ᠲᠥᠷᠥ ᠶᠢᠨ ᠪᠣᠳᠣᠯᠭ᠎ᠠ ᠶᠢᠨ ᠲᠠᠶᠢᠯᠤᠮᠵᠢ᠄ ᠨᠢᠭᠡ ᠬᠦᠮᠦᠨ ᠨᠢᠭᠡ ᠪᠠᠩᠬᠢ ᠳᠤ ᠬᠡᠳᠦᠨ I ᠲᠦᠷᠦᠯ ᠤᠨ ᠳᠠᠩᠰᠠᠨ ᠡᠷᠦᠬᠡ ᠨᠡᠭᠡᠭᠡᠵᠤ ᠪᠤᠯᠤᠨ᠎ᠠ ᠤᠤ︖
ᠨᠡᠶᠢᠲᠡᠯᠡᠭᠰᠡᠨ ᠴᠠᠭ᠄
2016/10/28
      ᠬᠤᠳᠠᠯᠳᠤᠭᠠᠯᠠᠬᠤ ᠳᠠᠩᠰᠠᠨ ᠡᠷᠦᠬᠡ ᠪᠤᠯᠤᠨ ᠬᠤᠳᠠᠯ ᠬᠠᠭᠤᠷᠮᠠᠭ ᠳᠠᠩᠰᠠᠨ ᠡᠷᠦᠭᠡ ᠨᠡᠭᠡᠭᠡᠭᠦ ᠦᠢᠯᠡ ᠠᠵᠢᠯᠯᠠᠭ᠎ᠠ ᠶᠢ ᠪᠦᠲᠦᠮᠵᠢᠲᠡᠶ ᠬᠤᠷᠢᠭᠯᠠᠨ ᠵᠣᠭᠰᠣᠭᠠᠵᠤ᠂ ᠬᠤᠪᠢ ᠬᠥᠮᠦᠨ ᠤ ᠲᠠᠩᠰᠠᠠ ᠡᠷᠦᠭᠡ ᠶᠢ ᠬᠠᠮᠠᠭᠠᠯᠠᠬᠤ ᠲᠣᠭᠲᠠᠴᠠ ᠶᠢ ᠪᠠᠶᠢᠭᠤᠯᠬᠤ ᠶᠢᠨ ᠲᠤᠯᠠᠳᠠ᠂ 2016 ᠤᠨ ᠤ 12 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ᠂ ᠨᠢᠭᠡ ᠬᠥᠮᠦᠨ ᠨᠢᠭᠡ ᠪᠠᠩᠬᠢ ︵ᠬᠠᠤᠯᠢ ᠶᠢᠨ ᠡᠷᠬᠡᠲᠡᠨ ᠢᠶᠠᠷ ᠨᠢᠭᠡᠴᠢ ᠪᠤᠯᠭᠠᠨ᠎ᠠ︶ ᠳᠤ I ᠲᠦᠷᠦᠯ ᠤᠨ ᠳᠠᠩᠰᠠᠨ ᠡᠷᠦᠬᠡ ᠶᠢ ᠵᠥᠪᠬᠡᠨ ᠨᠢᠭᠡ ᠯᠡ ᠪᠠᠶᠢᠭᠤᠯᠵᠤ ᠪᠤᠯᠬᠤ ᠮᠦᠷᠲᠡᠭᠡᠨ ᠨᠢᠭᠡᠨᠲᠡ I ᠲᠦᠷᠦᠯ ᠤᠨ ᠳᠠᠩᠰᠠᠨ ᠡᠷᠦᠬᠡ ᠨᠡᠭᠡᠭᠡᠭᠡᠳ ᠲᠠᠬᠢᠨ ᠰᠢᠨ᠎ᠡ ᠳᠠᠩᠰᠠᠨ ᠡᠷᠦᠭᠡ ᠨᠡᠭᠡᠭᠡᠪᠡᠯ᠂ II ᠲᠦᠷᠦᠯ ᠤᠨ ᠳᠠᠩᠰᠠᠨ ᠡᠷᠤᠭᠡ ᠪᠤᠶᠤ III ᠲᠦᠷᠦᠯ ᠤᠨ ᠳᠠᠩᠰᠠᠨ ᠡᠷᠦᠬᠡ ᠨᠡᠭᠡᠭᠡᠬᠦ ᠬᠡᠷᠡᠭᠲᠡᠶ᠃      ᠰᠠᠨᠠᠭᠤᠯᠤᠮᠵᠢ᠄ I ᠲᠦᠷᠦᠯ ᠤᠨ ᠳᠠᠩᠰᠠᠨ ᠡᠷᠦᠬᠡ ᠪᠤᠯ ᠪᠦᠷᠢᠨ ᠴᠢᠳᠠᠮᠵᠢᠳᠦ ᠳᠠᠩᠰᠠᠨ ᠡᠷᠦᠬᠡ ᠪᠤᠯᠤᠨ᠎ᠠ᠂ ᠵᠣᠭᠤᠰ ᠬᠠᠳᠠᠭᠠᠯᠠᠬᠤ᠂ ᠳᠠᠩᠰᠠ ᠰᠢᠯᠵᠢᠬᠦᠯᠬᠦ᠂ ᠬᠡᠷᠡᠭᠯᠡᠭᠡᠨ ᠤ ᠰᠦᠢᠳᠬᠡᠯ ᠲᠤᠰᠢᠶᠠᠬᠤ᠂ ᠪᠡᠯᠡ ᠣᠷᠣᠭᠤᠯᠤᠯᠲᠠ ᠶᠢᠨ ᠡᠳ᠋ ᠤᠨ ᠶᠠᠪᠤᠳᠠᠯ ᠢ ᠬᠠᠮᠢᠶᠠᠷᠬᠤ ᠦᠢᠯᠡᠳᠬᠦᠨ ᠬᠤᠳᠠᠯᠳᠤᠨ ᠠᠪᠬᠤ ᠵᠡᠷᠭᠡ ᠶᠢ ᠬᠦᠢᠴᠡᠳᠭᠡᠵᠤ ᠪᠤᠯᠬᠤ ᠪᠦᠭᠡᠳ ᠬᠡᠷᠡᠭᠯᠡᠬᠦ ᠬᠡᠪᠴᠢᠶ᠎ᠡ ᠪᠤᠯᠤᠨ ᠵᠣᠭᠤᠰ ᠤᠨ ᠲᠤᠭ᠎ᠠ ᠳᠤ ᠬᠢᠵᠠᠭᠠᠷᠯᠠᠭᠳᠠᠬᠤ ᠤᠢᠭᠡᠢ ᠪᠠᠶᠢᠳᠠᠭ᠃ ᠬᠤᠪᠢ ᠬᠥᠮᠦᠨ ᠤ ᠴᠠᠯᠢᠩ ᠤᠨ ᠣᠷᠣᠯᠭ᠎ᠠ᠂ ᠶᠡᠭᠡ ᠲᠣᠭᠠᠨ ᠤ ᠳᠠᠩᠰᠠ ᠰᠢᠯᠵᠢᠭᠦᠯᠬᠦ᠂ ᠮᠥᠩᠭᠦᠨ ᠭᠡᠷᠡᠴᠢ ᠪᠠᠷ ᠳᠠᠩᠰᠠ ᠰᠢᠯᠵᠢᠭᠦᠯᠬᠦ ᠵᠢᠴᠢ ᠡᠮ ᠡᠮᠨᠡᠯᠭᠡ ᠶᠢᠨ ᠳᠠᠭᠠᠳᠬᠠᠯ᠂ ᠨᠡᠶᠢᠭᠡᠮ ᠤᠨ ᠳᠠᠭᠠᠳᠬᠠᠯ᠂ ᠨᠠᠰᠤᠵᠢᠯ ᠤᠨ ᠠᠰᠠᠷᠠᠮᠵᠢ ᠶᠢᠨ ᠮᠥᠩᠭᠦ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠲᠤᠰᠢᠶᠠᠬᠤ ᠪᠤᠶᠤ ᠤᠯᠭᠤᠬᠤ ᠵᠡᠷᠭᠡ ᠲᠤᠬᠠᠶᠢᠯᠠᠭᠰᠠᠨ ᠠᠵᠢᠯ ᠢ I ᠲᠦᠷᠦᠯ ᠤᠨ ᠳᠠᠩᠰᠠᠨ ᠡᠷᠦᠬᠡ ᠪᠠᠷ ᠳᠠᠮᠵᠢᠨ ᠰᠢᠢᠳᠪᠦᠷᠢᠯᠡᠨ᠎ᠡ᠃ II᠂ III ᠲᠦᠷᠦᠯ ᠤᠨ ᠳᠠᠩᠰᠠᠨ ᠡᠷᠦᠬᠡ ᠪᠤᠯ ᠴᠢᠳᠠᠮᠵᠢ ᠶᠢᠨ ᠬᠢᠵᠠᠭᠠᠷ ᠲᠠᠢ ᠪᠥᠭᠡᠳ I ᠲᠦᠷᠦᠯ ᠤᠨ ᠳᠠᠩᠰᠠᠨ ᠡᠷᠦᠬᠡ ᠲᠠᠢ ᠪᠠᠷᠢᠯᠳᠤᠭᠤᠯᠤᠨ ᠬᠡᠷᠡᠭᠯᠡᠬᠦ ᠴᠢᠬᠤᠯᠠᠲᠠᠢ ᠶᠤᠮ᠃ II ᠲᠦᠷᠦᠯ ᠤᠨ ᠳᠠᠩᠰᠠᠨ ᠡᠷᠦᠬᠡ ᠶᠢᠨ ᠪᠡᠯᠡ ᠮᠥᠩᠭᠦ ᠨᠢ I ᠲᠦᠷᠦᠯ ᠤᠨ ᠳᠠᠩᠰᠠᠨ ᠡᠷᠦᠬᠡ ᠠᠴᠠ ᠢᠷᠡᠯᠲᠡ ᠲᠠᠢ᠂ ᠵᠣᠭᠤᠰ ᠬᠠᠳᠠᠭᠠᠯᠠᠬᠤ  ᠂ ᠪᠠᠩᠬᠢ ᠶᠢᠨ ᠪᠡᠯᠡ ᠣᠷᠣᠭᠤᠯᠤᠯᠲᠠ ᠶᠢᠨ ᠡᠳ᠋ ᠤᠨ ᠶᠠᠪᠤᠳᠠᠯ ᠢ ᠬᠠᠮᠢᠶᠠᠷᠬᠤ ᠦᠢᠯᠡᠳᠬᠦᠨ ᠬᠤᠳᠠᠯᠳᠤᠨ ᠠᠪᠬᠤ᠂ ᠬᠡᠷᠡᠭᠯᠡᠭᠡᠨ ᠤ ᠰᠦᠢᠳᠬᠡᠯ ᠲᠤᠰᠢᠶᠠᠬᠤ ᠵᠡᠷᠭᠡ ᠶᠢ ᠬᠦᠢᠴᠡᠳᠭᠡᠵᠤ ᠪᠤᠯᠤᠨ᠎ᠠ᠃ III ᠲᠦᠷᠦᠯ ᠤᠨ ᠳᠠᠩᠰᠠᠨ ᠡᠷᠦᠬᠡ ᠶᠢ ᠪᠤᠯ ᠭᠤᠣᠯᠳᠠᠭᠤ ᠰᠦᠯᠵᠢᠶᠡᠨ ᠳᠡᠭᠡᠷ᠎ᠡ ᠵᠤᠭᠤᠰ ᠦᠭᠭᠦ᠂ ᠰᠦᠯᠵᠢᠶᠠᠨ ᠤ ᠭᠠᠳᠠᠨ᠎ᠠ ᠭᠠᠷ ᠤᠲᠠᠰᠤ ᠪᠠᠷ ᠵᠤᠭᠤᠰ ᠥᠭᠬᠦ ᠵᠡᠷᠭᠡ ᠪᠠᠭ᠎ᠠ ᠲᠤᠭᠠᠨ ᠤ ᠵᠤᠭᠤᠰ ᠲᠦᠯᠦᠬᠦ ᠳᠤ ᠬᠡᠷᠡᠭᠯᠡᠵᠤ᠂ ᠬᠡᠷᠡᠭᠯᠡᠭᠡᠨ ᠤ ᠰᠦᠢᠳᠬᠡᠯ ᠲᠤᠰᠢᠶᠠᠵᠤ ᠪᠣᠯᠤᠨ᠎ᠠ᠃ ᠬᠤᠶᠢᠰᠢᠳᠠ ᠬᠤᠪᠢ ᠬᠥᠮᠦᠨ ᠤ ᠬᠡᠷᠡᠭᠯᠡᠬᠦ ᠪᠠᠩᠬᠢ ᠶᠢᠨ ᠲᠠᠰᠤᠯᠤᠨ ᠪᠣᠳᠣᠬᠤ ᠳᠠᠩᠰᠠᠨ ᠡᠷᠦᠭᠡ ᠶᠢ I ᠲᠦᠷᠦᠯ ᠤᠨ ᠳᠠᠩᠰᠠᠨ ᠡᠷᠦᠭᠡ ᠪᠠᠷ ᠭᠤᠤᠯᠯᠠᠭᠤᠯᠵᠤ᠂ II᠂ III ᠲᠦᠷᠦᠯ ᠤᠨ ᠳᠠᠩᠰᠠᠨ ᠡᠷᠦᠬᠡ ᠪᠠᠷ ᠬᠠᠪᠰᠤᠷᠤᠮᠵᠢ ᠪᠤᠯᠭᠠᠭᠰᠠᠨ ᠳᠠᠩᠰᠠᠨ ᠡᠷᠦᠬᠡ ᠶᠢᠨ ᠰᠢᠰᠲ᠋ᠧᠮᠵᠢ ᠶᠢ ᠪᠠᠶᠢᠭᠤᠯᠬᠤ ᠪᠣᠯᠤᠨ᠎ᠠ᠃ ᠡᠭᠦᠨ ᠤ ᠬᠠᠮᠲᠤ᠂ ᠬᠤᠪᠢ ᠬᠥᠮᠦᠨ ᠤ ᠣᠨᠳᠣᠣ ᠭᠠᠵᠠᠷ ᠲᠠᠬᠢ ᠦᠢᠯᠡᠳᠪᠦᠷᠢᠯᠡᠯ ᠠᠮᠢᠳᠤᠷᠠᠯ ᠤᠨ ᠬᠡᠷᠡᠭᠴᠡᠭᠡ ᠳᠤ ᠨᠢ ᠲᠦᠬᠦᠮ ᠦᠵᠡᠭᠦᠯᠬᠦ ᠶᠢᠨ ᠲᠥᠯᠥᠭᠡ᠂ ︽ᠪᠠᠩᠬᠢ ᠶᠢᠨ ᠺᠠᠷᠲ ᠤᠨ ᠮᠡᠳᠡᠭᠡ ᠵᠠᠩᠭᠢ ᠶᠢ ᠬᠠᠤᠯᠢ ᠪᠤᠰᠤ ᠪᠠᠷ ᠬᠤᠳᠠᠯᠳᠤᠭᠠᠯᠠᠬᠤ ᠶᠢ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠦᠷᠨᠢᠬᠦᠯᠬᠦ ᠲᠤᠬᠠᠶ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠮᠡᠳᠡᠭᠳᠡᠯ︾ ᠢ ᠪᠠᠭᠤᠯᠭᠠᠭᠰᠠᠨ ᠡᠳᠦᠷ ᠠᠴᠠ ᠡᠬᠢᠯᠡᠨ ᠭᠤᠷᠪᠠᠨ ᠰᠠᠷ᠎ᠠ ᠶᠢᠨ ᠳᠣᠲᠣᠷ᠎ᠠ᠂ ᠪᠠᠩᠬᠢ ᠠᠴᠠ ᠲᠤᠰ ᠪᠠᠩᠬᠢ ᠶᠢᠨ ᠳᠤᠲᠤᠭᠠᠲᠤ ᠳᠤ ᠣᠨᠳᠣᠣ ᠭᠠᠵᠠᠷ ᠲᠤ ᠪᠡᠯᠡ ᠮᠦᠡᠭᠭᠦ ᠬᠠᠳᠠᠭᠠᠯᠠᠬᠤ ᠪᠠ ᠭᠠᠷᠭᠠᠵᠤ ᠠᠪᠬᠤ᠂ ᠳᠠᠩᠰᠠ ᠰᠢᠯᠵᠢᠬᠦᠯᠬᠦ ᠵᠡᠷᠭᠡ ᠲᠤᠬᠠᠶᠢᠯᠠᠭᠰᠠᠨ ᠠᠵᠢᠯ ᠳᠤ ᠰᠦᠢᠳᠬᠡᠯ ᠬᠤᠷᠢᠶᠠᠬᠤ ᠦᠭᠡᠢ᠃      ᠬᠤᠪᠢ ᠬᠥᠮᠦᠨ ᠤ ATM ᠢᠶᠠᠷ ᠳᠠᠩᠰᠠ ᠰᠢᠯᠵᠢᠭᠦᠯᠦᠭᠰᠡᠨ ᠪᠡᠯᠡ ᠮᠥᠩᠭᠦ ᠨᠢ ᠬᠡᠵᠢᠶ᠎ᠡ ᠳᠠᠩᠰᠠᠨ ᠳᠤ ᠤᠷᠤᠬᠤ ᠪᠤᠢ︖       ᠮᠡᠬᠡᠯᠡᠭᠴᠢ ᠡᠲᠡᠭᠡᠳ ᠬᠤᠬᠢᠷᠠᠯ ᠠᠮᠰᠠᠭᠴᠢ ᠶᠢ ᠮᠡᠭᠡᠯᠡᠵᠤ ᠪᠠᠶᠢᠭᠠᠳ ᠪᠡᠯᠡ ᠮᠦᠡᠭᠭᠦ ᠶᠢᠨ ᠳᠠᠩᠰᠠ ᠶᠢ ᠰᠢᠯᠵᠢᠭᠦᠯᠬᠦ ᠪᠠ ᠪᠤᠵᠠᠷ ᠵᠣᠭᠤᠰ ᠢ ᠪᠡᠯᠡᠨ ᠵᠣᠭᠤᠰ ᠪᠣᠯᠭᠠᠬᠤ ᠶᠢ ᠬᠠᠮᠤᠭ ᠤᠨ ᠶᠡᠭᠡ ᠬᠡᠮᠵᠢᠶ᠎ᠡ ᠪᠠᠷ ᠲᠠᠰᠤᠯᠬᠤ ᠶᠢᠨ ᠲᠤᠯᠠᠳᠠ᠂ 2016 ᠤᠨ ᠤ 12 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ᠂ ᠲᠤᠰ ᠬᠦᠮᠦᠨ ᠳᠤ ᠠᠳᠠᠯᠢ ᠪᠠᠩᠬᠢ ᠶᠢᠨ ᠳᠠᠩᠰᠠᠨ ᠡᠷᠦᠬᠡ ᠳᠤ ᠳᠠᠩᠰᠠ ᠰᠢᠯᠵᠢᠭᠦᠯᠬᠦ ᠠᠴᠠ ᠭᠠᠳᠠᠨ᠎ᠠ᠂ ᠬᠤᠪᠢ ᠬᠥᠮᠦᠨ ᠲᠤᠰᠠᠯᠠᠮᠵᠢ ᠶᠢᠨ ᠠᠦ᠋ᠲ᠋ᠣ᠋ ᠮᠠᠰᠢᠨ ᠢᠶᠠᠷ ᠲᠡᠩᠰᠠ ᠰᠢᠯᠵᠢᠭᠦᠯᠬᠦ ᠳᠤ ᠬᠦᠷᠪᠡᠯ᠂ ᠺᠠᠷᠲ ᠲᠠᠷᠬᠠᠭᠠᠭᠰᠠᠨ ᠪᠠᠩᠬᠢ ᠨᠢ  ᠬᠦᠯᠢᠶᠡᠨ ᠠᠪᠤᠭᠰᠠᠨ ᠠᠴᠠ ᠪᠠᠨ 24 ᠴᠠᠭ ᠤᠨ ᠲᠠᠷᠠᠭ᠎ᠠ ᠪᠡᠯᠡ ᠮᠥᠩᠭᠦᠨ ᠤ ᠳᠠᠩᠰᠠ ᠰᠢᠯᠵᠢᠭᠦᠯᠬᠦ ᠶᠢ ᠬᠦᠢᠴᠡᠳᠭᠡᠵᠤ ᠦᠭᠭᠦᠨ᠎ᠡ᠃ ᠺᠠᠷᠲ ᠲᠠᠷᠬᠠᠭᠠᠭᠰᠠᠨ ᠪᠠᠩᠬᠢ ᠬᠦᠯᠢᠶᠡᠨ ᠠᠪᠤᠭᠰᠠᠨ 24 ᠴᠠᠭ ᠤᠨ ᠳᠣᠲᠣᠷ᠎ᠠ᠂ ᠬᠤᠪᠢ ᠬᠥᠮᠦᠨ ᠺᠠᠷᠲ ᠲᠠᠷᠬᠠᠭᠠᠭᠰᠠᠨ ᠪᠠᠩᠬᠢ ᠳᠤ ᠳᠠᠩᠰᠠ ᠰᠢᠯᠵᠢᠭᠦᠯᠬᠦ ᠪᠠᠨ ᠬᠦᠴᠦᠨ ᠦᠭᠡᠢ ᠪᠤᠯᠭᠠᠬᠤ ᠪᠠᠷ ᠭᠤᠶᠤᠴᠢᠯᠠᠵᠤ ᠪᠣᠯᠤᠨ᠎ᠠ᠃      ᠰᠠᠨᠠᠭᠤᠯᠤᠮᠵᠢ᠄ ᠬᠤᠪᠢ ᠬᠥᠮᠦᠨ ᠲᠤᠰᠠᠯᠠᠮᠵᠢ ᠶᠢᠨ ᠠᠦ᠋ᠲ᠋ᠣ᠋ ᠮᠠᠰᠢᠨ ᠢᠶᠠᠷ ᠳᠠᠩᠰᠠ ᠰᠢᠯᠵᠢᠬᠦᠯᠵᠤ᠂ ᠬᠦᠯᠢᠶᠡᠨ ᠠᠪᠤᠭᠰᠠᠨ ᠤ ᠳᠠᠷᠠᠭᠠᠬᠢ 24 ᠴᠠᠭ ᠤᠨ ᠳᠣᠲᠣᠷ᠎ᠠ ᠬᠦᠴᠦᠨ ᠦᠭᠡᠢ ᠪᠣᠯᠭᠠᠵᠤ ᠪᠤᠯᠬᠤ ᠠᠴᠠ ᠪᠤᠯᠤᠭᠠᠳ᠂ ᠬᠠᠤᠯᠢ ᠪᠤᠰᠤ ᠡᠲᠡᠭᠡᠳ ᠳᠠᠩᠰᠠ ᠰᠢᠯᠵᠢᠭᠦᠯᠬᠦ ᠶᠢ ᠬᠦᠴᠦᠨ ᠦᠭᠡᠢ ᠪᠣᠯᠭᠠᠬᠤ ᠶᠢ ᠳᠠᠯᠢᠮᠳᠠᠭᠤᠯᠤᠨ ᠰᠢᠨ᠎ᠡ ᠮᠡᠬᠡᠯᠡᠬᠦ ᠠᠵᠢᠯᠯᠠᠭ᠎ᠠ ᠬᠢᠵᠤ ᠮᠡᠳᠡᠨ᠎ᠡ᠂ ᠤᠯᠠᠨ ᠢᠶᠠᠷ ᠢᠶᠠᠨ ᠵᠣᠭᠤᠰ ᠬᠤᠷᠢᠶᠠᠬᠤ ᠦᠶ᠎ᠡ ᠳᠤ ᠪᠠᠨ ᠡᠷᠬᠡᠪᠰᠢ ᠪᠣᠯᠭᠤᠮᠵᠢᠲᠠᠶ ᠪᠠᠶᠢᠵᠤ᠂ ᠬᠠᠤᠯᠢ ᠪᠤᠰᠤ ᠡᠲᠡᠭᠡᠳ ᠤᠨ ᠵᠠᠪᠰᠢᠶᠠᠨ ᠢ ᠳᠠᠯᠢᠮᠳᠠᠭᠤᠯᠤᠨ ᠮᠡᠭᠡᠯᠡᠬᠦ ᠶᠢ ᠰᠡᠷᠭᠡᠶᠢᠯᠡᠬᠦ ᠬᠡᠷᠡᠭᠲᠠᠢ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ