ᠥᠪᠥᠷ ᠮᠣᠩᠭᠤᠯ᠄ 10 ᠶᠡᠭᠡ ᠬᠦᠷᠢᠶᠡᠨ ᠳᠠᠬᠢ 71 ᠲᠥᠷᠥᠯ ᠵᠦᠢᠯ ᠨᠢ ᠠᠷᠪᠠᠨ ᠨᠠᠢᠮᠠᠳᠤᠭᠠᠷ ᠬᠤᠭᠤᠴᠠᠭᠠᠨ ᠤ ᠳᠡᠭᠡᠳᠦ ᠰᠢᠨ᠎ᠡ ᠮᠡᠷᠭᠡᠵᠢᠯ ᠤᠨ ᠪᠦᠲᠦᠭᠡᠭᠳᠡᠬᠦᠨ ᠤ ᠠᠷᠠᠯᠵᠢᠶᠠᠨ ᠤ ᠴᠤᠭᠯᠠᠭᠠᠨ ᠳᠤ ᠨᠢᠭᠤᠷ ᠵᠤᠯᠭᠠᠪᠠ
ᠨᠡᠶᠢᠲᠡᠯᠡᠭᠰᠡᠨ ᠴᠠᠭ᠄
2016/11/17
     11 ᠳ᠋ᠦ᠋ᠭᠡᠷ ᠰᠠᠷ᠎ᠠ ᠶᠢᠨ 16᠎ ᠤ ᠡᠳᠦᠷ᠂ ᠱᠧᠨᠵᠧᠨ ᠤ ᠴᠤᠭᠯᠠᠭᠠᠨ ᠦᠵᠡᠰᠬᠦᠯᠡᠩ ᠤᠨ ᠲᠥᠪ ᠲᠤ ᠠᠷᠪᠠᠨ ᠨᠠᠢᠮᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠣᠯᠠᠨ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠪᠦᠲᠦᠭᠡᠭᠳᠡᠬᠦᠨ ᠤ ᠠᠷᠠᠯᠵᠢᠶᠠᠨ ᠤ ᠴᠤᠭᠯᠠᠭᠠᠨ ᠪᠤᠯᠪᠠ᠂ ᠮᠠᠨ ᠤ ᠣᠷᠣᠨ ᠤ 12 ᠠᠶᠢᠮᠠᠭ ᠬᠤᠲᠠ ᠶᠢᠨ 54 ᠠᠵᠤ ᠠᠬᠤᠶᠢᠯᠠᠯ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠨᠤᠭᠤᠳ ᠪᠦᠯᠬᠦᠮ ᠵᠣᠬᠢᠶᠠᠨ ᠪᠠᠶᠢᠭᠤᠯᠤᠨ ᠳᠡᠯᠭᠡᠨ ᠦᠵᠡᠭᠦᠯᠦᠯᠭᠡ ᠳᠤ ᠤᠷᠤᠯᠴᠠᠪᠠ᠃      ᠲᠤᠰ ᠬᠤᠭᠤᠴᠠᠭᠠᠨ ᠤ ᠳᠡᠭᠡᠳᠦ ᠰᠢᠨ᠎ᠡ ᠮᠡᠷᠭᠡᠵᠢᠯ ᠤᠨ ᠪᠦᠲᠦᠭᠡᠭᠳᠡᠬᠦᠨ ᠤ ᠠᠷᠠᠯᠵᠢᠶᠠᠨ ᠤ ᠴᠤᠭᠯᠠᠭᠠᠨ ᠳᠤ᠂ ᠮᠠᠨ ᠤ ᠤᠷᠤᠨ ᠡᠯ᠎ᠡ ᠲᠥᠷᠥᠯ ᠤᠨ ᠳᠡᠭᠡᠳᠦ ᠰᠢᠨ᠎ᠡ ᠮᠡᠷᠭᠡᠵᠢᠯ ᠤᠨ ᠲᠦᠷᠦᠯ ᠵᠦᠢᠯ᠂ ᠦᠷ᠎ᠡ ᠪᠦᠲᠦᠭᠡᠯ᠂ ᠦᠢᠯᠡᠳᠬᠦᠨ ᠤ 71 ᠵᠦᠢᠯ ᠢ ᠲᠤᠬᠠᠶ ᠶᠢᠨ ᠲᠠᠯᠠᠪᠠᠢ ᠳᠤ ᠳᠡᠯᠭᠡᠨ ᠦᠵᠡᠭᠦᠯᠵᠦ᠂ ᠡᠳᠡᠭᠡᠷ ᠨᠢ ᠡᠭᠦᠯᠡᠨ ᠪᠤᠳᠤᠯᠳᠠ᠂ ᠠᠮᠢᠳᠤ ᠪᠣᠳᠠᠰ ᠤᠨ ᠡᠮ ᠡᠮᠨᠡᠯᠭᠡ᠂ ᠳᠡᠭᠡᠳᠦ ᠲᠡᠰ ᠤᠨ ᠲᠣᠨᠣᠭᠯᠠᠯ ᠦᠢᠯᠡᠳᠬᠦ᠂ ᠮᠡᠳᠡᠭᠡ ᠵᠠᠩᠭᠢ ᠶᠢᠨ ᠮᠡᠷᠭᠡᠵᠢᠯ᠂ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠶ᠂ ᠠᠷᠠᠳ ᠤᠨ ᠠᠮᠢᠳᠤᠷᠠᠯ ᠤᠨ ᠰᠢᠨᠵᠢᠯᠡᠬᠦ ᠤᠬᠠᠭᠠᠨ ᠮᠡᠷᠭᠡᠵᠢᠯ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠡᠯᠧᠺᠲᠷᠣᠨ ᠬᠤᠳᠠᠯᠳᠤᠭᠠᠨ ᠤ ᠶᠠᠪᠤᠳᠠᠯ᠂ ᠡᠨᠧᠷᠭᠢ ᠠᠷᠪᠢᠯᠠᠵᠤ ᠣᠷᠴᠢᠨ ᠲᠤᠭᠤᠷᠢᠨ ᠢ ᠬᠠᠮᠠᠭᠠᠯᠠᠬᠤ ᠵᠡᠷᠭᠡ 10 ᠶᠡᠭᠡ ᠬᠦᠷᠢᠶᠡᠨ ᠳᠤ ᠬᠤᠯᠪᠤᠭᠳᠠᠨ᠎ᠠ᠃ ᠡᠭᠦᠨ ᠳᠤ᠂ ᠪᠸᠢ ᠳ᠋ᠧᠦ ᠨᠡᠷᠡᠮᠵᠢᠲᠦ ᠳᠠᠭᠠᠭᠤᠯᠢ ᠤᠳᠤ ᠪᠠᠷ ᠮᠠᠯᠯᠠᠬᠤ ᠮᠡᠷᠭᠡᠵᠢᠯ ᠳᠤ ᠰᠠᠭᠤᠷᠢᠯᠠᠭᠰᠠᠨ ᠲᠠᠷᠢᠶᠠᠯᠠᠩ ᠮᠠᠯ ᠠᠵᠤ ᠠᠬᠤᠶ ᠶᠢᠨ ᠮᠡᠳᠡᠭᠡ ᠵᠠᠩᠭᠢᠵᠢᠯᠲᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠤᠨ ᠬᠡᠷᠡᠭᠯᠡᠭᠡᠨ ᠢ ᠳᠡᠯᠭᠡᠷᠡᠭᠦᠯᠬᠦ᠂ ᠰᠠᠨᠰᠠᠷ ᠤᠨ ᠡᠭᠦᠯᠡᠨ ᠰᠦᠯᠵᠢᠶᠡᠨ ᠤ ᠲᠠᠪᠴᠠᠩ᠂ ᠲᠤᠭᠠᠴᠢᠯᠠᠭᠰᠠᠨ ᠡᠵᠡᠮᠰᠢᠯᠲᠦ ᠢᠯᠴᠢ ᠬᠠᠩᠭᠠᠬᠤ ᠲᠤᠮᠤ ᠳ᠋ᠠᠶᠢᠲ᠋ᠠ ᠶᠢᠨ ᠡᠭᠦᠯᠡᠨ ᠪᠤᠳᠤᠯᠳᠠ ᠶᠢᠨ ᠠᠵᠢᠯ ᠲᠥᠷᠥᠯ ᠤᠨ ᠡᠨᠧᠷᠬᠢ ᠠᠷᠪᠢᠯᠠᠬᠤ ᠦᠢᠯᠡᠴᠢᠯᠡᠭᠡᠨ ᠤ ᠲᠠᠪᠴᠠᠩ᠂ ᠳᠡᠭᠡᠳᠦ ᠲᠡᠰ ᠤᠨ ᠨᠠᠨᠤᠮᠧᠲᠷ ᠤᠨ ᠬᠤᠪᠣᠷ ᠰᠢᠷᠣᠶ ᠪᠠᠷ ᠭᠢᠯᠠᠶᠢᠯᠭᠠᠬᠤ ᠮᠠᠲ᠋ᠧᠷᠢᠶᠠᠯ᠂ ᠥᠨᠳᠥᠷ ᠢᠯᠴᠢ ᠳᠠᠮᠵᠢᠭᠤᠯᠬᠤ ᠪᠠᠯ ᠴᠢᠯᠠᠭᠤ ᠵᠡᠷᠭᠡ ᠦᠯᠡᠮᠵᠢ ᠤᠯᠠᠨ ᠤᠯᠤᠰ ᠤᠨ ᠳᠣᠲᠣᠭᠠᠳᠤ᠂ ᠤᠯᠠᠨ ᠤᠯᠤᠰ ᠤᠨ ᠲᠡᠷᠢᠭᠦᠨ ᠤ ᠬᠢᠷᠢ ᠲᠦᠪᠰᠢᠨ ᠪᠦᠬᠦᠢ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠪᠦᠲᠦᠭᠡᠭᠳᠡᠬᠦᠨ ᠤ ᠡᠷᠬᠡ ᠶᠢᠨ ᠦᠷ᠎ᠡ ᠪᠦᠲᠦᠭᠡᠯ ᠨᠢ ᠴᠤᠭᠯᠠᠭᠠᠨ ᠳᠤ ᠤᠷᠤᠯᠴᠠᠭᠰᠠᠨ ᠬᠤᠳᠠᠯᠳᠤᠭᠠᠴᠢᠨ ᠪᠠ ᠰᠣᠨᠢᠨ ᠮᠡᠳᠡᠭᠡᠨ ᠤ ᠵᠠᠭᠤᠴᠢᠯᠠᠭᠤᠷ ᠤᠨ ᠠᠩᠬᠠᠷᠤᠯ ᠢ ᠥᠷᠭᠡᠨ ᠢᠶᠠᠷ ᠲᠠᠲᠠᠭᠰᠠᠨ ᠪᠠᠶᠢᠨ᠎ᠠ᠃      ᠲᠤᠰ ᠤᠳᠠᠭᠠᠨ ᠤ ᠳᠡᠭᠡᠳᠦ ᠰᠢᠨ᠎ᠡ ᠮᠡᠷᠭᠡᠵᠢᠯ ᠤᠨ ᠪᠦᠲᠦᠭᠡᠭᠳᠡᠬᠦᠨ ᠤ ᠠᠷᠠᠯᠵᠢᠶᠠᠨ ᠤ ᠴᠤᠭᠯᠠᠭᠠᠨ ᠳᠤ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠪᠠᠰᠠ ᠮᠣᠩᠭᠤᠯ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ ᠯᠤᠭ᠎ᠠ ᠲᠠᠯ᠎ᠠ ᠨᠤᠲᠤᠭ ᠤᠨ ᠲᠣᠷᠭᠠᠨ ᠵᠠᠮ ᠤᠨ ᠳᠤᠮᠳᠠᠳᠤ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠠᠯ᠎ᠠ ᠪᠠᠷ ᠬᠢ ᠬᠠᠮᠲᠤᠷᠠᠭᠰᠠᠨ ᠦᠵᠡᠭᠦᠯᠦᠯᠭᠡ ᠶᠢ ᠠᠩᠬ᠎ᠠ ᠤᠳᠠᠭ᠎ᠠ ᠵᠣᠬᠢᠶᠠᠨ ᠪᠠᠶᠢᠭᠤᠯᠵᠤ᠂ ᠮᠣᠩᠭᠤᠯ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠠᠭᠤᠷᠢ ᠮᠥᠩᠭᠦᠨ ᠤ ᠺᠣᠮᠢᠰ᠂ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠭᠦᠷ᠂ ᠮᠠᠯ ᠠᠵᠤ ᠠᠬᠤᠶ ᠶᠢᠨ ᠡᠷᠳᠡᠮ ᠰᠢᠨᠵᠢᠯᠡᠭᠡᠨ ᠤ ᠰᠤᠳᠤᠯᠭᠠᠨ ᠤ ᠬᠦᠷᠢᠶᠡᠯᠡᠩ ᠵᠡᠷᠭᠡ ᠨᠢᠭᠡᠴᠡ ᠶᠢᠨ ᠤᠯᠠᠨ ᠵᠦᠢᠯ ᠤᠨ ᠳᠡᠭᠡᠳᠦ ᠰᠢᠨ᠎ᠡ ᠮᠡᠷᠭᠡᠵᠢᠯ ᠤᠳ ᠢ ᠲᠤᠰ ᠬᠤᠭᠤᠴᠠᠭᠠᠨ ᠤ ᠳᠡᠭᠡᠳᠦ ᠰᠢᠨ᠎ᠡ ᠮᠡᠷᠭᠡᠵᠢᠯ ᠤᠨ ᠪᠦᠲᠦᠭᠡᠭᠳᠡᠬᠦᠨ ᠤ ᠠᠷᠠᠯᠵᠢᠶᠠᠨ ᠤ ᠴᠤᠭᠯᠠᠭᠠᠨ ᠳᠤ ᠬᠠᠮᠲᠤ ᠪᠠᠷ ᠳᠡᠯᠭᠡᠨ ᠦᠵᠡᠭᠦᠯᠪᠡ᠃ ᠲᠤᠰ ᠡᠳᠦᠷ ᠤᠨ ᠦᠳᠡ ᠶᠢᠨ ᠡᠮᠦᠨ᠎ᠡ ᠪᠠᠰᠠ ᠲᠤᠬᠠᠢ ᠶᠢᠨ ᠲᠠᠯᠠᠪᠠᠢ ᠳᠤ ᠳᠤᠮᠳᠠᠳᠤ ᠮᠣᠩᠭᠤᠯ ᠤᠨ ᠣᠯᠠᠨ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠬᠠᠮᠲᠤᠷᠠᠯᠴᠠᠭᠠᠨ ᠤ ᠲᠥᠷᠥᠯ ᠵᠦᠢᠯ ᠤᠨ ᠭᠡᠷ᠎ᠡ ᠲᠣᠭᠲᠠᠬᠤ ᠶᠣᠰᠣᠯᠠᠯ ᠶᠠᠪᠤᠭᠳᠠᠵᠤ᠂ ᠳᠤᠮᠳᠠᠳᠤ ᠮᠣᠩᠭᠤᠯ ᠬᠤᠶᠠᠷ ᠲᠠᠯ᠎ᠠ ᠪᠠᠷ ᠢᠶᠠᠨ ᠲᠤᠬᠠᠶ ᠶᠢᠨ ᠲᠠᠯᠠᠪᠠᠢ ᠳᠤ ᠪᠸᠢ ᠳ᠋ᠸᠤ ᠳᠠᠭᠠᠭᠤᠯᠢ ᠤᠳᠤ ᠪᠠᠷ ᠮᠠᠯᠯᠠᠬᠤ ᠮᠡᠷᠭᠡᠵᠢᠯ ᠳᠠᠬᠢ ᠲᠠᠯ᠎ᠠ ᠨᠤᠲᠤᠭ ᠤᠨ ᠮᠡᠳᠡᠭᠡ ᠵᠠᠩᠭᠢᠵᠢᠯᠲᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢᠨ ᠲᠦᠷᠦᠯ ᠵᠦᠢᠯ᠂ ᠰᠦᠨ ᠬᠦᠴᠢᠯ ᠤᠨ ᠪᠠᠺᠲ᠋ᠧᠷᠢ ᠢᠶᠠᠷ ᠢᠰᠭᠡᠭᠰᠡᠨ ᠢᠳᠡᠭᠡᠨ ᠪᠤᠯᠤᠨ ᠡᠷᠡᠭᠦᠯ ᠮᠡᠨᠳᠦ ᠶᠢ ᠬᠠᠮᠠᠭᠠᠯᠠᠬᠤ ᠦᠢᠯᠡᠳᠬᠦᠨ ᠢ ᠰᠤᠳᠤᠯᠤᠨ ᠨᠡᠭᠡᠭᠡᠬᠦ ᠪᠠ ᠦᠢᠯᠡᠳᠪᠦᠷᠢᠯᠡᠬᠦ ᠲᠥᠷᠥᠯ ᠵᠦᠢᠯ ᠂ ᠴᠡᠭᠡ ᠶᠢᠨ ᠪᠦᠲᠦᠭᠡᠭᠳᠡᠬᠦᠨ ᠢ ᠰᠤᠳᠤᠯᠤᠨ ᠨᠡᠭᠡᠭᠡᠬᠦ ᠵᠢᠴᠢ ᠵᠠᠩᠭᠢᠯᠠᠭ᠎ᠠ ᠪᠣᠯᠬᠤ ᠨᠡᠶᠢᠲᠡᠴᠢ ᠴᠢᠨᠠᠷᠲᠠᠶ ᠮᠡᠷᠭᠡᠵᠢᠯ ᠢ ᠬᠠᠮᠲᠤᠷᠠᠨ ᠰᠢᠪᠲᠤᠯᠬᠤ ᠲᠦᠷᠦᠯ ᠵᠦᠢᠯ ᠪᠤᠯᠬᠤ 3 ᠵᠦᠢᠯ ᠤᠨ ᠬᠠᠮᠲᠤᠷᠠᠨ ᠠᠵᠢᠯᠯᠠᠬᠤ ᠬᠡᠯᠡᠯᠴᠡᠭᠡᠷ ᠲᠤ ᠭᠠᠷ ᠤᠨ ᠦᠰᠦᠭ ᠵᠢᠷᠤᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号