| | 11 ᠳ᠋ᠦ᠋ᠭᠡᠷ ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ ᠯᠢᠦ ᠴᠢ ᠹᠠᠨ ᠦᠬᠠᠶ ᠬᠤᠲᠠ ᠳᠤ | ᠬᠦᠷᠴᠦ᠂ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠵᠢᠷᠭᠤᠳᠤᠭᠠᠷ ᠪᠥᠬᠦᠳᠡ | ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠪᠠ ᠡᠯ᠎ᠡ ᠱᠠᠲᠤᠨ ᠤ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠬᠠᠮᠢᠶ᠎ᠠ ᠪᠦᠬᠦᠢ ᠠᠵᠢᠯ ᠳᠤ ᠪᠠᠶᠢᠴᠠᠭᠠᠨ | ᠰᠤᠳᠤᠯᠤᠯᠲᠠ ᠬᠢᠪᠡ᠃ ᠦᠬᠠᠶ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠰᠦᠩ ᠯᠢᠶᠠᠩ ᠨᠠᠷ ᠪᠠᠷ᠎ᠠ | ᠪᠤᠯᠤᠯᠴᠠᠪᠠ᠃ | ᠯᠢᠦ ᠴᠢ ᠹᠠᠨ ᠶᠠᠭᠤᠨ ᠤ ᠤᠷᠢᠳ ᠦᠬᠠᠢ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ | ᠪᠠᠶᠢᠴᠠᠭᠠᠬᠤ ᠲᠤᠪᠴᠢᠶ᠎ᠠ ᠪᠠᠶᠢᠭᠤᠯᠭ᠎ᠠ ᠳᠤ ᠬᠦᠷᠴᠦ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠪᠠᠶᠢᠭᠤᠯᠭ᠎ᠠ ᠶᠢᠨ ᠠᠵᠢᠯᠲᠠᠳ ᠢ ᠲᠤᠬᠤᠨᠢᠭᠤᠯᠤᠭᠰᠠᠨ ᠪᠦᠭᠡᠳ ᠲᠡᠳᠡᠨ ᠲᠠᠢ ᠳᠣᠲᠣᠨᠣ ᠪᠠᠷ ᠶᠠᠷᠢᠯᠴᠠᠪᠠ᠃ | ︽ᠡᠨᠡ ᠵᠢᠯ ᠬᠡᠳᠦᠢ ᠬᠡᠷᠡᠭ ᠪᠠᠶᠢᠴᠠᠭᠠᠨ ᠰᠢᠢᠳᠪᠦᠷᠢᠯᠡᠭᠰᠡᠨ ᠪᠤᠢ︖︾ ︽ᠪᠦᠷ ᠶᠠᠮᠠᠷ ᠬᠦᠷᠢᠶ᠎ᠡ | ᠴᠠᠷᠠᠭᠠᠨ ᠳᠠᠬᠢ ᠬᠡᠷᠡᠭ ᠪᠤᠶ︖︾ ︽ ᠮᠡᠳᠡᠭᠡᠯᠡᠭᠰᠡᠨ ᠬᠡᠷᠡᠭ ᠬᠡᠳᠦᠢ ᠪᠠᠶᠢᠬᠤ ᠪᠤᠢ︖︾ ︽ᠡᠳᠦᠷ | ᠲᠤᠳᠤᠮ ᠤᠨ ᠬᠢᠨᠠᠯᠲᠠ ᠬᠠᠮᠢᠶᠠᠷᠤᠯᠲᠠ ᠳᠤ ᠶᠠᠮᠠᠷ ᠠᠷᠭ᠎ᠠ ᠬᠡᠮᠵᠢᠶ᠎ᠡ ᠠᠪᠴᠦ ᠪᠠᠶᠢᠬᠤ ᠪᠤᠶ︖︾ ᠭᠡᠬᠦ ᠵᠡᠷᠭᠡ | ᠠᠰᠠᠭᠤᠯᠲᠠ ᠪᠠᠷ ᠦᠬᠠᠢ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠨᠠᠮ ᠵᠠᠰᠠᠭ ᠤᠨ ᠰᠤᠷᠲᠠᠯ ᠳᠤ | ᠬᠢᠨᠠᠯᠲᠠ ᠲᠠᠯᠪᠢᠬᠤ ᠲᠠᠰᠤᠭ᠂ ᠬᠡᠷᠡᠭ ᠰᠢᠭᠦᠬᠦ ᠲᠠᠰᠤᠭ ᠲᠤ᠂ ᠵᠣᠬᠢᠶᠠᠨ ᠪᠠᠶᠢᠭᠤᠯᠬᠤ ᠬᠡᠯᠲᠡᠰ ᠵᠡᠷᠭᠡ | ᠬᠡᠯᠲᠡᠰ ᠲᠠᠰᠤᠭ᠂ ᠯᠢᠦ ᠴᠢ ᠹᠠᠨ ᠦᠬᠠᠶ ᠬᠤᠳᠠ ᠶᠢᠨ ᠦᠨᠳᠦᠰᠦᠨ ᠱᠠᠲᠤᠨ ᠤ ᠨᠠᠮ ᠵᠠᠰᠠᠭ ᠤᠨ ᠰᠤᠷᠲᠠᠯ ᠳᠤ | ᠬᠢᠨᠠᠯᠲᠠ ᠲᠠᠯᠪᠢᠬᠤ ᠠᠵᠢᠯ ᠦᠷᠨᠢᠭᠦᠯᠦᠭᠰᠡᠨ ᠡᠯ᠎ᠡ ᠵᠦᠢᠯ ᠤᠨ ᠠᠷᠭ᠎ᠠ ᠬᠡᠮᠵᠢᠶ᠎ᠡ᠂ ᠰᠠᠬᠢᠯᠭ᠎ᠠ ᠪᠠᠲᠤ ᠪᠠᠶᠢᠴᠠᠭᠠᠬᠤ | ᠬᠢᠨᠠᠨ ᠪᠠᠶᠢᠴᠠᠭᠠᠬᠤ ᠠᠵᠢᠯ ᠤᠨ ᠺᠠᠳ᠋ᠷᠴᠤᠳ ᠢ ᠰᠣᠩᠭᠤᠵᠤ ᠬᠥᠮᠦᠨ ᠬᠡᠷᠡᠭᠯᠡᠬᠦ ᠲᠣᠭᠲᠠᠴᠠ ᠪᠣᠯᠤᠨ ᠦᠬᠠᠢ | ᠬᠤᠲᠠ ᠶᠢᠨ ᠴᠢᠬᠡᠴᠢ ᠵᠠᠰᠠᠭ ᠤᠨ ᠰᠣᠶᠣᠯ ᠤᠨ ᠪᠠᠶᠢᠭᠤᠯᠤᠯᠲᠠ ᠵᠡᠷᠭᠡ ᠠᠵᠢᠯ ᠢ ᠨᠠᠷᠢᠨ ᠤᠶᠢᠯᠠᠭᠠᠭᠰᠠᠨ ᠤ ᠬᠠᠮᠲᠤ᠂ | ᠦᠬᠠᠶ ᠬᠤᠳᠠ ᠶᠢᠨ ᠴᠢᠬᠡᠴᠢ ᠵᠠᠰᠠᠭ ᠤᠨ ᠰᠣᠶᠣᠯ ᠤᠨ ᠪᠠᠶᠢᠭᠤᠯᠤᠯᠲᠠ ᠶᠢ ᠤᠳᠤᠷᠢᠳᠤᠯᠭ᠎ᠠ ᠨᠠᠷ ᠤᠨ ᠴᠢᠬᠤᠯᠠᠴᠢᠯᠠᠨ | ᠦᠵᠡᠵᠦ ᠪᠠᠶᠢᠭ᠎ᠠ᠂ ᠰᠢᠨ᠎ᠡ ᠶᠢ ᠡᠭᠦᠳᠬᠦ ᠰᠡᠳᠬᠢᠮᠵᠢ ᠲᠠᠢ ᠪᠠᠶᠢᠭ᠎ᠠ᠂ ᠠᠴᠢᠶᠠᠯᠠᠪᠤᠷᠢ ᠪᠠᠨ ᠪᠠᠶᠠᠯᠢᠭᠵᠢᠭᠤᠯᠵᠤ | ᠪᠠᠶᠢᠭ᠎ᠠ ᠵᠡᠷᠭᠡ ᠠᠷᠭ᠎ᠠ ᠬᠢᠳᠡᠯ ᠳᠤ ᠭᠦᠢᠴᠡᠳ ᠨᠤᠲᠠᠯᠠᠯᠲᠠ ᠦᠭᠪᠡ᠃ | ᠯᠢᠦ ᠴᠢ ᠹᠠᠨ ᠪᠠᠰᠠ ᠬᠠᠶᠢᠷᠤᠪ ᠤᠨ ᠲᠣᠬᠤᠶ ᠲᠣᠭᠤᠷᠢᠭ ᠤᠨ ᠪᠢᠨ ᠾᠧ ᠵᠡᠭᠡᠯᠢ ᠭᠤᠳᠤᠮᠵᠢ ᠶᠢᠨ ᠬᠡᠷᠡᠭ | ᠡᠷᠬᠢᠯᠡᠬᠦ ᠭᠠᠵᠠᠷ ᠤᠨ ᠰᠠᠬᠢᠯᠭ᠎ᠠ ᠪᠠᠲᠤ ᠶᠢᠨ ᠠᠵᠢᠯ ᠤᠨ ᠬᠤᠷᠢᠶ᠎ᠠ ᠳᠤ ᠬᠦᠷᠴᠦ᠂ ᠴᠢᠬᠡᠴᠢ ᠵᠠᠰᠠᠭ ᠤᠨ | ᠬᠥᠮᠦᠵᠢᠯ ᠤᠨ ᠰᠠᠭᠤᠷᠢᠨ ᠢ ᠲᠤᠭᠤᠷᠢᠨ ᠦᠵᠡᠭᠰᠡᠨ ᠤ ᠬᠠᠮᠲᠤ ᠬᠠᠶᠢᠷᠤᠪ ᠤᠨ ᠲᠣᠬᠤᠶ ᠲᠣᠭᠤᠷᠢᠭ ᠤᠨ ᠪᠢᠨ ᠾᠧ | ᠵᠡᠭᠡᠯᠢ ᠭᠤᠳᠤᠮᠵᠢ ᠶᠢᠨ ᠰᠠᠬᠢᠯᠭ᠎ᠠ ᠪᠠᠲᠤ ᠶᠢᠨ ᠠᠵᠢᠯ ᠤᠨ ᠬᠤᠷᠢᠶ᠎ᠠ ᠶᠢᠨ ᠦᠨᠳᠦᠰᠦᠨ ᠱᠠᠲᠤᠨ ᠤ ᠪᠦᠳᠦᠭᠡᠨ | ᠪᠠᠶᠢᠭᠤᠯᠤᠯᠲᠠ ᠶᠢᠨ ᠪᠠᠶᠢᠳᠠᠯ ᠢ ᠨᠠᠷᠢᠨ ᠤᠶᠢᠯᠭᠠᠵᠤ᠂ ᠬᠠᠮᠢᠶ᠎ᠠ ᠪᠦᠬᠦᠢ ᠠᠵᠢᠯ ᠤᠨ ᠬᠠᠷᠢᠭᠤ ᠮᠡᠳᠡᠭᠦᠯᠦᠯᠲᠡ ᠶᠢ | ᠰᠤᠨᠤᠰᠪᠠ᠃ ᠯᠢᠦ ᠴᠢ ᠹᠠᠨ ᠴᠢᠬᠤᠯᠠᠴᠢᠯᠠᠬᠤ ᠳᠠᠭᠠᠨ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ | ᠪᠣᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠤᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠦᠨᠳᠦᠰᠦᠨ ᠱᠠᠲᠤ ᠬᠦᠷᠲᠡᠯ᠎ᠡ | ᠦᠷᠭᠡᠳᠬᠡᠬᠦ ᠪᠠᠷ ᠴᠢᠷᠮᠠᠶᠢᠵᠤ᠂ ᠤᠯᠠᠨ ᠲᠦᠮᠡᠨ ᠤ ᠳᠡᠷᠭᠡᠳᠡᠬᠢ ᠢᠯᠵᠠᠷᠠᠯ ᠤᠨ ᠠᠰᠠᠭᠤᠳᠠᠯ ᠢ ᠦᠨᠡᠨ ᠬᠦ | ᠰᠢᠢᠳᠪᠦᠷᠢᠯᠡᠵᠦ᠂ ᠨᠠᠮ ᠤᠨ ᠬᠤᠷᠢᠶ᠎ᠠ ᠵᠠᠰᠠᠭ ᠤᠨ ᠣᠷᠳᠣᠨ ᠤ ᠳᠦᠷᠢ ᠲᠥᠷᠬᠦ ᠶᠢ ᠰᠠᠶᠢᠲᠤᠷ ᠪᠤᠢ ᠪᠣᠯᠭᠠᠵᠤ᠂ ᠪᠤᠢ | ᠪᠣᠯᠭᠠᠵᠤ᠂ ᠲᠥᠪ ᠴᠢᠬᠡᠴᠢ ᠰᠤᠷᠲᠠᠯ ᠤᠨ ᠰᠠᠶᠢᠨ ᠰᠠᠶᠢᠬᠠᠨ ᠠᠭᠤᠷ ᠠᠮᠢᠰᠬᠤᠯ ᠲᠠᠢ ᠪᠣᠯᠭᠠᠵᠤ᠂ ᠦᠨᠳᠦᠰᠦᠨ | ᠱᠠᠲᠤᠨ ᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠪᠣᠳᠠᠲᠠᠶ ᠰᠠᠶᠢᠲᠤᠷ ᠠᠳᠬᠤᠵᠤ᠂ ᠥᠷᠭᠡᠨ | ᠤᠯᠠᠨ ᠠᠷᠠᠳ ᠲᠦᠮᠡᠨ ᠳᠤ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠰᠢᠨ᠎ᠡ ᠦᠷ᠎ᠡ ᠪᠦᠲᠦᠮᠵᠢ ᠰᠢᠨ᠎ᠡ | ᠬᠤᠪᠢᠷᠠᠯᠲᠠ ᠶᠢ ᠮᠡᠳᠡᠷᠡᠭᠦᠯᠬᠦ ᠬᠡᠷᠡᠭᠲᠡᠢ ᠭᠡᠪᠡ᠃ | ᠯᠢᠦ ᠴᠢ ᠹᠠᠨ ᠨᠠᠷ ᠪᠠᠰᠠ ᠪᠦᠦ ᠬᠤᠸᠠ ᠸᠠᠨ ᠴᠧᠨ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠬᠠᠨ ᠰᠧᠨ | ᠦᠵᠦᠮ ᠤᠨ ᠠᠷᠢᠬᠢᠨ ᠤ ᠦᠢᠯᠡᠰ ᠤᠨ ᠪᠦᠯᠦᠭᠯᠡᠯ ᠳᠤ ᠬᠦᠷᠴᠦ᠂ ᠦᠬᠠᠶ ᠬᠤᠳᠠ ᠶᠢᠨ ᠬᠡᠯᠪᠡᠷᠢ ᠪᠠᠨ | ᠬᠤᠪᠢᠷᠠᠭᠤᠯᠤᠨ ᠲᠡᠰ ᠳᠡᠪᠰᠢᠭᠦᠯᠬᠦ᠂ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ | ᠬᠦᠭᠵᠢᠯᠲᠡ ᠵᠡᠷᠭᠡ ᠪᠠᠶᠢᠳᠠᠯ ᠢ ᠪᠠᠶᠢᠴᠠᠭᠠᠨ ᠰᠤᠳᠤᠯᠵᠤ ᠪᠠᠶᠢᠴᠠᠭᠠᠨ ᠦᠵᠡᠪᠡ᠃ | ᠦᠬᠠᠢ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠠᠶᠢᠷᠤᠪ ᠤᠨ ᠲᠤᠬᠤᠢ | ᠲᠤᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠯᠢᠦ ᠴᠦᠨ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ | ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ ᠡᠦ ᠹᠧᠩ ᠮᠧᠶ ᠪᠠᠷ᠎ᠠ ᠪᠣᠯᠵᠤ ᠪᠠᠶᠢᠴᠠᠭᠠᠨ | ᠰᠤᠳᠤᠯᠤᠯᠲᠠ ᠬᠢᠪᠡ᠃ |