2016 ᠣᠨ ᠤ ᠤᠮᠠᠷᠠᠲᠤ ᠣᠷᠣᠨ ᠤ ᠲᠠᠪᠤᠨ ᠮᠤᠵᠢ ᠶᠢᠨ ᠣᠶᠤᠲᠠᠤᠨ ᠤᠨ ᠮᠠᠰᠢᠨ ᠬᠥᠮᠦᠨ ᠰᠢᠯᠭᠠᠷᠠᠭᠤᠯᠬᠤ ᠤᠷᠤᠯᠳᠤᠭᠠᠨ ᠥᠪᠥᠷ ᠮᠣᠩᠭᠤᠯ ᠳᠤ ᠡᠬᠢᠯᠡᠪᠡ
ᠨᠡᠶᠢᠲᠡᠯᠡᠭᠰᠡᠨ ᠴᠠᠭ᠄
2016/11/1
   
     10 ᠳ᠋ᠤᠭᠠᠷ ᠰᠠᠷ᠎ᠠ ᠶᠢᠨ 30᠎ ᠤ ᠡᠳᠦᠷ᠂ 2016 ᠣᠨ ᠤ ᠤᠮᠠᠷᠠᠲᠤ ᠣᠷᠣᠨ ᠤ ᠲᠠᠪᠤᠨ ᠮᠤᠵᠢ ︵ᠬᠤᠳᠠ ᠂ ᠥᠪᠡᠷᠲᠡᠭᠡᠨ ᠵᠠᠰᠠᠬᠤ ᠣᠷᠣᠨ︶᠎ ᠶᠢᠨ ᠣᠶᠤᠲᠠᠤᠨ ᠤᠨ ᠮᠠᠰᠢᠨ ᠬᠥᠮᠦᠨ ᠤ ᠤᠷᠤᠯᠳᠤᠭᠠᠨ ᠵᠢᠴᠢ ᠺᠣᠮᠫᠢᠦ᠋ᠲ᠋ᠧᠷ ᠤᠨ ᠬᠡᠷᠡᠭᠯᠡᠭᠡ ᠶᠢᠨ ᠶᠡᠭᠡ ᠤᠷᠤᠯᠳᠤᠭᠠᠨ ᠤ ᠥᠪᠥᠷ ᠮᠣᠩᠭᠤᠯ ᠳᠠᠬᠢ ᠰᠢᠯᠭᠠᠷᠠᠭᠤᠯᠬᠤ ᠤᠷᠤᠯᠳᠤᠭᠠᠨ ᠡᠬᠢᠯᠡᠪᠡ᠃ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠵᠡᠷᠭᠡ 10 ᠶᠡᠭᠡ ᠳᠡᠭᠡᠳᠦ ᠰᠤᠷᠭᠠᠭᠤᠯᠢ ᠶᠢᠨ ᠨᠡᠶᠢᠳᠡ 42 ᠠᠩᠭᠢ ᠤᠷᠤᠯᠳᠤᠭᠠᠨ ᠳᠤ ᠣᠷᠣᠯᠴᠠᠪᠠ᠃      ᠲᠤᠰ ᠬᠤᠭᠤᠴᠠᠭᠠᠨ ᠤ ᠤᠷᠤᠯᠳᠤᠭᠠᠨ ᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠭᠤᠣᠯᠯᠠᠨ ᠡᠷᠭᠢᠯᠡᠵᠦ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠳᠠᠭᠠᠭᠠᠴᠢᠯᠠᠨ ᠡᠷᠬᠢᠯᠡᠪᠡ᠂ ᠤᠷᠤᠯᠳᠤᠭᠠᠨ ᠤ ᠠᠭᠤᠯᠭ᠎ᠠ ᠳᠤ ᠮᠠᠰᠢᠨ ᠬᠥᠮᠦᠨ ᠤ ᠪᠥᠵᠢᠭ ᠤᠨ ᠤᠷᠤᠯᠳᠤᠭᠠᠨ᠂ ᠮᠠᠰᠢᠨ ᠬᠥᠮᠦᠨ ᠤ ᠪᠦᠲᠦᠭᠡᠯᠴᠢ ᠰᠡᠳᠭᠢᠮᠵᠢᠳᠤ ᠵᠢᠷᠤᠭ ᠲᠥᠯᠥᠪᠯᠡᠭᠡ ᠶᠢᠨ ᠤᠷᠤᠯᠳᠤᠭᠠᠨ᠂ ᠮᠠᠰᠢᠨ ᠬᠥᠮᠦᠨ ᠤ ᠵᠡᠪᠰᠡᠭ ᠤᠨ ᠡᠷᠳᠡᠮ ᠤᠨ ᠤᠷᠤᠯᠳᠤᠭᠠᠨ ᠵᠡᠷᠭᠡ ᠪᠠᠭᠲᠠᠵᠠᠢ᠃ ᠲᠦᠷᠦᠭᠦᠨ ᠳᠤ ᠰᠢᠯᠭᠠᠷᠠᠭᠰᠠᠨ ᠤᠷᠤᠯᠳᠤᠭᠠᠨ ᠤ ᠠᠩᠭᠢ ᠨᠢ ᠤᠮᠠᠷᠠᠲᠤ ᠣᠷᠣᠨ ᠤ ᠲᠠᠪᠤᠨ ᠮᠤᠵᠢ ᠶᠢᠨ ᠮᠠᠰᠢᠨ ᠬᠥᠮᠦᠨ ᠤ ᠶᠡᠭᠡ ᠤᠷᠤᠯᠳᠤᠭᠠᠨ ᠤ ᠰᠢᠢᠳᠪᠦᠷᠢᠲᠦ ᠤᠷᠤᠯᠳᠤᠭᠠᠨ ᠳᠤ ᠣᠷᠣᠯᠴᠠᠬᠤ ᠲᠣᠬᠢᠶᠠᠯ ᠲᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号