1—8 ᠳ᠋ᠤᠭᠠᠷ ᠰᠠᠷ᠎ᠠ ᠳᠤ᠂ ᠪᠦᠬᠦ ᠤᠷᠤᠨ ᠤ ᠬᠡᠪᠴᠢᠶᠡᠵᠢᠯ ᠠᠴᠠ ᠲᠡᠭᠡᠭᠰᠢᠬᠢ ᠠᠵᠦ ᠦᠢᠯᠡᠳᠪᠦᠷᠢ ᠶᠢᠨ | ᠨᠡᠮᠡᠭᠳᠡᠯ ᠦᠷᠳᠡᠭ ᠨᠢᠳᠤᠨᠤᠨ ᠤ ᠠᠳᠠᠯᠢ ᠬᠤᠭᠤᠴᠠᠭ᠎ᠠ ᠶᠢᠨ ᠬᠢ ᠠᠴᠠ 7.7% ᠪᠠᠷ ᠨᠡᠮᠡᠭᠳᠡᠵᠦ᠂ ᠨᠡᠮᠡᠭᠳᠡᠯ ᠤᠨ | ᠬᠤᠷᠳᠤᠴᠠ ᠨᠢ ᠪᠦᠬᠦ ᠤᠯᠤᠰ ᠤᠨ ᠲᠤᠮᠳᠠᠴᠢ ᠲᠦᠪᠰᠢᠨ ᠠᠴᠠ 1.7 ᠵᠠᠭᠤᠨ ᠤ ᠴᠡᠭ ᠥᠨᠳᠥᠷ ᠪᠤᠯᠤᠬᠰᠠᠨ | ᠪᠠᠶᠢᠨ᠎ᠠ᠃ ᠬᠦᠨᠳᠤ ᠬᠦᠩᠬᠡᠨ ᠠᠵᠦ ᠦᠢᠯᠡᠳᠪᠦᠷᠢ ᠪᠠᠷ ᠬᠤᠪᠢᠶᠠᠵᠦ ᠦᠵᠡᠪᠡᠯ᠂ 1—8 ᠳ᠋ᠤᠭᠠᠷ ᠰᠠᠷ᠎ᠠ ᠳᠤ ᠪᠦᠬᠦ | ᠤᠷᠤᠨ ᠤ ᠬᠦᠩᠬᠡᠨ ᠠᠵᠦ ᠦᠢᠯᠡᠳᠪᠦᠷᠢ ᠶᠢᠨ ᠨᠡᠮᠡᠭᠳᠡᠯ ᠦᠷᠲᠡᠭ ᠨᠢᠳᠤᠨᠤᠨ ᠤ ᠠᠳᠠᠯᠢ | ᠬᠤᠭᠤᠴᠠᠭ᠎ᠠ ᠶᠢᠨ ᠬᠢ ᠠᠴᠠ 8.1% ᠪᠠᠷ ᠨᠡᠮᠡᠭᠳᠡᠵᠦ᠂ ᠬᠦᠨᠳᠤ ᠠᠵᠦ ᠦᠢᠯᠡᠳᠪᠦᠷᠢ ᠶᠢᠨ ᠨᠡᠮᠡᠭᠳᠡᠯ ᠦᠷᠲᠡᠭ | ᠨᠢᠳᠤᠨᠤᠨ ᠤ ᠠᠳᠠᠯᠢ ᠬᠤᠭᠤᠴᠠᠭ᠎ᠠ ᠶᠢᠨ ᠬᠢ ᠠᠴᠠ 7.6% ᠪᠠᠷ ᠨᠡᠮᠡᠭᠳᠡᠵᠡᠢ᠃ ᠠᠵᠦ ᠠᠬᠤᠢ ᠶᠢᠨ ᠲᠦᠷᠦᠯ | ᠬᠡᠯᠪᠡᠷᠢ ᠪᠠᠷ ᠬᠤᠪᠢᠶᠠᠵᠦ ᠦᠵᠡᠪᠡᠯ᠂ ᠪᠦᠬᠦ ᠤᠷᠤᠨ ᠤ ᠤᠯᠤᠰ ᠤᠨ ᠦᠮᠴᠢᠯᠡᠯ ᠤᠨ ᠠᠵᠦ ᠠᠬᠤᠢᠢᠯᠠᠯ ᠤᠨ | ᠨᠡᠮᠡᠭᠳᠡᠯ ᠦᠷᠲᠡᠭ ᠨᠢᠳᠤᠨᠤᠨ ᠤ ᠠᠳᠠᠯᠢ ᠬᠤᠭᠤᠴᠠᠭ᠎ᠠ ᠶᠢᠨ ᠬᠢ ᠠᠴᠠ 11.3% ᠪᠠᠷ ᠨᠡᠮᠡᠭᠳᠡᠵᠦ᠂ ᠬᠠᠮᠳᠤ ᠶᠢᠨ | ᠠᠵᠦ ᠠᠬᠤᠢᠢᠯᠠᠯ ᠤᠨ ᠨᠡᠮᠡᠭᠳᠡᠯ ᠦᠷᠲᠡᠭ ᠨᠢᠳᠤᠨᠤᠨ ᠤ ᠠᠳᠠᠯᠢ ᠬᠤᠭᠤᠴᠠᠭ᠎ᠠ ᠶᠢᠨ ᠬᠢ ᠠᠴᠠ 9.5% ᠪᠠᠷ | ᠨᠡᠮᠡᠭᠳᠡᠵᠦ᠂ ᠬᠤᠪᠢᠴᠠᠭᠠᠳᠤ ᠠᠵᠦ ᠠᠬᠤᠢᠢᠯᠠᠯ ᠤᠨ ᠨᠡᠮᠡᠭᠳᠡᠯ ᠦᠷᠲᠡᠭ ᠨᠢᠳᠤᠨᠤᠨ ᠤ ᠠᠳᠠᠯᠢ | ᠬᠤᠭᠤᠴᠠᠭ᠎ᠠ ᠶᠢᠨ ᠬᠢ ᠠᠴᠠ 7.9% ᠪᠠᠷ ᠨᠡᠮᠡᠭᠳᠡᠵᠦ᠂ ᠤᠯᠤᠰ ᠤᠨ ᠦᠮᠴᠢᠯᠡᠯ ᠤᠨ ᠬᠤᠪᠢ ᠡᠵᠡᠮᠳᠡᠭᠰᠡᠨ ᠠᠵᠦ | ᠠᠬᠤᠢᠢᠯᠠᠯ ᠤᠨ ᠨᠡᠮᠡᠭᠳᠡᠯ ᠦᠷᠲᠡᠭ ᠨᠢᠳᠤᠨᠤᠨ ᠤ ᠠᠳᠠᠯᠢ ᠬᠤᠭᠤᠴᠠᠭ᠎ᠠ ᠶᠢᠨ ᠬᠢ ᠠᠴᠠ 1.1% ᠪᠠᠷ ᠪᠠᠭᠤᠷᠠᠵᠦ᠂ | ᠨᠡᠶᠢᠳᠡ ᠶᠢᠨ ᠦᠮᠴᠢᠯᠡᠯ ᠤᠨ ᠪᠤᠰᠤ ᠠᠵᠦ ᠠᠬᠤᠢᠢᠯᠠᠯ ᠤᠨ ᠨᠡᠮᠡᠭᠳᠡᠯ ᠦᠷᠲᠡᠭ ᠨᠢᠳᠤᠨᠤᠨ ᠤ ᠠᠳᠠᠯᠢ | ᠬᠤᠭᠤᠴᠠᠭ᠎ᠠ ᠶᠢᠨ ᠬᠢ ᠠᠴᠠ 11.7% ᠪᠠᠷ ᠨᠡᠮᠡᠭᠳᠡᠭᠰᠡᠨ ᠪᠠᠶᠢᠨ᠎ᠠ᠃ |