1~10 ᠳ᠋ᠤᠭᠠᠷ ᠰᠠᠷ᠎ᠠ ᠪᠣᠯᠲᠠᠯ᠎ᠠ᠂ ᠪᠦᠬᠦ ᠣᠷᠣᠨ ᠤ ᠡᠩ ᠤᠨ ᠤᠯᠠᠨ ᠨᠡᠶᠢᠲᠡ ᠶᠢᠨ ᠲᠥᠰᠦᠪ ᠤᠨ | ᠣᠷᠣᠯᠭ᠎ᠠ ᠨᠢ 1636.5 ᠳ᠋ᠦᠩᠰᠢᠭᠤᠷ ᠲᠥᠭᠦᠷᠢᠭ ᠲᠤ ᠬᠦᠷᠴᠦ᠂ ᠣᠨ ᠤ ᠲᠥᠰᠦᠪ ᠤᠨ 78.6% ᠶᠢ | ᠪᠡᠶᠡᠯᠡᠭᠦᠯᠵᠦ᠂ ᠲᠦᠷᠦᠭᠦᠦ ᠵᠢᠯ ᠤᠨ ᠠᠳᠠᠯᠢ ᠬᠤᠭᠤᠴᠠᠭᠠᠨ ᠤ ᠬᠢ ᠠᠴᠠ 51.4 ᠳ᠋ᠦᠩᠰᠢᠭᠤᠷ ᠲᠥᠭᠦᠷᠢᠭ | ᠨᠡᠮᠡᠭᠳᠡᠨ᠂ 3.2% ᠢᠶᠠᠷ ᠨᠡᠮᠡᠭᠳᠡᠪᠡ᠂ ᠬᠡᠷᠪᠡ ︽ᠡᠵᠡᠩᠨᠡᠯᠲᠡ ᠶᠢᠨ ᠭᠠᠶᠢᠯᠢ ᠶᠢ ᠥᠷᠲᠡᠭ ᠨᠡᠮᠡᠭᠳᠡᠯ ᠤᠨ ᠭᠠᠶᠢᠯᠢ | ᠪᠣᠯᠭᠠᠬᠤ ᠥᠭᠡᠷᠡᠴᠢᠯᠡᠯᠲᠡ︾ ᠵᠡᠷᠭᠡ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠦᠷᠦ ᠶᠢᠨ ᠪᠤᠳᠤᠯᠭ᠎ᠠ ᠶᠢᠨ | ᠴᠢᠨᠠᠷᠲᠠᠶ ᠬᠦᠴᠦᠨ ᠵᠦᠢᠯ ᠤᠨ ᠨᠦᠯᠦᠭᠡᠯᠡᠯ ᠢ ᠨᠢ ᠭᠠᠷᠭᠠᠪᠠᠯ᠂ ᠢᠵᠢᠯ ᠲᠥᠷᠥᠯᠵᠢᠯ ᠢᠶᠠᠷ 6.9% ᠨᠡᠮᠡᠭᠳᠡᠪᠡ᠃ | ᠡᠭᠦᠨ ᠳᠤ ᠭᠠᠶᠢᠯᠢ ᠲᠠᠲᠠᠪᠤᠷᠢ ᠶᠢᠨ ᠣᠷᠣᠯᠭ᠎ᠠ ᠨᠢ 1081.8 ᠳ᠋ᠦᠩᠰᠢᠭᠤᠷ ᠲᠥᠭᠦᠷᠢᠭ ᠲᠤ ᠬᠦᠷᠴᠦ᠂ 1% ᠪᠠᠷ | ᠨᠡᠮᠡᠭᠳᠡᠪᠡ ︵ᠢᠵᠢᠯ ᠲᠥᠷᠥᠯᠵᠢᠯ ᠤᠨ ᠨᠡᠮᠡᠭᠳᠡᠯ ᠨᠢ 5.8% ᠪᠣᠯᠣᠨ᠎ᠠ︶︔ ᠭᠠᠶᠢᠯᠢ ᠶᠢᠨ ᠪᠤᠰᠤ ᠣᠷᠣᠯᠭ᠎ᠠ ᠨᠢ | 554.7 ᠳ᠋ᠦᠩᠰᠢᠭᠤᠷ ᠲᠥᠭᠦᠷᠢᠭ ᠲᠤ ᠬᠦᠷᠴᠦ᠂ 7.8% ᠪᠠᠷ ᠨᠡᠮᠡᠭᠳᠡᠪᠡ᠃ ᠪᠦᠬᠦ ᠣᠷᠣᠨ ᠤ ᠡᠩ ᠤᠨ ᠣᠯᠠᠨ | ᠨᠡᠶᠢᠲᠡ ᠶᠢᠨ ᠲᠥᠰᠦᠪ ᠤᠨ ᠵᠠᠷᠤᠯᠭ᠎ᠠ ᠨᠢ 3605.4 ᠳ᠋ᠦᠩᠰᠢᠭᠤᠷ ᠲᠥᠭᠦᠷᠢᠭ ᠲᠤ ᠬᠦᠷᠴᠦ᠂ | ᠲᠣᠬᠢᠷᠠᠭᠤᠯᠤᠭᠰᠠᠨ ᠲᠥᠰᠦᠪ ᠤᠨ 74.3% ᠪᠠᠶᠢᠵᠤ᠂ ᠲᠦᠷᠦᠭᠦᠦ ᠵᠢᠯ ᠤᠨ ᠠᠳᠠᠯᠢ ᠬᠤᠭᠤᠴᠠᠭᠠᠨ ᠤ ᠬᠢ ᠠᠴᠠ | 200.9 ᠳ᠋ᠦᠩᠰᠢᠭᠤᠷ ᠲᠥᠭᠦᠷᠢᠭ ᠨᠡᠮᠡᠭᠳᠡᠨ᠂ 5.9% ᠪᠠᠷ ᠨᠡᠮᠡᠭᠳᠡᠪᠡ᠃ |