ᠬᠦᠢᠲᠡᠨ ᠠᠭᠤᠷ ᠠᠮᠢᠰᠬᠤᠯ ᠥᠪᠥᠷ ᠮᠣᠩᠭᠤᠯ ᠤᠷᠤᠨ ᠢ ᠦᠷᠭᠦᠯᠵᠢᠯᠡᠨ ᠨᠦᠯᠦᠭᠡᠯᠡᠬᠦ ᠪᠣᠯᠤᠨ᠎ᠠ
ᠨᠡᠶᠢᠲᠡᠯᠡᠭᠰᠡᠨ ᠴᠠᠭ᠄
2016/10/8
      ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠤ᠂ ᠬᠦᠢᠲᠡᠨ ᠠᠭᠤᠷ ᠠᠮᠢᠰᠬᠤᠯ ᠤᠨ ᠨᠥᠯᠥᠭᠡ ᠪᠠᠷ᠂ ᠥᠪᠥᠷ ᠮᠣᠩᠭᠤᠯ ᠤᠨ ᠶᠡᠬᠡᠩᠬᠢ ᠬᠡᠰᠡᠭ ᠲᠤ ᠪᠣᠷᠣᠭᠠᠨ ᠤᠷᠤᠵᠤ ᠬᠦᠢᠲᠡᠨ ᠠᠭᠤᠷ ᠠᠮᠢᠰᠬᠤᠯ ᠪᠦᠷᠬᠦᠪᠡ᠃ 6᠎ ᠤ ᠡᠳᠦᠷ᠂ ᠬᠥᠬᠡᠬᠤᠲᠠ ᠶᠢᠨ ᠠᠭᠠᠷ ᠤᠨ ᠳᠤᠯᠠᠭᠠᠨ ᠬᠠᠮᠤᠭ ᠳᠣᠣᠷ᠎ᠠ ᠳᠠᠭᠠᠨ 5 ℃ ᠣᠷᠴᠢᠮ ᠬᠦᠷᠴᠦ᠂ ᠬᠥᠯᠥᠨ ᠪᠤᠶᠢᠷ ᠬᠤᠳᠠ ᠶᠢᠨ ᠬᠡᠰᠡᠭ ᠭᠠᠵᠠᠷ ᠣᠷᠣᠨ ᠢᠶᠠᠷ ᠪᠦᠬᠦᠯᠢ ᠡᠳᠦᠷ ᠤᠨ 16 ᠴᠠᠭ ᠤᠨ ᠠᠭᠠᠷ ᠤᠨ ᠳᠤᠯᠠᠭᠠᠨ ᠨᠢ 0 ℃᠎ ᠠᠴᠠ ᠳᠣᠷᠣᠭᠰᠢ ᠪᠣᠯᠤᠭᠰᠠᠨ ᠪᠠᠶᠢᠨ᠎ᠠ᠃ ᠬᠢᠩᠭᠠᠨ ᠠᠶᠢᠮᠠᠭ ᠤᠨ ᠳᠤᠮᠳᠠᠳᠤ ᠡᠮᠦᠨᠡᠲᠦ ᠬᠡᠰᠡᠭ᠂ ᠲᠦᠩᠯᠢᠶᠣᠤ ᠬᠤᠲᠠ ᠶᠢᠨ ᠬᠤᠶᠢᠲᠤ ᠬᠡᠰᠡᠭ᠂ ᠤᠯᠠᠭᠠᠨᠬᠠᠳᠠ ᠬᠤᠲᠠ ᠶᠢᠨ ᠳᠤᠮᠳᠠᠳᠤ ᠬᠡᠰᠡᠭ ᠵᠢᠴᠢ ᠰᠢᠯᠢ ᠶᠢᠨ ᠭᠤᠣᠯ ᠠᠶᠢᠮᠠᠭ ᠤᠨ ᠳᠤᠮᠳᠠ ᠵᠡᠭᠦᠨ ᠬᠡᠰᠡᠭ ᠤᠨ ᠭᠠᠵᠠᠷ ᠤᠷᠤᠨ ᠳᠤ ᠬᠦᠢᠲᠡᠨ ᠪᠣᠷᠣᠭᠠᠨ ᠨᠦᠢᠲᠠᠨ ᠴᠠᠰᠤ ᠤᠷᠤᠵᠤ᠂ ᠨᠠᠮᠤᠷ ᠤᠨ ᠬᠤᠷᠢᠶᠠᠯᠲᠠ ᠶᠢᠨ ᠦᠢᠯᠡᠳᠪᠦᠷᠢᠯᠡᠯ ᠵᠢᠴᠢ ᠪᠡᠯᠡᠳᠭᠡᠮᠵᠢᠲᠦ ᠲᠠᠷᠢᠶᠠᠯᠠᠩ ᠳᠤ ᠮᠠᠭᠤ ᠨᠥᠯᠥᠭᠡ ᠦᠵᠡᠭᠦᠯᠪᠡ᠃      ᠥᠪᠥᠷ ᠮᠣᠩᠭᠤᠯ ᠤᠨ ᠴᠠᠭ ᠠᠭᠤᠷ ᠤᠨ ᠲᠣᠪᠴᠢᠶ᠎ᠠ ᠶᠢᠨ ᠵᠢᠱᠢᠬᠦ ᠪᠠᠷ᠂ ᠢᠷᠡᠬᠦ 3 ᠡᠳᠦᠷ ᠪᠥᠬᠦ ᠣᠷᠣᠨ ᠎ ᠳᠤ ᠮᠥᠨ ᠯᠡ ᠪᠣᠷᠣᠭᠠᠨ ᠴᠠᠰᠤ ᠣᠯᠠᠳᠠᠨ᠎ᠠ᠃ ᠤᠷᠳᠤᠰ ᠬᠤᠳᠠ ᠶᠢᠨ ᠵᠡᠭᠦᠨ ᠬᠡᠰᠡᠭ᠂ ᠪᠤᠭᠤᠲᠤ ᠬᠤᠲᠠ ᠶᠢᠨ ᠵᠡᠭᠦᠨ ᠡᠮᠦᠨᠡᠲᠦ ᠬᠡᠰᠡᠭ᠂ ᠬᠥᠬᠡᠬᠤᠲᠠ ᠶᠢᠨ ᠶᠡᠬᠡᠩᠬᠢ ᠬᠡᠰᠡᠭ᠂ ᠤᠯᠠᠭᠠᠨᠴᠠᠪ ᠬᠤᠳᠠ ᠶᠢᠨ ᠡᠮᠦᠨᠡᠲᠦ ᠬᠡᠰᠡᠭ᠂ ᠰᠢᠯᠢ ᠶᠢᠨ ᠭᠤᠣᠯ ᠠᠶᠢᠮᠠᠭ ᠤᠨ ᠶᠡᠬᠡᠩᠬᠢ ᠬᠡᠰᠡᠭ᠂ ᠤᠯᠠᠭᠠᠨᠬᠠᠳᠠ ᠬᠤᠲᠠ ᠶᠢᠨ ᠬᠤᠶᠢᠲᠤ ᠬᠡᠰᠡᠭ᠂ ᠲᠦᠩᠯᠢᠶᠣᠤ ᠬᠤᠲᠠ ᠶᠢᠨ ᠳᠤᠮᠳᠠᠳᠤ ᠬᠡᠰᠡᠭ ᠲᠤ ᠳᠤᠮᠳᠠ ᠵᠡᠷᠭᠡ ᠶᠢᠨ ᠪᠣᠷᠣᠭᠠᠨ ᠪᠤᠶᠤ ᠪᠤᠷᠤᠭᠠᠨ ᠴᠠᠰᠤ ᠬᠤᠯᠢᠯᠳᠤᠨ ᠤᠷᠤᠨ᠎ᠠ᠂ ᠣᠷᠳᠣᠰ ᠬᠤᠲᠠ ᠶᠢᠨ ᠵᠡᠭᠦᠨ ᠡᠮᠦᠨᠡᠲᠦ ᠬᠡᠰᠡᠭ ᠲᠤ ᠶᠡᠭᠡ ᠪᠣᠷᠣᠭᠠᠨ ᠲᠠᠢ᠃ ᠡᠭᠦᠨ ᠤ ᠬᠠᠮᠲᠤ᠂ ᠪᠥᠬᠦ ᠣᠷᠣᠨ ᠤ ᠰᠠᠯᠬᠢᠨ ᠤ ᠬᠦᠴᠦ ᠶᠡᠬᠡᠰᠴᠦ᠂ ᠳᠤᠮᠳᠠ ᠪᠠᠷᠠᠭᠤᠨ ᠬᠡᠰᠡᠭ ᠤᠨ ᠵᠠᠷᠢᠮ ᠭᠠᠵᠠᠷ ᠣᠷᠣᠨ ᠳᠤ ᠬᠡᠰᠡᠭ ᠲᠡᠭᠡᠨ 5᠂ 6 ᠳᠡᠰ ᠤᠨ ᠰᠠᠯᠬᠢ ᠳᠡᠭᠳᠡᠨ᠎ᠡ᠃ ᠰᠠᠯᠬᠢ ᠪᠤᠷᠤᠭᠠᠨ ᠤ ᠳᠠᠷᠠᠭ᠎ᠠ᠂ ᠥᠪᠥᠷ ᠮᠣᠩᠭᠤᠯ ᠤᠨ ᠳᠤᠮᠳᠠ ᠬᠡᠰᠡᠭ ᠪᠣᠯᠤᠨ ᠵᠡᠭᠦᠨ ᠬᠡᠰᠡᠭ ᠤᠨ ᠡᠮᠦᠨᠡᠲᠦ ᠪᠡᠶ᠎ᠡ ᠶᠢᠨ ᠭᠠᠵᠠᠷ ᠣᠷᠣᠨ ᠤ ᠠᠭᠠᠷ ᠤᠨ ᠳᠤᠯᠠᠭᠠᠨ 4 ~6 ℃ ᠳᠣᠷᠣᠭᠰᠢᠯᠠᠨ᠂ ᠵᠠᠷᠢᠮ ᠬᠡᠰᠡᠭ ᠭᠠᠵᠠᠷ ᠤᠷᠤᠨ ᠳᠤ 6 ~ 8℃ ᠳᠣᠷᠣᠭᠰᠢᠯᠠᠵᠤ᠂ ᠪᠦᠬᠦ ᠣᠷᠣᠨ ᠤ ᠶᠡᠬᠡᠩᠬᠢ ᠬᠡᠰᠡᠭ ᠲᠤ ᠬᠢᠷᠠᠭᠤ ᠤᠨᠠᠨ᠎ᠠ᠃ ᠣᠶᠢᠯᠠᠭᠠᠭᠰᠠᠨ ᠢᠶᠠᠷ᠂ ᠣᠳᠣᠬᠠᠨ ᠳᠤ ᠥᠪᠥᠷ ᠮᠣᠩᠭᠤᠯ ᠪᠤᠭᠤᠳᠠᠢ ᠪᠠᠨ ᠨᠢᠭᠡᠨᠲᠡ ᠬᠤᠷᠢᠶᠠᠵᠤ᠂ ᠡᠷᠳᠡᠨᠢ ᠰᠢᠰᠢ᠂ ᠲᠥᠮᠥᠰᠥ᠂ ᠰᠢᠷ᠎ᠠ ᠪᠤᠷᠴᠠᠭ ᠨᠢ ᠬᠤᠷᠢᠶᠠᠯᠲᠠ ᠶᠢᠨ ᠣᠷᠭᠢᠯ ᠤᠨ ᠱᠠᠲᠤᠨ ᠳᠤ ᠤᠷᠤᠭᠠᠳ ᠪᠠᠶᠢᠨ᠎ᠠ᠃ ᠡᠨᠡ ᠤᠳᠠᠭᠠᠨ ᠤ ᠬᠦᠢᠲᠡᠨ ᠠᠭᠤᠷ ᠠᠮᠢᠰᠬᠤᠯ ᠨᠢ ᠡᠷᠳᠡᠨᠢ ᠰᠢᠰᠢ ᠵᠡᠷᠭᠡ ᠲᠠᠷᠢᠮᠠᠯ ᠢ ᠬᠤᠷᠢᠶᠠᠬᠤ᠂ ᠳᠡᠯᠭᠡᠨ ᠬᠠᠲᠠᠭᠠᠬᠤ᠂ ᠬᠠᠳᠠᠭᠠᠯᠠᠵᠤ ᠲᠡᠭᠡᠭᠡᠪᠦᠷᠢᠯᠡᠬᠦ ᠳᠤ ᠮᠠᠭᠤ ᠨᠦᠯᠦᠭᠡ ᠦᠵᠡᠭᠦᠯᠬᠦ ᠪᠣᠯᠤᠨ᠎ᠠ᠃ ᠬᠦᠢᠲᠡᠨ ᠠᠭᠤᠷ ᠠᠮᠢᠰᠬᠤᠯ ᠨᠢ ᠪᠠᠰᠠ ᠢᠳᠡᠰᠢᠨ ᠨᠣᠭᠤᠭ᠎ᠠ᠂ ᠭᠤᠸᠠ ᠵᠢᠮᠢᠰ ᠤᠨ ᠬᠤᠷᠢᠶᠠᠯᠲᠠ ᠵᠢᠴᠢ ᠶᠠᠰᠤ ᠴᠢᠨᠠᠷ ᠢ ᠬᠢᠯᠪᠠᠷᠬᠠᠨ ᠨᠦᠯᠦᠭᠡᠯᠡᠨ᠎ᠡ᠃ ᠡᠭᠦᠨ ᠤ ᠬᠠᠮᠲᠤ᠂ ᠶᠡᠭᠡ ᠰᠠᠯᠬᠢᠨ ᠨᠢ ᠪᠣᠯᠪᠠᠰᠤᠷᠠᠬᠤ ᠭᠡᠵᠦ ᠪᠠᠶᠢᠭ᠎ᠠ ᠲᠠᠷᠢᠮᠠᠯ ᠢ ᠬᠢᠯᠪᠠᠷᠬᠠᠨ ᠢᠶᠠᠷ ᠨᠠᠯᠠᠨ ᠤᠨᠠᠭᠠᠵᠦ᠂ ᠰᠠᠷᠠᠪᠴᠢ ᠶᠢᠨ ᠪᠦᠷᠬᠦᠪᠴᠢ ᠶᠢ ᠡᠪᠳᠡᠵᠦ᠂ ᠳᠤᠯᠠᠭᠠᠯᠠᠬᠤ ᠪᠦᠷᠬᠦᠭᠡᠰᠦ ᠶᠢ ᠬᠡᠶᠢᠰᠬᠡᠵᠦ᠂ ᠨᠠᠮᠤᠷ ᠤᠨ ᠬᠤᠷᠢᠶᠠᠯᠲᠠ ᠶᠢᠨ ᠠᠵᠢᠯ ᠤᠨ ᠬᠦᠴᠢᠷᠳᠡᠯ ᠢ ᠨᠡᠮᠡᠭᠳᠡᠭᠦᠯᠬᠦ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号