠠᠮᠳᠤᠪᠡᠷ | ᠪᠤᠢ ᠪᠤᠯᠭᠠᠵᠤ᠂ ᠨᠠᠮ ᠠᠴᠠ ᠠᠷᠠᠳ ᠲᠦᠮᠡᠨ ᠢ ᠪᠦᠯᠬᠦᠮᠳᠡᠬᠦᠯᠤᠨ ᠲᠠᠭᠠᠭᠤᠯᠵᠤ ᠳᠤᠮᠳᠠᠳᠤ ᠤᠯᠤᠰ ᠤᠨ | ᠤᠨᠴᠠᠯᠢᠬ ᠲᠠᠢ ᠨᠡᠶᠢᠬᠡᠮ ᠵᠢᠷᠤᠮ ᠤᠨ ᠤᠢᠢᠯᠡᠰ ᠤᠨ ᠰᠢᠨ᠎ᠠ ᠪᠠᠶᠢᠳᠠᠯ ᠢ ᠲᠠᠰᠤᠷᠠᠯᠳᠠ ᠦᠬᠡᠢ ᠨᠡᠬᠡᠬᠡᠨ ᠡᠬᠦᠳᠬᠦ ᠶᠢ | ᠪᠠᠳᠤᠯᠠᠰᠤᠭᠠᠢ ᠬᠡᠵᠤ ᠤᠷᠢᠶᠠᠯᠠᠪᠠ᠃ |