ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠨᠥᠬᠦᠴᠡᠯ ᠢ ᠰᠠᠶᠢᠵᠢᠷᠠᠭᠤᠯᠬᠤ ᠶᠢᠨ ᠲᠥᠯᠥᠭᠡ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠣᠷᠴᠢᠮᠬᠠᠨ 2016 ᠣᠨ ᠤ | ᠤᠯᠤᠰ ᠤᠨ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠲᠤᠰᠬᠠᠶ ᠨᠥᠬᠦᠪᠥᠷᠢ ᠵᠠᠷᠤᠳᠠᠯ ᠢ | 13176 ᠲᠦᠮᠡᠨ ᠲᠥᠭᠦᠷᠢᠭ ᠪᠠᠭᠤᠯᠭᠠᠪᠠ᠃ ᠣᠶᠢᠯᠠᠭᠠᠭᠰᠠᠨ ᠢᠶᠠᠷ᠂ ︽ᠬᠠᠮᠠᠭᠠᠯᠠᠬᠤ ᠪᠠᠷ ᠭᠤᠣᠯ ᠪᠣᠯᠭᠠᠬᠤ᠂ | ᠲᠦᠷᠭᠡᠨ ᠠᠪᠦᠷᠡᠬᠤ ᠶᠢ ᠲᠡᠷᠢᠭᠦᠨ ᠳᠤ ᠲᠠᠯᠪᠢᠬᠤ᠂ ᠵᠦᠢ ᠵᠣᠬᠢᠰᠲᠠᠶ ᠪᠠᠷ ᠠᠰᠢᠭᠯᠠᠬᠤ᠂ ᠬᠠᠮᠢᠶᠠᠷᠤᠯᠲᠠ ᠶᠢ | ᠴᠢᠩᠭᠠᠳᠬᠠᠬᠤ︾ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠠᠵᠢᠯ ᠤᠨ ᠴᠢᠭᠯᠡᠯᠲᠡ ᠶᠤᠰᠤᠭᠠᠷ᠂ ︽ | ᠡᠳ᠋ ᠤᠨ ᠵᠠᠰᠠᠭ ᠤᠨ ᠶᠠᠮᠤᠨ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠤᠨ ᠲᠣᠪᠴᠢᠶ᠎ᠠ ᠶᠢᠨ ᠳᠠᠷᠤᠮᠠᠯᠯᠠᠨ | ᠲᠠᠷᠬᠠᠭᠠᠭᠰᠠᠨ ᠮᠡᠳᠡᠭᠳᠡᠯ︾ ᠤᠨ ᠵᠣᠷᠢᠭ ᠰᠠᠨᠠᠭ᠎ᠠ ᠶᠢ ᠦᠨᠳᠦᠰᠦᠯᠡᠨ᠂ ᠪᠦᠬᠦ ᠣᠷᠣᠨ ᠤ ᠤᠯᠤᠰ ᠤᠨ | ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠠᠵᠢᠯ ᠢ ᠤᠯᠠᠮ ᠨᠢᠭᠡ ᠠᠯᠬᠤᠮ | ᠴᠢᠩᠭᠠᠳᠬᠠᠵᠤ᠂ ᠲᠡᠦᠬᠡ ᠶᠢᠨ ᠳᠤᠷᠠᠰᠬᠠᠯᠲᠤ ᠵᠦᠢᠯ ᠤᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ | ᠲᠡᠦᠬᠡ ᠶᠢᠨ ᠳᠤᠷᠠᠰᠬᠠᠯᠲᠤ ᠵᠦᠢᠯ ᠮᠦᠽᠧᠶ ᠰᠤᠳᠤᠯᠤᠯ ᠤᠨ ᠦᠢᠯᠡᠰ ᠤᠨ ᠬᠥᠭᠵᠢᠯᠲᠡ ᠶᠢ ᠠᠬᠢᠭᠤᠯᠬᠤ ᠶᠢᠨ | ᠲᠦᠯᠦᠭᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠲᠤᠰ ᠪᠦᠯᠦᠭ ᠲᠤᠰᠬᠠᠶ ᠨᠥᠬᠦᠪᠥᠷᠢ ᠵᠠᠷᠤᠳᠠᠯ ᠢ | ᠪᠠᠭᠤᠯᠭᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯ ᠢ | ᠬᠠᠮᠠᠭᠠᠯᠠᠬᠤ 43 ᠲᠦᠷᠦᠯ ᠵᠦᠢᠯ ᠢ ᠭᠤᠣᠯᠳᠠᠯᠭ᠎ᠠ ᠲᠠᠢ ᠪᠠᠷ ᠳᠡᠮᠵᠢᠵᠦ᠂ ᠭᠤᠣᠯᠳᠠᠭᠤ ᠥᠪᠡᠷᠲᠡᠭᠡᠨ ᠵᠠᠰᠠᠬᠤ | ᠣᠷᠣᠨ ᠤ ᠤᠯᠤᠰ ᠤᠨ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠲᠥᠯᠥᠪᠵᠢᠭᠦᠯᠭᠡ ᠶᠢ | ᠨᠠᠶᠢᠷᠠᠭᠤᠯᠤᠨ ᠵᠣᠬᠢᠶᠠᠬᠤ᠂ ᠠᠶᠤᠯ ᠠᠴᠠ ᠠᠪᠤᠷᠠᠨ ᠪᠠᠬᠢᠯᠡᠨ ᠵᠠᠰᠠᠬᠤ ᠪᠠ ᠰᠡᠯᠪᠢᠨ ᠵᠠᠰᠠᠵᠤ ᠬᠠᠮᠠᠭᠠᠯᠠᠬᠤ ᠵᠡᠷᠭᠡ ᠳᠤ | ᠬᠡᠷᠡᠭᠯᠡᠬᠦ ᠪᠠᠷ ᠪᠤᠯᠪᠠ᠃ |