2016 ᠤᠨ ᠤ ᠲᠦᠪ ᠤᠨ ᠤᠷᠴᠢᠨ ᠲᠤᠭᠤᠷᠢᠨ ᠤ ᠬᠠᠮᠠᠭᠠᠯᠠᠯᠲᠠ ᠶᠢ ᠬᠢᠨᠠᠨ ᠪᠠᠶᠢᠴᠠᠭᠠᠬᠤ ᠲᠤᠭᠤᠢᠢᠯᠠᠩ ᠤᠨ ᠬᠢᠨ ᠬᠠᠷᠢᠭᠤ ᠲᠤᠰᠬᠠᠵᠤ ᠡᠬᠢᠯᠡᠪᠡ  ᠦᠪᠦᠷ ᠮᠤᠩᠭᠤᠯ ᠲᠦᠷᠪᠡᠨ ᠲᠠᠯ᠎ᠠ ᠶᠢᠨ ᠠᠰᠠᠭᠤᠳᠠᠯ ᠢ ᠴᠡᠭᠴᠡᠯᠡᠵᠦ ᠵᠠᠯᠠᠷᠠᠭᠤᠯᠬᠤ ᠴᠢᠬᠤᠯᠠᠲᠠᠢ ᠪᠠᠶᠢᠨ᠎ᠠ
ᠨᠡᠶᠢᠲᠡᠯᠡᠭᠰᠡᠨ ᠴᠠᠭ᠄
2016/11/14
      ᠬᠢᠨᠠᠨ ᠪᠠᠶᠢᠴᠠᠭᠠᠬᠤ ᠲᠤᠭᠤᠢᠢᠯᠠᠩ ᠤᠨ ᠬᠢᠨ ᠤ ᠦᠵᠡᠬᠦ ᠪᠠᠷ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠥᠪᠤᠷ ᠮᠤᠩᠭᠤᠯ ᠤᠨ ᠠᠮᠢ ᠠᠬᠤᠢ ᠶᠢᠨ ᠤᠷᠴᠢᠨ ᠲᠤᠭᠤᠷᠢᠨ ᠤ ᠮᠠᠭᠤᠳᠠᠯ ︽ᠪᠦᠬᠦᠯᠢ ᠴᠤᠭᠴᠠ ᠪᠠᠷ ᠬᠤᠷᠢᠬᠯᠠᠭᠳᠠᠵᠤ᠂ ᠬᠡᠰᠡᠭ ᠲᠠᠯ᠎ᠠ ᠪᠠᠷ ᠰᠠᠶᠢᠵᠢᠷᠠᠭᠰᠠᠨ︾ ᠴᠢᠬᠤᠯᠠ ᠶᠡᠭᠡ ᠡᠷᠬᠢᠯᠲᠡ ᠲᠠᠢ ᠪᠤᠯᠵᠠᠢ᠂ ᠭᠡᠪᠡᠴᠤ ᠠᠮᠢ ᠠᠬᠤᠢ ᠶᠢᠨ ᠤᠷᠴᠢᠨ ᠲᠤᠭᠤᠷᠢᠨ ᠮᠦᠨᠬᠦ ᠮᠠᠰᠢ ᠬᠡᠪᠡᠷᠡᠭ ᠪᠠᠶᠢᠬᠰᠠᠭᠠᠷ᠂ ᠤᠮᠠᠷᠠᠲᠦ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠶᠢᠭᠤᠯᠬᠤ ᠬᠠᠷᠠᠯᠲᠠ ᠶᠢ ᠪᠡᠶᠡᠯᠡᠭᠦᠯᠬᠦ ᠳᠤ ᠪᠠᠰᠠ ᠨᠢᠭᠡ ᠬᠡᠮᠵᠢᠶᠡᠨ ᠤ ᠵᠦᠷᠢᠶ᠎ᠡ ᠲᠠᠢ ᠪᠠᠶᠢᠭᠰᠠᠭᠠᠷ᠃ ᠪᠤᠳᠠᠲᠠᠢ ᠳᠤ ᠲᠦᠷᠪᠡᠨ ᠲᠠᠯ᠎ᠠ ᠶᠢᠨ ᠠᠰᠠᠭᠤᠳᠠᠯ ᠤᠷᠤᠰᠢᠵᠦ ᠪᠠᠶᠢᠨ᠎ᠠ᠄      ᠠᠮᠢ ᠠᠬᠤᠢ ᠶᠢᠨ ᠤᠷᠴᠢᠨ ᠲᠤᠭᠤᠷᠢᠨ ᠤ ᠬᠡᠪᠡᠷᠡᠭ ᠴᠢᠨᠠᠷ᠂ ᠤᠷᠴᠢᠨ ᠲᠤᠭᠤᠷᠢᠨ ᠢ ᠬᠠᠮᠠᠭᠠᠯᠠᠬᠤ ᠲᠤᠯᠭᠠᠮ᠎ᠠ ᠴᠢᠨᠠᠷ ᠪᠠ ᠪᠡᠷᠭᠡ ᠬᠠᠲᠠᠭᠤᠵᠢᠯᠲᠠᠢ ᠴᠢᠨᠠᠷ ᠤᠨ ᠲᠤᠬᠠᠢ ᠲᠠᠨᠢᠯᠲᠠ ᠦᠨᠳᠦᠷ ᠪᠢᠰᠢ᠃ ᠠᠯᠢ ᠤᠯᠠᠨ ᠺᠠᠳ᠋ᠷ ᠲᠤᠩᠭᠠᠯᠠᠭ ᠤᠰᠤ ᠬᠦᠬᠡᠮᠳᠦᠭ ᠠᠭᠤᠯᠠ ᠪᠤᠯ ᠡᠳ᠋ ᠪᠠᠶᠠᠯᠢᠭ ᠮᠦᠨ ᠬᠡᠳᠡᠭ ᠢ ᠲᠠᠨᠢᠭᠠᠳᠦᠢ ᠪᠠᠶᠢᠨ᠎ᠠ᠂ ᠵᠠᠷᠢᠮ ᠭᠠᠵᠠᠷ ᠤᠨ ᠠᠮᠢ ᠠᠬᠤᠢ ᠡᠪᠳᠡᠭᠳᠡᠭᠰᠡᠨ ᠪᠠᠶᠢᠳᠠᠯ ᠮᠠᠰᠢ ᠲᠤᠪᠤᠶᠢᠮ᠎ᠠ︔ ᠨᠡᠭᠦᠷᠡᠰᠦ ᠬᠢᠮᠢ ᠶᠢᠨ ᠠᠵᠦ ᠦᠢᠯᠡᠳᠪᠤᠷᠢ᠂ ᠴᠠᠬᠢᠯᠭᠠᠨ ᠵᠠᠳᠠᠯᠤᠭ ᠬᠦᠡᠭᠭᠡᠨ ᠴᠠᠭᠠᠨ᠂ ᠢᠯᠴᠢ ᠶᠢᠨ ᠴᠠᠬᠢᠯᠭᠠᠨ ᠵᠡᠷᠭᠡ ᠠᠵᠦ ᠦᠢᠯᠡᠰ ᠤᠨ ᠤᠷᠴᠢᠨ ᠲᠤᠭᠤᠷᠢᠨ ᠤ ᠠᠶᠤᠯ ᠲᠦᠭᠰᠢᠭᠦᠷᠢ ᠶᠢ ᠡᠵᠡᠮᠳᠡᠬᠦ ᠲᠠᠯ᠎ᠠ ᠪᠠᠷ ᠬᠢ ᠠᠷᠭ᠎ᠠ ᠬᠡᠮᠵᠢᠶ᠎ᠡ ᠲᠤᠲᠠᠮᠠᠭ ᠪᠠᠶᠢᠵᠤ᠂ ᠠᠮᠢ ᠠᠬᠤᠢ ᠶᠢᠨ ᠤᠷᠴᠢᠨ ᠲᠤᠭᠤᠷᠢᠨ ᠳᠤ ᠮᠠᠭᠤ ᠨᠦᠯᠦᠭᠡ ᠦᠵᠡᠭᠦᠯᠵᠦ ᠪᠤᠢ᠃ ᠬᠦᠯᠦᠨ ᠨᠠᠭᠤᠷ᠂ ᠤᠯᠠᠭᠠᠨᠰᠤᠬᠠᠢ᠂ ᠲᠠᠭ᠎ᠠ ᠶᠢᠨ ᠨᠠᠭᠤᠷ ᠤᠨ ᠠᠮᠢ ᠠᠬᠤᠢ ᠶᠢᠨ ᠴᠢᠳᠠᠪᠬᠢ ᠶᠢ ᠰᠡᠷᠭᠦᠭᠡᠬᠦ ᠡᠭᠦᠷᠭᠡ ᠮᠦᠨᠬᠦ ᠲᠤᠩ ᠪᠡᠷᠭᠡ ᠬᠠᠳᠠᠭᠤᠵᠢᠯᠲᠠᠢ ᠪᠠᠶᠢᠭᠰᠠᠭᠠᠷ᠃      ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠳᠤ ᠲᠦᠷᠢᠮ ᠲᠤᠭᠳᠠᠭᠠᠯ ᠢ ᠵᠦᠷᠢᠴᠡᠵᠥ ᠨᠡᠬᠡᠬᠡᠨ ᠠᠰᠢᠬᠯᠠᠬᠤ ᠠᠰᠠᠭᠤᠳᠠᠯ ᠮᠥᠨ ᠤᠯᠠᠨ ᠬᠠᠷᠠᠭᠳᠠᠵᠥ ᠪᠠᠶᠢᠨ᠎ᠠ᠃ ᠤᠯᠤᠰ ᠪᠤᠯᠤᠨ ᠦᠪᠡᠷᠳᠡᠬᠡᠨ ᠵᠠᠰᠠᠬᠤ ᠤᠷᠤᠨ ᠤ ᠲᠡᠰ ᠤᠨ 89 ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ 41᠎ ᠳᠤᠨᠢ ᠲᠦᠷᠢᠮ ᠲᠤᠭᠳᠠᠭᠠᠯ ᠢ ᠵᠦᠷᠢᠴᠡᠭᠰᠡᠡ ᠪᠠᠶᠢᠳᠠᠯ ᠤᠷᠤᠰᠢᠵᠥ᠂ 663 ᠠᠵᠥ ᠠᠬᠤᠢᠢᠯᠠᠯ ᠳᠤ ᠬᠤᠯᠪᠤᠭᠳᠠᠵᠥ᠂ ᠠᠭᠤᠷᠬᠠᠢ ᠶᠢᠨ ᠤᠷᠴᠢᠨ ᠲᠤᠭᠤᠷᠢᠨ ᠢ ᠵᠠᠰᠠᠬᠤ ᠠᠵᠢᠯ ᠢ ᠨᠡᠶᠢᠳᠡᠮ ᠳᠡᠭᠡᠨ ᠬᠢᠭᠡ ᠦᠭᠡᠢ ᠪᠠᠶᠢᠭᠰᠠᠭᠠᠷ᠃      ᠤᠰᠤ ᠪᠤᠯᠤᠨ ᠠᠭᠠᠷ ᠮᠠᠨᠳᠠᠯ ᠤᠨ ᠪᠤᠬᠢᠷᠳᠤᠯ ᠢ ᠰᠡᠷᠬᠡᠶᠢᠯᠡᠨ ᠵᠠᠰᠠᠬᠤ ᠠᠵᠢᠯ ᠬᠤᠴᠤᠷᠤᠩᠭᠤᠢ ᠪᠠᠶᠢᠨ᠎ᠠ᠃ ᠪᠦᠬᠦ ᠤᠷᠤᠨ ᠤ ︽ᠴᠡᠪᠡᠷ ᠤᠰᠤ ᠪᠠᠭᠠᠰᠴᠦ᠂ ᠪᠤᠬᠢᠷ ᠤᠰᠤ ᠨᠡᠮᠡᠭᠳᠡᠵᠥ︾᠂ ᠭᠠᠵᠠᠷ ᠲᠤᠤᠷᠠᠬᠢ ᠤᠰᠤ ᠶᠢ ᠬᠡᠳᠤ ᠠᠰᠢᠬᠯᠠᠵᠥ᠂ ᠤᠰᠤᠨ ᠤ ᠤᠷᠴᠢᠨ ᠲᠤᠭᠤᠷᠢᠨ ᠤ ᠬᠠᠮᠠᠭᠠᠯᠠᠯᠳᠠ ᠶᠢᠨ ᠪᠠᠶᠢᠳᠠᠯ ᠬᠦᠨᠳᠤ ᠨᠤᠴᠢᠳᠠᠢ ᠪᠠᠶᠢᠨ᠎ᠠ᠃ ︽ᠠᠭᠠᠷ ᠮᠠᠨᠳᠠᠯ ᠤᠨ ᠪᠤᠬᠢᠷᠳᠤᠯ ᠢ ᠰᠡᠷᠬᠡᠶᠢᠯᠡᠨ ᠵᠠᠰᠠᠬᠤ ᠠᠵᠢᠯᠯᠠᠭᠠᠨ ᠤ ᠲᠦᠯᠥᠪᠯᠡᠭᠡ︾᠎ ᠶᠢ ᠨᠠᠶᠢᠳᠠᠪᠤᠷᠢᠵᠢᠭᠤᠯᠬᠤ ᠠᠵᠢᠯ ᠬᠤᠴᠤᠷᠤᠩᠭᠤᠢ ᠪᠠᠶᠢᠨ᠎ᠠ᠃      ᠤᠮᠠᠷᠠᠳᠤ ᠶᠢᠨ ᠡᠮ ᠤᠨ ᠦᠢᠯᠡᠰ ᠤᠨ ᠤᠷᠴᠢᠨ ᠲᠤᠭᠤᠷᠢᠨ ᠤ ᠪᠤᠬᠢᠷᠳᠤᠯ᠂ ᠨᠡᠬᠦᠷᠡᠰᠤᠨ ᠠᠭᠤᠷᠬᠠᠢ ᠶᠢᠨ ᠭᠠᠯ ᠤᠨ ᠴᠢᠭ᠋ ᠢ ᠵᠠᠰᠠᠬᠤ᠂ ᠠᠶᠤᠯᠳᠠᠢ ᠬᠠᠶᠠᠭᠳᠠᠮᠠᠯ ᠪᠤᠳᠠᠰ ᠤᠨ ᠬᠠᠮᠢᠶᠠᠷᠤᠯᠳᠠ ᠵᠡᠷᠬᠡ ᠲᠡᠤᠬᠡ ᠠᠴᠠ ᠦᠯᠡᠳᠡᠭᠳᠡᠵᠥ ᠢᠷᠡᠭᠰᠡᠡ ᠪᠠ ᠤᠯᠠᠨ ᠲᠦᠮᠡᠨ ᠤ ᠠᠩᠬᠠᠷᠴᠦ ᠪᠠᠶᠢᠭ᠎ᠠ ᠤᠷᠴᠢᠨ ᠲᠤᠭᠤᠷᠢᠨ ᠤ ᠠᠰᠠᠭᠤᠳᠠᠯ ᠢ ᠪᠠᠴᠢᠮ ᠰᠢᠢᠳᠪᠤᠷᠢᠯᠡᠬᠦ ᠴᠢᠬᠤᠯᠠᠳᠠᠢ ᠪᠠᠶᠢᠨ᠎ᠠ᠃ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠬᠢᠨ ᠬᠢᠨᠠᠯᠳᠠ ᠲᠠᠯᠪᠢᠬᠤ ᠶᠢᠨ ᠲᠠᠭᠠᠤ ᠦᠭᠡᠷᠡᠴᠢᠯᠡᠬᠦ ᠱᠠᠭᠠᠷᠳᠠᠯᠭ᠎ᠠ ᠶᠤᠰᠤᠭᠠᠷ᠂ ᠤᠳᠤᠬᠠᠨ ᠳᠤ ᠤᠷᠴᠢᠨ ᠲᠤᠭᠤᠷᠢᠨ ᠤ ᠠᠰᠠᠭᠤᠳᠠᠯ ᠤᠨ ᠲᠤᠬᠠᠢ 1637 ᠬᠤᠪᠢ ᠢᠯᠡᠴᠢᠯᠡᠨ ᠮᠡᠳᠡᠬᠦᠯᠥᠯᠳᠡ ᠶᠢ ᠰᠢᠢᠳᠪᠤᠷᠢᠯᠡᠵᠥ᠂ ᠬᠠᠤᠯᠢ ᠶᠢ ᠵᠦᠷᠢᠴᠡᠭᠰᠡᠡ 362 ᠠᠵᠥ ᠠᠬᠤᠢᠢᠯᠠᠯ ᠢ ᠡᠬᠦᠳᠡ ᠶᠢ ᠨᠢ ᠬᠠᠭᠠᠯᠭᠠᠭᠰᠠᠠ ᠪᠤᠶᠤ ᠦᠭᠡᠢ ᠪᠤᠯᠭᠠᠵᠥ᠂ 206 ᠬᠡᠷᠡᠭ ᠢ ᠪᠠᠶᠢᠴᠠᠭᠠᠨ ᠰᠢᠳᠬᠡᠵᠥ᠂ 57 ᠬᠦᠮᠥᠨ ᠢ ᠲᠦᠷ ᠬᠤᠷᠢᠵᠥ᠂ 238 ᠬᠦᠮᠥᠨ ᠲᠠᠢ ᠪᠤᠯᠵᠤᠨ ᠶᠠᠷᠢᠯᠴᠠᠵᠥ᠂ 280 ᠬᠦᠮᠥᠨ ᠠᠴᠠ ᠬᠠᠷᠢᠭᠤᠴᠠᠯᠭ᠎ᠠ ᠨᠡᠬᠡᠮᠵᠢᠯᠡᠭᠰᠡᠡ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号