10᠎ ᠤ ᠡᠳᠦᠷ ᠠᠴᠠ ᠡᠬᠢᠯᠡᠨ ᠥᠪᠥᠷ ᠮᠣᠩᠭᠤᠯ ᠤᠨ ᠶᠡᠬᠡᠩᠬᠢ ᠭᠠᠵᠠᠷ ᠲᠤ ᠶᠡᠭᠡ ᠬᠡᠪᠴᠢᠶᠡᠨ ᠤ ᠪᠣᠷᠣᠭᠠᠨ ᠴᠠᠰᠤ ᠤᠷᠤᠵᠤ ᠠᠭᠤᠷ ᠠᠮᠢᠰᠬᠤᠯ ᠬᠦᠢᠲᠡᠷᠡᠨ᠎ᠡ
ᠨᠡᠶᠢᠲᠡᠯᠡᠭᠰᠡᠨ ᠴᠠᠭ᠄
2016/11/10
     11 ᠳ᠋ᠦ᠋ᠭᠡᠷ ᠰᠠᠷ᠎ᠠ ᠶᠢᠨ 10᠎ ᠤ ᠡᠳᠦᠷ ᠠᠴᠠ ᠡᠬᠢᠯᠡᠨ᠂ ᠨᠢᠭᠡ ᠬᠡᠰᠡᠭ ᠬᠦᠢᠲᠡᠨ ᠠᠭᠤᠷ ᠠᠮᠢᠰᠬᠤᠯ ᠤᠨ ᠨᠥᠯᠥᠭᠡᠯᠡᠯ ᠢᠶᠠᠷ᠂ ᠪᠦᠬᠦ ᠣᠷᠣᠨ ᠤ ᠶᠡᠬᠡᠩᠬᠢ ᠭᠠᠵᠠᠷ ᠲᠤ ᠴᠠᠰᠤ ᠪᠤᠷᠤᠭ᠎ᠠ ᠤᠷᠤᠵᠤ ᠶᠡᠭᠡ ᠰᠠᠯᠬᠢ ᠰᠠᠯᠬᠢᠯᠠᠵᠤ᠂ ᠠᠭᠤᠷ ᠠᠮᠢᠰᠬᠤᠯ ᠬᠦᠢᠲᠡᠷᠡᠵᠦ᠂ ᠬᠡᠰᠡᠭ ᠭᠠᠵᠠᠷ ᠲᠤ ᠠᠭᠠᠷ ᠤᠨ ᠳᠤᠯᠠᠭᠠᠨ 10 ℃᠎ ᠠᠴᠠ ᠳᠡᠭᠡᠭᠰᠢ ᠪᠠᠭᠤᠷᠠᠵᠤ᠂ ᠵᠢᠱᠢᠯᠲᠡ ᠪᠠᠷ ᠵᠡᠭᠦᠨ ᠪᠠᠶ᠎ᠡ ᠶᠢᠨ ᠬᠡᠰᠡᠭ ᠭᠠᠵᠠᠷ ᠣᠷᠣᠨ ᠤ ᠬᠠᠮᠤᠭ ᠳᠣᠣᠷ᠎ᠠ ᠠᠭᠠᠷ ᠤᠨ ᠳᠤᠯᠠᠭᠠᠨ 20 ℃᠎ ᠠᠴᠠ ᠳᠣᠷᠣᠭᠰᠢ ᠬᠦᠢᠲᠡᠷᠡᠬᠦ ᠪᠤᠯᠤᠨ᠎ᠠ᠃      9᠎ ᠤ ᠡᠳᠦᠷ ᠤᠨ ᠰᠥᠨᠢ ᠠᠴᠠ ᠡᠬᠢᠯᠡᠨ᠂ ᠮᠠᠨ ᠤ ᠣᠷᠣᠨ ᠤ ᠪᠠᠷᠠᠭᠤᠨ ᠬᠡᠰᠡᠭ ᠤᠨ ᠵᠡᠭᠦᠨ᠂ ᠳᠤᠮᠳᠠ ᠪᠡᠶ᠎ᠡ ᠪᠣᠯᠤᠨ ᠵᠡᠭᠦᠨ ᠪᠠᠶ᠎ᠡ ᠶᠢᠨ ᠭᠠᠵᠠᠷ ᠣᠷᠣᠨ ᠳᠤ ᠤᠷᠢᠳ ᠬᠤᠵᠢᠳ ᠪᠣᠷᠣᠭᠠᠨ ᠤᠷᠤᠵᠤ᠂ ᠤᠯᠠᠭᠠᠨᠬᠠᠳᠠ ᠬᠤᠲᠠ ᠶᠢᠨ ᠡᠮᠦᠨᠡᠲᠦ ᠬᠡᠰᠡᠭ᠂ ᠲᠦᠩᠯᠢᠶᠣᠤ ᠬᠤᠳᠠ ᠶᠢᠨ ᠡᠮᠦᠨᠡᠲᠦ ᠬᠡᠰᠡᠭ ᠲᠤ ᠴᠠᠰᠤ ᠪᠤᠷᠤᠭᠠᠨ ᠬᠤᠯᠢᠯᠳᠤᠨ ᠤᠷᠤᠵᠤ᠂ ᠲᠤᠨᠳᠠᠰᠤᠨ ᠤ ᠬᠡᠮᠵᠢᠶ᠎ᠡ 0.1 ~ 9.9 ᠮᠢᠯᠢᠮᠧᠲᠷ ᠲᠤ ᠬᠦᠷᠴᠦ᠂ ᠪᠤᠰᠤᠳ ᠭᠠᠵᠠᠷ ᠣᠷᠣᠨ ᠳᠤ ᠴᠠᠰᠤ ᠪᠠᠷ ᠭᠤᠤᠯᠯᠠᠵᠤ᠂ ᠴᠠᠰᠤ ᠶᠢᠨ ᠬᠡᠮᠵᠢᠶ᠎ᠡ 0.1 ~ 2.4 ᠮᠢᠯᠢᠮᠧᠲᠷ ᠲᠤ ᠬᠦᠷᠦᠨ᠎ᠡ᠂ ᠡᠭᠦᠨ ᠳᠤ ᠬᠢᠩᠭᠠᠨ ᠠᠶᠢᠮᠠᠭ ᠤᠨ ᠵᠡᠭᠦᠨ ᠬᠡᠰᠡᠭ᠂ ᠬᠥᠯᠥᠨ ᠪᠤᠶᠢᠷ ᠬᠤᠲᠠ ᠶᠢᠨ ᠬᠤᠶᠢᠲᠤ ᠬᠡᠰᠡᠭ ᠪᠣᠯᠤᠨ ᠵᠡᠭᠦᠨ ᠬᠡᠰᠡᠭ ᠲᠤ ᠴᠠᠰᠤᠨ ᠤ ᠬᠡᠮᠵᠢᠶ᠎ᠡ 2.5 ~4.9 ᠮᠢᠯᠢᠮᠧᠲᠷ᠂ ᠬᠥᠯᠥᠨ ᠪᠤᠶᠢᠷ ᠬᠤᠳᠠ ᠶᠢᠨ ᠵᠡᠭᠦᠨ ᠡᠮᠦᠨᠡᠲᠦ ᠬᠡᠰᠡᠭ ᠲᠤ ᠴᠠᠰᠤᠨ ᠤ ᠬᠡᠮᠵᠢᠶ᠎ᠡ 5.0 ~ 9.9 ᠮᠢᠯᠢᠮᠧᠲᠷ ᠲᠤ ᠬᠦᠷᠦᠨ᠎ᠡ᠃ ᠡᠭᠦᠨ ᠤ ᠬᠠᠮᠲᠤ᠂ 9᠎ ᠤ ᠡᠳᠦᠷ ᠤᠨ ᠣᠷᠣᠶ ᠠᠴᠠ 11᠎ ᠤ ᠡᠳᠦᠷ ᠤᠨ ᠤᠷᠤᠢ ᠪᠤᠯᠲᠠᠯ᠎ᠠ᠂ ᠪᠠᠷᠠᠭᠤᠨ ᠬᠡᠰᠡᠭ ᠪᠠ ᠳᠤᠮᠳᠠ ᠬᠡᠰᠡᠭ ᠤᠨ ᠬᠤᠶᠢᠭᠤᠷᠬᠢ ᠭᠠᠵᠠᠷ ᠤᠷᠤᠨ ᠳᠤ ᠪᠠᠷᠠᠭᠤᠨ ᠬᠤᠶᠢᠨ᠎ᠠ ᠠᠴᠠ 5 ᠳᠡᠰ ᠤᠨ ᠰᠠᠯᠬᠢ ᠰᠠᠯᠬᠢᠯᠠᠵᠤ᠂ ᠬᠡᠰᠡᠭ ᠲᠡᠭᠡᠨ 6᠂ 7 ᠳᠡᠰ ᠲᠤ ᠬᠦᠷᠦᠨ᠎ᠡ᠃ ᠬᠦᠢᠲᠡᠨ ᠪᠣᠷᠣᠭᠠᠨ ᠨᠦᠢᠲᠠᠨ ᠴᠠᠰᠤ᠂ ᠬᠦᠢᠲᠡᠨ ᠤᠷᠤᠰᠬᠠᠯ ᠶᠡᠭᠡ ᠰᠠᠯᠬᠢᠲᠤ ᠠᠭᠤᠷ ᠠᠮᠢᠰᠬᠤᠯ ᠤᠨ ᠨᠥᠯᠥᠭᠡᠯᠡᠯ ᠢᠶᠠᠷ᠂ 10᠎ ᠤ ᠡᠳᠦᠷ᠂ ᠪᠠᠷᠠᠭᠤᠨ ᠬᠡᠰᠡᠭ ᠤᠨ ᠵᠡᠭᠦᠨᠳᠡᠬᠢ ᠭᠠᠵᠠᠷ ᠤᠷᠤᠨ᠂ ᠳᠤᠮᠳᠠ ᠬᠡᠰᠡᠭ ᠪᠣᠯᠤᠨ ᠵᠡᠭᠦᠨ ᠬᠡᠰᠡᠭ ᠤᠨ ᠭᠠᠵᠠᠷ ᠣᠷᠣᠨ ᠳᠤ ᠠᠭᠠᠷ ᠤᠨ ᠳᠤᠯᠠᠭᠠᠨ 4 ~ 6℃ ᠪᠠᠭᠤᠷᠠᠵᠤ᠂ ᠰᠢᠯᠢ ᠶᠢᠨ ᠭᠤᠣᠯ ᠠᠶᠢᠮᠠᠭ ᠤᠨ ᠬᠤᠶᠢᠲᠤ ᠬᠡᠰᠡᠭ ᠪᠠ ᠵᠡᠭᠦᠨ ᠬᠡᠰᠡᠭ᠂ ᠬᠥᠯᠥᠨ ᠪᠤᠶᠢᠷ ᠬᠤᠳᠠ ᠶᠢᠨ ᠪᠠᠷᠠᠭᠤᠨ ᠬᠡᠰᠡᠭ ᠲᠤ ᠠᠭᠠᠷ ᠤᠨ ᠳᠤᠯᠠᠭᠠᠨ 6 ~ 8 ℃ ᠪᠠᠭᠤᠷᠠᠵᠤ᠂ ᠰᠢᠯᠢ ᠶᠢᠨ ᠭᠤᠣᠯ ᠠᠶᠢᠮᠠᠭ ᠤᠨ ᠵᠡᠭᠦᠨ ᠬᠤᠶᠢᠲᠤ ᠬᠡᠰᠡᠭ ᠲᠤ ᠠᠭᠠᠷ ᠤᠨ ᠳᠤᠯᠠᠭᠠᠨ 8 ~ 10 ℃ ᠪᠠᠭᠤᠷᠠᠵᠤ᠂ 11᠎ ᠤ ᠡᠳᠦᠷ ᠵᠡᠭᠦᠨ ᠬᠡᠰᠡᠭ ᠤᠨ ᠬᠠᠶᠢᠯᠠᠷ ᠣᠷᠣᠨ ᠳᠤ ᠬᠠᠮᠤᠭ ᠳᠣᠣᠷ᠎ᠠ ᠠᠭᠠᠷ ᠤᠨ ᠳᠤᠯᠠᠭᠠᠨ 20 ℃᠎ ᠠᠴᠠ ᠳᠣᠷᠣᠭᠰᠢ ᠬᠦᠷᠬᠦ ᠪᠤᠯᠤᠨ᠎ᠠ᠃      ᠵᠢᠱᠢᠯᠲᠡ ᠪᠠᠷ ᠢᠷᠡᠬᠦ ᠭᠤᠷᠪᠠᠨ ᠡᠳᠦᠷ ᠲᠤ᠂ ᠮᠠᠨ ᠤ ᠤᠷᠤᠨ ᠤ ᠳᠤᠮᠳᠠ ᠵᠡᠭᠦᠨ ᠬᠡᠰᠡᠭ ᠤᠨ ᠭᠠᠵᠠᠷ ᠣᠷᠣᠨ ᠤ ᠠᠭᠠᠷ ᠤᠨ ᠳᠤᠯᠠᠭᠠᠨ ᠦᠷᠭᠦᠯᠵᠢᠯᠡᠨ ᠳᠤᠷᠤᠭᠰᠢᠯᠠᠨ᠎ᠠ᠂ ᠴᠠᠭ ᠠᠭᠤᠷ ᠤᠨ ᠰᠠᠯᠠᠭ᠎ᠠ ᠮᠥᠴᠢᠷ ᠠᠴᠠ ᠡᠯ᠎ᠡ ᠭᠠᠵᠠᠷ ᠲᠤ ᠴᠠᠭ ᠠᠭᠤᠷ ᠤᠨ ᠬᠤᠪᠢᠷᠠᠯᠲᠠ ᠶᠢ ᠨᠢᠭᠲᠠ ᠠᠩᠬᠠᠷᠴᠤ᠂ ᠶᠡᠭᠡ ᠰᠠᠯᠬᠢ ᠰᠠᠯᠬᠢᠯᠠᠵᠤ ᠬᠦᠢᠲᠡᠷᠡᠬᠦ᠂ ᠴᠠᠰᠤ ᠣᠷᠣᠬᠤ ᠵᠡᠷᠭᠡ ᠮᠠᠭᠤ ᠨᠥᠯᠥᠭᠡ ᠶᠢ ᠢᠳᠡᠪᠬᠢᠲᠡᠶ ᠪᠠᠷ ᠰᠡᠷᠭᠡᠶᠢᠯᠡᠬᠦ ᠬᠡᠷᠡᠭᠲᠡᠢ᠃ ᠣᠯᠠᠨ ᠲᠦᠮᠡᠨ ᠬᠤᠪᠴᠠᠰᠤ ᠬᠤᠨᠠᠷ ᠢᠶᠠᠨ ᠢᠮᠠᠭᠲᠠ ᠵᠤᠵᠠᠭᠠᠯᠠᠵᠤ᠂ ᠭᠠᠳᠠᠭᠰᠢ ᠶᠠᠪᠤᠬᠤ ᠪᠠ ᠭᠡᠷ ᠤᠨ ᠭᠠᠳᠠᠨᠠᠬᠢ ᠠᠵᠢᠯᠯᠠᠭ᠎ᠠ ᠪᠠᠨ ᠰᠠᠶᠢᠲᠤᠷ ᠲᠤᠬᠢᠷᠠᠭᠤᠯᠵᠤ᠂ ᠳᠠᠭᠠᠷᠠᠵᠤ ᠪᠡᠭᠡᠷᠡᠭᠡᠳ ᠬᠢᠮᠤᠷᠠᠭ᠎ᠠ ᠬᠦᠷᠬᠦ ᠠᠴᠠ ᠬᠢᠴᠢᠶᠡᠬᠦ ᠬᠡᠷᠡᠭᠲᠡᠢ᠃ ᠡᠭᠦᠨ ᠤ ᠬᠠᠮᠲᠤ᠂ ᠵᠠᠮ ᠲᠡᠭᠡᠭᠡᠪᠦᠷᠢ ᠶᠢᠨ ᠰᠠᠯᠠᠭ᠎ᠠ ᠮᠥᠴᠢᠷ ᠤᠳ ᠠᠷᠭᠠᠴᠠᠬᠤ ᠠᠷᠭ᠎ᠠ ᠬᠡᠮᠵᠢᠶ᠎ᠡ ᠠᠪᠴᠤ᠂ ᠵᠠᠮ ᠱᠤᠭᠤᠮ ᠬᠠᠯᠲᠤᠷᠢᠭ᠎ᠠ ᠭᠤᠯᠭᠤᠭ᠎ᠠ ᠲᠠᠢ ᠠᠴᠠ ᠪᠤᠯᠵᠤ ᠵᠠᠮ ᠬᠠᠷᠢᠯᠴᠠᠭᠠᠨ ᠤ ᠠᠳᠡᠯ ᠭᠠᠷᠬᠤ ᠠᠴᠠ ᠰᠡᠷᠭᠡᠶᠢᠯᠡᠬᠦ ᠬᠡᠷᠡᠭᠲᠡᠢ ᠭᠡᠵᠦ ᠰᠠᠨᠠᠭᠤᠯᠵᠤ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号