ᠵᠠᠩ ᠵᠢᠶᠠᠨ ᠮᠢᠨ ᠬᠥᠬᠡᠬᠤᠲᠠ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠠᠵᠢᠯ ᠤᠨ ᠪᠠᠶᠢᠷᠢᠯᠠᠭᠤᠯᠤᠯᠲᠠ ᠶᠢ ᠭᠦᠨᠵᠡᠭᠡᠶ ᠲᠤᠤᠱᠯᠠᠭᠤᠯᠵᠤ ᠣᠷᠣᠨ ᠤ ᠲᠥᠪ ᠎ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠢᠷᠢ ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ
ᠨᠡᠶᠢᠲᠡᠯᠡᠭᠰᠡᠨ ᠴᠠᠭ᠄
2016/11/15
     11 ᠳ᠋ᠦ᠋ᠭᠡᠷ ᠰᠠᠷ᠎ᠠ ᠶᠢᠨ 11᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠵᠠᠩ ᠵᠢᠶᠠᠨ ᠮᠢᠨ ᠬᠥᠬᠡᠬᠤᠲᠠ ᠎ ᠳᠤ ᠪᠠᠶᠢᠴᠠᠭᠠᠨ ᠰᠤᠳᠤᠯᠤᠯᠲᠠ ᠬᠢᠵᠦ᠂ ᠲᠣᠭᠲᠠᠬᠤ — ᠴᠢᠩ ᠱᠦᠢ ᠾᠧ ᠠᠵᠤ ᠦᠢᠯᠡᠳᠪᠦᠷᠢ ᠶᠢᠨ ᠲᠤᠭᠤᠷᠢᠭ ᠂ ᠮᠧᠩ ᠨᠢᠦ ᠺᠣᠮᠫᠠᠨᠢ ᠶᠢᠨ ᠵᠢᠷᠭᠤᠳᠤᠭᠠᠷ ᠬᠤᠭᠤᠴᠠᠭᠠᠨ ᠤ ᠦᠢᠯᠡᠳᠪᠦᠷᠢ ᠶᠢᠨ ᠲᠥᠷᠥᠯ ᠵᠦᠢᠯ᠂ ᠱᠧᠩ ᠯᠧ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠲᠥᠪᠯᠡᠷᠡᠯ ᠤᠨ ᠲᠤᠭᠤᠷᠢᠭ ᠲᠠᠢ ᠠᠵᠤ ᠠᠬᠤᠶᠢᠯᠠᠯ ᠤᠨ ᠶᠡᠷᠦᠩᠬᠡᠶ ᠬᠡᠯᠲᠡᠰ ᠰᠠᠭᠤᠷᠢᠨ ᠭᠠᠵᠠᠷ ᠢᠶᠠᠷ ᠭᠦᠨᠵᠡᠭᠡᠶᠢᠷᠡᠨ᠂ ᠲᠤᠬᠠᠶ ᠶᠢᠨ ᠭᠠᠵᠠᠷ ᠤᠨ ᠬᠦᠷᠢᠶᠡᠯᠡᠩ ᠲᠣᠭᠤᠷᠢᠭ ᠪᠣᠯᠤᠨ ᠲᠥᠷᠥᠯ ᠵᠦᠢᠯ ᠤᠨ ᠲᠥᠯᠥᠪᠵᠢᠭᠦᠯᠭᠡ ᠶᠢᠨ ᠪᠦᠳᠦᠬᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠦᠵᠡᠪᠡ᠃ ᠲᠡᠷᠡ ᠴᠢᠬᠤᠯᠠᠴᠢᠯᠠᠬᠤ ᠳᠠᠭᠠᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠣᠶᠢᠷ᠎ᠠ ᠶᠢᠨ ᠬᠤᠭᠤᠴᠠᠭᠠᠨ ᠳᠠᠬᠢ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠠᠵᠢᠯ ᠪᠠ ᠴᠢᠬᠤᠯᠠ ᠶᠡᠭᠡ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠲᠥᠯᠬᠢᠨ ᠠᠬᠢᠭᠤᠯᠵᠤ᠂ ᠣᠷᠣᠨ ᠤ ᠲᠥᠪ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ ᠭᠡᠪᠡ᠃      ᠲᠣᠭᠲᠠᠬᠤ — ᠴᠢᠩ ᠱᠦᠢ ᠾᠧ ᠠᠵᠤ ᠦᠢᠯᠡᠳᠪᠦᠷᠢ ᠶᠢᠨ ᠲᠤᠭᠤᠷᠢᠭ ᠲᠤ ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠵᠠᠩ ᠵᠢᠶᠠᠨ ᠮᠢᠨ ᠬᠦᠷᠢᠶᠡᠯᠡᠩ ᠲᠣᠭᠤᠷᠢᠭ ᠤᠨ ᠶᠡᠷᠦᠩᠬᠡᠶ ᠲᠥᠯᠥᠪᠵᠢᠭᠦᠯᠭᠡ᠂ ᠠᠵᠤ ᠦᠢᠯᠡᠰ ᠤᠨ ᠪᠠᠶᠢᠷᠢᠰᠢᠭᠤᠯᠤᠯ᠂ ᠭᠠᠵᠠᠷ ᠰᠢᠷᠣᠶ ᠶᠢᠨ ᠠᠰᠢᠭᠯᠠᠯᠲᠠ ᠵᠡᠷᠭᠡ ᠲᠠᠯ᠎ᠠ ᠶᠢᠨ ᠪᠠᠶᠢᠳᠠᠯ ᠢ ᠨᠠᠷᠢᠨ ᠣᠶᠢᠯᠠᠭᠠᠪᠠ᠃ ᠡᠭᠦᠯᠡᠨ ᠪᠤᠳᠤᠯᠳᠠ ᠶᠢᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠲᠥᠯᠥᠪᠵᠢᠭᠦᠯᠭᠡ ᠪᠦᠲᠦᠭᠡᠨ ᠪᠠᠶᠢᠭᠤᠯᠤᠯᠲᠠ ᠪᠠ ᠲᠣᠮᠣ ᠳ᠋ᠠᠶᠢᠲ᠋ᠠ ᠶᠢᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠵᠠᠩ ᠵᠢᠶᠠᠨ ᠮᠢᠨ ᠵᠢᠭᠠᠵᠤ ᠭᠠᠷᠭᠠᠬᠤ ᠳᠠᠭᠠᠨ᠂ ᠬᠥᠬᠡᠬᠤᠲᠠ ᠶᠢᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠲᠦᠷᠭᠡᠳᠬᠡᠵᠦ᠂ ᠡᠭᠦᠯᠡᠨ ᠪᠣᠳᠣᠯᠳᠠ᠂ ᠲᠣᠮᠣ ᠳ᠋ᠠᠶᠢᠲ᠋ᠠ ᠵᠡᠷᠭᠡ ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠶᠡᠬᠡᠪᠡᠷ ᠬᠥᠭᠵᠢᠭᠦᠯᠦᠨ᠂ ᠳᠡᠭᠡᠳᠦ ᠦᠵᠦᠭᠦᠷᠯᠢᠭ᠂ ᠤᠶᠤᠨᠴᠢᠯᠡᠯᠳᠡ᠂ ᠪᠣᠬᠢᠷᠳᠤᠯ ᠦᠭᠡᠢ᠂ ᠦᠢᠯᠡᠴᠢᠯᠭᠡᠵᠢᠭᠰᠡᠨ ᠲᠡᠰᠢ ᠬᠥᠭᠵᠢᠬᠦ ᠶᠢ ᠲᠦᠯᠬᠢᠨ ᠠᠬᠢᠭᠤᠯᠵᠤ ᠬᠡᠷᠡᠭᠲᠡᠶ ᠭᠡᠵᠡᠢ᠃      ᠬᠥᠬᠡᠬᠤᠲᠠ ᠶᠢᠨ ᠬᠤᠳᠠ ᠶᠢᠨ ᠪᠦᠬᠦᠯᠢ ᠴᠣᠭᠴᠠ ᠶᠢᠨ ᠲᠥᠯᠥᠪᠵᠢᠭᠦᠯᠭᠡ ᠪᠠ ᠰᠢᠨ᠎ᠡ ᠨᠢᠰᠬᠡᠯ ᠤᠨ ᠪᠠᠭᠤᠳᠠᠯ ᠤᠨ ᠲᠥᠯᠥᠪᠵᠢᠭᠦᠯᠭᠡ ᠶᠢᠨ ᠪᠠᠶᠢᠳᠠᠯ ᠢ ᠰᠣᠨᠣᠰᠤᠭᠰᠠᠨ ᠤ ᠳᠠᠷᠠᠭ᠎ᠠ᠂ ᠵᠠᠩ ᠵᠢᠶᠠᠨ ᠮᠢᠨ ᠴᠢᠬᠤᠯᠠᠴᠢᠯᠠᠬᠤ ᠳᠠᠭᠠᠨ᠂ ᠰᠢᠨ᠎ᠡ ᠨᠢᠰᠬᠡᠯ ᠤᠨ ᠪᠠᠭᠤᠳᠠᠯ ᠵᠡᠷᠭᠡ ᠬᠤᠲᠠ ᠶᠢᠨ ᠴᠢᠬᠤᠯᠠ ᠶᠡᠭᠡ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠪᠠᠷ ᠲᠣᠬᠢᠶᠠᠯ ᠪᠣᠯᠭᠠᠨ ᠬᠤᠲᠠ ᠶᠢᠨ ᠬᠥᠭᠵᠢᠬᠦ ᠣᠷᠣᠨ ᠵᠠᠶ ᠶᠢ ᠤᠯᠠᠮ ᠨᠢᠭᠡ ᠠᠯᠬᠤᠮ ᠥᠷᠭᠡᠳᠬᠡᠵᠦ᠂ ᠬᠤᠳᠠ ᠶᠢᠨ ᠬᠢᠯᠠᠰ ᠴᠢᠬ ᠢ ᠴᠣᠭᠴᠠᠯᠠᠵᠤ᠂ ᠬᠥᠬᠡᠬᠤᠲᠠ ᠶᠢᠨ ᠬᠤᠲᠠ ᠶᠢᠨ ᠪᠠᠶᠢᠭᠤᠯᠤᠯᠲᠠ ᠶᠢᠨ ᠬᠢᠷᠢ ᠬᠡᠮᠵᠢᠶ᠎ᠡ ᠶᠢ ᠴᠢᠷᠮᠠᠶᠢᠨ ᠳᠡᠭᠡᠭᠰᠢᠯᠡᠭᠦᠯᠬᠦ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠨᠠᠮᠤᠷ ᠤᠨ ᠤᠯᠠᠷᠢᠯ ᠤᠨ ᠲᠥᠪᠯᠡᠷᠡᠭᠦᠯᠦᠨ ᠠᠵᠢᠯ ᠡᠬᠢᠯᠡᠭᠦᠯᠬᠦ ᠳᠠᠶᠢᠴᠢᠯᠠᠯᠲᠠ ᠶᠢᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠢᠭᠡ ᠪᠦᠯᠦᠭ ᠣᠳᠣᠬᠠᠨ ᠤ ᠠᠵᠤ ᠠᠬᠤᠶ ᠶᠢᠨ ᠨᠡᠮᠡᠭᠳᠡᠯ ᠢ ᠳᠠᠶᠢᠴᠢᠯᠠᠵᠤ ᠴᠢᠳᠠᠬᠤ ᠮᠥᠷᠲᠡᠭᠡᠨ ᠪᠠᠰᠠ ᠠᠯᠤᠰ ᠬᠡᠳᠦ ᠶᠢᠨ ᠬᠥᠭᠵᠢᠯᠲᠡ ᠶᠢ ᠲᠤᠯᠭᠠᠭᠤᠷᠢᠯᠠᠬᠤ ᠲᠥᠷᠥᠯ ᠵᠦᠢᠯ ᠢ ᠲᠦᠷᠭᠡᠪᠴᠢᠯᠡᠨ ᠪᠠᠶᠢᠭᠤᠯᠵᠤ᠂ ᠬᠤᠳᠠ ᠶᠢᠨ ᠬᠥᠭᠵᠢᠯᠲᠡ ᠶᠢᠨ ᠰᠢᠨ᠎ᠡ ᠬᠥᠳᠡᠯᠭᠡᠬᠦ ᠴᠢᠳᠠᠪᠤᠷᠢ ᠶᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ ᠭᠡᠵᠡᠢ᠃      ᠪᠠᠶᠢᠴᠠᠭᠠᠨ ᠰᠤᠳᠤᠯᠤᠯᠲᠠ ᠳᠤ ᠵᠠᠩ ᠵᠢᠶᠠᠨ ᠮᠢᠨ ᠱᠠᠭᠠᠷᠳᠠᠬᠤ ᠳᠠᠭᠠᠨ᠂ ᠵᠢᠯ ᠤᠨ ᠡᠴᠦᠰ ᠠᠴᠠ ᠡᠮᠦᠨ᠎ᠡ ᠠᠵᠤ ᠠᠬᠤᠶ ᠨᠡᠶᠢᠭᠡᠮ ᠤᠨ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠣᠨ ᠤ ᠬᠠᠷᠠᠯᠲᠠ ᠶᠢᠨ ᠡᠭᠦᠷᠭᠡ ᠶᠢ ᠪᠡᠶᠡᠯᠡᠭᠦᠯᠬᠦ ᠪᠠᠨ ᠦᠨᠡᠨᠬᠦ ᠪᠠᠲᠤᠯᠠᠵᠤ᠂ ︽13 · 5︾᠎ ᠶᠢᠨ ᠲᠥᠯᠥᠪᠵᠢᠭᠦᠯᠭᠡ ᠳᠤ ᠰᠠᠶᠢᠨ ᠡᠬᠢᠯᠡᠯᠲᠡ ᠲᠠᠢ ᠪᠣᠯᠭᠠᠬᠤ ᠬᠡᠷᠡᠭᠲᠡᠶ ᠭᠡᠪᠡ᠃      ᠬᠥᠬᠡᠬᠤᠲᠠ ᠪᠠ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠠᠬᠤᠶ ᠪᠠ ᠮᠡᠳᠡᠭᠡ ᠵᠠᠩᠭᠢᠵᠢᠯᠲᠠ ᠶᠢᠨ ᠵᠥᠪᠯᠡᠯ᠂ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠵᠡᠷᠭᠡ ᠶᠢᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号