| ᠰᠤᠷᠪᠤᠯᠵᠢᠯᠠᠭᠰᠠᠨ ᠴᠠᠭ᠄ | 2016 ᠤᠨ ᠤ 9 ᠳ᠋ᠤᠭᠡᠷ ᠰᠠᠷ᠎ᠠ ᠶᠢᠨ 13 ᠤ ᠡᠳᠦᠷ ᠤᠨ ᠦᠳᠡ ᠶᠢᠨ ᠡᠮᠦᠨᠡᠬᠢ 9 ᠴᠠᠭ | ᠰᠤᠷᠪᠤᠯᠵᠢᠯᠠᠭᠰᠠᠨ ᠵᠤᠴᠢᠨ᠄ | ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ ᠳᠡᠳ᠋ ᠳᠠᠷᠤᠭ᠎ᠠ ᠵᠤᠤ ᠶᠦᠡᠭ ᠬᠤᠸᠠ | ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄ | ︽12·5︾ ᠶᠢᠨ ᠲᠦᠯᠦᠪᠵᠢᠬᠦᠯᠭᠡ ᠶᠢᠨ ᠬᠤᠭᠤᠴᠠᠭᠠᠨ ᠳᠤ᠂ ᠮᠠᠨ ᠤ ᠣᠷᠣᠨ ᠤ ᠡᠯ᠎ᠡ ᠱᠠᠲᠤᠨ ᠤ | ᠵᠠᠰᠠᠭ ᠤᠨ ᠣᠷᠳᠣᠨ ᠪᠣᠯᠤᠨ ᠲᠠᠷᠢᠶᠠᠯᠠᠩ ᠮᠠᠯ ᠠᠵᠤ ᠠᠬᠤᠶ ᠶᠢᠨ ᠰᠢᠰᠲ᠋ᠧᠮ ᠤᠨ ᠬᠢᠨ ᠰᠢᠨ᠎ᠡ ᠶᠢ ᠡᠭᠦᠳᠬᠦ | ᠮᠠᠶ᠋ᠢᠭ ᠤᠨ ᠤᠯᠤᠰ ᠢ ᠪᠥᠳᠥᠭᠡᠨ ᠪᠠᠶᠢᠭᠤᠯᠬᠤ ᠲᠤᠬᠠᠢ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ | ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠲᠤᠤᠱᠯᠠᠭᠤᠯᠵᠤ᠂ ᠪᠠᠶᠢᠭᠤᠯᠤᠯ ᠤᠨ | ᠲᠣᠭᠲᠠᠴᠠ ᠶᠢ ᠪᠦᠷᠢᠨᠰᠢᠬᠦᠯᠬᠦ᠂ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠬᠦ᠂ ᠦᠢᠯᠡᠴᠢᠯᠡᠭᠡᠨ ᠤ ᠦᠷ᠎ᠡ | ᠠᠰᠢᠭ ᠢ ᠨᠡᠮᠡᠭᠳᠡᠭᠦᠯᠬᠦ ᠵᠡᠷᠭᠡ ᠲᠠᠯ᠎ᠠ ᠪᠠᠷ ᠮᠠᠰᠢ ᠤᠯᠠᠨ ᠠᠰᠢᠭ ᠲᠠᠢ ᠰᠦᠪᠡᠭᠴᠢᠯᠡᠯᠳᠡ ᠪᠤᠯᠤᠨ ᠦᠢᠯᠡᠳᠦᠯᠭᠡ ᠬᠢᠵᠤ᠂ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠶᠢᠨ ᠠᠯᠬᠤᠴᠠ ᠲᠦᠷᠭᠡᠳᠦᠭᠰᠡᠨ ᠪᠠᠶᠢᠨ᠎ᠠ᠃ 2015 | ᠣᠨ ᠪᠣᠯᠬᠤ ᠳᠤ᠂ ᠮᠠᠨ ᠤ ᠣᠷᠣᠨ ᠤ ᠭᠤᠣᠯ ᠪᠣᠯᠬᠤ ᠲᠠᠷᠢᠮᠠᠯ ᠤᠨ ᠰᠠᠶᠢᠨ ᠦᠷ᠎ᠡ ᠶᠢᠨ ᠪᠦᠷᠬᠦᠴᠡ ᠶᠢᠨ ᠨᠤᠷᠮ᠎ᠠ | 95% ᠠᠴᠠ ᠳᠡᠭᠡᠭᠰᠢ ᠳᠤ ᠬᠦᠷᠴᠦ᠂ ᠭᠡᠷ ᠤᠨ ᠲᠡᠵᠢᠭᠡᠪᠦᠷᠢ ᠶᠢᠨ ᠰᠠᠶᠢᠨ ᠡᠭᠦᠯᠳᠡᠷ ᠢ ᠰᠠᠶᠢᠵᠢᠷᠠᠭᠤᠯᠤᠭᠰᠠᠨ | ᠨᠣᠷᠮ᠎ᠠ 98% ᠠᠴᠠ ᠳᠡᠭᠡᠭᠰᠢ ᠳᠤ ᠬᠦᠷᠴᠦ᠂ ᠲᠠᠷᠢᠮᠠᠯ ᠤᠨ ᠶᠡᠷᠦᠩᠭᠡᠶᠢᠯᠡᠭᠰᠡᠨ ᠮᠠᠰᠢᠨᠴᠢᠯᠠᠯᠲᠠ ᠶᠢᠨ ᠬᠡᠮᠵᠢᠶ᠎ᠡ | 81% ᠳᠤ ᠬᠦᠷᠴᠦ᠂ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠠᠪᠰᠢᠯᠳᠠ ᠳᠤ | ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ 51.8% ᠳᠤ ᠬᠦᠷᠴᠦ᠂ ᠲᠠᠷᠢᠶᠠᠯᠠᠩ ᠮᠠᠯ ᠠᠵᠤ ᠠᠬᠤᠶ ᠶᠢᠨ | ᠰᠢᠨᠵᠢᠯᠡᠬᠦ ᠤᠬᠠᠭᠠᠨ ᠮᠡᠷᠭᠡᠵᠢᠯ ᠨᠢ ᠪᠦᠬᠦ ᠣᠷᠣᠨ ᠤ ᠠᠮᠤ ᠪᠤᠳᠠᠭᠠᠨ ᠤ ︽ᠠᠷᠪᠠᠨ ᠬᠤᠶᠠᠷ ᠵᠢᠯ ᠳᠠᠷᠠᠭᠠᠯᠠᠭᠰᠠᠨ | ᠡᠯᠪᠡᠭ ᠬᠤᠷᠢᠶᠠᠯᠲᠠ︾᠂ ᠮᠠᠯ ᠠᠵᠤ ᠠᠬᠤᠶ ᠶᠢᠨ ︽ᠠᠷᠪᠠᠨ ᠨᠢᠭᠡᠨ ᠵᠢᠯ ᠳᠠᠷᠠᠭᠠᠯᠠᠭᠰᠠᠨ ᠲᠣᠭᠲᠠᠭᠤᠨ ᠦᠰᠦᠯᠲᠡ︾ | ᠮᠠᠯᠴᠢᠨ ᠲᠠᠷᠢᠶᠠᠴᠢᠳ ᠤᠨ ︽ᠠᠷᠪᠠᠨ ᠬᠤᠶᠠᠷ ᠵᠢᠯ ᠳᠠᠷᠠᠭᠠᠯᠠᠭᠰᠠᠨ ᠣᠷᠣᠯᠭ᠎ᠠ ᠶᠢᠨ ᠨᠡᠮᠡᠭᠳᠡᠯ︾ ᠲᠠᠢ ᠪᠤᠯᠬᠤ ᠳᠤ | ᠴᠢᠬᠤᠯᠠ ᠲᠤᠯᠭᠠᠭᠤᠷᠢᠯᠠᠬᠤ ᠦᠢᠯᠡᠳᠦᠯ ᠦᠵᠡᠭᠦᠯᠪᠡ᠃ | | ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ | | ᠬᠥᠲᠥᠯᠥᠭᠴᠢ᠄ | ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨ᠎ᠠ ᠤᠤ︕ ᠲᠣᠰ ᠬᠤᠭᠤᠴᠠᠭᠠᠨ ᠤ ︽ᠳᠤᠮᠳᠠᠳᠤ ᠤᠯᠤᠰ · | ᠥᠪᠥᠷ ᠮᠣᠩᠭᠤᠯ︾ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢᠨ ᠪᠤᠯᠤᠩ ᠢ ᠬᠦᠯᠢᠶᠡᠨ ᠠᠪᠴᠤ ᠦᠵᠡᠭᠰᠡᠨ ᠳᠤ | ᠪᠠᠶᠠᠷᠯᠠᠵᠤ ᠪᠠᠶᠢᠨ᠎ᠠ︕ ᠥᠨᠥᠳᠦᠷ ᠪᠢᠳᠡ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ ᠳᠡᠳ᠋ ᠳᠠᠷᠤᠭ᠎ᠠ ᠵᠤᠤ | ᠶᠦᠡᠭ ᠬᠤᠸᠠ ᠶᠢ ᠤᠷᠢᠵᠤ᠂ ᠮᠠᠨ ᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠡᠭᠦᠳᠦᠯᠲᠡ ᠶᠢᠨ ᠲᠤᠬᠠᠶ ᠲᠠ ᠪᠦᠬᠦᠨ ᠲᠠᠢ ᠰᠦᠯᠵᠢᠶ᠎ᠡ ᠪᠠᠷ ᠰᠣᠯᠢᠯᠴᠠᠬᠤ ᠶᠢᠨ ᠬᠠᠮᠲᠤ᠂ | ᠰᠦᠯᠵᠢᠶᠡᠨ ᠠᠨᠳᠠ ᠨᠠᠷ ᠤᠨ ᠠᠰᠠᠭᠤᠯᠲᠠ ᠶᠢ ᠬᠠᠷᠢᠭᠤᠯᠬᠤ ᠪᠣᠯᠤᠨ᠎ᠠ᠃ ᠵᠣᠣ ᠲᠢᠩᠬᠢᠮ ᠤᠨ ᠳᠠᠷᠤᠭ᠎ᠠ ᠶᠢ ᠪᠠᠶᠠᠷᠯᠠᠨ | ᠤᠭᠲᠤᠵᠤ ᠪᠠᠶᠢᠨ᠎ᠠ︕ | ᠵᠤᠤ ᠶᠦᠡᠭ ᠬᠤᠸᠠ ᠄ | ᠬᠥᠲᠥᠯᠥᠭᠴᠢ ᠰᠠᠶᠢᠨ ᠪᠠᠶᠢᠨ᠎ᠠ ᠤᠤ᠂ ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨ᠎ᠠ ᠤᠤ︕ ᠲᠠ | ᠣᠯᠠᠨ ᠲᠠᠢ ᠰᠦᠯᠵᠢᠶ᠎ᠡ ᠪᠠᠷ ᠶᠠᠷᠢᠯᠴᠠᠬᠤ ᠪᠤᠯᠤᠭᠰᠠᠨ ᠳᠠᠭᠠᠨ ᠰᠡᠳᠬᠢᠯ ᠮᠠᠰᠢ ᠦᠨᠳᠦᠷ ᠪᠠᠶᠢᠨ᠎ᠠ᠃ | ᠬᠥᠲᠥᠯᠥᠭᠴᠢ᠄ | ︽12·5︾ ᠶᠢᠨ ᠲᠦᠯᠦᠪᠵᠢᠬᠦᠯᠭᠡ ᠶᠢᠨ ᠬᠤᠭᠤᠴᠠᠭᠠᠨ ᠳᠤ᠂ ᠮᠠᠨ ᠤ ᠣᠷᠣᠨ ᠲᠠᠷᠢᠶᠠᠯᠠᠩ ᠮᠠᠯ ᠠᠵᠤ | ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠶᠢᠨ ᠲᠠᠯ᠎ᠠ ᠪᠠᠷ ᠶᠠᠮᠠᠷ ᠶᠠᠮᠠᠷ ᠠᠵᠢᠯ ᠬᠢᠭᠰᠡᠨ | ᠪᠤᠢ︖ | ᠵᠤᠤ ᠶᠦᠡᠭ ᠬᠤᠸᠠ᠄ | ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ | ᠪᠣᠯᠭᠠᠬᠤ ᠪᠠᠶᠢᠯᠳᠤᠬᠤ ᠪᠤᠳᠤᠯᠭ᠎ᠠ ᠶᠢᠨ ᠱᠠᠭᠠᠷᠳᠠᠯᠭ᠎ᠠ ᠪᠣᠯᠤᠨ ᠪᠠᠶᠢᠷᠢᠯᠠᠭᠤᠯᠤᠯᠲᠠ ᠶᠢᠨ ᠲᠤᠭᠤᠷᠢᠨ ᠳᠤ᠂ ᠮᠠᠨ ᠤ | ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠶᠢᠨ | ᠲᠤᠬᠠᠶᠢᠯᠠᠭᠰᠠᠨ ᠠᠵᠢᠯ ᠤᠨ ᠪᠣᠳᠠᠲᠠᠶ ᠲᠠᠢ ᠤᠶᠠᠯᠳᠤᠭᠤᠯᠤᠨ ᠭᠤᠤᠯᠳᠠᠭᠤ ᠳᠣᠣᠷᠠᠬᠢ ᠭᠤᠷᠪᠠᠨ ᠲᠠᠯ᠎ᠠ ᠶᠢᠨ | ᠪᠦᠳᠦᠭᠡᠨ ᠪᠠᠶᠢᠭᠤᠯᠤᠯᠲᠠ ᠶᠢ ᠳᠤᠪᠤᠶᠢᠯᠭᠠᠪᠠ᠄ | ᠨᠢᠭᠡ ᠳᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠳᠤ | ᠰᠠᠭᠤᠷᠢᠯᠠᠨ᠂ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠶᠢᠨ | ᠰᠢᠰᠲ᠋ᠧᠮᠵᠢ ᠶᠢ ᠬᠦᠴᠦᠯᠡᠨ ᠪᠠᠶᠢᠭᠤᠯᠪᠠ᠃ ᠰᠢᠨ᠎ᠡ ᠴᠠᠭ ᠦᠶ᠎ᠡ ᠳᠠᠬᠢ ᠤᠳᠤ ᠦᠶ᠎ᠡ ᠶᠢᠨ ᠲᠠᠷᠢᠶᠠᠯᠠᠩ ᠮᠠᠯ ᠠᠵᠤ | ᠠᠬᠤᠶ ᠶᠢᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠣᠰᠣᠭᠠᠷ᠂ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ | ᠨᠢ ᠥᠪᠡᠷᠲᠡᠭᠡᠨ ᠵᠠᠰᠠᠬᠤ ᠣᠷᠣᠨ ᠪᠣᠯᠤᠨ ᠠᠶᠢᠮᠠᠭ ᠬᠤᠳᠠ ᠶᠢᠨ ᠰᠢᠨᠵᠢᠯᠡᠬᠦ ᠤᠬᠠᠭᠠᠨ ᠤ ᠰᠤᠳᠤᠯᠤᠯ ᠤᠨ | ᠪᠠᠶᠢᠭᠤᠯᠤᠮᠵᠢ ᠶᠢ ᠪᠠᠶᠢᠭᠤᠯᠤᠨ ᠲᠡᠭᠦᠯᠳᠡᠷᠵᠢᠭᠦᠯᠬᠦ ᠪᠠᠷ ᠭᠤᠣᠯᠳᠠᠯᠭ᠎ᠠ ᠪᠣᠯᠭᠠᠨ᠂ ᠰᠢᠨᠵᠢᠯᠡᠬᠦ ᠤᠬᠠᠭᠠᠨ ᠤ | ᠰᠤᠳᠤᠯᠤᠯ ᠤᠨ ᠬᠦᠴᠦᠨ ᠤ ᠪᠠᠶᠢᠭᠤᠯᠤᠯᠲᠠ ᠶᠢ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ | ᠠᠵᠤ ᠠᠬᠤᠶ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠢᠶᠠᠷ ᠭᠤᠤᠯᠯᠠᠭᠴᠢ ᠪᠤᠯᠭᠠᠵᠤ᠂ ᠥᠪᠡᠷᠲᠡᠭᠡᠨ ᠵᠠᠰᠠᠬᠤ | ᠣᠷᠣᠨ ᠤ ᠴᠡᠴᠡᠷᠯᠢᠭ ᠤᠨ ᠮᠡᠷᠭᠡᠵᠢᠯ ᠤᠨ ᠰᠤᠳᠤᠯᠤᠯ ᠤᠨ ᠬᠦᠷᠢᠶᠡᠯᠡᠩ ᠪᠤᠯᠤᠨ ᠥᠪᠡᠷᠲᠡᠭᠡᠨ ᠵᠠᠰᠠᠬᠤ ᠣᠷᠣᠨ ᠤ | ᠨᠤᠲᠤᠭ ᠪᠡᠯᠴᠢᠭᠡᠷ ᠤᠨ ᠬᠠᠶᠢᠨ ᠪᠠᠶᠢᠴᠠᠭᠠᠬᠤ ᠲᠥᠯᠥᠪᠵᠢᠭᠦᠯᠭᠡ ᠶᠢᠨ ᠬᠦᠷᠢᠶᠡᠯᠡᠩ ᠢᠶᠠᠷ ᠨᠥᠬᠦᠪᠥᠷᠢ ᠪᠣᠯᠭᠠᠵᠤ᠂ | ᠣᠷᠣᠨ ᠨᠤᠲᠤᠭ ᠤᠨ ᠶᠡᠭᠡ ᠳᠡᠭᠡᠳᠦ ᠰᠤᠷᠭᠠᠭᠤᠯᠢ ᠪᠤᠯᠤᠨ ᠠᠶᠢᠮᠠᠭ ᠬᠤᠲᠠ ᠶᠢᠨ ᠰᠢᠨᠵᠢᠯᠡᠬᠦ ᠤᠬᠠᠭᠠᠨ ᠤ | ᠰᠤᠳᠤᠯᠤᠯ ᠤᠨ ᠬᠦᠷᠢᠶᠡᠯᠡᠩ ᠢᠶᠠᠷ ᠤᠳᠤᠷᠢᠳᠬᠠᠯ ᠪᠤᠯᠭᠠᠭᠰᠠᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠰᠢᠨᠵᠢᠯᠡᠬᠦ | ᠤᠬᠠᠭᠠᠨ ᠤ ᠰᠤᠳᠤᠯᠤᠯ ᠤᠨ ᠪᠠᠶᠢᠭᠤᠯᠤᠮᠵᠢ ᠶᠢ ᠪᠠᠶᠢᠭᠤᠯᠪᠠ᠃ | ᠣᠳᠣᠬᠠᠨ ᠳᠤ᠂ ᠥᠪᠡᠷᠲᠡᠭᠡᠨ ᠵᠠᠰᠠᠬᠤ ᠣᠷᠣᠨ ᠪᠣᠯᠤᠨ ᠠᠶᠢᠮᠠᠭ ᠬᠤᠳᠠ ᠶᠢᠨ ᠱᠠᠲᠤᠨ ᠤ ᠰᠢᠨᠵᠢᠯᠡᠬᠦ | ᠤᠬᠠᠭᠠᠨ ᠤ ᠰᠤᠳᠤᠯᠤᠯ ᠤᠨ ᠪᠠᠶᠢᠭᠤᠯᠤᠮᠵᠢ ᠶᠢ 22 ᠪᠠᠶᠢᠭᠤᠯᠵᠤ᠂ 1760 ᠠᠵᠢᠯᠲᠠᠨ ᠲᠠᠢ︔ ᠮᠠᠯ ᠠᠵᠤ ᠠᠬᠤᠶ | ᠲᠠᠷᠢᠶᠠᠯᠠᠩ ᠲᠠᠢ ᠬᠤᠯᠪᠣᠭᠳᠠᠬᠤ ᠭᠤᠣᠯᠳᠠᠯᠭ᠎ᠠ ᠲᠠᠢ ᠨᠡᠭᠡᠭᠡᠯᠲᠡᠲᠦ ᠲᠤᠷᠰᠢᠯᠲᠠ ᠶᠢᠨ ᠲᠠᠰᠤᠭ 10᠂ | ᠢᠨᠵᠧᠨᠧᠷᠢᠩ ᠤᠨ ᠮᠡᠷᠭᠡᠵᠢᠯ ᠤᠨ ᠰᠤᠳᠤᠯᠤᠯ ᠤᠨ ᠲᠥᠪ 23 ᠂ ᠰᠢᠨᠵᠢᠯᠡᠬᠦ ᠤᠬᠠᠭᠠᠨ ᠤ ᠰᠤᠳᠤᠯᠤᠯ ᠤᠨ ᠰᠠᠭᠤᠷᠢᠨ | ᠭᠠᠵᠠᠷ ᠢ 24 ᠪᠠᠶᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠤ ᠰᠤᠳᠤᠯᠤᠯ ᠤᠨ ᠰᠢᠨ᠎ᠡ | ᠡᠭᠦᠳᠦᠯᠲᠡ ᠶᠢᠨ ᠲᠠᠪᠴᠠᠩ ᠢ ᠠᠩᠬ᠎ᠠ ᠠᠯᠬᠤᠮ ᠪᠠᠶᠢᠭᠤᠯᠪᠠ᠃ ᠦᠨᠳᠦᠰᠦᠨ ᠱᠠᠲᠤᠨ ᠤ ᠲᠠᠷᠢᠶᠠᠯᠠᠩ ᠮᠠᠯ ᠠᠵᠤ | ᠠᠬᠤᠶ ᠶᠢᠨ ᠬᠥᠭᠵᠢᠯᠲᠡ ᠪᠤᠯᠤᠨ ᠮᠠᠯᠴᠢᠨ ᠲᠠᠷᠢᠶᠠᠴᠢᠳ ᠤᠨ ᠬᠡᠷᠡᠭᠴᠡᠭᠡ ᠱᠠᠭᠠᠷᠳᠠᠯᠭ᠎ᠠ ᠳᠤ ᠦᠢᠯᠡᠴᠢᠯᠡᠬᠦ ᠪᠠᠷ | ᠭᠤᠣᠯ ᠪᠣᠯᠭᠠᠵᠤ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠳᠠ᠂ ᠬᠤᠰᠢᠭᠤ ᠰᠢᠶᠠᠨ᠂ ᠰᠤᠮᠤ ᠰᠢᠶᠠᠩ | ᠪᠠᠯᠭᠠᠰᠤ ᠲᠥᠷᠪᠡᠨ ᠱᠠᠲᠤᠨ ᠤ ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ ᠳᠡᠯᠭᠡᠷᠡᠭᠦᠯᠬᠦ ᠰᠢᠰᠲ᠋ᠧᠮᠵᠢ ᠪᠣᠯᠤᠨ | ᠠᠮᠢᠲᠠᠨ ᠤ ᠬᠢᠵᠢᠭ ᠢ ᠰᠡᠷᠭᠡᠶᠢᠯᠡᠬᠦ ᠬᠢᠭᠡᠳ ᠬᠢᠨᠠᠯᠲᠠ ᠲᠠᠯᠪᠢᠬᠤ ᠰᠢᠰᠲ᠋ᠧᠮᠵᠢ᠂ ᠭᠤᠷᠪᠠᠨ ᠱᠠᠲᠤᠨ ᠤ ᠲᠠᠷᠢᠮᠠᠯ ᠤᠨ | ᠡᠪᠡᠳᠴᠢᠨ ᠬᠤᠷᠣᠬᠠᠶ ᠶᠢᠨ ᠬᠥᠨᠥᠭᠡᠯ ᠢ ᠤᠷᠢᠳᠴᠢᠯᠠᠨ ᠰᠡᠷᠡᠮᠵᠢᠯᠡᠵᠤ ᠬᠢᠨᠠᠨ ᠬᠡᠮᠵᠢᠬᠦ ᠰᠢᠰᠲ᠋ᠧᠮᠵᠢ ᠪᠣᠯᠤᠨ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯ ᠥᠭᠡᠢ ᠶᠢᠨ ᠬᠢᠨᠠᠯᠲᠠ | ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠵᠤ᠂ ᠳᠡᠯᠭᠡᠷᠡᠭᠦᠯᠬᠦ ᠪᠠᠶᠢᠭᠤᠯᠤᠮᠵᠢ ︵ᠡᠭᠦᠨ ᠳᠤ ᠥᠪᠡᠷᠲᠡᠭᠡᠨ ᠵᠠᠰᠠᠬᠤ | ᠣᠷᠣᠨ ᠤ ᠱᠠᠲᠤᠨ ᠤ 12᠂ ᠠᠶᠢᠮᠠᠭ ᠬᠤᠲᠠ ᠶᠢᠨ ᠱᠠᠲᠤᠨ ᠤ 131᠂ ᠬᠤᠰᠢᠭᠤ ᠰᠢᠶᠠᠨ ᠠᠴᠠ ᠳᠣᠷᠣᠭᠰᠢᠬᠢ | 2086︶ ᠶᠢ ᠨᠡᠶᠢᠲᠡ 2229 ᠪᠠᠶᠢᠭᠤᠯᠵᠤ᠂ ᠲᠠᠷᠢᠶᠠᠯᠠᠩ ᠤᠨ ᠮᠡᠷᠭᠡᠵᠢᠯ ᠳᠡᠯᠭᠡᠷᠡᠭᠦᠯᠬᠦ ᠠᠵᠢᠯᠲᠠᠨ 2 ᠲᠦᠮᠡ | ᠪᠠᠶᠢᠵᠤ᠂ ᠡᠯ᠎ᠡ ᠵᠦᠢᠯ ᠤᠨ ᠮᠡᠷᠭᠡᠵᠢᠯ ᠤᠨ ᠳᠡᠯᠭᠡᠷᠡᠭᠦᠯᠦᠯᠲᠡ ᠪᠤᠯᠤᠨ ᠰᠢᠨᠵᠢᠯᠡᠬᠦ ᠤᠬᠠᠭᠠᠨ ᠮᠡᠷᠭᠡᠵᠢᠯ ᠤᠨ | ᠦᠢᠯᠡᠴᠢᠯᠡᠭᠡ ᠡᠭᠦᠷᠭᠡᠯᠡᠬᠦ ᠴᠢᠳᠠᠪᠤᠷᠢ ᠶᠢ ᠪᠦᠷᠢᠳᠦᠬᠦᠯᠪᠡ᠃ | ᠬᠤᠶᠠᠷ ᠲᠤ ᠪᠠᠶᠢᠭᠤᠯᠤᠯ ᠲᠣᠭᠲᠠᠴᠠ ᠶᠢᠨ ᠰᠢᠨ᠎ᠡ ᠡᠭᠦᠳᠦᠯᠲᠡ ᠳᠤ ᠰᠠᠭᠤᠷᠢᠯᠠᠨ᠂ ᠰᠢᠨᠵᠢᠯᠡᠬᠦ ᠤᠬᠠᠭᠠᠨ | ᠮᠡᠷᠭᠡᠵᠢᠯ ᠤᠨ ᠥᠭᠡᠷᠡᠴᠢᠯᠡᠯᠲᠡ ᠬᠢᠵᠦ ᠬᠠᠶᠢᠨ ᠰᠦᠪᠡᠭᠴᠢᠯᠡᠬᠦ ᠠᠯᠬᠤᠴᠠ ᠪᠠᠨ ᠬᠦᠴᠦᠯᠡᠨ ᠲᠦᠷᠭᠡᠳᠬᠡᠪᠡ᠃ | ᠰᠢᠨᠵᠢᠯᠡᠬᠦ ᠤᠬᠠᠭᠠᠨ ᠤ ᠰᠤᠳᠤᠯᠭᠠᠨ ᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠬᠦᠴᠦᠨ ᠴᠢᠳᠠᠯ ᠢᠶᠠᠨ | ᠨᠢᠭᠲᠠᠷᠠᠭᠤᠯᠬᠤ ᠶᠢᠨ ᠲᠤᠰᠠᠳᠠ᠂ ᠲᠥᠷᠥᠯ ᠵᠦᠢᠯ ᠢᠶᠠᠷ ᠬᠤᠯᠪᠣᠭᠠᠰᠤ ᠪᠣᠯᠭᠠᠨ᠂ ᠥᠪᠡᠷᠲᠡᠭᠡᠨ ᠵᠠᠰᠠᠬᠤ ᠣᠷᠣᠨ ᠤ | ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠪᠣᠯᠤᠨ ᠠᠶᠢᠮᠠᠭ ᠬᠤᠳᠠ ᠶᠢᠨ ᠰᠢᠨᠵᠢᠯᠡᠬᠦ | ᠤᠬᠠᠭᠠᠨ ᠤ ᠰᠤᠳᠤᠯᠭᠠᠨ ᠤ 6 ᠪᠠᠶᠢᠭᠤᠯᠤᠮᠵᠢ ᠲᠠᠢ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭᠠᠨ ᠤ ᠵᠥᠪᠯᠡᠯᠴᠡᠭᠡᠷ | ᠲᠤ ᠭᠠᠷ ᠤᠨ ᠦᠰᠦᠭ ᠵᠢᠷᠤᠪᠠ︔ ᠲᠠᠷᠢᠶᠠᠯᠠᠩ ᠮᠠᠯ ᠠᠵᠤ ᠠᠬᠤᠶ ᠶᠢᠨ ᠭᠤᠣᠯ ᠤᠳᠤᠷᠢᠳᠤᠮᠵᠢ ᠪᠣᠯᠬᠤ ᠠᠵᠤ | ᠦᠢᠯᠡᠰ ᠤᠨ ᠲᠤᠭᠤᠷᠢᠨ ᠳᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ | ᠠᠴᠠ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠳᠠ᠂ ᠬᠤᠰᠢᠭᠤ ᠰᠢᠶᠠᠨ ᠪᠠ ᠰᠤᠮᠤ ᠪᠠᠯᠭᠠᠰᠤᠨ ᠤ ᠰᠢᠨᠵᠢᠯᠡᠬᠦ | ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠬᠥᠮᠦᠰ ᠣᠷᠣᠯᠴᠠᠭᠰᠠᠨ ᠭᠤᠣᠯᠳᠠᠯᠭ᠎ᠠ ᠲᠠᠢ ᠠᠵᠤ ᠦᠢᠯᠡᠰ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠵᠢᠱᠢᠶ᠎ᠡ ᠦᠵᠡᠭᠦᠯᠦᠨ ᠳᠡᠯᠭᠡᠷᠡᠭᠦᠯᠬᠦ ᠪᠦᠯᠬᠦᠮ ᠢ ᠪᠠᠶᠢᠭᠤᠯᠵᠤ᠂ | ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠦᠳᠲᠡᠷ ᠲᠦᠷᠭᠡᠨ ᠪᠣᠳᠠᠲᠠᠶᠢᠵᠢᠬᠤ ᠶᠢ ᠲᠦᠯᠬᠢᠨ | ᠠᠬᠢᠭᠤᠯᠪᠠ᠃ ᠡᠯ᠎ᠡ ᠬᠤᠰᠢᠭᠤ ᠰᠢᠶᠠᠨ ᠨᠢ ᠠᠵᠢᠯᠲᠠᠨ ᠤᠷᠢᠵᠤ ᠬᠡᠷᠡᠭᠯᠡᠬᠦ ᠲᠦᠷᠢᠮ ᠂ ᠠᠵᠢᠯ ᠤᠨ ᠰᠢᠯᠭᠠᠨ ᠦᠨᠡᠯᠡᠬᠦ | ᠲᠦᠷᠢᠮ᠂ ᠳᠡᠯᠭᠡᠷᠡᠭᠦᠯᠬᠦ ᠬᠠᠷᠢᠭᠤᠴᠠᠯᠭ᠎ᠠ ᠶᠢᠨ ᠲᠦᠷᠢᠮ᠂ ᠠᠵᠢᠯᠲᠠᠳ ᠤᠨ ᠪᠣᠯᠪᠠᠰᠤᠷᠠᠭᠤᠯᠤᠯ ᠤᠨ ᠳᠦᠷᠢᠮ ᠪᠠ | ᠣᠯᠠᠨ ᠡᠰᠢᠴᠢᠯᠡᠭᠰᠡᠨ ᠳᠡᠯᠭᠡᠷᠡᠭᠦᠯᠬᠦ ᠲᠦᠷᠢᠮ ᠵᠡᠷᠭᠡ ᠲᠠᠪᠤᠨ ᠵᠦᠢᠯ ᠤᠨ ᠠᠵᠢᠯ ᠤᠨ ᠲᠦᠷᠢᠮ ᠢ ᠴᠥᠮ ᠪᠠᠶᠢᠭᠤᠯᠤᠨ | ᠲᠡᠭᠦᠯᠳᠡᠷᠵᠢᠭᠦᠯᠵᠦ᠂ ᠲᠤᠬᠠᠶᠢᠯᠠᠪᠠᠯ ︽ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠬᠠᠷᠢᠭᠤᠴᠠᠯᠭ᠎ᠠ ᠲᠠᠢ ᠬᠥᠮᠥᠨ︾᠂ | ︽ᠰᠢᠨᠵᠢᠯᠡᠭᠡ ᠮᠡᠷᠭᠡᠵᠢᠯ ᠤᠨ ᠣᠨᠴᠠ ᠲᠣᠮᠢᠯᠠᠭᠳᠠᠭᠰᠠᠳ︾᠂ ︽ᠲᠤᠰᠬᠠᠢ ᠮᠡᠷᠭᠡᠵᠢᠯᠲᠡᠨ — ᠮᠡᠷᠭᠡᠵᠢᠯ ᠤᠨ ᠵᠢᠭᠠᠨ | ᠵᠢᠯᠤᠭᠤᠳᠤᠭᠴᠢ — ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠡᠷᠦᠬᠡ — ᠨᠥᠯᠥᠭᠡᠯᠡᠨ | ᠳᠠᠶᠢᠴᠢᠯᠠᠬᠤ ᠡᠷᠦᠬᠡ︾ ᠵᠡᠷᠭᠡ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠦᠨᠡᠨ ᠬᠦ ᠪᠦᠲᠦᠮᠵᠢᠲᠡᠶ ᠰᠢᠨ᠎ᠡ | ᠲᠣᠭᠲᠠᠴᠠ᠂ ᠰᠢᠨ᠎ᠡ ᠵᠠᠭᠪᠤᠷ ᠢ ᠬᠠᠶᠢᠨ ᠰᠦᠪᠡᠭᠴᠢᠯᠡᠵᠦ ᠪᠦᠷᠢᠯᠳᠦᠭᠦᠯᠪᠡ᠃ | ᠭᠤᠷᠪᠠ ᠳᠤ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠤᠯᠠᠷᠢᠭᠤᠯᠬᠤ ᠳᠤ ᠰᠠᠭᠤᠷᠢᠯᠠᠨ᠂ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠪᠠᠷ ᠬᠥᠲᠥᠯᠥᠨ ᠳᠠᠭᠠᠭᠤᠯᠬᠤ ᠶᠢ ᠬᠦᠴᠦᠯᠡᠨ ᠠᠬᠢᠭᠤᠯᠪᠠ᠃ | ︽12·5︾ ᠶᠢᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠪᠦᠬᠦ ᠣᠷᠣᠨ ᠤ ᠡᠯ᠎ᠡ ᠱᠠᠲᠤᠨ ᠤ ᠲᠠᠷᠢᠶᠠᠯᠠᠩ | ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠤ ᠰᠤᠳᠤᠯᠤᠯ ᠤᠨ ᠰᠠᠯᠠᠭ᠎ᠠ ᠮᠥᠴᠢᠷ ᠤᠳ ᠤᠯᠤᠰ᠂ ᠥᠪᠡᠷᠲᠡᠭᠡᠨ | ᠵᠠᠰᠠᠬᠤ ᠣᠷᠣᠨ ᠵᠢᠴᠢ ᠣᠷᠣᠨ ᠨᠤᠲᠤᠭ ᠤᠨ ᠡᠯ᠎ᠡ ᠲᠦᠷᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ | ᠵᠦᠢᠯ ᠤᠨ 1023 ᠵᠦᠢᠯ ᠢ ᠳᠠᠭᠠᠭᠠᠵᠤ ᠠᠪᠬᠤ ᠪᠠ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠯᠤᠰ ᠂ | ᠥᠪᠡᠷᠲᠡᠭᠡᠨ ᠵᠠᠰᠠᠬᠤ ᠣᠷᠣᠨ ᠤ ᠠᠮᠢᠳᠡᠠ ᠤᠷᠭᠤᠮᠠᠯ ᠤᠨ ᠲᠦᠷᠦᠯ ᠡᠭᠦᠯᠳᠡᠷ ᠢ 102 ᠬᠢᠨᠠᠨ ︵ᠦᠨᠡᠮᠰᠢᠨ︶ | ᠲᠤᠭᠲᠠᠭᠠᠵᠤ᠂ ᠤᠯᠤᠰ ᠤᠨ ᠲᠡᠰ᠂ ᠮᠤᠵᠢ ᠶᠠᠮᠤᠨ ᠤ ᠲᠡᠰ ᠵᠢᠴᠢ ᠠᠶᠢᠮᠠᠭ ᠬᠤᠳᠠ ᠶᠢᠨ ᠲᠡᠰ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠱᠠᠩᠨᠠᠯ ᠢ 101 ᠣᠯᠪᠠ᠃ ᠡᠯ᠎ᠡ ᠵᠦᠢᠯ ᠤᠨ ᠰᠢᠨ᠎ᠡ ᠲᠥᠷᠥᠯ ᠡᠭᠦᠯᠳᠡᠷ ᠢ 130 ᠭᠠᠷᠤᠶ | ᠳᠡᠯᠭᠡᠷᠡᠭᠦᠯᠵᠦ᠂ ᠰᠢᠨ᠎ᠡ ᠮᠡᠷᠭᠡᠵᠢᠯ ᠢ ᠲᠥᠪᠯᠡᠷᠡᠭᠦᠯᠦᠨ ᠵᠢᠱᠢᠶ᠎ᠡ ᠦᠵᠡᠭᠦᠯᠦᠭᠰᠡᠨ ᠨᠢ 80 ᠭᠠᠷᠤᠶ ᠪᠠᠶᠢᠨ᠎ᠠ᠃ | ᠲᠠᠷᠢᠮᠠᠯ ᠤᠨ ᠦᠢᠯᠡᠰ ᠲᠤ ᠠᠮᠤ ᠪᠤᠳᠠᠭ᠎ᠠ ᠲᠤᠰᠤ ᠲᠠᠷᠢᠮᠠᠯ ᠤᠨ ᠥᠨᠳᠥᠷ ᠤᠨᠠᠯᠲᠠ ᠶᠢ ᠡᠭᠦᠳᠦᠨ | ᠪᠠᠶᠢᠭᠤᠯᠬᠤ ᠂ ᠡᠷᠳᠡᠨᠢ ᠰᠢᠰᠢ ᠶᠢ ︽ᠬᠤᠶᠠᠷ ᠢ ᠬᠤᠶᠠᠷ ᠵᠠᠭᠤ ᠨᠡᠮᠡᠭᠳᠡᠭᠦᠯᠬᠦ︾ ᠵᠡᠷᠭᠡ ᠰᠢᠨᠵᠢᠯᠡᠬᠦ ᠤᠬᠠᠭᠠᠨ | ᠮᠡᠷᠭᠡᠵᠢᠯ ᠤᠨ ᠦᠢᠯᠡᠴᠢᠯᠡᠭᠡᠨ ᠤ ᠠᠵᠢᠯᠯᠠᠭ᠎ᠠ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠲᠠᠷᠢᠶᠠᠯᠠᠩ ᠮᠠᠯ ᠠᠵᠤ | ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠬᠢᠭᠡᠳ ᠦᠢᠯᠡᠳᠪᠦᠷᠢᠯᠡᠯ ᠢ ᠨᠢᠭᠲᠠ ᠤᠶᠠᠯᠳᠤᠭᠤᠯᠬᠤ ᠶᠢ ᠠᠬᠢᠭᠤᠯᠪᠠ᠃ | ᠠᠮᠤ ᠪᠤᠳᠠᠭᠠᠨ ᠤ ᠳᠠᠩ ᠬᠤᠷᠢᠶᠠᠯᠲᠠ ᠨᠢ 2010 ᠣᠨ ᠳᠤ ᠮᠦ ᠪᠦᠷᠢ ᠳᠡᠭᠡᠨ 261.6 ᠺᠢᠯᠣᠭ᠍ᠷᠠᠮ | ᠪᠠᠶᠢᠭᠰᠠᠨ ᠠᠴᠠ ᠪᠠᠨ ᠨᠡᠮᠡᠭᠳᠡᠭᠡᠳ 2015 ᠣᠨ ᠳᠤ 329.1 ᠺᠢᠯᠣᠭ᠍ᠷᠠᠮ ᠪᠣᠯᠵᠤ᠂ 25.8 % ᠪᠠᠷ ᠨᠡᠮᠡᠭᠳᠡᠵᠦ᠂ | ᠠᠮᠤ ᠪᠤᠳᠠᠭᠠᠨ ᠤ ᠬᠤᠷᠢᠶᠠᠯᠲᠠ ᠳᠤ ᠨᠢᠭᠡᠴᠢ ᠲᠠᠯᠠᠪᠠᠢ ᠶᠢᠨ ᠤᠨᠠᠯᠲᠠ ᠳᠡᠭᠡᠭᠰᠢᠯᠡᠭᠦᠯᠬᠦ ᠳᠤ ᠦᠵᠡᠭᠦᠯᠦᠭᠰᠡᠨ | ᠬᠤᠪᠢ ᠨᠡᠮᠡᠷᠢ ᠶᠢᠨ ᠨᠤᠷᠮ᠎ᠠ ᠨᠢ 83.2% ᠲᠤ ᠬᠦᠷᠪᠡ᠃ ᠮᠠᠯ ᠠᠵᠤ ᠠᠬᠤᠶ ᠶᠢᠨ ᠬᠡᠪᠴᠢᠶᠡᠵᠢᠭᠦᠯᠦᠭᠰᠡᠨ | ᠲᠡᠵᠢᠭᠡᠨ ᠦᠷᠡᠵᠢᠭᠦᠯᠬᠦ᠂ ᠰᠢᠯᠢᠳᠡᠭ ᠡᠭᠦᠯᠳᠡᠷ ᠢ ᠰᠣᠩᠭᠤᠨ ᠪᠤᠶᠢᠵᠢᠭᠤᠯᠬᠤ ᠪᠠ ᠨᠤᠲᠤᠭ ᠤᠨ ᠡᠭᠦᠯᠳᠡᠷ | ᠰᠠᠶᠢᠵᠢᠷᠠᠭᠤᠯᠤᠭᠰᠠᠨ ᠵᠡᠷᠭᠡ ᠳᠤ ᠲᠡᠷᠢᠭᠦᠨ ᠤ ᠮᠡᠷᠭᠡᠵᠢᠯ ᠢ ᠳᠡᠯᠭᠡᠷᠡᠭᠦᠯᠦᠨ ᠬᠡᠷᠡᠭᠯᠡᠵᠦ᠂ ᠮᠠᠯ ᠤᠨ ᠪᠣᠳᠠᠭᠠᠯᠢ ︵ᠪᠡᠶ᠎ᠡ︶ | ᠶᠢᠨ ᠭᠠᠷᠤᠯᠲᠠ ᠶᠢ ᠳᠡᠭᠡᠭᠰᠢᠯᠡᠭᠦᠯᠬᠦ ᠳᠤ ᠵᠠᠩᠭᠢᠯᠠᠭ᠎ᠠ ᠶᠢᠨ ᠦᠢᠯᠡᠳᠦᠯ ᠭᠠᠷᠭᠠᠪᠠ᠃ ᠳ᠋ᠣᠪᠧᠷ ᠬᠤᠨᠢ᠂ | ᠠᠦ᠋ᠰᠲᠷᠠᠯᠢᠶ᠎ᠠ ᠶᠢᠨ ᠴᠠᠭᠠᠨ ᠬᠤᠨᠢ ᠶᠢ ᠲᠤᠰ ᠭᠠᠵᠠᠷ ᠤᠨ ᠬᠤᠨᠢ ᠲᠠᠢ ᠡᠷᠯᠢᠰᠡᠵᠢᠭᠦᠯᠦᠭᠡᠳ᠂ 4 ᠰᠠᠷ᠎ᠠ ᠪᠣᠯᠣᠭᠰᠠᠨ | ᠬᠤᠷᠠᠭ᠎ᠠ ᠨᠢ ᠲᠤᠰ ᠭᠠᠵᠠᠷ ᠤᠨ ᠬᠢ ᠠᠴᠠ 300 ᠲᠥᠭᠦᠷᠢᠭ ᠤᠨ ᠣᠷᠣᠯᠭ᠎ᠠ ᠨᠡᠮᠡᠭᠳᠡᠭᠦᠯᠵᠦ᠂ ᠬᠤᠨᠢᠨ ᠮᠢᠬᠠᠨ ᠤ | ᠦᠨ᠎ᠡ ᠪᠠᠭᠤᠷᠠᠭᠰᠠᠨ ᠤ ᠳᠠᠷᠠᠭᠠᠬᠢ ᠥᠪᠥᠷ ᠮᠣᠩᠭᠤᠯ ᠤᠨ ᠬᠤᠨᠢᠨ ᠤ ᠦᠰᠦᠯᠲᠡ ᠶᠢᠨ ᠴᠢᠭᠯᠡᠯᠲᠦ ᠠᠰᠠᠭᠤᠳᠠᠯ ᠢ | ᠰᠢᠢᠳᠪᠦᠷᠢᠯᠡᠪᠡ᠃ ᠦᠢᠯᠡᠳᠪᠦᠷᠢᠯᠡᠬᠦ ᠴᠢᠨᠠᠷ ᠴᠢᠳᠠᠪᠤᠷᠢ ᠶᠢᠨ ᠬᠡᠮᠵᠢᠨ ᠲᠣᠭᠲᠠᠭᠠᠯᠲᠠ ᠶᠢ ᠦᠨᠳᠦᠰᠦᠯᠡᠪᠡᠯ᠂ | ᠬᠤᠯᠰᠲᠸᠢᠨ ᠰᠠᠭᠠᠯᠢ ᠶᠢᠨ ᠦᠨᠢᠶᠡᠨ ᠤ ᠭᠠᠷᠤᠯᠲᠠ ᠨᠢ 2010 ᠣᠨ ᠤ ᠬᠢ ᠠᠴᠠ 862 ᠺᠢᠯᠣᠭ᠍ᠷᠠᠮ ᠨᠡᠮᠡᠭᠳᠡᠵᠦ᠂ | ᠰᠥᠨᠢᠳ ᠠᠯᠠᠰᠢᠨ ᠬᠤᠨᠢ ᠪᠣᠯᠤᠨ ᠰᠢᠮᠮᠧᠨᠲ᠋ᠠᠯ ᠦᠬᠡᠷ ᠤᠨ ᠬᠡᠩᠭᠦᠳᠡᠭ ᠤᠨ ᠬᠦᠨᠳᠦ ᠨᠢ ᠲᠤᠰ ᠲᠤᠰ 2.6 | ᠺᠢᠯᠣᠭ᠍ᠷᠠᠮ ᠪᠠ 20.5 ᠺᠢᠯᠣᠭ᠍ᠷᠠᠮ ᠨᠡᠮᠡᠭᠳᠡᠪᠡ᠃ | ᠬᠥᠲᠥᠯᠥᠭᠴᠢ᠄ | ᠣᠳᠣᠬᠠᠨ ᠳᠤ᠂ ᠮᠠᠨ ᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠡᠭᠦᠳᠦᠯᠲᠡ ᠶᠢᠨ ᠲᠠᠯ᠎ᠠ ᠪᠠᠷ ᠪᠠᠰᠠ ᠶᠠᠮᠠᠷ ᠶᠠᠮᠠᠷ ᠲᠣᠪᠤᠶᠢᠮ᠎ᠠ ᠠᠰᠠᠭᠤᠳᠠᠯ ᠣᠷᠣᠰᠢᠵᠤ ᠪᠠᠶᠢᠬᠤ | ᠪᠤᠢ︖ | ᠵᠤᠤ ᠶᠦᠩ ᠬᠤᠸᠠ᠄ | ᠨᠢᠭᠡ ᠳᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠶᠢᠨ ᠬᠥᠳᠡᠯᠭᠡᠬᠦ ᠬᠦᠴᠦ ᠬᠦᠷᠦᠯᠴᠡᠬᠦ | ᠦᠭᠡᠢ ᠪᠠᠶᠢᠨ᠎ᠠ᠃ ︽ᠲᠥᠷᠥᠯ ᠵᠦᠢᠯ ᠲᠣᠭᠲᠠᠭᠠᠬᠤ — ᠦᠷ᠎ᠡ ᠪᠦᠲᠦᠭᠡᠯ — ᠲᠤᠰᠢᠶᠠᠯ ᠤᠨ ᠴᠣᠯᠠ︾ ᠶᠢᠨ | ᠤᠳᠤᠷᠢᠳᠤᠮᠵᠢ ᠨᠢ ᠥᠷᠭᠡᠨ ᠤᠯᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠳᠠᠨ ᠤ ᠰᠢᠨᠵᠢᠯᠡᠬᠦ | ᠤᠬᠠᠭᠠᠨ ᠤ ᠰᠤᠳᠤᠯᠤᠯ ᠤᠨ ᠰᠡᠳᠦᠪ ᠲᠣᠭᠲᠠᠭᠠᠬᠤ ᠶᠢᠨ ᠡᠬᠢᠨ ᠤ ᠵᠣᠷᠢᠯᠭ᠎ᠠ ᠨᠢ ᠦᠷ᠎ᠡ ᠪᠦᠲᠦᠭᠡᠯ ᠢ ᠦᠨᠡᠯᠡᠬᠦ᠂ | ᠲᠤᠰᠢᠶᠠᠯ ᠤᠨ ᠴᠣᠯᠠ ᠳᠡᠪᠰᠢᠭᠦᠯᠬᠦ ᠶᠢᠨ ᠲᠥᠯᠥᠭᠡ ᠯᠠ ᠪᠣᠯᠵᠤ ᠪᠠᠶᠢᠨ᠎ᠠ︔ ᠵᠠᠷᠢᠮ ᠬᠤᠰᠢᠭᠤ ᠰᠢᠶᠠᠨ ᠵᠢᠴᠢ | ᠲᠡᠭᠦᠨ ᠠᠴᠠ ᠳᠣᠷᠣᠭᠰᠢᠬᠢ ᠦᠨᠳᠦᠰᠦᠨ ᠱᠠᠲᠤᠨ ᠤ ᠮᠡᠷᠭᠡᠵᠢᠯ ᠤᠨ ᠠᠵᠢᠯᠳᠠᠨ ᠪᠠ ︽ᠨᠤᠲᠤᠭ ᠤᠨ ᠮᠡᠷᠭᠡᠵᠢᠯᠲᠡᠨ︾ | ᠨᠢ ᠰᠤᠷᠤᠯᠭ᠎ᠠ ᠶᠢᠨ ᠨᠠᠮᠲᠠᠷ ᠳᠣᠣᠷ᠎ᠠ ᠪᠤᠶᠤ ᠱᠠᠩᠨᠠᠯ ᠣᠯᠬᠤ ᠵᠡᠷᠭᠡ ᠨᠥᠬᠦᠴᠡᠯ ᠤᠨ ᠬᠢᠵᠠᠭᠠᠷᠯᠠᠯ ᠠᠴᠠ ᠪᠤᠯᠵᠤ᠂ | ᠲᠤᠰᠢᠶᠠᠯ ᠤᠨ ᠴᠣᠯᠠ ᠨᠢ ᠳᠡᠪᠰᠢᠭᠳᠡᠬᠦ ᠦᠭᠡᠢ ᠠᠴᠠ ᠪᠣᠯᠵᠤ ᠠᠵᠢᠯ ᠤᠨ ᠢᠳᠡᠪᠬᠢᠵᠢᠯ ᠨᠢ ᠨᠥᠯᠥᠭᠡᠯᠡᠭᠳᠡᠵᠦ | ᠪᠠᠶᠢᠨ᠎ᠠ︔ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠦᠨᠡᠯᠡᠯᠲᠡ ᠳᠤ ᠡᠷᠳᠡᠮ ᠰᠢᠨᠵᠢᠯᠡᠭᠡᠨ ᠢ | ᠬᠦᠨᠳᠦᠳᠬᠡᠵᠦ ᠬᠡᠷᠡᠭᠯᠡᠭᠡᠨ ᠢ ᠬᠥᠩᠭᠡᠪᠴᠢᠯᠡᠭᠰᠡᠨ ᠠᠴᠠ ᠪᠣᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ | ᠠᠵᠢᠯᠲᠠᠳ ᠰᠢᠨᠵᠢᠯᠡᠬᠦ ᠤᠬᠠᠭᠠᠨ ᠮᠡᠷᠭᠡᠵᠢᠯ ᠢ ᠰᠤᠳᠤᠯᠤᠨ ᠨᠡᠭᠡᠭᠡᠬᠦ ᠪᠠ ᠰᠢᠨᠵᠢᠯᠡᠬᠦ ᠤᠬᠠᠭᠠᠨ ᠮᠡᠷᠭᠡᠵᠢᠯ ᠢ | ᠳᠡᠯᠭᠡᠷᠡᠭᠦᠯᠬᠦ ᠳᠤ ᠴᠥᠮ ᠠᠰᠢᠭ ᠣᠯᠵᠠᠪᠤᠷᠢ ᠣᠯᠬᠤ ᠦᠭᠡᠢ ᠪᠤᠶᠤ ᠠᠰᠢᠭ ᠣᠯᠵᠠᠪᠤᠷᠢ ᠬᠢᠭᠡᠳ ᠬᠦᠴᠦ ᠬᠦᠯᠦᠰᠦ | ᠵᠠᠷᠤᠴᠠᠭᠤᠯᠤᠭᠰᠠᠨ ᠯᠤᠭ᠎ᠠ ᠶᠢᠨ ᠬᠠᠷᠢᠴᠠᠯ ᠨᠢ ᠲᠡᠩᠴᠡᠵᠦ ᠣᠴᠢᠬᠤ ᠦᠭᠡᠢ ᠠᠴᠠ ᠪᠣᠯᠵᠤ ᠰᠢᠨ᠎ᠡ ᠶᠢ ᠡᠭᠦᠳᠬᠦ ᠢᠳᠡ | ᠵᠣᠷᠢᠭ ᠨᠢ ᠭᠦᠢᠴᠡᠳ ᠦᠭᠡᠢ ᠪᠣᠯᠵᠤ ᠪᠠᠶᠢᠨ᠎ᠠ᠃ | ᠬᠤᠶᠠᠷ ᠲᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠶᠢᠨ ᠭᠤᠣᠯ ᠰᠡᠳᠦᠪ ᠵᠤᠭᠰᠤᠩᠭᠤᠶᠢᠷᠠᠨ | ᠬᠤᠴᠣᠷᠴᠤ ᠪᠠᠶᠢᠨ᠎ᠠ᠃ ᠦᠨᠳᠦᠰᠦᠨ ᠱᠠᠲᠤᠨ ᠤ ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ ᠳᠡᠯᠭᠡᠷᠡᠭᠦᠯᠬᠦ | ᠦᠢᠯᠡᠴᠢᠯᠡᠭᠡᠨ ᠤ 90% ᠠᠴᠠ ᠳᠡᠭᠡᠭᠰᠢᠬᠢ ᠪᠠᠶᠢᠭᠤᠯᠤᠮᠵᠢ ᠶᠢᠨ ︽ᠭᠤᠷᠪᠠᠨ ᠡᠷᠬᠡ︾ ︵ᠬᠥᠮᠦᠨ᠂ ᠵᠣᠭᠤᠰ | ᠮᠥᠩᠭᠦ᠂ ᠡᠳ᠋ ᠪᠣᠳᠠᠰ︶ ᠶᠢ ᠰᠤᠮᠤ ᠰᠢᠶᠠᠩ ᠪᠠᠯᠭᠠᠰᠤ ᠬᠠᠮᠢᠶᠠᠷᠴᠤ᠂ ᠲᠤᠬᠠᠶᠢᠯᠠᠭᠰᠠᠨ ᠠᠵᠢᠯ ᠤᠨ | ᠵᠢᠯᠤᠭᠤᠳᠤᠯᠭ᠎ᠠ ᠶᠢ ᠬᠤᠰᠢᠭᠤ ᠰᠢᠶᠠᠨ ᠤ ᠱᠠᠲᠤᠨ ᠤ ᠳᠡᠯᠭᠡᠷᠡᠭᠦᠯᠬᠦ ᠪᠠᠶᠢᠭᠤᠯᠤᠮᠵᠢ ᠬᠠᠷᠢᠭᠤᠴᠠᠵᠤ ᠪᠠᠶᠢᠬᠤ ᠠᠴᠠ | ᠪᠤᠯᠵᠤ᠂ ︽ᠬᠤᠶᠠᠭᠤᠯᠠ ᠪᠠᠨ ᠬᠠᠮᠢᠶᠠᠷᠬᠤ ᠦᠯᠦ ᠬᠠᠮᠢᠶᠠᠷᠬᠤ︾ ᠪᠤᠰᠤᠳᠴᠢ ᠪᠠᠶᠢᠳᠠᠯ ᠢ ᠪᠤᠶ ᠪᠣᠯᠭᠠᠨ᠂ ᠰᠤᠮᠤ | ᠰᠢᠶᠠᠩ ᠪᠠᠯᠭᠠᠰᠤ ᠶᠢᠨ ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ ᠳᠡᠯᠭᠡᠷᠡᠭᠦᠯᠬᠦ ᠦᠢᠯᠡᠴᠢᠯᠡᠭᠡᠨ ᠤ | ᠪᠠᠶᠢᠭᠤᠯᠤᠮᠵᠢ ᠨᠢ ᠡᠳᠦᠷ ᠲᠤᠳᠤᠮ ᠤᠨ ᠠᠵᠢᠯ ᠦᠷᠨᠢᠭᠦᠯᠬᠦ ᠳᠡᠭᠡᠨ ᠵᠦᠪᠬᠡᠨ ᠰᠤᠮᠤ ᠰᠢᠶᠠᠩ ᠪᠠᠯᠭᠠᠰᠤ ᠶᠢᠨ ᠭᠤᠤᠯ | ᠪᠤᠯᠬᠤ ᠵᠠᠰᠠᠭ ᠤᠨ ᠶᠠᠪᠤᠳᠠᠯ ᠲᠤᠭᠤᠷᠢᠨ ᠳᠤ ᠠᠵᠢᠯ ᠬᠢᠵᠦ᠂ ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ | ᠳᠡᠯᠭᠡᠷᠡᠭᠦᠯᠬᠦ ᠦᠢᠯᠡᠴᠢᠯᠡᠭᠡᠨ ᠤ ︽ᠳᠤᠲᠠᠭᠤᠳᠠᠯ︾ ᠪᠤᠯᠪᠠ᠃ ᠣᠯᠠᠩᠬᠢ ᠲᠣᠭᠠᠨ ᠤ ᠲᠠᠷᠢᠶᠠᠯᠠᠩ ᠮᠠᠯ ᠠᠵᠤ | ᠠᠬᠤᠶ ᠶᠢᠨ ᠮᠡᠷᠭᠡᠵᠢᠯ ᠳᠡᠯᠭᠡᠷᠡᠭᠦᠯᠬᠦ ᠨᠢᠭᠡᠴᠡ ᠨᠦᠭᠦᠳ ᠴᠢᠬᠤᠯᠠ ᠪᠦᠬᠦᠢ ᠲᠤᠷᠰᠢᠯᠲᠠ ᠬᠢᠵᠦ ᠵᠢᠱᠢᠶ᠎ᠡ ᠦᠵᠡᠭᠦᠯᠬᠦ | ᠰᠠᠭᠤᠷᠢᠨ ᠭᠠᠵᠠᠷ ᠪᠠ ᠲᠥᠬᠦᠭᠡᠷᠦᠮᠵᠢ ᠪᠠᠷ ᠳᠤᠲᠠᠭᠳᠠᠵᠤ᠂ ᠲᠤᠷᠰᠢᠯᠭ᠎ᠠ ᠳᠠᠭᠠᠨ ᠲᠦᠰᠢᠭᠯᠡᠨ᠂ ᠦᠵᠡᠭᠦᠯᠵᠦ ᠵᠢᠭᠠᠬᠤ | ᠠᠷᠭ᠎ᠠ ᠬᠡᠯᠪᠡᠷᠢ ᠪᠠᠷ ᠮᠠᠯᠴᠢᠨ ᠲᠠᠷᠢᠶᠠᠴᠢᠳ ᠲᠤ ᠦᠢᠯᠡᠴᠢᠯᠡᠵᠦ ᠪᠠᠶᠢᠨ᠎ᠠ᠃ ᠰᠢᠨ᠎ᠡ ᠡᠭᠦᠳᠦᠯᠲᠡ ᠶᠢᠨ ᠭᠤᠤᠯ | ᠴᠣᠭᠴᠠ ᠪᠤᠯᠬᠤ — ᠲᠠᠷᠢᠶᠠᠯᠠᠩ ᠮᠠᠯ ᠠᠵᠤ ᠠᠬᠤᠶ ᠶᠢᠨ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠠᠵᠢᠯᠲᠠᠨ ᠴᠥᠭᠡᠨ ᠪᠠᠶᠢᠨ᠎ᠠ᠃ | ᠭᠤᠷᠪᠠ ᠳᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢᠲᠠᠨ ᠤ ᠡᠩᠨᠡᠭᠡᠨ ᠤ | ᠪᠦᠲᠦᠴᠡ ᠵᠦᠢ ᠵᠤᠬᠢᠰ ᠦᠭᠡᠢ ᠪᠠᠶᠢᠨ᠎ᠠ᠃ ᠰᠢᠨᠵᠢᠯᠡᠬᠦ ᠤᠬᠠᠭᠠᠨ ᠤ ᠰᠤᠳᠤᠯᠭᠠᠨ ᠤ ᠴᠢᠳᠠᠪᠤᠷᠢᠲᠠᠨ ᠤ ᠡᠩᠨᠡᠭᠡ ᠶᠢᠨ | ᠪᠦᠲᠦᠴᠡ ᠵᠦᠢ ᠵᠤᠬᠢᠰ ᠦᠭᠡᠢ ᠪᠠᠶᠢᠬᠤ ᠪᠦᠭᠡᠳ ᠨᠢᠭᠡᠳᠦᠭᠡᠷ ᠹᠷᠣᠨᠲ ᠲᠤ ᠠᠵᠢᠯᠯᠠᠬᠤ ᠰᠢᠨᠵᠢᠯᠡᠬᠦ ᠤᠬᠠᠭᠠᠨ ᠤ | ᠰᠤᠳᠤᠯᠭᠠᠨ ᠤ ᠵᠠᠯᠠᠭᠤ ᠠᠵᠢᠯᠳᠡᠠ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠲᠤᠰᠠᠯᠠᠭᠴᠢ ᠠᠵᠢᠯᠳᠡᠠ | ᠳᠤᠲᠠᠭᠳᠠᠵᠤ ᠪᠠᠶᠢᠨ᠎ᠠ᠃ ᠡᠭᠦᠨ ᠠᠴᠠ ᠭᠠᠳᠠᠨ᠎ᠠ᠂ ᠮᠠᠨ ᠤ ᠤᠷᠤᠨ ᠤ ᠮᠠᠯᠵᠢᠬᠤ ᠲᠠᠷᠢᠶᠠᠯᠠᠬᠤ ᠤᠷᠤᠨ ᠤ | ᠬᠥᠳᠡᠯᠮᠦᠷᠢ ᠶᠢᠨ ᠬᠦᠴᠦᠨ ᠢᠯᠠᠩᠭᠤᠶ᠎ᠠ ᠵᠠᠯᠠᠭᠤ ᠢᠳᠡᠷ ᠬᠥᠳᠡᠯᠮᠦᠷᠢ ᠶᠢᠨ ᠬᠦᠴᠦᠨ ᠦᠷᠭᠦᠯᠵᠢᠯᠡᠨ ᠰᠢᠯᠵᠢᠬᠦ ᠶᠢ | ᠳᠠᠭᠠᠯᠳᠤᠨ᠂ ︽ᠬᠡᠨ ᠲᠠᠷᠢᠶ᠎ᠠ ᠲᠠᠷᠢᠬᠤ︾ ︽ᠬᠡᠷᠬᠢᠨ ᠲᠠᠷᠢᠶ᠎ᠠ ᠲᠠᠷᠢᠬᠤ︾ ᠶᠠᠪᠤᠳᠠᠯ ᠨᠢ ᠨᠢᠭᠡᠨᠲᠡ ᠪᠣᠳᠠᠲᠠᠶ | ᠪᠥᠭᠡᠳ ᠲᠤᠯᠭᠠᠮ᠎ᠠ ᠠᠰᠠᠭᠤᠳᠠᠯ ᠪᠣᠯᠤᠭᠰᠠᠨ ᠪᠠᠶᠢᠨ᠎ᠠ᠂ ᠮᠠᠨ ᠤ ᠤᠷᠤᠨ ᠤ ᠰᠢᠨ᠎ᠡ ᠬᠡᠯᠪᠡᠷᠢ ᠶᠢᠨ ᠠᠵᠢᠯ | ᠮᠡᠷᠭᠡᠵᠢᠯ ᠤᠨ ᠮᠠᠯᠴᠢᠨ ᠲᠠᠷᠢᠶᠠᠴᠢᠨ ᠪᠤᠶᠢᠵᠢᠭᠤᠯᠬᠤ ᠬᠦᠮᠦᠵᠢᠭᠦᠯᠬᠦ ᠳᠤ ᠥᠪᠡᠷᠲᠡᠭᠡᠨ ᠵᠠᠰᠠᠬᠤ ᠣᠷᠣᠨ ᠤ ᠲᠤᠰᠬᠠᠶ | ᠵᠦᠢᠯ ᠤᠨ ᠪᠡᠯᠡ ᠮᠥᠩᠭᠦ ᠪᠠᠶᠢᠬᠤ ᠦᠭᠡᠢ ᠪᠤᠯᠬᠤᠷ᠂ ᠪᠦᠷᠢᠮᠦᠰᠦᠨ 2014 ᠣᠨ ᠠᠴᠠ ᠡᠬᠢᠯᠡᠨ ᠬᠡᠷᠡᠭᠵᠢᠭᠦᠯᠦᠭᠰᠡᠨ | ᠲᠦᠪ ᠤᠨ ᠲᠦᠷᠦᠯ ᠵᠦᠢᠯ ᠳᠤ ᠲᠦᠰᠢᠭᠯᠡᠵᠦ᠂ ᠵᠢᠯ ᠪᠦᠷᠢ 5000 ᠬᠥᠮᠦᠨ ᠪᠤᠯᠪᠠᠰᠤᠷᠠᠭᠤᠯᠵᠤ᠂ ᠡᠨᠡ ᠵᠢᠯ | 1000 ᠬᠦᠮᠦᠨ ᠪᠤᠯᠭᠠᠨ ᠨᠡᠮᠡᠭᠳᠡᠭᠦᠯᠬᠦ ᠪᠠᠷ ᠪᠠᠶᠢᠨ᠎ᠠ᠂ ᠡᠨᠡ ᠨᠢ ᠮᠠᠯᠴᠢᠨ ᠲᠠᠷᠢᠶᠠᠴᠢᠳ ᠤᠨ ᠪᠣᠯᠪᠠᠰᠤᠷᠠᠭᠤᠯᠤᠯ ᠤᠨ | ᠬᠡᠷᠡᠭᠴᠡᠭᠡ ᠱᠠᠭᠠᠷᠳᠠᠯᠭ᠎ᠠ ᠶᠢ ᠮᠦᠨ ᠯᠡ ᠬᠠᠩᠭᠠᠵᠤ ᠳᠡᠶᠢᠯᠬᠦ ᠦᠭᠡᠢ ᠪᠠᠶᠢᠨ᠎ᠠ᠃ | ᠲᠦᠷᠪᠡ ᠳᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠡᠯᠡ ᠮᠥᠩᠭᠦ ᠶᠢᠨ ᠣᠷᠣᠭᠤᠯᠤᠯᠲᠠ | ᠬᠦᠷᠦᠯᠴᠡᠬᠦ ᠦᠭᠡᠢ ᠪᠠᠶᠢᠨ᠎ᠠ᠃ ᠤᠢᠢᠷ᠎ᠠ ᠶᠢᠨ ᠵᠢᠯ ᠤᠨ ᠲᠤᠷᠰᠢ ᠮᠠᠨ ᠤ ᠣᠷᠣᠨ ᠤ ᠲᠠᠷᠢᠶᠠᠯᠠᠩ ᠮᠠᠯ ᠠᠵᠤ | ᠠᠬᠤᠶ ᠶᠢᠨ ᠰᠢᠨ᠎ᠡ ᠶᠢ ᠡᠭᠦᠳᠬᠦ ᠰᠠᠭᠤᠷᠢ ᠮᠦᠩᠭᠦ ᠶᠢᠨ ᠲᠤᠰᠬᠠᠶ ᠵᠦᠢᠯ ᠨᠢ ᠬᠡᠳᠦ᠋ᠢᠪᠡᠷ ᠡᠳᠦᠢ ᠲᠡᠳᠦᠢ | ᠨᠡᠮᠡᠭᠳᠡᠭᠰᠡᠨ ᠪᠤᠯᠪᠠᠴᠤ ᠪᠦᠬᠦ ᠤᠯᠤᠰ ᠤᠨ ᠳᠤᠮᠳᠠᠴᠢ ᠬᠢᠷᠢ ᠬᠡᠮᠵᠢᠶ᠎ᠡ ᠯᠦᠭᠡ ᠬᠠᠷᠢᠴᠠᠭᠤᠯᠬᠤ ᠳᠤ ᠪᠠᠰᠠ ᠪᠠᠭ᠎ᠠ ᠪᠤᠰᠤ | ᠵᠥᠷᠢᠶ᠎ᠡ ᠲᠠᠢ ᠪᠠᠶᠢᠨ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠵᠠᠷᠢᠮ ᠰᠠᠶᠢᠨ ᠰᠢᠨ᠎ᠡ ᠡᠭᠦᠳᠦᠯᠲᠡ ᠶᠢᠨ ᠵᠦᠢᠯ ᠨᠢ | ᠦᠷᠭᠦᠯᠵᠢᠯᠡᠨ ᠲᠣᠭᠲᠠᠭᠤᠨ ᠳᠡᠮᠵᠢᠯᠭᠡ ᠪᠠᠷ ᠳᠤᠲᠠᠮᠠᠭ ᠪᠠᠶᠢᠨ᠎ᠠ᠃ ᠪᠦᠬᠦ ᠣᠷᠣᠨ ᠳᠤ ᠮᠡᠷᠭᠡᠵᠢᠯ ᠢ ᠳᠡᠯᠭᠡᠷᠡᠭᠦᠯᠬᠦ | ᠵᠠᠷᠤᠳᠠᠯ ᠪᠠᠶᠢᠬᠤ ᠦᠭᠡᠢ ᠪᠤᠯᠬᠤᠷ᠂ ᠳᠡᠯᠭᠡᠷᠡᠭᠦᠯᠬᠦ ᠠᠵᠢᠯ ᠨᠢ ᠭᠤᠣᠯᠳᠠᠭᠤ ᠲᠥᠪ ᠪᠠ ᠥᠪᠡᠷᠲᠡᠭᠡᠨ ᠵᠠᠰᠠᠬᠤ | ᠣᠷᠣᠨ ᠤ ᠲᠦᠷᠦᠯ ᠵᠦᠢᠯ ᠳᠤ ᠲᠦᠰᠢᠭᠯᠡᠵᠦ᠂ ᠲᠣᠭᠲᠠᠭᠤᠨ ᠵᠠᠷᠤᠳᠠᠯ ᠤᠨ ᠳᠡᠮᠵᠢᠯᠭᠡ ᠪᠠᠶᠢᠬᠤ ᠦᠭᠡᠢ᠃ | ᠥᠪᠡᠷᠲᠡᠭᠡᠨ ᠵᠠᠰᠠᠬᠤ ᠣᠷᠣᠨ ᠳᠤ ᠲᠤᠷᠰᠢᠯᠲᠠ ᠶᠢᠨ ᠲᠠᠰᠤᠭ᠂ ᠮᠡᠷᠭᠡᠵᠢᠯ ᠤᠨ ᠰᠤᠳᠤᠯᠤᠯ ᠤᠨ ᠲᠥᠪ᠂ | ᠲᠤᠷᠰᠢᠯᠲᠠ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠵᠡᠷᠭᠡ ᠰᠠᠭᠤᠷᠢ ᠨᠥᠬᠦᠴᠡᠯ ᠤᠨ ᠪᠡᠯᠡ ᠮᠦᠩᠭᠦ ᠶᠢᠨ | ᠤᠷᠤᠭᠤᠯᠤᠯᠲᠠ ᠪᠠᠶᠢᠬᠤ ᠦᠭᠡᠢ ᠪᠤᠯᠬᠤᠷ᠂ ᠤᠯᠤᠰ ᠤᠨ ᠲᠦᠷᠦᠯ ᠵᠦᠢᠯ ᠤᠨ ᠣᠯᠠᠩᠬᠢ ᠳᠤᠨᠢ ᠰᠠᠭᠤᠷᠢ ᠪᠦᠲᠦᠭᠡᠨ | ᠪᠠᠶᠢᠭᠤᠯᠤᠯᠲᠠ ᠬᠢᠬᠦ ᠶᠢ ᠵᠦᠪᠰᠢᠶᠡᠷᠡᠬᠦ ᠦᠭᠡᠢ ᠪᠠᠶᠢᠨ᠎ᠠ᠂ ᠡᠶᠢᠮᠦ ᠠᠴᠠ ᠲᠤᠷᠰᠢᠯᠲᠠ ᠬᠢᠬᠦ ᠲᠥᠬᠦᠭᠡᠷᠦᠮᠵᠢ ᠶᠢ | ᠰᠢᠨᠡᠳᠬᠡᠵᠦ ᠴᠢᠳᠠᠬᠤ ᠦᠭᠡᠢ᠂ ᠲᠤᠷᠰᠢᠯᠲᠠ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠰᠢᠢᠳᠪᠦᠷᠢᠯᠡᠵᠦ | ᠴᠢᠳᠠᠬᠤ ᠦᠬᠡᠢ ᠪᠠᠶᠢᠨ᠎ᠠ᠃ | ᠬᠥᠲᠥᠯᠥᠭᠴᠢ᠄ | ᠳᠠᠷᠠᠭᠠᠴᠢ ᠶᠢᠨ ᠠᠯᠬᠤᠮ ᠳᠤ ᠮᠠᠨ ᠤ ᠤᠷᠤᠨ ᠤ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠡᠭᠦᠳᠦᠯᠲᠡ ᠶᠢ ᠲᠦᠯᠬᠢᠨ ᠠᠬᠢᠭᠤᠯᠬᠤ ᠶᠢᠨ ᠭᠤᠣᠯᠳᠠᠯᠭ᠎ᠠ ᠲᠠᠢ ᠠᠵᠢᠯ ᠶᠠᠭᠤ ᠶᠠᠭᠤ ᠪᠠᠶᠢᠬᠤ | ᠪᠤᠢ︖ | ᠵᠣᠣ ᠶᠥᠩ ᠬᠤᠸᠠ᠄ | ᠨᠢᠭᠡ ᠳᠤ ᠬᠥᠲᠥᠯᠥᠨ ᠳᠠᠭᠠᠭᠤᠯᠬᠤ ᠴᠢᠨᠠᠷᠲᠠᠶ ᠰᠢᠨ᠎ᠡ ᠡᠭᠦᠳᠦᠯᠲᠡ ᠶᠢ ᠴᠢᠩᠭᠠᠳᠬᠠᠨ᠎ᠠ᠃ ᠤᠳᠤ ᠦᠶ᠎ᠡ ᠶᠢᠨ | ᠦᠷ᠎ᠡ ᠡᠭᠦᠯᠳᠡᠷ ᠤᠨ ᠦᠢᠯᠡᠰ᠂ ᠤᠶᠤᠨᠴᠢ ᠲᠠᠷᠢᠶᠠᠯᠠᠩ ᠮᠠᠯ ᠠᠵᠤ ᠠᠬᠤᠶ᠂ ᠲᠠᠷᠢᠶᠠᠯᠠᠩ ᠮᠠᠯ ᠠᠵᠤ ᠠᠬᠤᠶ ᠶᠢᠨ | ᠡᠬᠢ ᠪᠠᠶᠠᠯᠢᠭ ᠣᠷᠴᠢᠨ ᠲᠤᠭᠤᠷᠢᠨ᠂ ᠲᠠᠷᠢᠶᠠᠯᠠᠩ ᠮᠠᠯ ᠠᠵᠤ ᠠᠬᠤᠶ ᠶᠢᠨ ᠮᠡᠳᠡᠭᠡ ᠵᠠᠩᠭᠢᠵᠢᠯᠲᠠ ᠵᠡᠷᠭᠡ | ᠵᠠᠩᠭᠢᠯᠠᠭ᠎ᠠ ᠶᠢᠨ ᠭᠤᠤᠯᠯᠠᠬᠤ ᠰᠢᠨᠵᠢᠯᠡᠬᠦ ᠤᠬᠠᠭᠠᠨ ᠤ ᠮᠡᠷᠭᠡᠵᠢᠯ ᠤᠨ ᠰᠤᠳᠤᠯᠤᠨ ᠨᠡᠭᠡᠭᠡᠵᠦ ᠠᠰᠢᠭᠯᠠᠬᠤ ᠶᠢ | ᠲᠦᠷᠭᠡᠳᠬᠡᠨ ᠠᠬᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠰᠢᠨ᠎ᠡ ᠲᠦᠷᠦᠯ ᠡᠭᠦᠯᠳᠡᠷ᠂ ᠰᠢᠨ᠎ᠡ ᠮᠡᠷᠭᠡᠵᠢᠯ ᠪᠠ | ᠰᠢᠨ᠎ᠡ ᠲᠤᠨᠤᠬ ᠲᠥᠬᠦᠭᠡᠷᠦᠮᠵᠢ ᠳᠤ ᠰᠢᠨ᠎ᠡ ᠰᠢᠪᠲᠤᠯᠤᠯᠲᠠ ᠭᠠᠷᠭᠠᠬᠤ ᠪᠠᠷ ᠴᠢᠷᠮᠠᠶᠢᠨ᠎ᠠ᠃ | ᠬᠤᠶᠠᠷ ᠲᠤ ᠰᠢᠰᠲ᠋ᠧᠮ ᠤᠨ ᠴᠢᠨᠠᠷᠲᠠᠶ ᠰᠢᠨ᠎ᠡ ᠡᠭᠦᠳᠦᠯᠲᠡ ᠶᠢ ᠴᠢᠩᠭᠠᠳᠬᠠᠨ᠎ᠠ᠃ ︽ᠭᠠᠵᠠᠷ ᠰᠢᠷᠤᠢ ᠪᠠᠨ | ᠪᠠᠲᠤᠯᠠᠨ᠂ ᠤᠨᠠᠯᠲᠠ ᠪᠠᠨ ᠳᠡᠭᠡᠭᠰᠢᠯᠡᠭᠦᠯᠬᠦ︾ ᠪᠠ ︽ᠬᠤᠨᠢ ᠢᠮᠠᠭ᠎ᠠ ᠶᠢᠨ ᠲᠤᠭ᠎ᠠ ᠲᠤᠯᠤᠭᠠᠢ ᠶᠢ ᠲᠤᠭᠲᠠᠭᠤᠨ | ᠪᠠᠶᠢᠯᠭᠠᠵᠤ ᠦᠬᠡᠷ ᠭᠠᠭ᠋ᠠᠶ ᠵᠢᠭᠦᠷᠲᠡᠨ ᠤ ᠲᠤᠭ᠎ᠠ ᠶᠢ ᠨᠡᠮᠡᠭᠳᠡᠭᠦᠯᠬᠦ︾ ᠪᠠᠶᠢᠯᠳᠤᠬᠤ ᠪᠤᠳᠤᠯᠭ᠎ᠠ ᠶᠢ ᠭᠤᠣᠯᠳᠠᠯᠭ᠎ᠠ ᠲᠠᠢ | ᠲᠤᠤᠱᠯᠠᠭᠤᠯᠵᠤ᠂ ᠲᠠᠷᠢᠶᠠᠨ ᠭᠠᠵᠠᠷ ᠤᠨ ᠶᠠᠰᠤ ᠴᠢᠨᠠᠷ ᠢ ᠬᠠᠮᠠᠭᠠᠯᠠᠬᠤ ᠬᠢᠭᠡᠳ ᠲᠦᠷᠦᠯ ᠵᠦᠢᠯ ᠳᠡᠭᠡᠭᠰᠢᠯᠡᠭᠦᠯᠬᠦ ᠶᠢ | ᠰᠠᠶᠢᠲᠤᠷ ᠬᠡᠷᠡᠭᠵᠢᠭᠦᠯᠵᠦ᠂ ᠠᠮᠤ ᠪᠤᠳᠠᠭᠠᠨ ᠤ ᠪᠤᠬᠢᠷᠳᠤᠯ ᠦᠭᠡᠢ ᠥᠨᠳᠥᠷ ᠪᠦᠲᠦᠮᠵᠢᠲᠡᠶ ᠪᠠᠷ ᠬᠤᠷᠢᠶᠠᠯᠲᠠ ᠶᠢ ᠨᠢ | ᠨᠡᠮᠡᠭᠳᠡᠭᠦᠯᠬᠦ ᠮᠡᠷᠭᠡᠵᠢᠯ ᠤᠨ ᠳᠡᠯᠭᠡᠷᠡᠭᠦᠯᠬᠦ ᠶᠢ ᠭᠦᠨᠵᠡᠭᠡᠢ ᠦᠷᠨᠢᠭᠦᠯᠵᠦ᠂ ᠲᠡᠵᠢᠭᠡᠨ ᠦᠷᠡᠵᠢᠭᠦᠯᠬᠦ ᠮᠡᠷᠭᠡᠵᠢᠯ ᠢ | ᠪᠠᠷᠢᠮᠵᠢᠶᠠᠵᠢᠭᠤᠯᠤᠨ ᠬᠡᠪᠴᠢᠶᠡᠵᠢᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ ᠬᠤᠷᠢᠶᠠᠯᠲᠠ ᠤᠨᠠᠯᠲᠠ ᠶᠢ | ᠲᠣᠭᠲᠠᠪᠤᠷᠢᠵᠢᠭᠤᠯᠤᠨ ᠨᠡᠮᠡᠭᠳᠡᠭᠦᠯᠬᠦ᠂ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠬᠦ ᠲᠠᠯ᠎ᠠ ᠪᠠᠷ ᠶᠡᠷᠦᠩᠬᠡᠶᠢᠯᠡᠭᠰᠡᠨ | ᠰᠢᠢᠳᠪᠦᠷᠢᠯᠡᠬᠦ ᠲᠤᠤᠱᠲᠠᠢ ᠲᠥᠰᠦᠯ ᠢ ᠰᠤᠳᠤᠯᠵᠤ ᠳᠤᠷᠠᠳᠤᠨ ᠭᠠᠷᠭᠠᠬᠤ ᠪᠠᠷ ᠴᠢᠷᠮᠠᠶᠢᠨ᠎ᠠ᠃ | ᠭᠤᠷᠪᠠ ᠳᠤ ᠪᠦᠬᠦᠯᠢ ᠴᠣᠭᠴᠠ ᠶᠢᠨ ᠴᠢᠨᠠᠷᠲᠠᠶ ᠰᠢᠨ᠎ᠡ ᠡᠭᠦᠳᠦᠯᠲᠡ ᠶᠢ ᠴᠢᠩᠭᠠᠳᠬᠠᠨ᠎ᠠ᠃ ᠡᠯ᠎ᠡ ᠲᠠᠯ᠎ᠠ ᠶᠢᠨ | ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠵᠦ᠂ | ᠲᠠᠷᠢᠶᠠᠯᠠᠩ ᠮᠠᠯ ᠠᠵᠤ ᠠᠬᠤᠶ ᠶᠢᠨ ᠵᠠᠰᠠᠭ ᠵᠠᠬᠢᠷᠭᠠᠨ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠢ ᠵᠣᠯᠭᠠᠭᠤᠯᠬᠤ᠂ | ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠪᠣᠯᠣᠨ ᠮᠡᠷᠭᠡᠵᠢᠯ ᠢ ᠵᠣᠯᠭᠠᠭᠤᠯᠬᠤ᠂ ᠲᠠᠷᠢᠶᠠᠯᠠᠩ ᠤᠨ | ᠰᠢᠨᠵᠢᠯᠡᠬᠦ ᠤᠬᠠᠭᠠᠨ ᠤ ᠰᠤᠳᠤᠯᠤᠯ ᠬᠢᠭᠡᠳ ᠳᠡᠯᠭᠡᠷᠡᠭᠦᠯᠦᠯᠲᠡ ᠶᠢ ᠵᠣᠯᠭᠠᠭᠤᠯᠬᠤ ᠪᠠᠷ ᠳᠠᠮᠵᠢᠭᠤᠯᠤᠨ᠂ ᠲᠠᠷᠢᠶᠠᠯᠠᠩ | ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤ ᠶᠢᠨ ᠴᠣᠭᠴᠠ ᠪᠣᠯᠤᠨ ᠪᠥᠬᠦ ᠣᠷᠣᠨ ᠤ | ᠰᠢᠨᠵᠢᠯᠡᠬᠦ ᠤᠬᠠᠭᠠᠨ ᠤ ᠰᠤᠳᠤᠯᠭᠠᠨ ᠢ ︽ ᠵᠣᠬᠢᠴᠠᠯᠳᠤᠨ ᠳᠠᠭᠠᠯᠳᠤᠭᠰᠠᠨ ᠪᠠᠶᠢᠳᠠᠯ︾ ᠲᠠᠢ ᠪᠣᠯᠭᠠᠨ᠎ᠠ᠃ | ᠳᠦᠷᠪᠡ ᠳᠤ ᠲᠦᠷᠢᠮ ᠤᠨ ᠴᠢᠨᠠᠷᠲᠠᠶ ᠰᠢᠨ᠎ᠡ ᠡᠭᠦᠳᠦᠯᠲᠡ ᠶᠢ ᠴᠢᠩᠭᠠᠳᠬᠠᠨ᠎ᠠ᠃ ᠲᠠᠷᠢᠶᠠᠯᠠᠩ ᠮᠠᠯ ᠠᠵᠤ | ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠪᠠ ᠡᠷᠬᠡ ᠠᠰᠢᠭ | ᠬᠤᠪᠢᠶᠠᠷᠢᠯᠠᠬᠤ ᠶᠢ ᠪᠦᠷᠢᠨᠰᠢᠭᠦᠯᠵᠦ᠂ ᠦᠷ᠎ᠡ ᠪᠦᠲᠦᠭᠡᠯ ᠤᠨ ᠡᠷᠬᠡ ᠠᠰᠢᠭ ᠢ ᠬᠤᠪᠢᠶᠠᠨ ᠡᠳ᠋ᠯᠡᠬᠦ᠂ ᠰᠢᠯᠵᠢᠭᠦᠯᠦᠨ | ᠤᠯᠠᠷᠢᠭᠤᠯᠬᠤ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠳᠠᠨ ᠢ ᠲᠦᠷᠦᠯ ᠬᠤᠪᠢᠶᠠᠨ ᠬᠠᠮᠢᠶᠠᠷᠬᠤ | ᠲᠣᠭᠲᠠᠴᠠ ᠶᠢ ᠬᠠᠶᠢᠨ ᠰᠦᠪᠡᠭᠴᠢᠯᠡᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠳᠠᠨ ᠤ ᠦᠷ᠎ᠡ | ᠪᠦᠲᠦᠭᠡᠯ ᠢᠶᠠᠨ ᠤᠯᠠᠷᠢᠭᠤᠯᠤᠨ ᠠᠰᠢᠭ ᠣᠷᠣᠯᠭ᠎ᠠ ᠬᠤᠪᠢᠶᠠᠨ ᠡᠳ᠋ᠯᠡᠬᠦ ᠬᠠᠷᠢᠴᠠᠯ ᠢ ᠳᠡᠭᠡᠭᠰᠢᠯᠡᠭᠦᠯᠦᠨ᠂ ᠲᠠᠷᠢᠶᠠᠯᠠᠩ | ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠪᠣᠯᠣᠨ ᠠᠵᠢᠯᠳᠠᠨ ᠢ ᠲᠥᠷᠥᠯ | ᠬᠤᠪᠢᠶᠠᠨ ᠦᠨᠡᠯᠡᠬᠦ ᠶᠢ ᠲᠥᠯᠬᠢᠨ ᠠᠬᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠤ | ᠰᠤᠳᠤᠯᠭᠠᠨ ᠤ ᠪᠠᠶᠢᠭᠤᠯᠤᠮᠵᠢ ᠶᠢᠨ ᠰᠢᠨ᠎ᠡ ᠶᠢ ᠡᠭᠦᠳᠬᠦ ᠴᠢᠳᠠᠪᠤᠷᠢ ᠶᠢ ᠴᠢᠩᠭᠠᠷᠠᠭᠤᠯᠤᠨ᠂ ᠰᠢᠨᠵᠢᠯᠡᠬᠦ ᠤᠬᠠᠭᠠᠨ ᠤ | ᠰᠤᠳᠤᠯᠭᠠᠨ ᠤ ᠠᠵᠢᠯᠲᠠᠳ ᠤᠨ ᠰᠢᠨ᠎ᠡ ᠶᠢ ᠡᠭᠦᠳᠬᠦ ᠠᠮᠢᠳᠤᠯᠢᠭ ᠬᠦᠴᠦᠨ ᠢ ᠬᠥᠭᠵᠢᠭᠡᠨ᠎ᠡ᠃ | ᠬᠥᠲᠥᠯᠥᠭᠴᠢ᠄ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠶᠢ ᠬᠢᠵᠠᠭᠠᠷᠯᠠᠵᠤ ᠪᠠᠶᠢᠭ᠎ᠠ ᠠᠰᠠᠭᠤᠳᠠᠯ ᠢ ᠠᠯᠢ | ᠬᠡᠳᠦᠨ ᠲᠠᠯ᠎ᠠ ᠪᠠᠷ ᠰᠢᠢᠳᠪᠦᠷᠢᠯᠡᠬᠦ ᠴᠢᠬᠤᠯᠠ ᠲᠠᠢ ᠪᠤᠶ︖ | ᠵᠣᠣ ᠶᠥᠡᠭ ᠬᠤᠸᠠ᠄ | ᠨᠢᠭᠡ ᠳᠤ ᠰᠢᠨᠵᠢᠯᠡᠬᠦ ᠤᠬᠠᠭᠠᠨ ᠤ ᠰᠤᠳᠤᠯᠭᠠᠨ ᠬᠢᠭᠡᠳ ᠮᠡᠷᠭᠡᠵᠢᠯ ᠢ ᠳᠡᠯᠭᠡᠷᠡᠭᠦᠯᠬᠦ ᠰᠢᠰᠲ᠋ᠧᠮᠵᠢ ᠶᠢᠨ | ᠪᠠᠶᠢᠭᠤᠯᠤᠯᠲᠠ ᠶᠢ ᠴᠢᠩᠭᠠᠳᠬᠠᠨ᠎ᠠ᠃ ᠪᠥᠬᠦ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠤ | ᠰᠤᠳᠤᠯᠭᠠᠨ ᠤ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠵᠤ᠂ ᠪᠥᠯᠥᠭ ᠬᠡᠰᠡᠭᠯᠡᠯ ᠪᠣᠯᠣᠨ ᠥᠮᠴᠢᠯᠡᠯ ᠤᠨ | ᠳᠦᠷᠢᠮ ᠤᠨ ᠵᠠᠭᠠᠭ ᠬᠢᠵᠠᠭᠠᠷ ᠢ ᠡᠪᠳᠡᠵᠦ᠂ ᠥᠪᠥᠷ ᠮᠣᠩᠭᠤᠯ ᠤᠨ ᠣᠨᠴᠠᠯᠢᠭ ᠪᠥᠬᠦᠢ ᠲᠠᠷᠢᠶᠠᠯᠠᠩ ᠮᠠᠯ ᠠᠵᠤ | ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮᠵᠢ ᠶᠢ ᠪᠤᠢ ᠪᠣᠯᠭᠠᠨ᠎ᠠ︔ | ᠦᠨᠳᠦᠰᠦᠨ ᠱᠠᠲᠤᠨ ᠤ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠪᠠᠶᠢᠭᠤᠯᠤᠮᠵᠢ ᠶᠢᠨ ᠡᠭᠦᠷᠭᠡᠯᠡᠵᠦ ᠪᠠᠶᠢᠭ᠎ᠠ | ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠡᠭᠦᠷᠭᠡ ᠴᠢᠳᠠᠪᠤᠷᠢ ᠶᠢ ᠲᠣᠳᠣᠷᠬᠠᠶᠢᠯᠠᠵᠤ᠂ ᠬᠤᠰᠢᠭᠤ ᠰᠢᠶᠠᠨ ᠰᠤᠮᠤ | ᠰᠢᠶᠠᠩ ᠤᠨ ᠱᠠᠲᠤᠨ ᠤ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠪᠠᠶᠢᠭᠤᠯᠤᠮᠵᠢ ᠪᠠᠨ ᠵᠦᠢ ᠵᠣᠬᠢᠰᠲᠠᠶ | ᠪᠠᠶᠢᠷᠢᠯᠠᠭᠤᠯᠤᠨ᠂ ᠬᠠᠮᠢᠶᠠᠷᠤᠯᠲᠠ ᠶᠢᠨ ᠪᠠᠶᠢᠭᠤᠯᠤᠯ ᠢ ᠰᠢᠯᠤᠭᠤᠳᠬᠠ᠂ ︽ᠭᠤᠷᠪᠠᠨ ᠡᠷᠬᠡ ᠶᠢ ᠬᠤᠰᠢᠭᠤ | ᠰᠢᠶᠠᠨ ᠳᠤ ᠪᠤᠴᠠᠭᠠᠬᠤ︾ ᠶᠢ ᠠᠯᠬᠤᠮ ᠠᠯᠬᠤᠮ ᠢᠶᠠᠷ ᠬᠡᠷᠡᠭᠵᠢᠭᠦᠯᠦᠨ ᠶᠠᠪᠤᠭᠳᠠᠭᠤᠯᠤᠨ᠎ᠠ᠃ ᠠᠵᠢᠯ ᠤᠨ ᠵᠠᠷᠤᠳᠠᠯ ᠢ | ᠲᠣᠬᠢᠷᠠᠭᠤᠯᠤᠨ᠂ ᠬᠠᠮᠢᠶ᠎ᠡ ᠪᠦᠬᠦᠢ ᠲᠤᠰᠬᠠᠶ ᠮᠡᠷᠭᠡᠵᠢᠯ ᠢ ᠳᠡᠯᠭᠡᠷᠡᠭᠦᠯᠬᠦ ᠠᠵᠢᠯ ᠤᠨ ᠬᠡᠪ ᠤᠨ ᠪᠠᠶᠢᠳᠠᠯ ᠢᠶᠠᠷ | ᠥᠷᠨᠢᠬᠦ ᠶᠢ ᠪᠠᠲᠤᠯᠠᠨ᠎ᠠ᠃ | ᠬᠤᠶᠠᠷ ᠲᠤ᠂ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ | ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠴᠢᠳᠠᠪᠤᠷᠢᠲᠠᠨ ᠢ ᠬᠥᠮᠦᠵᠢᠭᠦᠯᠬᠦ᠂ ᠲᠠᠲᠠᠨ | ᠠᠪᠴᠢᠷᠠᠬᠤ ᠪᠠ ᠬᠡᠷᠡᠭᠯᠡᠬᠦ ᠳᠤᠮᠳᠠᠬᠢ ᠬᠥᠮᠦᠨ ᠬᠡᠷᠡᠭᠯᠡᠬᠦ ᠨᠢᠭᠡᠴᠡ ᠶᠢᠨ ᠭᠤᠣᠯᠯᠠᠬᠤ ᠪᠠᠶᠢᠷᠢ ᠰᠠᠭᠤᠷᠢ ᠶᠢ ᠭᠦᠢᠴᠡᠳ | ᠪᠠᠳᠠᠷᠠᠭᠤᠯᠵᠤ᠂ ᠬᠡᠷᠡᠭᠴᠡᠭᠡ ᠪᠠᠨ ᠦᠨᠳᠦᠰᠦᠯᠡᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠪᠦᠲᠦᠴᠡ ᠶᠢ | ᠰᠢᠯᠢᠳᠡᠭᠵᠢᠭᠦᠯᠦᠨ᠂ ᠬᠥᠮᠦᠨ ᠬᠡᠷᠡᠭᠯᠡᠬᠦ ᠨᠢᠭᠡᠴᠡ ᠳᠤ ᠴᠢᠳᠠᠪᠤᠷᠢᠲᠠᠨ ᠢ ᠤᠷᠢᠨ ᠬᠡᠷᠡᠭᠯᠡᠬᠦ ᠶᠢᠨ ᠡᠵᠡᠨ ᠮᠡᠳᠡᠬᠦ ᠡᠷᠬᠡ | ᠪᠠ ᠠᠮᠢᠳᠤᠯᠢᠭ ᠪᠠᠶᠢᠬᠤ ᠲᠥᠷᠥ ᠶᠢᠨ ᠪᠣᠳᠣᠯᠭ᠎ᠠ ᠶᠢ ᠣᠯᠭᠤᠵᠣ᠂ ᠰᠢᠨᠵᠢᠯᠡᠬᠦ ᠤᠬᠠᠭᠠᠨ ᠮᠡᠷᠭᠡᠵᠢᠯ ᠤᠨ | ᠴᠢᠳᠠᠪᠤᠷᠢᠲᠠᠨ ᠤ ᠪᠦᠲᠦᠴᠡ ᠶᠢᠨ ᠠᠰᠠᠭᠤᠳᠠᠯ ᠢ ᠰᠢᠢᠳᠪᠦᠷᠢᠯᠡᠨ᠎ᠡ︔ ᠴᠢᠳᠠᠪᠤᠷᠢᠲᠠᠨ ᠢ ᠦᠨᠡᠯᠡᠵᠦ ᠰᠢᠯᠭᠠᠨ ᠬᠢᠨᠠᠬᠤ | ᠠᠷᠭ᠎ᠠ ᠮᠠᠶ᠋ᠢᠭ ᠢ ᠰᠠᠶᠢᠵᠢᠷᠠᠭᠤᠯᠵᠤ᠂ ᠴᠢᠳᠠᠪᠤᠷᠢᠲᠠᠨ ᠢ ᠬᠢᠨᠠᠨ ᠰᠢᠯᠭᠠᠷᠠᠭᠤᠯᠵᠤ ᠲᠣᠭᠲᠠᠭᠠᠬᠤ ᠳᠤᠮᠳᠠᠬᠢ ᠬᠥᠮᠦᠨ | ᠬᠡᠷᠡᠭᠯᠡᠬᠦ ᠨᠢᠭᠡᠴᠡ ᠶᠢᠨ ᠭᠤᠣᠯ ᠤᠳᠤᠷᠢᠳᠤᠮᠵᠢ ᠶᠢᠨ ᠦᠢᠯᠡᠳᠦᠯ ᠢ ᠳᠣᠪᠣᠶᠢᠯᠭᠠᠨ᠂ ︽ᠰᠤᠷᠤᠯᠭ᠎ᠠ ᠶᠢᠨ ᠨᠠᠮᠲᠠᠷ ᠢ | ᠯᠠ ᠬᠥᠭᠡᠭᠡᠴᠡᠯᠳᠦᠬᠦ᠂ ᠲᠤᠰᠢᠶᠠᠯ ᠤᠨ ᠴᠣᠯᠠ ᠶᠢ ᠯᠠ ᠬᠥᠭᠡᠭᠡᠴᠡᠯᠳᠦᠬᠦ᠂ ᠥᠭᠦᠯᠡᠯ ᠨᠡᠶᠢᠲᠡᠯᠡᠬᠦ ᠶᠢ ᠯᠡ | ᠬᠥᠭᠡᠭᠡᠴᠡᠯᠳᠦᠬᠦ᠂ ᠱᠠᠩᠨᠠᠯ ᠬᠦᠷᠲᠡᠬᠦ ᠶᠢ ᠯᠠ ᠬᠥᠭᠡᠭᠡᠴᠡᠯᠳᠦᠬᠦ︾ ᠦᠵᠡᠭᠳᠡᠯ ᠠᠴᠠ ᠵᠠᠶᠢᠯᠠᠰᠬᠢᠨ᠎ᠠ᠃ ᠰᠢᠨ᠎ᠡ | ᠮᠠᠶ᠋ᠢᠭ ᠤᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠳ ᠢ ᠬᠥᠮᠦᠵᠢᠭᠦᠯᠬᠦ ᠲᠤᠰᠬᠠᠶ ᠵᠦᠢᠯ ᠢ ᠬᠡᠷᠡᠭᠵᠢᠭᠦᠯᠵᠦ᠂ | ᠠᠵᠢᠯ ᠤᠨ ᠵᠣᠬᠢᠴᠠᠭᠤᠯᠬᠤ ᠪᠠᠶᠢᠭᠤᠯᠤᠮᠵᠢ ᠶᠢ ᠪᠠᠶᠢᠭᠤᠯᠤᠨ᠂ ᠲᠤᠰᠬᠠᠶ ᠵᠦᠢᠯ ᠤᠨ ᠪᠡᠯᠡ ᠮᠥᠩᠭᠦ ᠶᠢ ᠲᠣᠬᠢᠷᠠᠭᠤᠯᠵᠤ᠂ | ᠬᠥᠮᠦᠵᠢᠭᠦᠯᠬᠦ ᠬᠡᠪᠴᠢᠶ᠎ᠡ ᠪᠠᠨ ᠥᠷᠭᠡᠳᠬᠡᠨ᠂ ᠨᠡᠩ ᠤᠯᠠᠨ ᠮᠠᠯᠴᠢᠨ ᠲᠠᠷᠢᠶᠠᠴᠢᠳ ᠲᠤ ᠰᠢᠨ᠎ᠡ ᠮᠠᠶ᠋ᠢᠭ ᠤᠨ ᠠᠵᠢᠯ | ᠮᠡᠷᠭᠡᠵᠢᠯ ᠤᠨ ᠮᠠᠯᠴᠢᠨ ᠲᠠᠷᠢᠶᠠᠴᠢᠳ ᠤᠨ ᠰᠤᠷᠭᠠᠨ ᠬᠥᠮᠦᠵᠢᠯ ᠤᠨ ᠪᠣᠯᠪᠠᠰᠤᠷᠠᠭᠤᠯᠤᠯ ᠬᠥᠷᠲᠡᠭᠡᠬᠦ ᠠᠵᠠ ᠵᠠᠪᠰᠢᠶᠠᠨ | ᠣᠯᠭᠤᠨ᠎ᠠ᠃ | ᠭᠤᠷᠪᠠ ᠳᠤ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ | ᠣᠷᠣᠭᠤᠯᠤᠯᠲᠠ ᠪᠠᠨ ᠨᠡᠮᠡᠭᠳᠡᠭᠦᠯᠦᠨ᠎ᠡ᠃ ︽ᠰᠢᠨᠵᠢᠯᠡᠬᠦ ᠤᠬᠠᠭᠠᠨ ᠮᠡᠷᠭᠡᠵᠢᠯ ᠤᠨ ᠲᠠᠪᠰᠢᠯᠳᠠ ᠶᠢᠨ ᠬᠠᠤᠯᠢ︾᠂ ︽ | ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠣᠯᠠᠷᠢᠯᠲᠠ ᠶᠢ ᠠᠬᠢᠭᠤᠯᠬᠤ ᠬᠠᠤᠯᠢ︾᠂ ︽ | ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠲᠠᠷᠢᠶᠠᠯᠠᠩ | ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠦᠢᠯᠡᠰ ᠤᠨ ᠬᠤᠯᠪᠣᠭᠳᠠᠯ ᠪᠦᠬᠦᠢ ᠲᠣᠭᠲᠠᠭᠠᠯ | ᠶᠣᠰᠣᠭᠠᠷ᠂ ᠡᠯ᠎ᠡ ᠱᠠᠲᠤᠨ ᠤ ᠵᠠᠰᠠᠭ ᠤᠨ ᠣᠷᠳᠣᠨ ᠤ ᠡᠳ᠋ ᠤᠨ ᠵᠠᠰᠠᠭ ᠠᠴᠠ ᠲᠠᠷᠢᠶᠠᠯᠠᠩ ᠮᠠᠯ ᠠᠵᠤ ᠠᠬᠤᠶ ᠶᠢᠨ | ᠰᠢᠨᠵᠢᠯᠡᠬᠦ ᠤᠬᠠᠭᠠᠨ ᠤ ᠰᠤᠳᠤᠯᠭᠠᠨ ᠪᠣᠯᠣᠨ ᠳᠡᠯᠭᠡᠷᠡᠭᠦᠯᠦᠯᠲᠡ ᠳᠤ ᠬᠡᠷᠡᠭᠰᠡᠬᠦ ᠵᠠᠷᠤᠳᠠᠯ ᠢ ᠤᠷᠳᠤ ᠬᠤᠭᠤᠴᠠᠭᠠᠨ ᠤ | ᠵᠠᠰᠠᠭ ᠤᠨ ᠣᠷᠳᠣᠨ ᠤ ᠬᠥᠲᠥᠯᠥᠨ ᠵᠢᠯᠤᠭᠤᠳᠬᠤ ᠣᠷᠣᠭᠤᠯᠤᠯᠲᠠ ᠪᠣᠯᠭᠠᠨ ᠡᠳ᠋ ᠤᠨ ᠵᠠᠰᠠᠭ ᠤᠨ ᠲᠥᠰᠦᠪ ᠲᠤ | ᠣᠷᠤᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠲᠤᠷᠰᠢᠯᠲᠠ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ | ᠪᠠᠶᠢᠭᠤᠯᠬᠤ ᠶᠢ ᠳᠡᠮᠵᠢᠵᠦ᠂ ᠲᠠᠷᠢᠶᠠᠯᠠᠩ ᠮᠠᠯ ᠠᠵᠤ ᠠᠬᠤᠶ ᠳᠤ ᠰᠢᠨ᠎ᠡ ᠮᠡᠷᠭᠡᠵᠢᠯ᠂ ᠰᠢᠨ᠎ᠡ ᠲᠦᠷᠦᠯ ᠡᠭᠦᠯᠳᠡᠷ ᠤᠨ | ᠲᠤᠷᠰᠢᠯᠲᠠ ᠶᠢᠨ ᠵᠢᠱᠢᠶ᠎ᠡ ᠦᠵᠡᠭᠦᠯᠬᠦ᠂ ᠦᠷ᠎ᠡ ᠪᠦᠲᠦᠭᠡᠯ ᠢ ᠤᠯᠠᠷᠢᠭᠤᠯᠬᠤ ᠵᠢᠴᠢ ᠳᠡᠯᠭᠡᠷᠡᠭᠦᠯᠬᠦ ᠳᠤ ᠨᠥᠬᠦᠴᠡᠯ | ᠪᠦᠷᠢᠯᠳᠦᠭᠦᠯᠵᠦ ᠥᠭᠬᠦ ᠶᠢᠨ ᠬᠠᠮᠲᠤ᠂ ᠡᠳ᠋ ᠤᠨ ᠬᠦᠴᠦᠨ ᠤ ᠪᠠᠲᠤᠯᠠᠭ᠎ᠠ ᠬᠠᠨᠭ᠍ᠭᠠᠵᠤ᠂ ᠭᠤᠣᠯᠳᠠᠯᠭ᠎ᠠ ᠲᠠᠢ | ᠬᠦᠷᠢᠶᠡᠨ ᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠶᠢ ᠲᠣᠭᠲᠠᠭᠤᠨ ᠢᠶᠠᠷ ᠳᠡᠮᠵᠢᠨ᠎ᠡ᠃ | ᠬᠥᠲᠥᠯᠥᠭᠴᠢ᠄ | ᠵᠣᠣ ᠳᠠᠷᠤᠭ᠎ᠠ ᠶᠢᠨ ᠲᠠᠶᠢᠯᠦᠮᠵᠢ ᠬᠢᠭᠰᠡᠨ ᠳᠤ ᠲᠠᠯᠠᠷᠬᠠᠵᠤ ᠪᠠᠶᠢᠨ᠎ᠠ᠂ ᠰᠦᠯᠵᠢᠶᠡᠨ ᠨᠠᠶᠢᠵᠠ ᠨᠠᠷ ᠤᠨ | ᠣᠷᠣᠯᠴᠠᠭᠰᠠᠨ ᠳᠤ ᠪᠠᠶᠠᠷᠯᠠᠵᠤ ᠪᠠᠶᠢᠨ᠎ᠠ᠃ ᠲᠤᠰ ᠬᠤᠭᠤᠴᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠵᠠᠪᠰᠠᠷᠯᠠᠯ᠎ᠠ᠂ | ᠳᠠᠷᠠᠭᠠᠴᠢ ᠶᠢᠨ ᠬᠤᠭᠤᠴᠠᠭᠠᠨ ᠤ ᠫᠷᠤᠭ᠍ᠷᠠᠮ ᠳᠤ ᠪᠠᠶᠠᠷᠲᠠᠢ ᠵᠣᠯᠭᠠᠶ᠎ᠠ︕ | | ᠳᠡᠳ᠋ ᠲᠢᠩᠬᠢᠮ ᠤᠨ ᠳᠠᠷᠤᠭ᠎ᠠ ᠵᠤᠤ ᠶᠦᠩ ᠬᠤᠸᠠ ᠥᠪᠡᠷᠲᠡᠭᠡᠨ ᠵᠠᠰᠠᠬᠤ ᠣᠷᠣᠨ ᠤ ᠡᠷᠳᠡᠨᠢ ᠰᠢᠰᠢ ᠶᠢᠨ | ᠵᠢᠱᠢᠶ᠎ᠡ ᠦᠵᠡᠭᠦᠯᠦᠨ ᠳᠡᠯᠭᠡᠷᠡᠭᠦᠯᠬᠦ ᠪᠦᠯᠬᠦᠮ ᠤᠨ ᠲᠤᠬᠠᠶ ᠶᠢᠨ ᠭᠠᠵᠠᠷ ᠤᠨ ᠦᠵᠡᠭᠦᠯᠦᠯᠭᠡ ᠳᠤ ᠣᠷᠣᠯᠴᠠᠵᠤ | ᠪᠠᠶᠢᠭ᠎ᠠ ᠨᠢ | | ᠳᠡᠳ᠋ ᠲᠢᠩᠬᠢᠮ ᠤᠨ ᠳᠠᠷᠤᠭ᠎ᠠ ᠵᠤᠤ ᠶᠦᠩ ᠬᠤᠸᠠ ᠪᠣᠯᠤᠨ ᠲᠧᠭᠨᠢᠭ ᠮᠡᠷᠭᠡᠵᠢᠯ ᠤᠨ ᠠᠵᠢᠯᠲᠠᠳ ᠬᠠᠮᠲᠤ ᠪᠠᠷ | ᠡᠷᠳᠡᠨᠢ ᠰᠢᠰᠢ ᠶᠢᠨ ᠥᠨᠳᠥᠷ ᠬᠤᠷᠢᠶᠠᠯᠲᠠ ᠲᠠᠢ᠂ ᠥᠨᠳᠥᠷ ᠪᠦᠳᠦᠮᠵᠢᠳᠦ ᠪᠤᠶᠢᠵᠢᠭᠤᠯᠬᠤ ᠮᠡᠷᠭᠡᠵᠢᠯ ᠢ ᠰᠤᠳᠤᠯᠤᠨ | ᠶᠠᠷᠢᠯᠴᠠᠵᠤ ᠪᠠᠶᠢᠭ᠎ᠠ ᠨᠢ | |