ᠪᠤᠤ ᠰᠢᠶᠤᠤ ᠯᠢᠨ ᠳᠤᠮᠳᠠᠲᠤ ᠤᠯᠤᠰ ᠤᠨ ᠬᠦᠡᠭᠭᠡᠨ ᠴᠠᠭᠠᠨ ᠤ ᠦᠢᠯᠡᠰ ᠤᠨ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠭᠧ ᠬᠤᠨᠭ᠌ ᠯᠢᠨ ᠲᠠᠢ ᠠᠭᠤᠯᠵᠠᠪᠠ
ᠨᠡᠶᠢᠲᠡᠯᠡᠭᠰᠡᠨ ᠴᠠᠭ᠄
2016/11/15
     11 ᠳ᠋ᠤᠭᠡᠷ ᠰᠠᠷ᠎ᠠ ᠶᠢᠨ 11᠎ ᠤ ᠡᠳᠦᠷ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠲᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠮᠠᠨ ᠤ ᠬᠤᠲᠠ ᠳᠤ ᠲᠤᠮᠳᠠᠳᠤ ᠤᠯᠤᠰ ᠤᠨ ᠬᠦᠩᠭᠡᠨ ᠴᠠᠭᠠᠨ ᠤ ᠦᠢᠯᠡᠰ ᠤᠨ ᠪᠦᠯᠦᠭᠯᠡᠯ ᠤᠨ ᠬᠡᠷᠡᠭ ᠮᠡᠳᠡᠭᠴᠢ ᠶᠢᠨ ᠲᠠᠷᠤᠭ᠎ᠠ ᠭᠧ ᠬᠤᠩ ᠯᠢᠨ ᠨᠠᠷ ᠲᠠᠢ ᠠᠭᠤᠯᠵᠠᠵᠤ᠂ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠬᠦᠨᠵᠡᠭᠡᠢ ᠶᠠᠷᠢᠯᠴᠠᠭᠰᠠᠨ ᠪᠠᠶᠢᠨ᠎ᠠ᠃      ᠪᠦ᠋ ᠰᠢᠶᠤᠤ ᠯᠢᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠲᠤᠨ ᠢ ᠲᠦᠯᠦᠭᠡᠯᠡᠨ ᠭᠧ ᠬᠤᠩ ᠯᠢᠨ ᠨᠠᠷ ᠢ ᠪᠠᠶᠠᠷᠯᠠᠨ ᠤᠭᠳᠤᠵᠤ ᠪᠠᠶᠢᠭ᠎ᠠ ᠪᠠᠨ ᠢᠯᠡᠳᠭᠡᠪᠡ᠃ ᠲᠡᠷᠡ᠂ ᠤᠶᠢᠷ᠎ᠠ ᠶᠢᠨ ᠵᠢᠯ ᠳᠤ᠂ ᠦᠪᠦᠷ ᠮᠤᠩᠭᠤᠯ ᠤᠨ ᠠᠵᠤ ᠠᠬᠤᠢ ᠡᠷᠡᠭᠦᠯ ᠲᠤᠭᠳᠠᠭᠤᠨ ᠬᠦᠭᠵᠢᠯᠲᠡ ᠶᠢ ᠪᠠᠳᠤᠯᠠᠵᠤ᠂ ᠰᠠᠭᠤᠷᠢ ᠪᠡᠯᠡᠳᠭᠡᠮᠵᠢ ᠲᠠᠰᠤᠷᠠᠯᠲᠠ ᠦᠭᠡᠢ ᠰᠠᠶᠢᠵᠢᠷᠠᠵᠤ᠂ ᠠᠮᠢ ᠠᠬᠤᠢ ᠰᠠᠶᠢᠵᠢᠷᠠᠨ ᠰᠡᠷᠬᠦᠵᠦ᠂ ᠨᠡᠶᠢᠭᠡᠮ ᠠᠮᠤᠷ ᠲᠤᠭᠳᠠᠭᠤᠨ ᠪᠦᠭᠡᠳ ᠡᠶ᠎ᠡ ᠵᠤᠬᠢᠴᠠᠩᠭᠤᠢ ᠪᠠᠶᠢᠬᠤ ᠶᠢᠨ ᠬᠠᠮᠲᠤ᠂ ᠪᠠᠰᠠ ᠨᠡᠩ ᠤᠯᠠᠨ ᠰᠠᠶᠢᠨ ᠠᠵᠠ ᠲᠤᠬᠢᠶᠠᠯ ᠲᠤᠯᠭᠠᠷᠠᠵᠠᠢ᠃ ᠲᠤᠮᠳᠠᠳᠤ ᠤᠯᠤᠰ ᠤᠨ ᠬᠦᠩᠭᠡᠨ ᠴᠠᠭᠠᠨ ᠤ ᠦᠢᠯᠡᠰ ᠤᠨ ᠪᠦᠯᠦᠭᠯᠡᠯ ᠲᠠᠪᠠᠭᠤᠯᠢᠭ ᠢᠶᠠᠨ ᠪᠠᠳᠠᠷᠠᠭᠤᠯᠵᠤ᠂ ᠪᠡᠯᠡ ᠤᠷᠤᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠦᠪᠦᠷ ᠮᠤᠩᠭᠤᠯ ᠤᠨ ᠠᠵᠤ ᠠᠬᠤᠢ ᠶᠢᠨ ᠪᠦᠳᠦᠭᠡᠨ ᠪᠠᠶᠢᠭᠤᠯᠤᠯᠲᠠ ᠳᠤ ᠢᠳᠡᠪᠬᠢᠲᠡᠢ ᠤᠷᠤᠯᠴᠠᠬᠤ ᠪᠠ ᠲᠡᠮᠵᠢᠬᠦ ᠶᠢ ᠬᠦᠰᠡᠵᠦ ᠪᠤᠢ᠂ ᠦᠪᠡᠷᠲᠡᠭᠡᠨ ᠵᠠᠰᠠᠬᠤ ᠤᠷᠤᠨ ᠬᠦᠭᠵᠢᠯᠲᠡ ᠶᠢᠨ ᠤᠷᠴᠢᠨ ᠲᠤᠭᠤᠷᠢᠨ ᠢᠶᠠᠨ ᠴᠢᠷᠮᠠᠶᠢᠨ ᠰᠢᠯᠢᠳᠡᠭᠵᠢᠬᠦᠯᠵᠦ᠂ ᠲᠤᠮᠳᠠᠳᠤ ᠤᠯᠤᠰ ᠤᠨ ᠬᠦᠩᠭᠡᠨ ᠴᠠᠭᠠᠨ ᠤ ᠦᠢᠯᠡᠰ ᠤᠨ ᠦᠪᠦᠷ ᠮᠤᠩᠭᠤᠯ ᠳᠠᠬᠢ ᠬᠦᠭᠵᠢᠯᠲᠡ ᠶᠢ ᠲᠡᠮᠵᠢᠵᠦ᠂ ᠬᠠᠷᠢᠯᠴᠠᠨ ᠠᠰᠢᠭᠲᠠᠢ ᠪᠠᠶᠢᠬᠤ ᠬᠠᠮᠳᠤ ᠪᠠᠷ ᠠᠰᠢᠭ ᠬᠦᠷᠲᠡᠬᠦ ᠶᠢ ᠪᠡᠶᠡᠯᠡᠬᠦᠯᠬᠦ ᠪᠠᠷ ᠴᠢᠷᠮᠠᠶᠢᠬᠤ ᠪᠤᠯᠤᠨ᠎ᠠ ᠭᠡᠪᠡ᠃ ᠭᠧ ᠬᠤᠩ ᠯᠢᠨ ᠦᠪᠦᠷ ᠮᠤᠩᠭᠤᠯ ᠤᠨ ᠤᠶᠢᠷ᠎ᠠ ᠶᠢᠨ ᠵᠢᠯ ᠤᠨ ᠬᠦᠭᠵᠢᠯᠲᠡ ᠶᠢᠨ ᠠᠮᠵᠢᠯᠲᠠ ᠪᠦᠳᠦᠮᠵᠢ ᠶᠢ ᠬᠠᠷᠠᠭᠠᠳ ᠮᠠᠰᠢ ᠪᠠᠶᠠᠷᠯᠠᠵᠠᠢ᠃ ᠲᠡᠷᠡ᠂ ᠲᠤᠮᠳᠠᠳᠤ ᠤᠯᠤᠰ ᠤᠨ ᠬᠦᠩᠭᠡᠨ ᠴᠠᠭᠠᠨ ᠤ ᠦᠢᠯᠡᠰ ᠨᠢ ᠦᠪᠦᠷ ᠮᠤᠩᠭᠤᠯ ᠤᠨ ᠵᠠᠬ᠎ᠠ ᠲᠡᠯᠭᠡᠬᠦᠷ ᠢ ᠮᠠᠰᠢ ᠶᠡᠬᠡᠪᠡᠷ ᠴᠢᠬᠤᠯᠠᠴᠢᠯᠠᠨ ᠦᠵᠡᠵᠦ᠂ ᠦᠪᠦᠷ ᠮᠤᠩᠭᠤᠯ ᠳᠤ ᠨᠢᠭᠡᠨᠲᠡ ᠬᠤᠯᠪᠤᠭᠳᠠᠯ ᠪᠦᠬᠦᠢ ᠠᠵᠤ ᠦᠢᠯᠡᠰ ᠤᠨ ᠪᠠᠶᠢᠷᠢᠯᠠᠭᠤᠯᠤᠯᠲᠠ ᠶᠢ ᠪᠦᠷᠢᠯᠳᠦᠬᠦᠯᠵᠦ᠂ ᠲᠠᠷᠠᠭᠠᠴᠢ ᠶᠢᠨ ᠠᠯᠬᠤᠮ ᠳᠤ᠂ ᠲᠤᠮᠳᠠᠳᠤ ᠤᠯᠤᠰ ᠤᠨ ᠬᠦᠩᠭᠡᠨ ᠴᠠᠭᠠᠨ ᠤ ᠦᠢᠯᠡᠰ ᠤᠨ ᠪᠦᠯᠦᠭᠯᠡᠯ ᠤᠯᠠᠨ ᠶᠠᠩᠵᠤᠴᠢᠯᠠᠭᠰᠠᠨ ᠬᠠᠮᠲᠤᠷᠠᠯᠴᠠᠬᠤ ᠬᠡᠯᠪᠡᠷᠢ ᠶᠢ ᠢᠳᠡᠪᠬᠢᠲᠡᠢ ᠰᠦᠪᠡᠭᠴᠢᠯᠡᠵᠦ᠂ ᠦᠪᠦᠷ ᠮᠤᠩᠭᠤᠯ ᠳᠠᠬᠢ ᠪᠡᠯᠡ ᠤᠷᠤᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠬᠤᠯᠪᠤᠭᠳᠠᠯ ᠪᠦᠬᠦᠢ ᠬᠡᠯᠡᠯᠴᠡᠭᠡᠷ ᠢ ᠭᠦᠢᠴᠡᠳᠭᠡᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠨ ᠠᠬᠢᠭᠤᠯᠵᠤ᠂ ᠲᠦᠷᠦᠯ ᠵᠦᠢᠯ ᠢ ᠠᠯᠢ ᠲᠦᠷᠭᠡᠨ ᠢᠶᠠᠷ ᠪᠠᠷᠢᠮᠵᠢᠶ᠎ᠡ ᠳᠤ ᠬᠦᠷᠭᠡᠨ ᠠᠰᠢᠭᠯᠠᠯᠲᠠ ᠳᠤ ᠤᠷᠤᠭᠤᠯᠵᠤ᠂ ᠦᠪᠦᠷ ᠮᠤᠩᠭᠤᠯ ᠤᠨ ᠠᠵᠤ ᠠᠬᠤᠢ ᠨᠡᠶᠢᠭᠡᠮ ᠤᠨ ᠬᠦᠭᠵᠢᠯᠲᠡ ᠳᠤ ᠨᠡᠩ ᠶᠡᠭᠡ ᠬᠤᠪᠢ ᠨᠡᠮᠡᠷᠢ ᠦᠵᠡᠬᠦᠯᠬᠦ ᠪᠤᠯᠤᠨ᠎ᠠ ᠭᠡᠵᠦ ᠢᠯᠡᠷᠬᠡᠶᠢᠯᠡᠪᠡ᠃      ᠤᠯᠠᠭᠠᠨᠬᠠᠳᠠ ᠬᠤᠲᠠ ᠶᠢᠨ ᠤᠳᠤᠷᠢᠳᠤᠯᠭ᠎ᠠ ᠪᠢᠯᠢᠭᠬᠦᠦ᠂ ᠮᠧᠩ ᠰᠢᠶᠠᠨ ᠳ᠋ᠦᠩ᠂ ᠶᠠᠩ ᠶᠤᠸᠠᠨ ᠰᠢᠨ᠂ ᠸᠠᠩ ᠢᠦᠢ ᠱᠦ ᠠᠭᠤᠯᠵᠠᠯᠲᠠ ᠳᠤ ᠤᠷᠤᠯᠴᠠᠪᠠ᠃
 
ᠢᠷᠡᠯᠲᠡ᠄ ᠤᠯᠠᠭᠠᠨᠬᠠᠳᠠ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号