| 2016 ᠣᠨ ᠤ ᠥᠪᠥᠷ ᠮᠣᠩᠭᠤᠯ · ᠰᠢᠶᠠᠩᠭᠠᠩ ᠤᠨ ᠭᠤᠣᠯᠳᠠᠯᠭ᠎ᠠ ᠲᠠᠢ ᠲᠥᠷᠥᠯ ᠵᠦᠢᠯ ᠤᠨ | ᠲᠠᠨᠢᠯᠴᠠᠭᠤᠯᠬᠤ ᠬᠤᠷᠠᠯ ᠨᠢ ᠰᠢᠶᠠᠩᠭᠠᠩ ᠤᠨ ᠵᠠᠰᠠᠭ ᠵᠠᠬᠢᠷᠭᠠᠨ ᠤ ᠣᠨᠴᠣᠭᠤᠶ ᠣᠷᠣᠨ ᠳᠤ ᠪᠣᠯᠪᠠ᠃ | 11 ᠳ᠋ᠦ᠋ᠭᠡᠷ ᠰᠠᠷ᠎ᠠ ᠶᠢᠨ 16 ᠤ ᠡᠳᠦᠷ᠂ 2016 ᠣᠨ ᠤ ᠥᠪᠥᠷ ᠮᠣᠩᠭᠤᠯ · ᠰᠢᠶᠠᠩᠭᠠᠩ ᠤᠨ | ᠭᠤᠣᠯᠳᠠᠯᠭ᠎ᠠ ᠲᠠᠢ ᠬᠠᠮᠲᠤᠷᠠᠨ ᠠᠵᠢᠯᠯᠠᠬᠤ ᠲᠥᠷᠥᠯ ᠵᠦᠢᠯ ᠤᠨ ᠲᠠᠨᠢᠯᠴᠠᠭᠤᠯᠬᠤ ᠬᠤᠷᠠᠯ ᠰᠢᠶᠠᠩᠭᠠᠩ ᠳᠤ ᠪᠣᠯᠪᠠ᠃ | | ᠲᠤᠰ ᠤᠳᠠᠭᠠᠨ ᠤ ᠲᠠᠨᠢᠯᠴᠠᠭᠤᠯᠬᠤ ᠬᠤᠷᠠᠯ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠣᠷᠳᠣᠨ ᠠᠴᠠ ᠭᠤᠣᠯᠯᠠᠨ ᠡᠷᠭᠢᠯᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠬᠤᠳᠠᠯᠳᠤᠭᠠᠨ ᠤ ᠶᠠᠪᠤᠳᠠᠯ ᠤᠨ ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠭᠠᠳᠠᠭᠠᠳᠤ ᠲᠠᠢ | ᠶᠠᠪᠤᠯᠴᠠᠬᠤ ᠨᠥᠬᠦᠷᠯᠡᠯ ᠤᠨ ᠨᠡᠶᠢᠭᠡᠮᠯᠢᠭ᠂ ᠠᠵᠤ ᠦᠢᠯᠡᠳᠪᠦᠷᠢ ᠬᠤᠳᠠᠯᠳᠤᠭᠠᠨ ᠤ ᠬᠢᠨ ᠤ ᠬᠤᠯᠪᠣᠭᠠᠲᠤ ᠬᠤᠷᠠᠯ | ᠵᠡᠷᠭᠡ ᠰᠠᠯᠠᠭ᠎ᠠ ᠮᠥᠴᠢᠷ ᠳᠠᠭᠠᠭᠠᠨ ᠬᠢᠪᠡ᠃ ᠲᠠᠨᠢᠯᠴᠠᠭᠤᠯᠬᠤ ᠬᠤᠷᠠᠯ ᠨᠢ ᠬᠤᠶᠠᠷ ᠡᠳᠦᠷ ᠶᠠᠪᠤᠭᠳᠠᠵᠤ᠂ ᠰᠠᠭᠤᠷᠢ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ᠂ ᠵᠢᠭᠤᠯᠴᠢᠯᠠᠯ᠂ ᠪᠣᠬᠢᠷᠲᠤᠯ ᠦᠭᠡᠶ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ᠂ ᠬᠢᠮᠢ ᠶᠢᠨ ᠠᠵᠤ ᠦᠢᠯᠡᠳᠪᠦᠷᠢ᠂ ᠲᠡᠮᠦᠷᠯᠢᠭ ᠬᠠᠶᠢᠯᠤᠭᠤᠯᠬᠤ᠂ | ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠪᠠ ᠦᠢᠯᠡᠴᠢᠯᠡᠭᠡᠨ ᠤ ᠦᠢᠯᠡᠰ | ᠵᠡᠷᠭᠡ ᠬᠦᠷᠢᠶ᠎ᠡ ᠴᠠᠷᠠᠭᠠᠨ ᠳᠤ ᠬᠤᠯᠪᠣᠭᠳᠠᠭᠰᠠᠨ ᠨᠡᠶᠢᠲᠡ 45 ᠬᠠᠮᠲᠤᠷᠠᠯᠴᠠᠭᠠᠨ ᠤ ᠲᠥᠷᠥᠯ ᠵᠦᠢᠯ ᠢ | ᠲᠠᠨᠢᠯᠴᠠᠭᠤᠯᠪᠠ᠃ | ᠲᠠᠨᠢᠯᠴᠠᠭᠤᠯᠬᠤ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ ᠤᠨ ᠡᠷᠬᠢᠯᠡᠭᠴᠢ ᠪᠣᠣ ᠮᠠᠨᠳ᠋ᠨ᠂ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠳᠠᠷᠤᠭ᠎ᠠ ᠰᠦᠨ ᠸᠧᠢ | ᠳ᠋ᠦᠩ᠂ ᠠᠵᠤ ᠠᠬᠤᠶ ᠮᠡᠳᠡᠭᠡ ᠵᠠᠩᠭᠢᠵᠢᠯᠲᠠ ᠶᠢᠨ ᠵᠥᠪᠯᠡᠯ ᠤᠨ ᠡᠷᠬᠢᠯᠡᠭᠴᠢ ᠸᠠᠩ ᠪᠢᠩ ᠵᠢᠶᠦ᠋ᠨ᠂ ᠲᠠᠷᠢᠶᠠᠯᠠᠩ ᠮᠠᠯ | ᠠᠵᠤ ᠠᠬᠤᠶ ᠶᠢᠨ ᠲᠢᠩᠬᠢᠮ ᠤᠨ ᠳᠠᠷᠤᠭ᠎ᠠ ᠭᠦᠸᠧ ᠵᠢᠶᠠᠨ᠂ ᠵᠢᠭᠤᠯᠴᠢᠯᠠᠯ ᠤᠨ ᠲᠣᠪᠴᠢᠶ᠎ᠠ ᠶᠢᠨ ᠲᠣᠭᠤᠷᠢᠨ | ᠪᠠᠶᠢᠴᠠᠭᠠᠭᠴᠢ ᠪᠠᠢ ᠸᠧᠢ ᠵᠡᠷᠭᠡ 5 ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠴᠠ ᠥᠪᠥᠷ ᠮᠣᠩᠭᠤᠯ ᠤᠨ ᠪᠡᠯᠡ | ᠣᠷᠣᠭᠤᠯᠤᠯᠲᠠ ᠶᠢᠨ ᠣᠷᠴᠢᠨ ᠲᠣᠭᠤᠷᠢᠨ ᠪᠣᠯᠤᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠭᠤᠣᠯᠳᠠᠯᠭ᠎ᠠ ᠶᠢ | ᠲᠠᠨᠢᠯᠴᠠᠭᠤᠯᠪᠠ᠃ 12 ᠠᠶᠢᠮᠠᠭ ᠬᠤᠳᠠ ᠶᠢᠨ ᠬᠢᠨ ᠠᠯᠢ ᠤᠯᠠᠨ ᠠᠵᠤ ᠠᠬᠤᠶ ᠠᠷᠠᠯᠵᠢᠶᠠᠨ ᠤ ᠰᠣᠯᠢᠯᠴᠠᠭ᠎ᠠ ᠶᠢᠨ | ᠠᠵᠢᠯᠯᠠᠭ᠎ᠠ ᠶᠢ ᠲᠤᠰ ᠲᠤᠰ ᠥᠷᠨᠢᠭᠦᠯᠪᠡ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠵᠢᠭᠤᠯᠴᠢᠯᠠᠯ ᠤᠨ ᠲᠣᠪᠴᠢᠶ᠎ᠠ ᠠᠴᠠ ︽ᠥᠪᠥᠷ ᠮᠣᠩᠭᠤᠯ ᠤᠨ ᠵᠢᠭᠤᠯᠴᠢᠯᠠᠯ ᠤᠨ ᠦᠵᠡᠮᠵᠢ ᠵᠠᠩ ᠦᠢᠯᠡ ᠶᠢᠨ | ᠦᠵᠡᠭᠦᠯᠦᠯᠭᠡ︾ ᠡᠷᠬᠢᠯᠡᠪᠡ᠃ |