10 ᠳ᠋ᠤᠭᠠᠷ ᠰᠠᠷ᠎ᠠ ᠶᠢᠨ 1 ᠤ ᠡᠳᠦᠷ ᠠᠴᠠ 7 ᠤ ᠡᠳᠦᠷ ᠪᠤᠯᠲᠠᠯ᠎ᠠ᠂ ᠥᠪᠥᠷ ᠮᠣᠩᠭᠤᠯ ᠤᠨ ᠪᠦᠬᠦ | ᠣᠷᠣᠨ ᠳᠤ ᠨᠡᠯᠢᠶᠡᠳ ᠶᠡᠭᠡ ᠠᠴᠠ ᠳᠡᠭᠡᠭᠰᠢᠬᠢ ᠵᠠᠮ ᠬᠠᠷᠢᠯᠴᠠᠭᠠᠨ ᠤ ᠠᠳᠡᠯ ᠭᠠᠷᠤᠭᠰᠠᠨ ᠤᠢᠭᠡᠢ ᠮᠦᠷᠲᠡᠭᠡᠨ ᠬᠤᠯᠠ | ᠵᠠᠶ ᠶᠢᠨ ᠪᠠ ᠶᠡᠭᠡ ᠬᠡᠪᠴᠢᠶᠡᠨ ᠤ ᠵᠠᠮ ᠬᠠᠷᠢᠯᠴᠠᠭᠠᠨ ᠤ ᠲᠦᠭᠵᠢᠷᠡᠯ ᠭᠠᠷᠤᠭᠰᠠᠨ ᠤᠢᠭᠡᠢ᠃ ᠪᠦᠬᠦ ᠣᠷᠣᠨ ᠳᠤ | ᠡ᠊ᠩ ᠤᠨ ᠶᠠᠪᠤᠴᠠ ᠶᠢᠨ ᠵᠠᠮ ᠬᠠᠷᠢᠯᠴᠠᠭᠠᠨ ᠤ ᠠᠳᠡᠯ ᠨᠡᠶᠢᠳᠡ 18 ᠤᠳᠠᠭ᠎ᠠ ᠭᠠᠷᠴᠤ᠂ 6 ᠬᠥᠮᠦᠨ ᠠᠳᠡᠵᠦ᠂ | 21 ᠬᠥᠮᠦᠨ ᠰᠢᠷᠬᠠᠳᠤᠵᠤ᠂ ᠡ᠊ᠨᠳᠡᠯ ᠭᠠᠷᠤᠭᠰᠠᠨ ᠲᠤᠭ᠎ᠠ᠂ ᠠᠳᠡᠭᠰᠡᠨ ᠬᠥᠮᠦᠨ ᠤ ᠲᠤᠭ᠎ᠠ᠂ ᠰᠢᠷᠬᠠᠲᠤᠭᠰᠠᠨ | ᠬᠥᠮᠦᠨ ᠤ ᠲᠤᠭ᠎ᠠ ᠨᠢ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠲᠤᠰ ᠲᠤᠰ 55%᠂ 57% ᠪᠠ | 42% ᠢᠶᠠᠷ ᠪᠠᠭᠤᠷᠠᠵᠤ᠂ ᠪᠥᠬᠦ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠪᠠᠶᠢᠳᠠᠯ ᠶᠡᠷᠦᠩᠬᠡᠶ ᠳᠡᠭᠡᠨ | ᠲᠣᠭᠲᠠᠭᠤᠨ ᠪᠥᠭᠡᠳ ᠡᠮᠬᠢ ᠵᠢᠷᠤᠮ ᠲᠠᠢ ᠪᠤᠯᠪᠠ᠃ | ᠪᠠᠶᠠᠷ ᠤᠨ ᠬᠤᠭᠤᠴᠠᠭᠠᠨ ᠠᠴᠠ ᠡᠮᠦᠨ᠎ᠡ᠂ ᠮᠠᠨ ᠤ ᠣᠷᠣᠨ ᠤ ᠳᠣᠲᠣᠭᠠᠳᠤ ᠶᠢ ᠬᠠᠮᠠᠭᠠᠯᠠᠬᠤ ᠵᠠᠮ | ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠵᠠᠮ ᠬᠠᠷᠢᠯᠴᠠᠭᠠᠨ ᠤ ᠴᠤᠪᠤᠷᠠᠯᠲᠠ ᠶᠢᠨ ᠬᠡᠮᠵᠢᠶ᠎ᠡ | ᠪᠤᠯᠤᠨ ᠠᠮᠤᠷ ᠲᠦᠪᠰᠢᠨ ᠤ ᠪᠠᠶᠢᠳᠠᠯ ᠢ ᠣᠨᠣᠪᠴᠢᠲᠠᠶ ᠰᠤᠳᠤᠯᠤᠨ ᠮᠠᠭᠠᠳᠯᠠᠵᠤ᠂ ᠠᠮᠤᠷ ᠲᠦᠪᠰᠢᠨ ᠢ ᠬᠠᠮᠠᠭᠠᠯᠠᠬᠤ | ᠠᠷᠭ᠎ᠠ ᠬᠡᠮᠵᠢᠶ᠎ᠡ ᠶᠢ ᠨᠠᠷᠢᠨ ᠨᠢᠭᠲᠠ ᠪᠠᠶᠢᠷᠢᠯᠠᠭᠤᠯᠪᠠ᠃ ᠤᠯᠤᠰ ᠤᠨ ᠪᠠᠶᠠᠷ ᠤᠨ ᠬᠤᠭᠤᠴᠠᠭᠠᠨ ᠳᠤ᠂ ᠪᠦᠬᠦ | ᠣᠷᠣᠨ ᠤ ᠵᠠᠮ ᠬᠠᠷᠢᠯᠴᠠᠭᠠᠨ ᠤ ᠴᠠᠭᠳᠠᠭ᠎ᠠ ᠠᠮᠠᠷᠠᠯᠲᠠ ᠪᠠᠨ ᠵᠤᠭᠰᠤᠵᠤ ᠪᠦᠬᠦᠨ ᠢᠶᠠᠷ ᠢᠶᠠᠨ ᠠᠵᠢᠯ ᠤᠨ ᠪᠠᠶᠢᠷᠢ | ᠳᠡᠭᠡᠷ᠎ᠡ ᠪᠠᠨ ᠵᠢᠵᠢᠬᠦᠷᠯᠡᠪᠡ᠃ ᠡᠯ᠎ᠡ ᠭᠠᠵᠠᠷ ᠤᠨ ᠬᠢᠨ ᠭᠤᠣᠯ ᠵᠠᠮ ᠱᠤᠭᠤᠮ᠂ ᠭᠤᠣᠯᠳᠠᠯᠭ᠎ᠠ ᠲᠠᠢ ᠴᠠᠭ | ᠬᠤᠭᠤᠴᠠᠭ᠎ᠠ ᠳᠤ ᠦᠯᠡᠮᠵᠢ ᠴᠠᠭᠳᠠᠭ᠎ᠠ ᠲᠤᠬᠢᠷᠠᠭᠤᠯᠵᠤ᠂ ᠮᠠᠰᠢᠨ ᠲᠡᠷᠭᠡ᠂ ᠠᠶᠠᠨᠴᠢᠳ ᠲᠥᠪᠯᠡᠷᠡᠭᠰᠡᠨ ᠲᠦᠷᠭᠡᠨ | ᠬᠤᠷᠳᠤ ᠶᠢᠨ ᠵᠠᠮ᠂ ᠤᠯᠤᠰ ᠤᠨ ᠪᠠ ᠮᠤᠵᠢ ᠶᠢᠨ ᠵᠠᠰᠠᠮᠠᠯ ᠵᠠᠮ ᠵᠢᠴᠢ ᠵᠢᠭᠤᠯᠴᠢᠯᠠᠯ ᠤᠨ ᠵᠠᠮ ᠱᠤᠭᠤᠮ ᠤᠨ ᠵᠠᠮ | ᠬᠠᠷᠢᠯᠴᠠᠭ᠎ᠠ ᠶᠢ ᠨᠡᠪᠲᠡᠷᠡᠭᠦᠯᠬᠦ ᠪᠠ ᠲᠣᠭᠤᠷᠢᠨ ᠪᠠᠶᠢᠴᠠᠭᠠᠵᠤ ᠬᠠᠮᠢᠶᠠᠷᠤᠨ ᠡᠵᠡᠮᠳᠡᠬᠦ ᠪᠠᠨ ᠦᠨᠡᠨ ᠬᠦ ᠴᠢᠩᠭᠠᠳᠬᠠᠵᠤ᠂ | ᠵᠠᠮ ᠬᠠᠷᠢᠯᠴᠠᠭᠠᠨ ᠤ ᠡᠮᠬᠢ ᠵᠢᠷᠤᠮ ᠢ ᠰᠠᠶᠢᠲᠤᠷ ᠬᠠᠮᠠᠭᠠᠯᠠᠪᠠ᠃ ᠮᠤᠵᠢ ᠶᠢᠨ ᠬᠤᠭᠤᠷᠣᠨᠳᠣᠬᠢ᠂ ᠬᠤᠲᠠ ᠶᠢᠨ | ᠬᠤᠭᠤᠷᠣᠨᠳᠣᠬᠢ ᠵᠠᠮ ᠬᠠᠷᠢᠯᠴᠠᠭᠠᠨ ᠤ ᠠᠮᠤᠷ ᠲᠦᠪᠰᠢᠨ ᠤ ᠦᠢᠯᠡᠴᠢᠯᠡᠭᠡᠨ ᠤ ᠦᠷᠲᠡᠭᠡ ᠨᠦᠭᠦᠳ 24 ᠴᠠᠭ ᠤᠨ | ᠵᠢᠵᠢᠬᠦᠷ ᠢ ᠴᠢᠩᠭ᠎ᠠ ᠨᠠᠶᠢᠳᠠᠪᠤᠷᠢᠵᠢᠭᠤᠯᠤᠭᠰᠠᠨ ᠤ ᠬᠠᠮᠲᠤ ᠲᠦᠷᠭᠡᠨ ᠬᠤᠷᠳᠤ ᠶᠢᠨ ᠵᠠᠮ ᠤᠨ ᠦᠬᠡᠳᠡ ᠤᠷᠤᠭᠤ | ᠦᠡᠭᠭᠡᠷᠡᠬᠦ ᠭᠠᠵᠠᠷ᠂ ᠦᠢᠯᠡᠴᠢᠯᠡᠭᠡᠨ ᠤ ᠲᠣᠭᠤᠷᠢᠭ᠂ ᠵᠢᠭᠤᠯᠴᠢᠯᠠᠯ ᠤᠨ ᠦᠵᠡᠮᠵᠢᠲᠦ ᠣᠷᠣᠨ ᠤ ᠵᠠᠮ ᠱᠤᠭᠤᠮ ᠳᠤ | ᠲᠦᠷ ᠴᠠᠭ ᠤᠨ ᠵᠢᠵᠢᠬᠦᠷ ᠤᠨ ᠴᠢᠭ᠋ ᠪᠠᠶᠢᠭᠤᠯᠵᠤ᠂ ᠬᠤᠯᠠ ᠵᠠᠮ ᠤᠨ ᠠᠶᠠᠨᠴᠢᠳ ᠤᠨ ᠲᠡᠷᠭᠡ᠂ ᠵᠢᠭᠤᠯᠴᠢᠯᠠᠯ ᠤᠨ | ᠳᠠᠭᠠᠭᠠᠴᠢᠯᠠᠭᠰᠠᠨ ᠲᠡᠷᠭᠡ᠂ ᠪᠢᠴᠢᠯ ᠬᠡᠯᠪᠡᠷᠢ ᠶᠢᠨ ᠲᠡᠷᠭᠡ ᠳᠤ ᠪᠠᠶᠢᠴᠠᠭᠠᠯᠲᠠ ᠬᠢᠬᠦ ᠪᠠᠨ ᠴᠢᠩᠭᠠᠳᠬᠠᠨ᠂ | ᠬᠡᠲᠦᠷᠡᠲᠡᠯ᠎ᠡ ᠬᠥᠮᠦᠨ ᠰᠠᠭᠤᠯᠭᠠᠭᠰᠠᠨ᠂ ᠶᠠᠳᠠᠷᠠᠲᠠᠯ᠎ᠠ ᠪᠠᠨ ᠲᠡᠷᠭᠡ ᠵᠢᠯᠤᠭᠤᠳᠤᠭᠰᠠᠨ ᠵᠡᠷᠭᠡ ᠵᠠᠮ ᠬᠠᠷᠢᠯᠴᠠᠭᠠᠨ ᠤ | ᠠᠮᠤᠷ ᠲᠦᠪᠰᠢᠨ ᠤ ᠲᠠᠯᠳᠠ ᠭᠡᠮ ᠢ ᠴᠠᠭ ᠲᠤᠬᠠᠶ ᠳᠤᠨᠢ ᠠᠷᠢᠯᠭᠠᠪᠠ᠃ |