ᠥᠪᠥᠷ ᠮᠣᠩᠭᠤᠯ ᠡᠮ ᠡᠮᠨᠡᠯᠭᠡ ᠶᠢᠨ ᠦᠢᠯᠡᠴᠢᠯᠡᠭᠡᠨ ᠤ ᠵᠠᠭᠪᠤᠷᠰᠢᠯ ᠢ ᠬᠤᠪᠢᠷᠠᠭᠤᠯᠬᠤ ᠪᠠᠷ ᠪᠠᠶᠢᠨ᠎ᠠ
ᠨᠡᠶᠢᠲᠡᠯᠡᠭᠰᠡᠨ ᠴᠠᠭ᠄
2016/11/14
      ᠮᠠᠨ ᠤ ᠣᠷᠣᠨ ᠦᠢᠯᠡᠴᠢᠯᠡᠭᠡᠨ ᠤ ᠵᠠᠭᠪᠤᠷᠰᠢᠯ ᠢ ᠬᠤᠪᠢᠷᠠᠭᠤᠯᠬᠤ ᠶᠢ ᠢᠳᠡᠪᠬᠢᠲᠡᠶ ᠪᠠᠷ ᠲᠦᠯᠬᠢᠨ ᠠᠬᠢᠭᠤᠯᠵᠤ᠂ ᠭᠡᠷ ᠪᠦᠯᠢ ᠶᠢᠨ ᠡᠮᠴᠢ ᠶᠢᠨ ᠡᠩᠨᠡᠭᠡ ᠶᠢ ᠡᠩ ᠲᠡᠷᠢᠬᠦᠨ ᠳᠤ ᠨᠠᠰᠤᠲᠠᠶᠢᠴᠤᠳ ᠤᠨ ᠭᠡᠷ ᠪᠦᠯᠢ ᠯᠦᠭᠡ ᠭᠡᠷ᠎ᠡ ᠲᠣᠭᠲᠠᠬᠤ ᠦᠢᠯᠡᠴᠢᠯᠡᠭᠡ ᠶᠢ ᠦᠷᠨᠢᠬᠦᠯᠵᠤ᠂ ᠲᠤᠭᠲᠠᠭᠰᠠᠨ ᠬᠤᠭᠤᠴᠠᠭ᠎ᠠ ᠲᠠᠢ ᠪᠠᠷ ᠡᠮᠴᠢ ᠰᠤᠪᠢᠯᠠᠭᠴᠢ ᠶᠢ ᠵᠣᠬᠢᠶᠠᠨ ᠪᠠᠶᠢᠭᠤᠯᠤᠨ᠂ ᠬᠥᠳᠡᠯᠵᠦ ᠪᠠᠷᠢᠬᠤ ᠳᠤ ᠳᠥᠭᠦᠮ ᠦᠭᠡᠢ᠂ ᠤᠷᠳᠤ ᠬᠤᠭᠤᠴᠠᠭ᠎ᠠ ᠪᠠᠷ ᠬᠡᠪᠲᠡᠷᠢ ᠳᠤ ᠤᠷᠤᠭᠰᠠᠨ 70 ᠨᠠᠰᠤ ᠠᠴᠠ ᠳᠡᠭᠡᠭᠰᠢᠬᠢ ᠨᠠᠰᠤᠲᠠᠶᠢᠴᠤᠳ ᠪᠣᠯᠤᠨ ᠭᠠᠭᠴᠠᠭᠠᠷ ᠰᠠᠭᠤᠵᠤ ᠪᠠᠶᠢᠭ᠎ᠠ ᠨᠠᠰᠤᠲᠠᠶᠢᠴᠤᠳ ᠲᠤ ᠲᠣᠭᠤᠷᠢᠨ ᠡᠮᠨᠡᠬᠦ᠂ ᠡᠮᠴᠢᠯᠡᠭᠡ ᠬᠠᠨᠭ᠍ᠭᠠᠬᠤ᠂ ᠡᠮ ᠬᠦᠷᠭᠡᠬᠦ ᠵᠡᠷᠭᠡ ᠬᠡᠷ ᠲᠤᠨᠢ ᠬᠦᠷᠴᠦ ᠦᠢᠯᠡᠴᠢᠯᠡᠬᠦ ᠶᠢ ᠦᠷᠨᠢᠬᠦᠯᠵᠤ᠂ ᠰᠤᠪᠢᠯᠠᠬᠤ ᠦᠢᠯᠡᠴᠢᠯᠡᠭᠡ ᠶᠢ ᠨᠠᠰᠤᠲᠠᠶᠢᠴᠤᠳ ᠤᠨ ᠭᠡᠷ ᠪᠦᠯᠢ ᠳᠤ ᠬᠦᠷᠲᠡᠯ᠎ᠡ ᠰᠠᠨᠠᠭᠠᠴᠢᠯᠠᠭ᠎ᠠ ᠠᠴᠠ ᠪᠠᠨ ᠬᠦᠷᠬᠡᠬᠦ ᠪᠠᠷ ᠪᠤᠢ᠃      ᠡᠯ᠎ᠡ ᠱᠠᠲᠤᠨ ᠤ ᠡᠮᠴᠢᠯᠡᠭᠡᠨ ᠤ ᠪᠠᠶᠢᠭᠤᠯᠤᠮᠵᠢ ᠨᠤᠭᠤᠳ ᠤᠯᠤᠰ ᠤᠨ ︽ᠬᠠᠷᠰᠢ ᠰᠠᠭᠠᠳ ᠦᠭᠡᠢ ᠵᠢᠷᠤᠭ ᠲᠥᠯᠥᠪᠯᠡᠭᠡ ᠶᠢᠨ ᠵᠢᠷᠤᠮᠵᠢᠯ︾ ᠪᠤᠯᠤᠨ ︽ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠶᠢᠨ ᠪᠥᠳᠥᠭᠡᠨ ᠪᠠᠶᠢᠭᠤᠯᠤᠯᠲᠠ ᠶᠢᠨ ᠪᠠᠷᠢᠮᠵᠢᠶ᠎ᠠ︾ ᠵᠡᠷᠭᠡ ᠪᠠᠷᠢᠯᠭ᠎ᠠ ᠶᠢᠨ ᠵᠢᠷᠤᠭ ᠲᠥᠯᠥᠪᠯᠡᠭᠡᠨ ᠤ ᠵᠢᠷᠤᠮᠵᠢᠯ ᠤᠨ ᠱᠠᠭᠠᠷᠳᠠᠯᠭ᠎ᠠ ᠶᠤᠰᠤᠭᠠᠷ᠂ ᠣᠷᠣᠵᠤ ᠭᠠᠷᠬᠤ ᠡᠭᠦᠳᠡ᠂ ᠦᠢᠯᠡᠴᠢᠯᠡᠭᠡᠨ ᠤ ᠴᠣᠩᠬᠤ᠂ ᠨᠠᠯᠠᠤ ᠵᠠᠮ᠂ ᠨᠡᠪᠲᠡᠷᠡᠬᠦ ᠵᠠᠮ᠂ ᠴᠠᠬᠢᠯᠭᠠᠨ ᠱᠠᠲᠤ ᠵᠡᠷᠭᠡ ᠴᠢᠬᠤᠯᠠ ᠭᠠᠵᠠᠷ ᠤᠳ ᠢᠶᠠᠷ ᠬᠠᠷᠰᠢ ᠰᠠᠭᠠᠳ ᠦᠭᠡᠢ ᠶᠢᠨ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠠᠢ᠃ ᠡᠮ ᠡᠮᠨᠡᠯᠭᠡ ᠶᠢᠨ ᠪᠠᠶᠢᠭᠤᠯᠤᠮᠵᠢ ᠨᠤᠭᠤᠳ ᠡᠮᠨᠡᠭᠦᠯᠬᠦ ᠪᠠᠷ ᠬᠦᠯᠢᠶᠡᠬᠦ ᠲᠤᠭᠤᠷᠢᠭ᠂ ᠡᠮ ᠠᠪᠬᠤ ᠴᠤᠩᠬᠤ ᠵᠡᠷᠭᠡ ᠤᠯᠠᠨ ᠨᠡᠶᠢᠲᠡ ᠶᠢᠨ ᠬᠦᠯᠢᠶᠡᠬᠦ ᠲᠤᠭᠤᠷᠢᠭ ᠲᠤ ᠨᠠᠰᠤᠲᠠᠶᠢᠴᠤᠳ ᠤᠨ ᠲᠤᠰᠬᠠᠶ ᠰᠠᠭᠤᠳᠠᠯ ᠢ ᠨᠡᠮᠡᠵᠤ ᠲᠤᠬᠢᠷᠠᠭᠤᠯᠬᠤ ᠶᠢᠨ ᠬᠠᠮᠲᠤ ᠢᠯᠡ ᠲᠡᠮᠳᠡᠭ ᠲᠠᠯᠪᠢᠵᠤ ᠮᠡᠳᠡᠭᠦᠯᠬᠦ ᠬᠡᠷᠡᠭᠲᠠᠢ᠃ ᠨᠥᠬᠦᠴᠡᠯ ᠲᠠᠢ ᠡᠮᠨᠡᠯᠭᠡ ᠶᠢᠨ ᠬᠤᠷᠢᠶ᠎ᠠ ᠨᠠᠰᠤᠲᠠᠶᠢᠴᠤᠳ ᠤᠨ ᠲᠤᠰᠬᠠᠶ ᠡᠪᠡᠳᠴᠢᠨ ᠦᠵᠡᠭᠦᠯᠬᠦ ᠲᠤᠭᠤᠷᠢᠭ ᠢ ᠠᠰᠳᠠᠭᠠᠨ ᠭᠠᠷᠭᠠᠬᠤ ᠶᠢᠨ ᠬᠠᠮᠲᠤ ᠡᠮᠴᠢᠯᠡᠭᠡᠨ ᠤ ᠵᠢᠯᠤᠭᠤᠳᠤᠯᠭ᠎ᠠ ᠶᠢᠨ ᠠᠵᠢᠯᠲᠠᠨ ᠢ ᠲᠤᠬᠢᠷᠠᠭᠤᠯᠬᠤ ᠬᠡᠷᠡᠭᠲᠠᠢ᠃ ᠡᠭᠦᠨ ᠤ ᠬᠠᠮᠲᠤ᠂ ᠢᠳᠡᠪᠬᠢᠲᠡᠶ ᠪᠠᠷ ᠨᠥᠬᠦᠴᠡᠯ ᠪᠦᠷᠢᠯᠳᠦᠭᠦᠯᠵᠦ᠂ ᠨᠠᠰᠤᠲᠠᠶᠢᠴᠤᠳ ᠲᠤ ᠡᠮᠨᠡᠯᠭᠡ ᠶᠢᠨ ᠬᠠᠷᠠᠭᠠᠯᠵᠠᠯ ᠤᠨ ᠦᠢᠯᠡᠴᠢᠯᠡᠭᠡ ᠬᠠᠨᠭ᠍ᠭᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠡᠮᠨᠡᠯᠭᠡ ᠶᠢᠨ ᠬᠤᠷᠢᠶ᠎ᠠ ᠶᠢᠨ ᠢᠯᠡ ᠪᠠᠶᠢᠷᠢᠨ ᠳᠤ ᠠᠯᠪᠠᠨ ᠵᠠᠷ ᠨᠠᠭᠠᠵᠤ᠂ ᠨᠠᠰᠤᠲᠠᠶᠢᠴᠤᠳ ᠤᠨ ᠬᠠᠷᠠᠭᠠᠯᠵᠠᠯ ᠤᠨ ᠦᠢᠯᠡᠴᠢᠯᠡᠭᠡᠨ ᠤ ᠠᠭᠤᠯᠭ᠎ᠠ ᠶᠢ ᠤᠯᠵᠤ ᠮᠡᠳᠡᠬᠦ ᠳᠤᠨᠢ ᠳᠥᠭᠦᠮ ᠦᠵᠡᠭᠦᠯᠬᠦ ᠬᠡᠷᠡᠭᠲᠠᠢ᠃ ᠨᠠᠰᠤᠲᠠᠶᠢᠴᠤᠳ ᠲᠤ ᠪᠣᠯᠵᠣᠵᠤ ᠳ᠋ᠤᠭᠠᠷᠯᠠᠬᠤ ᠪᠠ ᠡᠮᠨᠡᠯᠭᠡ ᠰᠢᠯᠵᠢᠭᠦᠯᠦᠨ ᠣᠨᠣᠰᠢᠯᠠᠭᠤᠯᠤᠨ ᠡᠮᠨᠡᠭᠦᠯᠬᠦ ᠶᠢ ᠤᠷᠢᠳᠴᠢᠯᠠᠨ ᠲᠤᠬᠢᠷᠠᠭᠤᠯᠵᠤ᠂ ᠲᠤᠰᠬᠠᠶ ᠮᠡᠷᠭᠡᠵᠢᠯᠲᠡᠨ ᠤ ᠳ᠋ᠤᠭᠠᠷ ᠢ ᠤᠷᠢᠳᠴᠢᠯᠠᠨ ᠪᠤᠯᠵᠤᠬᠤ ᠬᠠᠷᠢᠴᠠᠯ ᠢ ᠵᠣᠬᠢᠬᠤ ᠬᠡᠮᠵᠢᠶ᠎ᠡ ᠪᠠᠷ ᠨᠡᠮᠡᠭᠳᠡᠭᠦᠯᠦᠨ᠂ ᠨᠠᠰᠤᠲᠠᠶᠢᠴᠤᠳ ᠤᠨ ᠡᠭᠦᠳᠡᠨ ᠡᠮᠨᠡᠯᠭᠡ ᠶᠢᠨ ᠲᠤᠰᠬᠠᠶ ᠮᠡᠷᠭᠡᠵᠢᠯᠲᠡᠨ ᠤ ᠬᠥᠮᠦᠨ ᠤ ᠲᠤᠭ᠎ᠠ ᠶᠢ ᠨᠡᠮᠡᠭᠳᠡᠭᠦᠯᠵᠤ᠂ ᠨᠠᠰᠤᠲᠠᠶᠢᠴᠤᠳ ᠤᠨ ᠡᠪᠡᠳᠴᠢᠨ ᠦᠵᠡᠭᠦᠯᠬᠦ ᠳᠤ ᠰᠠᠭᠠᠳ ᠦᠭᠡᠢ ᠨᠡᠪᠲᠡᠷᠡᠬᠦ ᠵᠠᠮ ᠢ ᠬᠠᠩᠭᠠᠬᠤ ᠬᠡᠷᠡᠭᠲᠡᠶ᠃ ᠨᠥᠬᠦᠴᠡᠯ ᠲᠠᠢ ᠡᠮᠴᠢᠯᠡᠭᠡᠨ ᠤ ᠪᠠᠶᠢᠭᠤᠯᠤᠮᠵᠢ ᠨᠢ ᠳ᠋ᠤᠭᠠᠷᠯᠠᠬᠤ᠂ ᠰᠢᠯᠭᠠᠬᠤ᠂ ᠪᠠᠶᠢᠴᠠᠭᠠᠬᠤ᠂ ᠡᠮ ᠠᠪᠬᠤ᠂ ᠰᠦᠢᠳᠭᠡᠯ ᠲᠤᠰᠢᠶᠠᠬᠤ᠂ ᠡᠮᠨᠡᠯᠭᠡ ᠳᠤ ᠰᠠᠭᠤᠬᠤ ᠭᠠᠷᠳᠠᠮ ᠭᠦᠢᠴᠡᠳᠬᠡᠬᠦ ᠵᠡᠷᠭᠡ ᠭᠠᠵᠠᠷ ᠲᠤ ᠨᠠᠰᠤᠲᠠᠶᠢᠴᠤᠳ ᠤᠨ ᠲᠤᠰᠬᠠᠶ ᠴᠣᠩᠬᠤ ᠲᠤᠬᠢᠷᠠᠭᠤᠯᠬᠤ ᠬᠡᠷᠡᠭᠲᠠᠢ᠃ ᠲᠤᠰᠬᠠᠶ ᠴᠣᠩᠬᠤ ᠲᠤᠬᠢᠷᠠᠭᠤᠯᠬᠤ ᠨᠥᠬᠦᠴᠡᠯ ᠢ ᠬᠠᠷᠠᠬᠠᠨ ᠪᠦᠷᠢᠯᠳᠦᠭᠦᠯᠦᠭᠡᠳᠦᠶ ᠨᠢ᠂ ᠴᠣᠩᠬᠤᠨ ᠤ ᠤᠷᠴᠢᠮ ᠤᠨ ᠢᠯᠡ ᠪᠠᠶᠢᠷᠢᠨ ᠳᠤ ︽ᠨᠠᠰᠤᠲᠠᠶᠢᠴᠤᠳ ᠢ ᠡᠩ ᠲᠡᠷᠢᠭᠦᠨ ᠳᠤ ᠬᠠᠷᠠᠭᠠᠯᠵᠠᠬᠤ︾ ᠲᠡᠮᠳᠡᠭ ᠨᠠᠭᠠᠬᠤ ᠬᠡᠷᠡᠭᠲᠡᠶ᠃ ᠡᠮᠨᠡᠯᠭᠡ ᠳᠤ ᠰᠠᠭᠤᠬᠤ ᠶᠢ ᠨᠢ ᠤᠷᠢᠳᠠᠪᠠᠷ ᠲᠣᠬᠢᠷᠠᠭᠤᠯᠵᠤ᠂ ᠬᠠᠨᠳᠤᠯᠭᠠᠲᠤ ᠴᠢᠨᠠᠷ ᠲᠠᠢ ᠡᠷᠡᠭᠦᠯ ᠮᠡᠨᠳᠦ ᠶᠢᠨ ᠬᠥᠮᠦᠵᠢᠯ ᠪᠤᠯᠤᠨ ᠰᠤᠪᠢᠯᠠᠬᠤ ᠦᠢᠯᠡᠴᠢᠯᠡᠭᠡ ᠬᠠᠨᠭ᠍ᠭᠠᠬᠤ ᠬᠡᠷᠡᠭᠲᠡᠶ᠃ ᠬᠤᠳᠠ ᠬᠥᠳᠡᠭᠡ ᠶᠢᠨ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠤᠭᠤᠳ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠨᠠᠰᠤᠲᠠᠶᠢᠴᠤᠳ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢ ᠵᠢᠷᠤᠮᠵᠢᠭᠤᠯᠵᠤ᠂ ᠨᠠᠰᠤᠲᠠᠶᠢᠴᠤᠳ ᠤᠨ ᠡᠷᠡᠭᠦᠯ ᠮᠡᠨᠳᠦ ᠪᠡᠶ᠎ᠡ ᠶᠢᠨ ᠪᠠᠶᠢᠴᠠᠭᠠᠯᠲᠠ ᠶᠢᠨ ᠠᠵᠢᠯ ᠢ ᠲᠤᠪᠤᠶᠢᠮ᠎ᠠ ᠰᠠᠶᠢᠲᠤᠷ ᠬᠢᠬᠦ ᠬᠡᠷᠡᠭᠲᠠᠢ᠃ ᠴᠢᠰᠤᠨ ᠳᠠᠷᠤᠯᠲᠠ ᠥᠨᠳᠥᠷ᠂ ᠰᠢᠬᠢᠷ ᠰᠢᠵᠢᠩ ᠡᠪᠡᠳᠴᠢᠨ ᠵᠡᠷᠭᠡ ᠤᠵᠢᠭ ᠡᠪᠡᠳᠴᠢᠲᠡᠨ ᠢ ᠬᠠᠮᠢᠶᠠᠷᠬᠤ ᠶᠢᠨ ᠬᠠᠮᠲᠤ ᠭᠡᠷ ᠲᠤᠨᠢ ᠬᠦᠷᠴᠦ ᠠᠶᠢᠯᠴᠢᠯᠠᠨ ᠡᠷᠭᠢᠬᠦ ᠦᠢᠯᠡᠴᠢᠯᠡᠭᠡ ᠶᠢ ᠬᠠᠩᠭᠠᠬᠤ ᠬᠡᠷᠡᠭᠲᠡᠶ ᠬᠡᠵᠤ ᠱᠠᠭᠠᠷᠳᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号