ᠥᠪᠥᠷ ᠵᠠᠰᠠᠭ ᠠᠯᠪᠠᠨ ᠲᠠᠷᠬᠠᠭᠠᠭᠰᠠᠨ ﹇2016﹈ 1 ᠳ᠋ᠤᠭᠡᠷ ᠲᠤᠭᠠᠳᠤ | 4 ᠳ᠋ᠣᠭᠡᠷ ᠰᠠᠷ᠎ᠠ ᠶᠢᠨ 7 ᠤ ᠡᠳᠣᠷ | | | ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠡ ᠳᠤ᠄ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠳᠥᠭᠦᠮ ᠪᠦᠳᠦᠴᠡᠳᠦ | ᠣᠷᠣᠨ ᠰᠠᠭᠤᠴᠠ ᠶᠢᠨ ᠲᠣᠭᠤᠷᠢᠭ ᠢ ᠦᠭᠡᠷᠡᠴᠢᠯᠡᠨ ᠰᠢᠨᠡᠣᠡᠭᠡᠭᠦ ᠦᠢᠯᠡᠴᠢᠯᠡᠭᠡ ᠬᠤᠳᠠᠯᠳᠤᠨ ᠠᠪᠬᠤ ᠶᠢᠨ | ᠬᠠᠮᠢᠶᠠᠷᠤᠯᠲᠠ ᠶᠢᠨ ᠠᠷᠭ᠎ᠠ︾ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ | ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠤ ᠲᠠᠢ ᠪᠠᠨ ᠤᠶᠠᠯᠳᠤᠭᠤᠯᠵᠤ᠂ | ᠬᠢᠨᠠᠮᠠᠭᠠᠶ ᠲᠤᠤᠱᠯᠠᠭᠤᠯᠤᠨ ᠬᠡᠷᠡᠭᠵᠢᠭᠦᠯᠲᠦᠭᠡᠶ᠃ | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ | ᠳᠥᠭᠦᠮ ᠪᠦᠳᠣᠴᠡᠳᠣ ᠣᠷᠣᠨ ᠰᠠᠭᠤᠴᠨ ᠶᠢᠨ ᠲᠣᠭᠤᠷᠢᠭ ᠢ ᠦᠭᠡᠷᠡᠴᠢᠯᠡᠨ | ᠰᠢᠨᠡᠣᠡᠭᠡᠭᠦ ᠦᠢᠯᠡᠴᠢᠯᠡᠭᠡ ᠬᠤᠳᠠᠯᠳᠤᠨ ᠠᠪᠬᠤ ᠶᠢᠨ ᠬᠠᠮᠢᠶᠠᠷᠤᠯᠲᠠ ᠶᠢᠨ ᠠᠷᠭ᠎ᠠ | | | ᠨᠢᠭᠡᠳᠦᠭᠡᠷ ᠪᠦᠯᠦᠭ ᠶᠡᠷᠦᠩᠬᠡᠶ ᠳᠦᠷᠢᠮ | | | ᠨᠢᠭᠡᠳᠦᠭᠡᠷ ᠵᠦᠢᠯ ᠵᠠᠰᠠᠭ ᠤᠨ ᠣᠷᠳᠣᠨ ᠤ ᠡᠭᠦᠷᠭᠡ ᠴᠢᠳᠠᠪᠣᠷᠢ ᠶᠢ ᠤᠯᠠᠮ ᠨᠢᠭᠡ ᠠᠯᠬᠤᠮ ᠬᠤᠪᠢᠷᠠᠭᠤᠯᠵᠤ᠂ | ᠨᠡᠶᠢᠭᠡᠮ ᠤᠨ ᠬᠦᠴᠦᠨ ᠤ ᠳᠥᠭᠦᠮ ᠪᠦᠳᠣᠴᠡᠳᠣ ᠣᠷᠣᠨ ᠰᠠᠭᠤᠴᠨ ᠶᠢᠨ ᠲᠣᠭᠤᠷᠢᠭ ᠢ ᠦᠭᠡᠷᠡᠴᠢᠯᠡᠨ | ᠰᠢᠨᠡᠣᠡᠭᠡᠭᠦ ᠳᠤ ᠣᠷᠣᠯᠴᠠᠬᠤ ᠶᠢ ᠬᠥᠲᠥᠯᠥᠨ ᠵᠢᠯᠣᠭᠤᠳᠴᠤ ︵ᠳᠣᠷᠣᠭᠰᠢ ᠳᠥᠭᠦᠮ ᠪᠦᠳᠦᠴᠡᠳᠦ ᠣᠷᠣᠨ | ᠰᠠᠭᠤᠴᠠ ᠶᠢ ᠦᠭᠡᠷᠡᠴᠢᠯᠡᠨ ᠰᠢᠨᠡᠣᠡᠭᠡᠭᠦ ᠭᠡᠵᠣ ᠲᠣᠪᠴᠢᠯᠠᠨ᠎ᠠ︶᠂ ᠵᠠᠰᠠᠭ ᠤᠨ ᠣᠷᠳᠣᠨ ᠳᠥᠭᠦᠮ ᠪᠦᠳᠦᠴᠡᠳᠦ | ᠣᠷᠣᠨ ᠰᠠᠭᠤᠴᠠ ᠶᠢ ᠦᠭᠡᠷᠡᠴᠢᠯᠡᠭᠦ ᠦᠢᠯᠡᠴᠢᠯᠡᠭᠡ ᠬᠤᠳᠠᠯᠳᠤᠨ ᠠᠪᠬᠤ ᠠᠵᠢᠯ ᠢ ᠠᠬᠢᠭᠤᠯᠣᠨ᠂ ᠳᠥᠭᠦᠮ | ᠪᠦᠳᠦᠴᠡᠳᠦ ᠣᠷᠣᠨ ᠰᠠᠭᠤᠴᠠ ᠶᠢ ᠦᠭᠡᠷᠡᠴᠢᠯᠡᠭᠦ ᠠᠵᠢᠯ ᠳᠤ ᠨᠡᠩ ᠰᠠᠶᠢᠨ ᠪᠣᠳᠠᠲᠤ ᠦᠷ᠎ᠡ ᠪᠦᠲᠦᠮᠵᠢ ᠣᠯᠬᠤ ᠶᠢ | ᠠᠬᠢᠭᠤᠯᠵᠣ᠂ ︽ᠬᠤᠲᠠ ᠪᠠᠯᠭᠠᠰᠣ ᠶᠢᠨ ᠳᠥᠭᠦᠮ ᠪᠦᠳᠦᠴᠡᠳᠦ ᠣᠷᠣᠨ ᠰᠠᠭᠤᠴᠠ ᠪᠠ ᠬᠤᠲᠠ ᠬᠥᠳᠡᠭᠡ ᠶᠢᠨ | ᠨᠤᠷᠠᠬᠤ ᠠᠶᠤᠯᠲᠠᠶ ᠭᠡᠷ ᠪᠠᠶᠢᠰᠢᠩ ᠢ ᠦᠭᠡᠷᠡᠴᠢᠯᠡᠨ ᠰᠢᠨᠡᠣᠡᠭᠡᠭᠦ ᠵᠢᠴᠢ ᠢᠵᠢ ᠪᠦᠷᠢᠳᠦᠭᠰᠡᠨ ᠰᠠᠭᠤᠷᠢ | ᠪᠡᠯᠡᠣᠡᠭᠡᠮᠵᠢ ᠶᠢᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠲᠦᠷᠦ ᠶᠢᠨ | ᠶᠠᠪᠤᠳᠠᠯ ᠤᠨ ᠬᠤᠷᠢᠶ᠎ᠠ ᠶᠢᠨ ᠬᠤᠯᠪᠣᠭᠳᠠᠯ ᠪᠦᠬᠦᠢ ᠠᠵᠢᠯ ᠤᠨ ᠰᠠᠨᠠᠯ︾ ︵ᠲᠥᠷᠥ ᠲᠠᠷᠬᠠᠭᠠᠭᠰᠠᠨ ﹇2015﹈ | 37 ᠳ᠋ᠤᠭᠠᠷ ᠲᠣᠭᠠᠲᠤ︶᠂ ︽︿ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠶᠢᠨ ᠬᠠᠮᠢᠶᠠᠷᠤᠯᠲᠠ ᠶᠢᠨ | ᠠᠷᠭ᠎ᠠ ︵ᠲᠦᠷ ᠬᠡᠷᠡᠭᠵᠢᠭᠦᠯᠬᠦ︶﹀ ᠶᠢ ᠲᠠᠷᠣᠮᠠᠯᠯᠠᠨ ᠶᠠᠪᠣᠭᠤᠯᠬᠤ ᠲᠤᠬᠠᠶ ᠡᠳ᠋ ᠤᠨ ᠵᠠᠰᠠᠭ ᠤᠨ ᠶᠠᠮᠤᠨ ᠠᠷᠠᠳ ᠤᠨ | ᠶᠠᠪᠤᠳᠠᠯ ᠤᠨ ᠶᠠᠮᠤᠨ ᠠᠵᠣ ᠦᠢᠯᠡᠳᠪᠦᠷᠢ ᠬᠤᠳᠠᠯᠳᠤᠭᠠᠨ ᠤ ᠶᠡᠷᠦᠩᠬᠡᠶ ᠲᠣᠪᠴᠢᠶ᠎ᠠ ᠶᠢᠨ ᠮᠡᠳᠡᠭᠳᠡᠯ︾ ︵ᠡᠳ᠋ | ᠶᠡᠷᠣᠩᠬᠡᠶᠢᠯᠡᠭᠰᠠᠨ ﹇2014﹈ 96 ᠳ᠋ᠤᠭᠠᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠣᠷᠳᠣᠨ ᠨᠡᠶᠢᠭᠡᠮ ᠤᠨ ᠬᠦᠴᠦᠨ ᠠᠴᠠ ᠦᠢᠯᠡᠴᠢᠯᠡᠭᠡ ᠬᠤᠳᠠᠯᠳᠤᠨ ᠠᠪᠬᠤ ᠶᠢᠨ | ᠬᠠᠮᠢᠶᠠᠷᠤᠯᠲᠠ ᠶᠢᠨ ᠠᠷᠭ᠎ᠠ︾ ︵ᠥᠪᠥᠷ ᠵᠠᠰᠠᠭ ᠠᠯᠪᠠᠨ ᠲᠠᠷᠬᠠᠭᠠᠭᠰᠠᠨ ﹇2015﹈ 154 ᠳ᠋ᠣᠭᠡᠷ ᠲᠣᠭᠠᠳᠣ︶ | ᠶᠢ ᠦᠨᠳᠣᠰᠣᠯᠡᠵᠣ᠂ ᠮᠠᠨ ᠤ ᠣᠷᠣᠨ ᠤ ᠪᠣᠳᠠᠳᠠᠢ ᠲᠠᠢ ᠪᠠᠨ ᠤᠶᠠᠯᠳᠤᠭᠤᠯᠵᠤ᠂ ᠲᠤᠰ ᠠᠷᠭ᠎ᠠ ᠶᠢ | ᠲᠣᠭᠲᠠᠭᠠᠪᠠ᠃ | ᠬᠤᠶᠠᠳᠤᠭᠠᠷ ᠵᠦᠢᠯ ᠲᠤᠰ ᠠᠷᠭ᠎ᠠ ᠳᠤ ᠬᠡᠯᠡᠵᠦ ᠪᠠᠶᠢᠭ᠎ᠠ ᠵᠠᠰᠠᠭ ᠤᠨ ᠣᠷᠳᠣᠨ ᠳᠥᠭᠦᠮ ᠪᠦᠳᠦᠴᠡᠳᠦ | ᠣᠷᠣᠨ ᠰᠠᠭᠤᠴᠠ ᠶᠢ ᠦᠭᠡᠷᠡᠴᠢᠯᠡᠨ ᠰᠢᠨᠡᠣᠡᠭᠡᠭᠦ ᠦᠢᠯᠡᠴᠢᠯᠡᠭᠡ ᠬᠤᠳᠠᠯᠳᠤᠨ ᠠᠪᠬᠤ ᠭᠡᠳᠡᠭ ᠨᠢ᠂ ᠵᠠᠬ᠎ᠠ | ᠳᠡᠯᠭᠡᠭᠦᠷ ᠤᠨ ᠲᠣᠭᠲᠠᠴᠠ ᠶᠢᠨ ᠦᠢᠯᠡᠳᠦᠯ ᠢ ᠪᠠᠳᠠᠷᠠᠭᠤᠯᠬᠤ ᠪᠠᠷ ᠳᠠᠮᠵᠢᠭᠤᠯᠤᠨ᠂ ᠵᠠᠰᠠᠭ ᠤᠨ ᠣᠷᠳᠣᠨ ᠤ | ᠡᠭᠦᠷᠭᠡᠯᠡᠪᠡᠰᠣ ᠵᠣᠬᠢᠬᠤ ᠳᠥᠭᠦᠮ ᠪᠦᠳᠦᠴᠡᠳᠦ ᠣᠷᠣᠨ ᠰᠠᠭᠤᠴᠠ ᠶᠢ ᠦᠭᠡᠷᠡᠴᠢᠯᠡᠭᠦ ᠭᠠᠵᠠᠷ ᠰᠢᠷᠣᠢ ᠲᠠᠲᠠᠪᠤᠷᠢᠯᠠᠨ | ᠨᠤᠷᠠᠭᠠᠵᠤ ᠨᠡᠭᠦᠯᠭᠡᠬᠦ ᠦᠢᠯᠡᠴᠢᠯᠡᠭᠡ᠂ ᠪᠦᠳᠦᠭᠡᠨ ᠪᠠᠶᠢᠭᠤᠯᠬᠤ ᠪᠤᠶᠤ ᠲᠥᠪᠬᠢᠨᠡᠭᠦᠯᠬᠦ ᠣᠷᠣᠨ ᠰᠠᠭᠤᠴᠠ | ᠴᠣᠭᠯᠠᠭᠤᠯᠬᠤ᠂ ᠵᠤᠭᠤᠰᠵᠢᠭᠤᠯᠣᠨ ᠲᠥᠪᠬᠢᠨᠡᠭᠦᠯᠭᠦ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠰᠠᠭᠤᠷᠢ | ᠪᠡᠯᠡᠣᠡᠭᠡᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠶᠢᠨ ᠠᠵᠢᠯ ᠢ ᠲᠣᠭᠲᠠᠭᠰᠠᠨ ᠠᠷᠭ᠎ᠠ ᠮᠠᠶ᠋ᠢᠭ ᠪᠠ ᠳᠡᠰ | ᠳᠠᠷᠠᠭᠠᠯᠠᠯ ᠶᠣᠰᠣᠭᠠᠷ᠂ ᠨᠥᠬᠦᠴᠡᠯ ᠪᠦᠷᠢᠯᠳᠦᠭᠦᠯᠣᠭ᠍ᠰᠡᠨ ᠨᠡᠶᠢᠭᠡᠮ ᠤᠨ ᠬᠦᠴᠦᠨ ᠳᠤ ᠲᠤᠰᠢᠶᠠᠨ ᠡᠭᠦᠷᠭᠡᠯᠡᠭᠦᠯᠬᠦ ᠶᠢᠨ | ᠬᠠᠮᠳᠣ᠂ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠵᠠᠰᠠᠭ ᠤᠨ ᠣᠷᠳᠣᠨ ᠤ ᠳᠥᠭᠦᠮ ᠪᠦᠳᠦᠴᠡᠳᠦ ᠣᠷᠣᠨ | ᠰᠠᠭᠤᠴᠠ ᠶᠢ ᠦᠭᠡᠷᠡᠴᠢᠯᠡᠭᠦ ᠦᠢᠯᠡᠴᠢᠯᠡᠭᠡ ᠬᠤᠳᠠᠯᠳᠤᠨ ᠠᠪᠬᠤ ᠭᠤᠣᠯ ᠴᠣᠭᠴᠠ ︵ᠳᠣᠷᠣᠭᠰᠢ ᠳᠥᠭᠦᠮ | ᠪᠦᠳᠦᠴᠡᠳᠦ ᠣᠷᠣᠨ ᠰᠠᠭᠤᠴᠠ ᠶᠢ ᠦᠭᠡᠷᠡᠴᠢᠯᠡᠭᠦ ᠶᠢᠨ ᠬᠤᠳᠠᠯᠳᠤᠨ ᠠᠪᠬᠤ ᠭᠤᠣᠯ ᠴᠣᠭᠴᠠ ᠭᠡᠵᠣ ᠲᠣᠪᠴᠢᠯᠠᠨ᠎ᠠ︶ | ᠯᠤᠭ᠎ᠠ ᠬᠠᠮᠲᠦᠷᠠᠯᠴᠠᠨ ᠭᠡᠷ᠎ᠡ ᠶᠢᠨ ᠪᠣᠯᠵᠣᠯ ᠢ ᠦᠨᠳᠦᠰᠦᠯᠡᠨ᠂ ᠵᠠᠰᠠᠭ ᠤᠨ ᠣᠷᠳᠣᠨ ᠤ ᠳᠥᠭᠦᠮ ᠪᠦᠳᠦᠴᠡᠳᠦ | ᠣᠷᠣᠨ ᠰᠠᠭᠤᠴᠠ ᠶᠢ ᠦᠭᠡᠷᠡᠴᠢᠯᠡᠭᠦ ᠦᠢᠯᠡᠴᠢᠯᠡᠭᠡ ᠶᠢ ᠬᠤᠳᠠᠯᠳᠤᠨ ᠠᠪᠬᠤ ᠶᠢ ᠳᠠᠭᠠᠭᠠᠨ ᠠᠪᠬᠤ ᠭᠤᠣᠯ | ᠴᠣᠭᠴᠠ ︵ᠳᠣᠷᠣᠭᠰᠢ ᠳᠥᠭᠦᠮ ᠪᠦᠳᠦᠴᠡᠳᠦ ᠣᠷᠣᠨ ᠰᠠᠭᠤᠴᠠ ᠶᠢ ᠦᠭᠡᠷᠡᠴᠢᠯᠡᠭᠦ ᠶᠢ ᠳᠠᠭᠠᠭᠠᠨ ᠠᠪᠬᠤ ᠭᠤᠣᠯ | ᠴᠣᠭᠴᠨ ᠬᠡᠵᠣ ᠲᠣᠪᠴᠢᠯᠠᠨ᠎ᠠ︶ ᠳᠤ ᠵᠠᠷᠤᠳᠠᠯ ᠥᠭᠬᠦ ᠨᠢᠭᠡ ᠵᠦᠢᠯ ᠤᠨ ᠠᠵᠢᠯ ᠤᠨ ᠵᠠᠭᠪᠣᠷ ᠢ ᠵᠢᠭᠠᠨ᠎ᠠ᠃ ᠳᠥᠭᠦᠮ | ᠪᠦᠳᠦᠴᠡᠳᠦ ᠣᠷᠣᠨ ᠰᠠᠭᠤᠴᠠ ᠶᠢ ᠦᠭᠡᠷᠡᠴᠢᠯᠡᠭᠦ ᠦᠢᠯᠡᠴᠢᠯᠡᠭᠡ ᠬᠤᠳᠠᠯᠳᠤᠨ ᠠᠪᠬᠤ ᠬᠦᠷᠢᠶ᠎ᠡ ᠬᠡᠪᠴᠢᠶ᠎ᠠ ᠳᠤ | ᠰᠢᠨ᠎ᠡ ᠪᠠᠷ ᠪᠠᠶᠢᠭᠤᠯᠬᠤ ᠳᠥᠭᠦᠮ ᠪᠦᠳᠦᠴᠡᠳᠦ ᠣᠷᠣᠨ ᠰᠠᠭᠤᠴᠠ ᠶᠢ ᠦᠭᠡᠷᠡᠴᠢᠯᠡᠭᠦ ᠲᠥᠷᠥᠯ ᠵᠦᠢᠯ ᠳᠠᠬᠢ ᠢᠵᠢ | ᠪᠦᠷᠢᠳᠦᠭᠦᠯᠦᠨ ᠪᠦᠳᠦᠭᠡᠨ ᠪᠠᠶᠢᠭᠤᠯᠬᠤ ᠲᠠᠸᠠᠷ ᠤᠨ ᠭᠡᠷ ᠪᠠᠶᠢᠰᠢᠩ ᠵᠢᠴᠢ ᠡᠵᠡᠩᠨᠡᠯᠲᠡ ᠶᠢᠨ ᠴᠢᠨᠠᠷᠲᠠᠶ ᠰᠠᠭᠤᠷᠢ | ᠪᠡᠯᠡᠣᠡᠭᠡᠮᠵᠢ ᠪᠠᠭᠲᠠᠬᠤ ᠦᠭᠡᠢ᠃ | ᠭᠤᠷᠪᠠᠳᠤᠭᠠᠷ ᠵᠦᠢᠯ ᠵᠠᠰᠠᠭ ᠤᠨ ᠣᠷᠳᠣᠨ ᠳᠥᠭᠦᠮ ᠪᠦᠳᠦᠴᠡᠳᠦ ᠣᠷᠣᠨ ᠰᠠᠭᠤᠴᠠ ᠶᠢ ᠦᠭᠡᠷᠡᠴᠢᠯᠡᠭᠦ | ᠦᠢᠯᠡᠴᠢᠯᠡᠭᠡ ᠬᠤᠳᠠᠯᠳᠤᠨ ᠠᠪᠬᠤ ᠳᠤ ᠵᠠᠰᠠᠭ ᠤᠨ ᠣᠷᠳᠣᠨ ᠭᠤᠣᠯᠯᠠᠬᠤ᠂ ᠰᠢᠨᠵᠢᠯᠡᠬᠦ ᠤᠬᠠᠭᠠᠨᠴᠢ ᠪᠠᠷ | ᠲᠣᠬᠢᠷᠠᠭᠤᠯᠬᠤ᠂ ᠢᠳᠡᠪᠬᠢᠲᠡᠶ ᠪᠥᠭᠡᠳ ᠯᠠᠪᠳᠠᠭᠤᠨ᠂ ᠡᠮᠬᠢ ᠵᠢᠷᠤᠮ ᠲᠠᠢ ᠶᠠᠪᠣᠭᠳᠠᠭᠤᠯᠬᠤ᠂ ᠢᠯᠡ ᠪᠠᠷ | ᠰᠢᠯᠢᠳᠡᠭ ᠢ ᠨᠢ ᠰᠣᠩᠭᠤᠬᠤ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠬᠤ᠂ ᠥᠭᠡᠷᠡᠴᠢᠯᠡᠵᠣ ᠰᠢᠨ᠎ᠡ ᠶᠢ | ᠡᠭᠦᠳᠬᠦ᠂ ᠲᠣᠭᠲᠠᠴᠠ ᠪᠠᠨ ᠲᠡᠭᠦᠯᠳᠡᠷᠵᠢᠭᠦᠯᠬᠦ ᠵᠠᠷᠴᠢᠮ ᠢ ᠵᠢᠷᠣᠮᠯᠠᠨ᠂ ᠣᠯᠠᠨ ᠨᠡᠶᠢᠲᠡᠴᠢ ᠴᠢᠨᠠᠷ ᠪᠠ ᠨᠡᠶᠢᠲᠡ ᠶᠢᠨ | ᠠᠰᠠᠷᠠᠮᠵᠢ ᠶᠢᠨ ᠴᠢᠨᠠᠷ ᠢ ᠲᠣᠪᠤᠶᠢᠯᠭᠠᠵᠣ᠂ ᠥᠷᠭᠡᠨ ᠤᠯᠡᠨ ᠠᠷᠠᠳ ᠲᠦᠮᠡᠨ ᠳᠤ ᠴᠢᠨᠠᠷ ᠰᠠᠶᠢᠲᠠᠶ ᠥᠨᠳᠥᠷ ᠦᠷ᠎ᠡ | ᠪᠦᠲᠦᠮᠵᠢᠲᠡᠶ ᠳᠥᠭᠦᠮ ᠪᠦᠳᠦᠴᠡᠳᠦ ᠣᠷᠣᠨ ᠰᠠᠭᠤᠴᠠ ᠶᠢ ᠦᠭᠡᠷᠡᠴᠢᠯᠡᠨ ᠰᠢᠨᠡᠣᠡᠭᠡᠭᠦ ᠦᠢᠯᠡᠴᠢᠯᠡᠭᠡ ᠶᠢ ᠴᠢᠷᠮᠠᠶᠢᠨ | ᠬᠠᠩᠭᠠᠨ᠎ᠠ᠃ | | ᠬᠤᠶᠠᠳᠤᠭᠠᠷ ᠪᠦᠯᠦᠭ ᠬᠤᠳᠠᠯᠳᠤᠨ ᠠᠪᠬᠤ ᠭᠤᠣᠯ ᠴᠣᠭᠴᠠ ᠪᠠ ᠳᠠᠭᠠᠭᠠᠨ ᠠᠪᠬᠤ ᠭᠤᠣᠯ ᠴᠣᠭᠴᠠ | | ᠳᠥᠷᠪᠡᠳᠦᠭᠡᠷ ᠵᠦᠢᠯ ᠳᠥᠭᠦᠮ ᠪᠦᠳᠦᠴᠡᠳᠦ ᠣᠷᠣᠨ ᠰᠠᠭᠤᠴᠠ ᠶᠢ ᠦᠭᠡᠷᠡᠴᠢᠯᠡᠨ ᠰᠢᠨᠡᠣᠡᠭᠡᠭᠦ ᠶᠢ | ᠬᠤᠳᠠᠯᠳᠤᠨ ᠠᠪᠬᠤ ᠭᠤᠣᠯ ᠴᠣᠭᠴᠠ ᠬᠡᠳᠡᠭ ᠨᠢ ᠡᠩ ᠤᠨ ᠪᠠᠶᠢᠳᠠᠯ ᠲᠣᠣᠷ᠎ᠡ ᠲᠣᠰ ᠱᠠᠲᠤᠨ ᠤ ᠠᠷᠠᠳ ᠤᠨ | ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ ᠳᠥᠭᠦᠮ ᠪᠦᠳᠦᠴᠡᠳᠦ ᠣᠷᠣᠨ ᠰᠠᠭᠤᠴᠠ ᠶᠢ ᠦᠭᠡᠷᠡᠴᠢᠯᠡᠭᠦ | ᠦᠢᠯᠡᠴᠢᠯᠡᠭᠡ ᠬᠤᠳᠠᠯᠳᠤᠨ ᠠᠪᠬᠤ ᠶᠢ ᠬᠡᠷᠡᠭᠵᠢᠭᠦᠯᠭᠦ ᠵᠠᠰᠠᠭ ᠵᠠᠬᠢᠷᠭᠠᠨ ᠤ ᠪᠠᠶᠢᠭᠤᠯᠭ᠎ᠠ ᠪᠣᠯᠤᠨ ᠵᠠᠰᠠᠭ ᠵᠠᠬᠢᠷᠭᠠᠨ ᠤ | ᠬᠠᠮᠢᠶᠠᠷᠤᠯᠲᠠ ᠶᠢᠨ ᠡᠭᠦᠷᠭᠡ ᠴᠢᠳᠠᠪᠤᠷᠢ ᠲᠠᠢ ᠠᠵᠢᠯ ᠦᠢᠯᠡᠰ ᠤᠨ ᠨᠢᠭᠡᠴᠨ ᠶᠢ ᠵᠢᠭᠠᠨ᠎ᠠ᠃ ᠡᠯ᠎ᠡ ᠱᠠᠲᠤᠨ ᠤ | ᠠᠷᠠᠳ ᠤᠨ ᠵᠠᠰᠠᠭ ᠤᠨ ᠣᠷᠳᠣᠨ ᠨᠢ ᠪᠠᠰᠨ ᠲᠡᠭᠦᠨ ᠤ ᠬᠠᠷᠢᠶᠠᠳᠣ ᠣᠷᠣᠨ ᠰᠠᠭᠤᠴᠠ ᠶᠢᠨ ᠪᠠᠲᠤᠯᠠᠭ᠎ᠠ ᠶᠢᠨ | ᠬᠠᠮᠢᠶᠠᠷᠤᠯᠲᠠ ᠶᠢᠨ ᠪᠠᠶᠢᠭᠤᠯᠤᠮᠵᠢ᠂ ᠳᠥᠭᠦᠮ ᠪᠦᠳᠦᠴᠡᠳᠦ ᠣᠷᠣᠨ ᠰᠠᠭᠤᠴᠠ ᠶᠢ ᠦᠭᠡᠷᠡᠴᠢᠯᠡᠨ ᠰᠢᠨᠡᠣᠡᠭᠡᠭᠦ | ᠠᠯᠪᠠᠨ ᠭᠡᠷ ᠵᠡᠷᠭᠡ ᠨᠢᠭᠡᠴᠨ ᠳᠤ ᠡᠷᠬᠡ ᠣᠯᠭᠤᠨ ᠵᠠᠰᠠᠭ ᠤᠨ ᠣᠷᠳᠣᠨ ᠤ ᠳᠥᠭᠦᠮ ᠪᠦᠳᠦᠴᠡᠳᠦ ᠣᠷᠣᠨ | ᠰᠠᠭᠤᠴᠠ ᠶᠢ ᠦᠭᠡᠷᠡᠴᠢᠯᠡᠨ ᠰᠢᠨᠡᠣᠡᠭᠡᠭᠦ ᠦᠢᠯᠡᠴᠢᠯᠡᠭᠡ ᠶᠢ ᠬᠤᠳᠠᠯᠳᠤᠨ ᠠᠪᠬᠤ ᠭᠤᠣᠯ ᠴᠣᠭᠴᠠ ᠪᠣᠯᠭᠠᠵᠣ | ᠪᠣᠯᠣᠨ᠎ᠠ᠃ | ᠲᠠᠪᠤᠳᠤᠭᠠᠷ ᠵᠦᠢᠯ ᠳᠥᠭᠦᠮ ᠪᠦᠳᠦᠴᠡᠳᠦ ᠣᠷᠣᠨ ᠰᠠᠭᠤᠴᠠ ᠶᠢ ᠦᠭᠡᠷᠡᠴᠢᠯᠡᠭᠦ ᠶᠢ ᠳᠠᠭᠠᠭᠠᠨ ᠠᠪᠬᠤ | ᠭᠤᠤᠯ ᠴᠣᠭᠴᠠ ᠬᠡᠳᠡᠭ ᠨᠢ ᠤᠯᠤᠰ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠦᠢᠯᠡᠴᠢᠯᠡᠭᠡ | ᠬᠤᠳᠠᠯᠳᠤᠨ ᠠᠪᠬᠤ ᠲᠤᠬᠠᠶ ᠬᠠᠮᠢᠶ᠎ᠠ ᠪᠥᠬᠦᠢ ᠱᠠᠭᠠᠷᠳᠠᠯᠭ᠎ᠠ ᠳᠤ ᠨᠠᠶᠢᠴᠡᠭᠰᠡᠨ ᠳᠥᠭᠦᠮ ᠪᠦᠳᠦᠴᠡᠳᠦ ᠣᠷᠣᠨ | ᠰᠠᠭᠤᠴᠠ ᠶᠢ ᠦᠭᠡᠷᠡᠴᠢᠯᠡᠭᠦ ᠲᠥᠷᠥᠯ ᠵᠦᠢᠯ ᠤᠨ ᠦᠢᠯᠡᠴᠢᠯᠡᠭᠡ ᠬᠠᠩᠭᠠᠬᠤ ᠬᠤᠳᠠᠯᠳᠤᠭᠠᠴᠢᠨ ᠢ ᠵᠢᠭᠠᠵᠣ ᠪᠤᠢ᠂ | ᠡᠭᠦᠨ ᠳᠤ ᠠᠵᠣ ᠦᠢᠯᠡᠳᠪᠦᠷᠢ ᠬᠤᠳᠠᠯᠳᠤᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠪᠤᠶᠤ ᠠᠵᠢᠯ ᠲᠦᠷᠦᠯ ᠤᠨ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠬᠠᠤᠯᠢ ᠶᠣᠰᠣᠭᠠᠷ ᠳᠠᠩᠰᠠᠯᠠᠭᠤᠯᠣᠨ ᠪᠠᠶᠢᠭᠤᠯᠣᠭᠰᠠᠨ ᠠᠵᠤ | ᠠᠬᠤᠶᠢᠯᠠᠯ ᠢ ᠪᠠᠭᠳᠠᠭᠠᠨ᠎ᠠ᠂ ᠤᠯᠠᠨ ᠵᠦᠢᠯ ᠤᠨ ᠥᠮᠴᠢᠯᠡᠯᠳᠣ ᠠᠵᠤ ᠠᠬᠤᠶᠢᠯᠠᠯ ᠤᠨ ᠳᠥᠭᠦᠮ ᠪᠦᠳᠦᠴᠡᠳᠦ ᠣᠷᠣᠨ | ᠰᠠᠭᠤᠴᠠ ᠶᠢ ᠦᠭᠡᠷᠡᠴᠢᠯᠡᠭᠦ ᠶᠢ ᠳᠠᠭᠠᠭᠠᠨ ᠠᠪᠬᠤ ᠭᠤᠣᠯ ᠴᠣᠭᠴᠨ ᠶᠢᠨ ᠬᠤᠪᠢ ᠪᠠᠷ ᠳᠥᠭᠦᠮ ᠪᠦᠳᠦᠴᠡᠳᠦ | ᠣᠷᠣᠨ ᠰᠠᠭᠤᠴᠠ ᠶᠢ ᠦᠭᠡᠷᠡᠴᠢᠯᠡᠭᠦ ᠡᠭᠦᠷᠭᠡ ᠶᠢ ᠳᠠᠭᠠᠭᠠᠨ ᠠᠪᠬᠤ ᠶᠢ ᠵᠣᠷᠢᠬᠵᠢᠭᠤᠯᠣᠨ᠎ᠠ᠃ | ᠵᠢᠷᠭᠤᠳᠤᠭᠠᠷ ᠵᠦᠢᠯ ᠨᠢᠭᠡᠨᠲᠡ ᠤᠳᠤ ᠦᠶ᠎ᠡ ᠶᠢᠨ ᠠᠵᠤ ᠠᠬᠤᠶᠢᠯᠠᠯ ᠤᠨ ᠲᠦᠷᠢᠮ ᠢ ᠪᠠᠶᠢᠭᠤᠯᠵᠣ᠂ ᠵᠠᠬ᠎ᠠ | ᠳᠡᠯᠭᠡᠭᠦᠷᠴᠢᠯᠡᠨ ᠡᠵᠡᠩᠨᠡᠭᠦ ᠶᠢ ᠪᠡᠶᠡᠯᠡᠭᠦᠯᠦᠭᠰᠡᠨ ᠤ ᠬᠠᠮᠳᠤ᠂ ᠬᠠᠣᠯᠢ ᠳᠤ ᠨᠠᠶᠢᠴᠡᠭᠰᠠᠨ ᠳᠡᠰ ᠳᠠᠷᠠᠭᠠᠯᠠᠯ ᠢᠶᠠᠷ | ᠳᠡᠮᠵᠢᠨ ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠠᠪᠴᠤ ᠪᠡᠯᠡ ᠲᠣᠬᠢᠷᠠᠭᠤᠯᠬᠤ ᠡᠭᠦᠷᠭᠡ | ᠴᠢᠳᠠᠪᠤᠷᠢ ᠶᠢ ᠳᠠᠬᠢᠵᠣ ᠦᠯᠣ ᠡᠭᠦᠷᠭᠡᠯᠡᠭᠦ ᠪᠠᠷ ᠲᠣᠳᠣᠷᠬᠠᠢ ᠵᠠᠷᠯᠠᠭᠰᠠᠨ ᠡᠯ᠎ᠡ ᠱᠠᠲᠤᠨ ᠤ ᠵᠠᠰᠠᠭ ᠤᠨ ᠣᠷᠳᠣᠨ ᠤ | ᠪᠡᠯᠡ ᠳᠤᠬᠢᠷᠠᠭᠤᠯᠭ᠎ᠠ ᠶᠢᠨ ᠳᠠᠪᠴᠠᠩ ᠨᠢ ᠳᠠᠭᠠᠭᠠᠨ ᠠᠪᠬᠤ ᠭᠤᠣᠯ ᠴᠣᠭᠴᠨ ᠶᠢᠨ ᠬᠤᠪᠢ ᠪᠠᠷ ᠳᠥᠭᠦᠮ | ᠪᠦᠳᠦᠴᠡᠳᠦ ᠣᠷᠣᠨ ᠰᠠᠭᠤᠴᠠ ᠶᠢ ᠦᠭᠡᠷᠡᠴᠢᠯᠡᠭᠦ ᠡᠭᠦᠷᠭᠡ ᠶᠢ ᠳᠠᠭᠠᠭᠠᠨ ᠠᠪᠴᠣ ᠪᠣᠯᠤᠨ᠎ᠠ᠃ | ᠳᠣᠯᠣᠳᠤᠭᠠᠷ ᠵᠦᠢᠯ ᠳᠥᠭᠦᠮ ᠪᠦᠳᠦᠴᠡᠳᠦ ᠣᠷᠣᠨ ᠰᠠᠭᠤᠴᠠ ᠶᠢ ᠦᠭᠡᠷᠡᠴᠢᠯᠡᠭᠦ ᠶᠢ ᠳᠠᠭᠠᠭᠠᠨ ᠠᠪᠬᠤ | ᠭᠤᠣᠯ ᠴᠣᠭᠴᠠ ᠨᠢ ᠳᠣᠣᠷᠠᠬᠢ ᠦᠨᠳᠦᠰᠦᠨ ᠨᠥᠬᠦᠴᠡᠯ ᠢ ᠪᠦᠷᠢᠯᠳᠦᠭᠦᠯᠦᠭᠰᠡᠨ ᠪᠠᠶᠢᠬᠤ ᠬᠡᠷᠡᠭᠲᠡᠶ᠄ | ︵ᠨᠢᠭᠡ︶ ᠬᠠᠤᠯᠢ ᠶᠣᠰᠣᠭᠠᠷ ᠪᠠᠶᠢᠭᠤᠯᠤᠭᠰᠠᠨ᠂ ᠢᠷᠭᠡᠨ ᠤ ᠬᠡᠷᠡᠭ ᠤᠨ ᠬᠠᠷᠢᠭᠤᠴᠠᠯᠭ᠎ᠠ ᠶᠢ ᠪᠡᠶ᠎ᠡ ᠪᠠᠨ | ᠳᠠᠭᠠᠭᠠᠵᠤ ᠡᠭᠦᠷᠭᠡᠯᠡᠬᠦ ᠴᠢᠳᠠᠪᠤᠷᠢ ᠲᠠᠢ ᠬᠠᠤᠯᠢ ᠶᠢᠨ ᠡᠷᠭᠡᠳᠠᠨ ᠤ ᠪᠣᠳᠠᠲᠤ ᠴᠣᠭᠴᠠ ᠪᠠᠶᠢᠬᠤ︔ | ︵ᠬᠤᠶᠠᠷ︶ ᠵᠠᠰᠠᠬᠤ ᠪᠦᠲᠦᠴᠡ ᠨᠢ ᠪᠦᠷᠢᠨ ᠲᠡᠭᠦᠯᠳᠡᠷ᠂ ᠳᠣᠲᠣᠭᠠᠳᠤ ᠶᠢᠨ ᠬᠠᠮᠢᠶᠠᠷᠤᠯᠲᠠ ᠪᠠ ᠬᠢᠨᠠᠯᠲᠠ | ᠲᠠᠯᠪᠢᠬᠤ ᠲᠦᠷᠢᠮ ᠨᠢ ᠲᠡᠭᠦᠯᠳᠡᠷ ᠪᠠᠶᠢᠬᠤ︔ | ︵ᠭᠤᠷᠪᠠ︶ ᠪᠡᠶ᠎ᠡ ᠪᠠᠨ ᠳᠠᠭᠠᠭᠠᠭᠰᠠᠨ᠂ ᠪᠦᠷᠢᠨ ᠳᠡᠭᠦᠯᠳᠡᠷ ᠡᠳ᠋ ᠤᠨ ᠶᠠᠪᠤᠳᠠᠯ ᠤᠨ ᠬᠠᠮᠢᠶᠠᠷᠤᠯᠲᠠ᠂ | ᠨᠢᠭᠲᠠᠯᠠᠨ ᠪᠤᠳᠦᠵᠣ ᠲᠣᠭᠠᠴᠠᠭ᠎ᠠ ᠬᠢᠭᠦ ᠪᠠ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠲᠦᠷᠢᠮ ᠲᠠᠢ ᠪᠠᠶᠢᠬᠤ︔ | ︵ᠳᠥᠷᠪᠡ︶ ᠳᠥᠭᠦᠮ ᠪᠦᠳᠦᠴᠡᠳᠦ ᠣᠷᠣᠨ ᠰᠠᠭᠤᠴᠠ ᠶᠢ ᠦᠭᠡᠷᠡᠴᠢᠯᠡᠨ ᠰᠢᠨᠡᠣᠡᠭᠡᠭᠦ ᠦᠢᠯᠡᠴᠢᠯᠡᠭᠡ | ᠬᠠᠩᠭᠠᠬᠤ ᠳᠤ ᠵᠠᠪᠠᠯ ᠱᠠᠭᠠᠷᠳᠠᠭᠳᠠᠬᠤ ᠪᠡᠯᠡᠣᠡᠭᠡᠮᠵᠢ᠂ ᠠᠵᠢᠯᠳᠠᠨ ᠪᠠ ᠲᠤᠰᠬᠠᠶ ᠮᠡᠷᠭᠡᠵᠢᠯ ᠤᠨ ᠴᠢᠳᠠᠪᠤᠷᠢ ᠲᠠᠢ | ᠪᠠᠶᠢᠬᠤ︔ | ︵ᠲᠠᠪᠤ︶ ᠭᠠᠶᠢᠯᠢ ᠲᠠᠲᠠᠪᠤᠷᠢ ᠪᠠ ᠨᠡᠶᠢᠭᠡᠮ ᠤᠨ ᠪᠠᠲᠤᠯᠠᠭ᠎ᠠ ᠶᠢᠨ ᠪᠡᠯᠡ ᠮᠥᠩᠭᠦ ᠶᠢ ᠬᠠᠤᠯᠢ ᠶᠣᠰᠣᠭᠠᠷ | ᠲᠤᠰᠢᠶᠠᠭᠰᠠᠨ ᠰᠠᠶᠢᠨ ᠲᠡᠮᠳᠡᠭᠯᠡᠯ ᠲᠠᠢ ᠪᠠᠶᠢᠬᠤ︔ | ︵ᠵᠢᠷᠭᠤᠭ᠎ᠠ︶ ᠲᠦᠷᠦᠭᠦᠦ ᠭᠤᠷᠪᠠᠨ ᠵᠢᠯ ᠤᠨ ᠳᠣᠲᠣᠷ᠎ᠠ ᠬᠦᠨᠳᠦ ᠶᠡᠭᠡ ᠬᠠᠤᠯᠢ ᠠᠴᠠ ᠵᠥᠷᠢᠴᠡᠭᠰᠡᠨ | ᠲᠡᠮᠳᠡᠭᠯᠡᠯ ᠪᠠᠶᠢᠬᠤ ᠦᠭᠡᠢ᠂ ᠣᠨ ᠤ ᠪᠠᠶᠢᠴᠠᠭᠠᠯᠲᠠ ︵ᠮᠡᠳᠡᠭᠦᠯᠣᠯᠳᠠ︶ ᠪᠠᠷ ᠳᠡᠮᠵᠢᠨ᠂ ᠬᠢᠷᠢ ᠴᠢᠳᠠᠮᠵᠢ ᠶᠢ ᠨᠢ | ᠬᠢᠨᠠᠨ ᠪᠠᠶᠢᠴᠠᠭᠠᠳ ᠬᠢᠷᠢ ᠲᠡᠩᠴᠡᠭᠰᠡᠨ᠂ ᠨᠡᠶᠢᠭᠡᠮ ᠤᠨ ᠢᠲᠡᠭᠡᠮᠵᠢ ᠰᠠᠶᠢᠲᠠᠶ ᠪᠠᠶᠢᠵᠣ᠂ ᠡᠵᠡᠩᠨᠡᠯᠲᠡ ᠨᠢ ᠬᠡᠪ ᠤᠨ | ᠪᠤᠰᠤ ᠨᠡᠷᠡᠰ ᠤᠨ ᠵᠢᠭᠰᠠᠭᠠᠯᠳᠠ ᠪᠤᠶᠤ ᠬᠦᠨᠳᠦ ᠨᠣᠴᠢᠲᠠᠶ ᠬᠠᠤᠯᠢ ᠠᠴᠠ ᠵᠥᠷᠢᠴᠡᠭᠰᠡᠨ ᠠᠵᠤ ᠠᠬᠤᠶᠢᠯᠠᠯ ᠤᠨ | ᠨᠠᠷᠡᠰ ᠲᠤ ᠦᠯᠣ ᠵᠢᠭᠰᠠᠭᠠᠭᠳᠠᠭᠰᠠᠨ ᠪᠠᠶᠢᠬᠤ︔ | ︵ᠲᠤᠯᠤᠭ᠎ᠠ︶ ᠤᠯᠤᠰ ᠤᠨ ᠬᠤᠯᠪᠣᠭᠳᠠᠯ ᠪᠦᠬᠦᠢ ᠵᠠᠰᠠᠭ ᠵᠠᠬᠢᠷᠭᠠᠨ ᠪᠠ ᠠᠵᠢᠯ ᠦᠢᠯᠡᠰ ᠢ ᠰᠠᠯᠭᠠᠬᠤ᠂ | ᠵᠠᠰᠠᠭ ᠵᠠᠭᠢᠷᠭᠠᠨ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠰᠠᠯᠭᠠᠬᠤ᠂ ᠵᠠᠰᠠᠭ ᠵᠠᠬᠢᠷᠭᠠᠨ ᠪᠠ ᠠᠵᠤ | ᠠᠬᠤᠶᠢᠯᠠᠯ ᠢ ᠰᠠᠯᠭᠠᠬᠤ ᠱᠠᠭᠠᠷᠳᠠᠯᠭ᠎ᠠ ᠳᠤ ᠨᠠᠶᠢᠴᠡᠭᠰᠡᠨ ᠪᠠᠶᠢᠬᠤ︔ | ︵ᠨᠠᠢᠮᠨ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠳᠠᠭᠠᠭᠰᠠᠨ ᠵᠢᠴᠢ ᠦᠢᠯᠡᠴᠢᠯᠡᠭᠡ ᠬᠤᠳᠠᠯᠳᠤᠨ | ᠠᠪᠬᠤ ᠲᠦᠷᠣᠯ ᠵᠦᠢᠯ ᠳᠤ ᠱᠠᠭᠠᠷᠳᠠᠭᠰᠠᠨ ᠪᠤᠰᠤᠳ ᠨᠥᠬᠦᠴᠡᠯ ᠲᠠᠢ ᠪᠠᠶᠢᠬᠤ᠃ | ᠵᠠᠰᠠᠭ ᠤᠨ ᠣᠷᠳᠣᠨ ᠤ ᠳᠥᠭᠦᠮ ᠪᠦᠳᠦᠴᠡᠳᠦ ᠣᠷᠣᠨ ᠰᠠᠭᠤᠴᠠ ᠶᠢ ᠦᠭᠡᠷᠡᠴᠢᠯᠡᠭᠦ ᠦᠢᠯᠡᠴᠢᠯᠡᠭᠡ ᠶᠢ | ᠬᠤᠳᠠᠯᠳᠤᠨ ᠠᠪᠬᠤ ᠶᠢ ᠪᠣᠳᠠᠳᠠᠢ ᠳᠠᠭᠠᠭᠠᠨ ᠠᠪᠬᠤ ᠨᠦᠭᠦᠴᠡᠯ ᠢ ᠪᠤᠯ᠂ ᠲᠤᠬᠠᠶ ᠶᠢᠨ ᠭᠠᠵᠠᠷ ᠤᠨ ᠳᠥᠭᠦᠮ | ᠪᠦᠳᠦᠴᠡᠳᠦ ᠣᠷᠣᠨ ᠰᠠᠭᠤᠴᠠ ᠶᠢ ᠦᠭᠡᠷᠡᠴᠢᠯᠡᠭᠦ ᠶᠢ ᠬᠤᠳᠠᠯᠳᠤᠨ ᠠᠪᠬᠤ ᠭᠤᠣᠯ ᠴᠣᠭᠴᠠ ᠠᠴᠠ ᠬᠥᠭᠵᠢᠭᠦᠯᠦᠯᠲᠡ | ᠥᠭᠡᠷᠡᠴᠢᠯᠡᠯᠲᠡ᠂ ᠡᠳ᠋ ᠤᠨ ᠵᠠᠰᠠᠭ ᠤᠨ ᠰᠠᠯᠠᠭ᠎ᠠ ᠮᠥᠴᠢᠷ ᠯᠦᠭᠡ ᠬᠠᠮᠲᠦᠷᠠᠯᠴᠠᠨ ᠵᠠᠰᠠᠭ ᠤᠨ ᠣᠷᠳᠣᠨ ᠤ ᠳᠥᠭᠦᠮ | ᠪᠦᠳᠦᠴᠡᠳᠦ ᠣᠷᠣᠨ ᠰᠠᠭᠤᠴᠠ ᠶᠢ ᠦᠭᠡᠷᠡᠴᠢᠯᠡᠭᠦ ᠦᠢᠯᠡᠴᠢᠯᠡᠭᠡᠨ ᠤ ᠲᠥᠷᠥᠯ ᠵᠦᠢᠯ ᠢ ᠬᠤᠳᠠᠯᠳᠣᠨ ᠠᠪᠬᠤ | ᠱᠠᠭᠠᠷᠳᠠᠯᠭ᠎ᠠ ᠶᠢ ᠦᠨᠳᠦᠰᠦᠯᠡᠨ᠂ ᠲᠤᠰ ᠭᠠᠵᠠᠷ ᠣᠷᠣᠨ ᠤ ᠪᠣᠳᠠᠲᠠᠶ ᠪᠠᠶᠢᠳᠠᠯ ᠲᠠᠢ ᠪᠠᠨ ᠤᠶᠠᠯᠳᠤᠭᠤᠯᠤᠨ | ᠲᠣᠭᠲᠠᠭᠠᠨ᠎ᠠ᠃ | | ᠭᠤᠷᠪᠠᠳᠤᠭᠠᠷ ᠪᠦᠯᠦᠭ ᠬᠤᠳᠠᠯᠳᠤᠨ ᠠᠪᠬᠤ ᠠᠭᠤᠯᠭ᠎ᠠ | | ᠨᠠᠢᠮᠠᠳᠣᠭᠠᠷ ᠵᠦᠢᠯ ᠵᠠᠰᠠᠭ ᠤᠨ ᠣᠷᠳᠣᠨ ᠤ ᠳᠥᠭᠦᠮ ᠪᠦᠳᠦᠴᠡᠳᠦ ᠣᠷᠣᠨ ᠰᠠᠭᠤᠴᠠ ᠶᠢ ᠦᠭᠡᠷᠡᠴᠢᠯᠡᠭᠦ | ᠦᠢᠯᠡᠴᠢᠯᠡᠭᠡ ᠶᠢ ᠬᠤᠳᠠᠯᠳᠤᠨ ᠠᠪᠬᠤ ᠳᠤ ᠭᠤᠣᠯᠳᠠᠭᠤ ᠲᠣᠣᠷᠠᠬᠢ ᠠᠭᠤᠯᠭ᠎ᠠ ᠶᠢ ᠪᠠᠭᠳᠠᠭᠠᠨ᠎ᠠ᠄ | ︵ᠨᠢᠭᠡ︶ ᠰᠠᠭᠤᠭᠠᠯᠢ ᠠᠷᠠᠳ ᠤᠨ ᠳᠥᠭᠦᠮ ᠪᠦᠳᠦᠴᠡᠳᠦ ᠣᠷᠣᠨ ᠰᠠᠭᠤᠴᠠ ᠪᠠᠨ ᠦᠭᠡᠷᠡᠴᠢᠯᠡᠭᠦ ᠬᠦᠰᠡᠯ | ᠰᠠᠨᠠᠭ᠎ᠠ ᠶᠢ ᠡᠷᠦᠭᠡ ᠳᠤ ᠣᠴᠢᠵᠣ ᠪᠠᠶᠢᠴᠠᠭᠠᠯᠳᠠ ᠬᠢᠭᠦ︔ | ︵ᠬᠤᠶᠠᠷ︶ ᠳᠥᠭᠦᠮ ᠪᠦᠳᠦᠴᠡᠳᠦ ᠣᠷᠣᠨ ᠰᠠᠭᠤᠴᠠ ᠶᠢ ᠦᠭᠡᠷᠡᠴᠢᠯᠡᠭᠦ ᠲᠦᠷᠣᠯ ᠵᠦᠢᠯ ᠤᠨ ᠪᠣᠯᠤᠮᠵᠢᠲᠤ | ᠨᠤᠲᠠᠯᠠᠯᠳᠠ ᠭᠢᠭᠦ ᠵᠢᠴᠢ ᠬᠢᠨᠠᠨ ᠦᠨᠡᠯᠡᠭᠦ︔ | ︵ᠭᠤᠷᠪᠠ︶ ᠳᠥᠭᠦᠮ ᠪᠦᠳᠦᠴᠡᠳᠦ ᠣᠷᠣᠨ ᠰᠠᠭᠤᠴᠠ ᠶᠢ ᠦᠭᠡᠷᠡᠴᠢᠯᠡᠭᠦ ᠲᠦᠷᠦᠯ ᠵᠦᠢᠯ ᠤᠨ ᠭᠠᠵᠠᠷ | ᠰᠢᠷᠣᠢ ᠲᠠᠲᠠᠪᠤᠷᠢᠯᠠᠨ ᠨᠤᠷᠠᠭᠠᠵᠤ ᠨᠡᠭᠦᠯᠭᠡᠬᠦ ᠦᠢᠯᠡᠴᠢᠯᠡᠭᠡ︔ | ︵ᠲᠦᠷᠪᠡ︶ ᠳᠥᠭᠦᠮ ᠪᠦᠳᠦᠴᠡᠳᠦ ᠣᠷᠣᠨ ᠰᠠᠭᠤᠴᠠ ᠶᠢ ᠦᠭᠡᠷᠡᠴᠢᠯᠡᠭᠦ ᠳᠤ ᠲᠥᠪᠬᠢᠨᠡᠭᠦᠯᠬᠦ ᠣᠷᠣᠨ | ᠰᠠᠭᠤᠴᠠ ︵ᠪᠤᠶᠤ ᠪᠡᠯᠡ ᠮᠥᠩᠭᠦ︶ ᠶᠢ ᠴᠤᠭᠯᠠᠭᠤᠯᠬᠤ ︵ᠰᠢᠨ᠎ᠡ ᠪᠠᠷ ᠪᠠᠶᠢᠭᠤᠯᠬᠤ᠂ ᠬᠤᠳᠠᠯᠳᠤᠨ ᠠᠪᠬᠤ᠂ | ᠲᠦᠷᠢᠶᠡᠰᠦᠯᠡᠬᠦ᠂ ᠥᠭᠡᠷᠡᠴᠢᠯᠡᠵᠣ ᠦᠷᠭᠡᠣᠡᠭᠡᠨ ᠪᠠᠶᠢᠭᠤᠯᠬᠤ᠂ ᠵᠤᠭᠤᠰᠵᠢᠭᠤᠯᠣᠨ ᠲᠥᠪᠬᠢᠨᠡᠭᠦᠯᠬᠦ ᠵᠡᠷᠭᠡ ᠠᠷᠭ᠎ᠠ | ᠮᠠᠶ᠋ᠢᠭ ᠪᠠᠭᠳᠠᠨ᠎ᠠ︶︔ | ︵ᠲᠠᠪᠤ︶ ᠳᠥᠭᠦᠮ ᠪᠦᠳᠦᠴᠡᠳᠦ ᠣᠷᠣᠨ ᠰᠠᠭᠤᠴᠠ ᠶᠢ ᠦᠭᠡᠷᠡᠴᠢᠯᠡᠭᠦ ᠣᠷᠣᠨ ᠲᠣᠭᠤᠷᠢᠭ ᠤᠨ | ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠢᠵᠢ ᠪᠦᠷᠢᠳᠦᠭᠰᠡᠨ ᠰᠠᠭᠤᠷᠢ ᠪᠡᠯᠡᠣᠡᠭᠡᠮᠵᠢ ᠶᠢᠨ ᠪᠦᠳᠣᠭᠡᠨ ᠪᠠᠶᠢᠭᠤᠯᠤᠯᠲᠠ᠃ | ᠵᠠᠰᠠᠭ ᠤᠨ ᠣᠷᠳᠣᠨ ᠤ ᠳᠥᠭᠦᠮ ᠪᠦᠳᠦᠴᠡᠳᠦ ᠣᠷᠣᠨ ᠰᠠᠭᠤᠴᠠ ᠶᠢ ᠦᠭᠡᠷᠡᠴᠢᠯᠡᠭᠦ ᠦᠢᠯᠡᠴᠢᠯᠡᠭᠡ ᠬᠤᠳᠠᠯᠳᠤᠨ | ᠠᠪᠬᠤ ᠠᠭᠤᠯᠭ᠎ᠠ ᠳᠤ ᠠᠵᠤ ᠠᠬᠤᠶ ᠨᠡᠶᠢᠭᠡᠮ ᠤᠨ ᠬᠥᠭᠵᠢᠯᠲᠡ ᠬᠤᠪᠢᠷᠠᠯᠲᠠ᠂ ᠵᠠᠰᠠᠭ ᠤᠨ ᠣᠷᠳᠣᠨ ᠤ ᠡᠭᠦᠷᠭᠡ | ᠴᠢᠳᠠᠪᠤᠷᠢ ᠶᠢ ᠬᠤᠪᠢᠷᠠᠭᠤᠯᠬᠤ ᠵᠢᠴᠢ ᠤᠯᠠᠨ ᠨᠡᠶᠢᠲᠡ ᠶᠢᠨ ᠬᠡᠷᠡᠭᠴᠡᠭᠡ ᠱᠠᠭᠠᠷᠳᠠᠯᠭ᠎ᠠ ᠵᠡᠷᠭᠡ ᠪᠠᠶᠢᠳᠠᠯ ᠢ | ᠦᠨᠳᠦᠰᠦᠯᠡᠵᠦ ᠴᠠᠭ ᠲᠤᠬᠠᠶ ᠳᠤᠨᠢ ᠬᠥᠳᠡᠯᠦᠩᠭᠦᠶ ᠲᠤᠬᠢᠷᠠᠭᠤᠯᠤᠯᠳᠠ ᠬᠢᠵᠣ ᠪᠣᠯᠣᠨ᠎ᠠ᠃ | | ᠳᠥᠷᠪᠡᠳᠦᠭᠡᠷ ᠪᠦᠯᠦᠭ ᠬᠤᠳᠠᠯᠳᠤᠨ ᠠᠪᠬᠤ ᠳᠡᠰ ᠳᠠᠷᠠᠭᠠᠯᠠᠯ | | ᠶᠢᠰᠦᠳᠦᠭᠡᠷ ᠵᠦᠢᠯ ᠲᠦᠷᠣᠯ ᠵᠦᠢᠯ ᠢ ᠲᠣᠭᠲᠠᠭᠠᠨ᠎ᠠ᠃ ᠡᠯ᠎ᠡ ᠭᠠᠵᠠᠷ ᠣᠷᠣᠨ ᠤ ᠳᠥᠭᠦᠮ ᠪᠦᠳᠦᠴᠡᠳᠦ | ᠣᠷᠣᠨ ᠰᠠᠭᠤᠴᠠ ᠶᠢ ᠦᠭᠡᠷᠡᠴᠢᠯᠡᠭᠦ ᠶᠢ ᠬᠤᠳᠠᠯᠳᠤᠨ ᠠᠪᠬᠤ ᠭᠤᠣᠯ ᠴᠣᠭᠴᠠ ᠨᠢ ᠲᠤᠰ ᠵᠠᠰᠠᠭ ᠵᠠᠬᠢᠷᠭᠠᠨ | ᠣᠷᠣᠨ ᠤ ᠬᠡᠪᠴᠢᠶᠠᠨ ᠳᠣᠲᠣᠷᠠᠬᠢ ᠥᠪᠡᠷᠲᠡᠭᠡᠨ ᠵᠠᠰᠠᠬᠤ ᠣᠷᠣᠨ ᠤ ᠳᠥᠭᠦᠮ ᠪᠦᠳᠦᠴᠡᠳᠦ ᠣᠷᠣᠨ ᠰᠠᠭᠤᠴᠠ ᠶᠢ | ᠦᠭᠡᠷᠡᠴᠢᠯᠡᠭᠦ ᠲᠥᠯᠥᠪᠵᠢᠭᠦᠯᠭᠡ ᠳᠤ ᠣᠷᠣᠭᠤᠯᠣᠭᠰᠠᠨ ᠣᠨ ᠤ ᠳᠥᠭᠦᠮ ᠪᠦᠳᠦᠴᠡᠳᠦ ᠣᠷᠣᠨ ᠰᠠᠭᠤᠴᠠ ᠶᠢ | ᠦᠭᠡᠷᠡᠴᠢᠯᠡᠭᠦ ᠡᠭᠦᠷᠭᠡ ᠶᠢ ᠦᠨᠳᠦᠰᠦᠯᠡᠨ᠂ ᠠᠳᠠᠯᠢ ᠱᠠᠲᠤᠨ ᠤ ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ | ᠵᠠᠰᠠᠭ ᠵᠡᠷᠭᠡ ᠰᠠᠯᠠᠭ᠎ᠠ ᠮᠥᠴᠢᠷ ᠯᠦᠭᠡ ᠬᠠᠮᠲᠦᠷᠠᠯᠴᠠᠨ ᠵᠠᠰᠠᠭ ᠤᠨ ᠣᠷᠳᠣᠨ ᠤ ᠳᠥᠭᠦᠮ ᠪᠦᠳᠦᠴᠡᠳᠦ ᠣᠷᠣᠨ | ᠰᠠᠭᠤᠴᠠ ᠶᠢ ᠦᠭᠡᠷᠡᠴᠢᠯᠡᠭᠦ ᠦᠢᠯᠡᠴᠢᠯᠡᠭᠡ ᠬᠤᠳᠠᠯᠳᠤᠨ ᠠᠪᠬᠤ ᠲᠦᠷᠣᠯ ᠵᠦᠢᠯ ᠢ ᠰᠣᠩᠭᠤᠵᠤ ᠲᠣᠭᠲᠠᠭᠠᠬᠤ ᠶᠢᠨ | ᠬᠠᠮᠳᠣ᠂ ᠬᠤᠳᠠᠯᠳᠤᠨ ᠠᠪᠬᠤ ᠠᠭᠤᠯᠭ᠎ᠠ ᠪᠠ ᠪᠠᠷᠢᠮᠵᠢᠶ᠎ᠠ ᠶᠢ ᠲᠣᠭᠲᠠᠭᠠᠨ᠎ᠠ᠃ | ᠠᠷᠪᠠᠳᠤᠭᠠᠷ ᠵᠦᠢᠯ ᠮᠡᠳᠡᠭᠡ ᠵᠠᠩᠭᠢ ᠶᠢ ᠢᠯᠨ ᠨᠠᠶᠢᠳᠡᠯᠡᠨ᠎ᠠ᠃ ᠳᠥᠭᠦᠮ ᠪᠦᠳᠦᠴᠡᠳᠦ ᠣᠷᠣᠨ | ᠰᠠᠭᠤᠴᠠ ᠶᠢ ᠦᠭᠡᠷᠡᠴᠢᠯᠡᠭᠦ ᠶᠢ ᠬᠤᠳᠠᠯᠳᠤᠨ ᠠᠪᠬᠤ ᠭᠤᠣᠯ ᠴᠣᠭᠴᠠ ᠨᠢ ᠵᠠᠰᠠᠭ ᠤᠨ ᠣᠷᠳᠣᠨ ᠤ ᠬᠤᠳᠠᠯᠳᠤᠨ | ᠠᠪᠬᠤ ᠬᠤᠯᠪᠣᠭᠳᠠᠯ ᠪᠦᠬᠦᠢ ᠳᠡᠰ ᠳᠠᠷᠠᠭᠠᠯᠠᠯ ᠤᠨ ᠶᠣᠰᠣᠭᠠᠷ᠂ ᠳᠥᠭᠦᠮ ᠪᠦᠳᠦᠴᠡᠳᠦ ᠣᠷᠣᠨ ᠰᠠᠭᠤᠴᠠ ᠶᠢ | ᠦᠭᠡᠷᠡᠴᠢᠯᠡᠭᠦ ᠦᠢᠯᠡᠴᠢᠯᠡᠭᠡ ᠶᠢᠨ ᠬᠤᠳᠠᠯᠳᠤᠨ ᠠᠪᠬᠤ ᠠᠭᠤᠯᠭ᠎ᠠ᠂ ᠬᠡᠪᠴᠢᠶ᠎ᠡ᠂ ᠳᠥᠭᠦᠮ ᠪᠦᠳᠦᠴᠡᠳᠦ ᠣᠷᠣᠨ | ᠰᠠᠭᠤᠴᠠ ᠶᠢ ᠦᠭᠡᠷᠡᠴᠢᠯᠡᠭᠦ ᠶᠢ ᠳᠠᠭᠠᠭᠠᠨ ᠠᠪᠬᠤ ᠭᠤᠣᠯ ᠴᠣᠭᠴᠠ ᠶᠢᠨ ᠬᠢᠷᠢ ᠴᠢᠳᠠᠮᠵᠢ ᠶᠢᠨ ᠱᠠᠭᠠᠷᠳᠠᠯᠭ᠎ᠠ ᠪᠠ | ᠲᠤᠰᠢᠶᠠᠬᠤ ᠴᠢᠬᠤᠯᠳᠠᠢ ᠬᠠᠮᠢᠶ᠎ᠠ ᠪᠦᠬᠦᠢ ᠮᠠᠲ᠋ᠧᠷᠢᠶᠠᠯ ᠵᠡᠷᠭᠡ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠭᠡᠮ | ᠨᠡᠶᠢᠲᠡ ᠳᠤ ᠵᠠᠷᠯᠠᠨ᠎ᠠ᠃ | ᠠᠷᠪᠠᠨ ᠨᠢᠭᠡᠳᠦᠭᠡᠷ ᠵᠦᠢᠯ ᠳᠠᠭᠠᠭᠠᠨ ᠠᠪᠬᠤ ᠭᠤᠣᠯ ᠴᠣᠭᠴᠨ ᠶᠢ ᠰᠣᠩᠭᠤᠨ᠎ᠠ᠃ ᠳᠥᠭᠦᠮ ᠪᠦᠳᠦᠴᠡᠳᠦ | ᠣᠷᠣᠨ ᠰᠠᠭᠤᠴᠠ ᠶᠢ ᠦᠭᠡᠷᠡᠴᠢᠯᠡᠭᠦ ᠶᠢ ᠬᠤᠳᠠᠯᠳᠤᠨ ᠠᠪᠬᠤ ᠭᠤᠣᠯ ᠴᠣᠭᠴᠠ ᠨᠢ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ︾ ᠶᠢᠨ ᠬᠤᠯᠪᠣᠭᠳᠠᠯ ᠪᠦᠬᠦᠢ | ᠲᠣᠭᠲᠠᠭᠠᠯ ᠶᠣᠰᠣᠭᠠᠷ᠂ ᠢᠯᠡ ᠪᠠᠷ ᠳᠠᠭᠠᠭᠠᠴᠢᠯᠠᠯᠲᠠ ᠵᠠᠷᠯᠠᠬᠤ᠂ ᠤᠷᠢᠵᠤ ᠳᠠᠭᠠᠭᠠᠴᠢᠯᠠᠯᠲᠠ ᠵᠠᠷᠯᠠᠬᠤ᠂ | ᠥᠷᠢᠰᠥᠯᠳᠦᠭᠡᠨ ᠤ ᠴᠢᠨᠠᠷᠲᠠᠶ ᠬᠡᠯᠡᠯᠴᠡᠭᠡᠷ ᠬᠢᠬᠦ᠂ ᠥᠷᠢᠰᠥᠯᠳᠦᠭᠡᠨ ᠤ ᠴᠢᠨᠠᠷᠲᠠᠶ ᠵᠥᠪᠳᠡᠯᠴᠡᠭᠡᠷ ᠬᠢᠬᠦ᠂ ᠳᠠᠩ | ᠢᠷᠡᠯᠳᠡ ᠪᠠᠷ ᠬᠤᠳᠠᠯᠳᠤᠨ ᠠᠪᠬᠤ ᠵᠡᠷᠭᠡ ᠠᠷᠭ᠎ᠠ ᠮᠠᠶ᠋ᠢᠭ ᠢᠶᠠᠷ ᠳᠡᠮᠵᠢᠭᠤᠯᠣᠨ᠂ ᠳᠥᠭᠦᠮ ᠪᠦᠳᠦᠴᠡᠳᠦ ᠣᠷᠣᠨ | ᠰᠠᠭᠤᠴᠠ ᠶᠢ ᠦᠭᠡᠷᠡᠴᠢᠯᠡᠭᠦ ᠶᠢ ᠳᠠᠭᠠᠭᠠᠨ ᠠᠪᠬᠤ ᠭᠤᠣᠯ ᠴᠣᠭᠴᠠ ᠶᠢ ᠲᠣᠭᠲᠠᠭᠠᠨ᠎ᠠ᠃ | ᠠᠷᠪᠠᠨ ᠬᠤᠶᠠᠳᠤᠭᠠᠷ ᠵᠦᠢᠯ ᠭᠡᠷ᠎ᠡ ᠲᠣᠭᠲᠠᠭᠠᠨ᠎ᠠ᠃ ᠳᠥᠭᠦᠮ ᠪᠦᠳᠦᠴᠡᠳᠦ ᠣᠷᠣᠨ ᠰᠠᠭᠤᠴᠠ ᠶᠢ | ᠦᠭᠡᠷᠡᠴᠢᠯᠡᠭᠦ ᠶᠢ ᠬᠤᠳᠠᠯᠳᠤᠨ ᠠᠪᠬᠤ ᠭᠤᠣᠯ ᠴᠣᠭᠴᠠ ᠨᠢ ᠬᠠᠤᠯᠢ ᠲᠣᠭᠳᠠᠭᠠᠯ ᠶᠣᠰᠣᠭᠠᠷ ᠳᠥᠭᠦᠮ ᠪᠦᠳᠦᠴᠡᠳᠦ | ᠣᠷᠣᠨ ᠰᠠᠭᠤᠴᠠ ᠶᠢ ᠦᠭᠡᠷᠡᠴᠢᠯᠡᠭᠦ ᠶᠢ ᠳᠠᠭᠠᠭᠠᠨ ᠠᠪᠬᠤ ᠭᠤᠣᠯ ᠴᠣᠭᠴᠠ ᠯᠤᠭ᠎ᠠ ᠵᠠᠰᠠᠭ ᠤᠨ ᠣᠷᠳᠣᠨ ᠤ | ᠳᠥᠭᠦᠮ ᠪᠦᠳᠦᠴᠡᠳᠦ ᠣᠷᠣᠨ ᠰᠠᠭᠤᠴᠠ ᠶᠢ ᠦᠭᠡᠷᠡᠴᠢᠯᠡᠭᠦ ᠦᠢᠯᠡᠴᠢᠯᠡᠭᠡ ᠬᠤᠳᠠᠯᠳᠤᠨ ᠠᠪᠬᠤ ᠭᠡᠷ᠎ᠡ | ᠲᠣᠭᠳᠠᠭᠠᠬᠤ ᠶᠢᠨ ᠬᠠᠮᠳᠣ᠂ ᠭᠡᠷ᠎ᠡ ᠶᠢᠨ ᠲᠣᠳᠣᠷ᠎ᠠ ᠪᠠᠨ ᠳᠥᠭᠦᠮ ᠪᠦᠳᠦᠴᠡᠳᠦ ᠣᠷᠣᠨ ᠰᠠᠭᠤᠴᠠ ᠶᠢ ᠦᠭᠡᠷᠡᠴᠢᠯᠡᠭᠦ | ᠦᠢᠯᠡᠴᠢᠯᠡᠭᠡ ᠬᠤᠳᠠᠯᠳᠤᠨ ᠠᠪᠬᠤ ᠬᠦᠷᠢᠶ᠎ᠡ ᠬᠡᠪᠴᠢᠶ᠎ᠠ᠂ ᠳᠠᠭᠠᠭᠠᠴᠢᠯᠠᠯᠲᠠ ᠣᠯᠤᠭᠰᠠᠨ ᠵᠣᠭᠤᠰ ᠤᠨ ᠲᠤᠭ᠎ᠠ᠂ | ᠲᠤᠭ᠎ᠠ ᠬᠡᠮᠵᠢᠶ᠎ᠡ᠂ ᠶᠠᠰᠤ ᠴᠢᠨᠠᠷ ᠤᠨ ᠱᠠᠭᠠᠷᠳᠠᠯᠭ᠎ᠠ ᠬᠢᠭᠡᠳ ᠦᠢᠯᠡᠴᠢᠯᠡᠭᠦ ᠬᠤᠭᠤᠴᠠᠭ᠎ᠠ ᠬᠢᠵᠠᠭᠠᠷ᠂ ᠦᠢᠯᠡᠴᠢᠯᠡᠭᠡ | ᠬᠤᠳᠠᠯᠳᠤᠨ ᠠᠪᠬᠤ ᠲᠦᠷᠣᠯ ᠵᠦᠢᠯ ᠤᠨ ᠪᠡᠯᠡ ᠮᠥᠩᠭᠦ ᠶᠢ ᠥᠭᠬᠦ ᠠᠷᠭ᠎ᠠ ᠮᠠᠶ᠋ᠢᠭ᠂ ᠡᠷᠬᠡ ᠡᠭᠦᠷᠭᠡ ᠪᠠ ᠭᠡᠷ᠎ᠡ ᠠᠴᠠ | ᠵᠥᠷᠢᠴᠡᠭᠰᠡᠨ ᠬᠠᠷᠢᠭᠤᠴᠠᠯᠭ᠎ᠠ ᠵᠡᠷᠭᠡ ᠠᠭᠤᠯᠭ᠎ᠠ ᠶᠢ ᠲᠣᠳᠣᠷᠬᠠᠶᠢᠯᠠᠨ᠎ᠠ᠃ | ᠠᠷᠪᠠᠨ ᠭᠤᠷᠪᠠᠳᠤᠭᠠᠷ ᠵᠦᠢᠯ ᠭᠡᠷ᠎ᠡ ᠪᠠᠨ ᠭᠦᠢᠴᠡᠳᠬᠡᠬᠦ ᠶᠢ ᠬᠠᠮᠢᠶᠠᠷᠣᠨ᠎ᠠ᠃ ᠳᠥᠭᠦᠮ ᠪᠦᠳᠦᠴᠡᠳᠦ | ᠣᠷᠣᠨ ᠰᠠᠭᠤᠴᠠ ᠶᠢ ᠦᠭᠡᠷᠡᠴᠢᠯᠡᠭᠦ ᠶᠢ ᠬᠤᠳᠠᠯᠳᠤᠨ ᠠᠪᠬᠤ ᠭᠤᠣᠯ ᠴᠣᠭᠴᠠ ᠨᠢ ᠭᠡᠷ᠎ᠡ ᠪᠠᠨ ᠭᠦᠢᠴᠡᠳᠬᠡᠬᠦ | ᠬᠠᠮᠢᠶᠠᠷᠣᠯᠳᠠ ᠶᠢ ᠴᠢᠩᠭᠠᠳᠬᠠᠵᠤ᠂ ᠳᠥᠭᠦᠮ ᠪᠦᠳᠦᠴᠡᠳᠦ ᠣᠷᠣᠨ ᠰᠠᠭᠤᠴᠠ ᠶᠢ ᠦᠭᠡᠷᠡᠴᠢᠯᠡᠭᠦ ᠶᠢ ᠳᠠᠭᠠᠭᠠᠨ | ᠠᠪᠣᠭᠰᠠᠨ ᠭᠤᠣᠯ ᠴᠣᠭᠴᠨ ᠶᠢᠨ ᠭᠡᠷ᠎ᠡ ᠪᠠᠨ ᠴᠢᠩᠭ᠎ᠠ ᠭᠦᠢᠴᠡᠳᠬᠡᠭᠦ ᠶᠢ ᠰᠢᠮᠳᠠᠭᠤᠯᠵᠣ᠂ ᠬᠤᠳᠠᠯᠳᠤᠨ ᠠᠪᠣᠭᠰᠠᠨ | ᠦᠢᠯᠡᠴᠢᠯᠡᠭᠡ ᠶᠢᠨ ᠲᠥᠷᠥᠯ ᠵᠦᠢᠯ ᠢ ᠬᠡᠷᠡᠭᠵᠢᠭᠦᠯᠬᠦ ᠠᠬᠢᠴᠠ ᠪᠠ ᠪᠡᠯᠡ ᠮᠥᠩᠭᠦᠨ ᠤ ᠠᠵᠢᠯᠯᠠᠭᠠᠨ ᠤ ᠠᠷᠭ᠎ᠠ | ᠮᠠᠶ᠋ᠢᠭ ᠢ ᠴᠠᠭ ᠲᠤᠬᠠᠶ ᠳᠤᠨᠢ ᠤᠢᠢᠯᠠᠭᠠᠨ ᠡᠵᠡᠮᠰᠢᠭᠦ ᠶᠢᠨ ᠬᠠᠮᠳᠣ᠂ ᠪᠣᠳᠠᠲᠤ ᠬᠡᠷᠡᠭᠴᠡᠭᠡ ᠱᠠᠭᠠᠷᠳᠠᠯᠭ᠎ᠠ ᠪᠠ | ᠭᠡᠷ᠎ᠡ ᠶᠢᠨ ᠲᠣᠭᠲᠠᠭᠠᠯ ᠢ ᠦᠨᠳᠦᠰᠦᠯᠡᠨ ᠳᠥᠭᠦᠮ ᠪᠦᠳᠦᠴᠡᠳᠦ ᠣᠷᠣᠨ ᠰᠠᠭᠤᠴᠠ ᠶᠢ ᠦᠭᠡᠷᠡᠴᠢᠯᠡᠭᠦ ᠶᠢ ᠳᠠᠭᠠᠭᠠᠨ | ᠠᠪᠣᠭᠰᠠᠨ ᠭᠤᠣᠯ ᠴᠣᠭᠴᠠ ᠶᠢ ᠢᠳᠡᠪᠬᠢᠲᠡᠶ ᠬᠠᠪᠰᠤᠷᠴᠤ ᠪᠠᠶᠢᠭᠠᠣᠨ ᠵᠠᠰᠠᠭ ᠤᠨ ᠣᠷᠳᠣᠨ ᠤ ᠬᠠᠮᠢᠶ᠎ᠠ ᠪᠦᠬᠦᠢ | ᠰᠠᠯᠠᠭ᠎ᠠ ᠮᠥᠴᠢᠷ᠂ ᠦᠢᠯᠡᠴᠢᠯᠡᠭᠦ ᠡᠲᠡᠭᠡᠳ ᠯᠤᠭ᠎ᠠ ᠶᠢᠨ ᠣᠯᠣᠯᠴᠠᠭ᠎ᠠ᠂ ᠵᠣᠬᠢᠴᠠᠭᠤᠯᠭ᠎ᠠ ᠶᠢ ᠰᠠᠶᠢᠲᠤᠷ ᠬᠢᠨ᠎ᠠ᠃ | ᠳᠥᠭᠦᠮ ᠪᠦᠳᠦᠴᠡᠳᠦ ᠣᠷᠣᠨ ᠰᠠᠭᠤᠴᠠ ᠶᠢ ᠦᠭᠡᠷᠡᠴᠢᠯᠡᠭᠦ ᠶᠢ ᠳᠠᠭᠠᠭᠠᠨ ᠠᠪᠣᠭᠰᠠᠨ ᠭᠤᠣᠯ ᠴᠣᠭᠴᠠ ᠨᠢ | ᠭᠡᠷ᠎ᠡ ᠶᠢᠨ ᠱᠠᠭᠠᠷᠳᠠᠯᠭ᠎ᠠ ᠶᠣᠰᠣᠭᠠᠷ᠂ ᠦᠢᠯᠡᠴᠢᠯᠡᠭᠡᠨ ᠤ ᠲᠥᠷᠥᠯ ᠵᠦᠢᠯ ᠢ ᠬᠢᠨᠠᠮᠠᠭᠠᠶ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠦᠢᠯᠡᠴᠢᠯᠡᠬᠦ ᠲᠦᠷᠣᠯ ᠵᠦᠢᠯ ᠤᠨ ᠡᠭᠦᠷᠭᠡ ᠶᠢ ᠲᠣᠭᠳᠠᠭᠰᠠᠨ ᠴᠠᠭ ᠬᠤᠭᠤᠴᠠᠭ᠎ᠠ ᠶᠣᠰᠣᠭᠠᠷ | ᠪᠡᠶᠡᠯᠡᠭᠦᠯᠵᠦ᠂ ᠦᠢᠯᠡᠴᠢᠯᠡᠭᠡ ᠶᠢᠨ ᠲᠤᠭ᠎ᠠ ᠬᠡᠮᠵᠢᠶ᠎ᠡ᠂ ᠶᠠᠰᠤ ᠴᠢᠨᠠᠷ ᠪᠠ ᠦᠷ᠎ᠡ ᠪᠦᠲᠦᠮᠵᠢ ᠶᠢ ᠦᠨᠡᠡᠭᠦ ᠪᠠᠳᠣᠯᠠᠨ᠂ | ᠬᠤᠯᠪᠣᠭᠳᠠᠯ ᠪᠦᠬᠦᠢ ᠰᠠᠯᠠᠭ᠎ᠠ ᠮᠥᠴᠢᠷ᠂ ᠦᠢᠯᠡᠴᠢᠯᠡᠬᠦ ᠡᠲᠡᠭᠡᠳ ᠵᠢᠴᠢ ᠨᠡᠶᠢᠭᠡᠮ ᠤᠨ ᠬᠢᠨᠠᠯᠲᠠ ᠳᠠᠯᠪᠢᠯᠳᠠ ᠶᠢ | ᠰᠠᠨᠠᠭᠠᠴᠢᠯᠠᠭ᠎ᠠ ᠠᠴᠠ ᠪᠠᠨ ᠬᠦᠯᠢᠶᠡᠨ᠎ᠠ᠃ ᠳᠥᠭᠦᠮ ᠪᠦᠳᠦᠴᠡᠳᠦ ᠣᠷᠣᠨ ᠰᠠᠭᠤᠴᠠ ᠶᠢ ᠦᠭᠡᠷᠡᠴᠢᠯᠡᠭᠦ ᠶᠢ | ᠬᠤᠳᠠᠯᠳᠤᠨ ᠠᠪᠣᠭᠰᠠᠨ ᠭᠤᠣᠯ ᠴᠣᠭᠴᠠ ᠨᠢ ᠭᠡᠷ᠎ᠡ ᠪᠠᠨ ᠭᠦᠢᠴᠡᠳᠬᠡᠭᠦ ᠳᠤ ᠬᠢᠨᠠᠯᠳᠠ ᠳᠠᠯᠪᠢᠬᠤ ᠬᠠᠷᠢᠭᠤᠴᠠᠯᠭ᠎ᠠ ᠶᠢ | ᠡᠭᠦᠷᠭᠡᠯᠡᠨ᠂ ᠲᠦᠭᠦᠮ ᠪᠦᠳᠦᠴᠡᠳᠦ ᠣᠷᠣᠨ ᠰᠠᠭᠤᠴᠠ ᠶᠢ ᠦᠭᠡᠷᠡᠴᠢᠯᠡᠨ ᠰᠢᠨᠡᠣᠡᠭᠡᠭᠦ ᠶᠢ ᠳᠠᠭᠠᠭᠠᠨ ᠠᠪᠣᠭᠰᠠᠨ | ᠭᠤᠣᠯ ᠴᠣᠭᠴᠠ ᠨᠢ ᠭᠡᠷ᠎ᠡ ᠠᠴᠠ ᠵᠥᠷᠢᠴᠡᠵᠣ ᠬᠦᠨᠳᠦ ᠨᠣᠴᠢᠲᠠᠶ ᠤᠷᠰᠢᠭ ᠲᠠᠲᠠᠭᠰᠠᠨ ᠪᠠᠶᠢᠪᠠᠯ᠂ ᠳᠥᠭᠦᠮ | ᠪᠦᠳᠦᠴᠡᠳᠦ ᠣᠷᠣᠨ ᠰᠠᠭᠤᠴᠠ ᠶᠢ ᠦᠭᠡᠷᠡᠴᠢᠯᠡᠨ ᠰᠢᠨᠡᠣᠡᠭᠡᠭᠦ ᠶᠢ ᠬᠤᠳᠠᠯᠳᠤᠨ ᠠᠪᠣᠭᠰᠠᠨ ᠭᠤᠣᠯ ᠴᠣᠭᠴᠠ ᠵᠢᠴᠢ | ᠲᠡᠭᠦᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠠᠴᠠ ᠬᠠᠷᠢᠭᠤᠴᠠᠯᠭ᠎ᠠ ᠨᠡᠬᠡᠮᠵᠢᠯᠡᠨ᠎ᠠ᠃ | ᠠᠷᠪᠠᠨ ᠳᠥᠷᠪᠡᠳᠦᠭᠡᠷ ᠵᠦᠢᠯ ᠪᠡᠯᠠ ᠮᠥᠩᠭᠦ ᠦᠭᠭᠦᠨ᠎ᠠ᠃ ᠳᠥᠭᠦᠮ ᠪᠦᠳᠦᠴᠡᠳᠦ ᠣᠷᠣᠨ ᠰᠠᠭᠤᠴᠠ ᠶᠢ | ᠦᠭᠡᠷᠡᠴᠢᠯᠡᠭᠦ ᠶᠢ ᠳᠠᠭᠠᠭᠠᠨ ᠠᠪᠣᠭᠰᠠᠨ ᠭᠤᠣᠯ ᠴᠣᠭᠴᠠ ᠨᠢ ᠭᠡᠷ᠎ᠡ ᠳᠤ ᠲᠣᠭᠲᠠᠭᠰᠠᠨ ᠦᠢᠯᠡᠴᠢᠯᠡᠬᠦ ᠵᠦᠢᠯᠡᠰ ᠢ | ᠬᠡᠷᠩᠵᠢᠭᠦᠯᠣᠭ᠍ᠰᠠᠨ ᠤ ᠳᠠᠷᠠᠭ᠎ᠠ᠂ ᠳᠥᠭᠦᠮ ᠪᠦᠳᠦᠴᠡᠳᠦ ᠣᠷᠣᠨ ᠰᠠᠭᠤᠴᠠ ᠶᠢ ᠦᠭᠡᠷᠡᠴᠢᠯᠡᠭᠦ ᠶᠢ ᠬᠤᠳᠠᠯᠳᠤᠨ | ᠠᠪᠣᠭᠰᠠᠨ ᠭᠤᠣᠯ ᠴᠣᠭᠴᠠ ᠨᠢ ᠭᠡᠷ᠎ᠡ ᠶᠢ ᠭᠦᠢᠴᠡᠳᠬᠡᠭᠰᠡᠨ ᠪᠠᠶᠢᠳᠠᠯ ᠢ ᠴᠠᠭ ᠲᠤᠬᠠᠶ ᠳᠤᠨᠢ ᠵᠣᠬᠢᠶᠠᠨ ᠪᠠᠶᠢᠭᠤᠯᠣᠨ | ᠪᠠᠶᠢᠴᠠᠭᠠᠵᠤ ᠰᠢᠯᠭᠠᠨ ᠠᠪᠬᠤ ᠶᠢᠨ ᠬᠠᠮᠳᠣ᠂ ᠤᠯᠤᠰ ᠤᠨ ᠬᠥᠮᠥᠷᠭᠡ ᠶᠢᠨ ᠲᠥᠪᠯᠡᠷᠡᠭᠦᠯᠦᠨ ᠥᠭᠬᠦ | ᠬᠠᠮᠢᠶᠠᠷᠤᠯᠲᠠ ᠶᠢᠨ ᠬᠤᠯᠪᠣᠭᠳᠠᠯ ᠪᠦᠬᠦᠢ ᠲᠣᠭᠲᠠᠭᠠᠯ ᠪᠠ ᠭᠡᠷ᠎ᠡ ᠶᠢᠨ ᠪᠣᠯᠵᠣᠯ ᠶᠣᠰᠣᠭᠠᠷ᠂ ᠳᠥᠭᠦᠮ ᠪᠦᠳᠦᠴᠡᠳᠦ | ᠣᠷᠣᠨ ᠰᠠᠭᠤᠴᠠ ᠶᠢ ᠦᠭᠡᠷᠡᠴᠢᠯᠡᠭᠦ ᠶᠢ ᠳᠠᠭᠠᠭᠠᠨ ᠠᠪᠣᠭᠰᠠᠨ ᠭᠤᠣᠯ ᠴᠣᠭᠴᠨ ᠳᠤ ᠪᠡᠯᠡ ᠮᠥᠩᠭᠦ ᠶᠢ ᠨᠢ ᠴᠠᠭ | ᠲᠤᠬᠠᠶ ᠳᠤᠨᠢ᠂ ᠲᠤᠭ᠎ᠠ ᠶᠣᠰᠣᠭᠠᠷ ᠦᠭᠭᠦᠨ᠎ᠠ᠃ | | ᠲᠠᠪᠤᠳᠤᠭᠠᠷ ᠪᠦᠯᠦᠭ ᠲᠥᠰᠦᠪ ᠤᠨ ᠬᠠᠮᠢᠶᠠᠷᠤᠯᠲᠠ ᠪᠠ ᠠᠮᠵᠢᠯᠲᠠ ᠪᠦᠲᠦᠮᠵᠢ ᠶᠢᠨ ᠦᠨᠡᠯᠡᠯᠲᠡ | | ᠠᠷᠪᠠᠨ ᠲᠠᠪᠤᠳᠤᠭᠠᠷ ᠵᠦᠢᠯ ᠵᠠᠰᠠᠭ ᠤᠨ ᠣᠷᠳᠣᠨ ᠤ ᠳᠥᠭᠦᠮ ᠪᠦᠳᠦᠴᠡᠳᠦ ᠣᠷᠣᠨ ᠰᠠᠭᠤᠴᠠ ᠶᠢ | ᠦᠭᠡᠷᠡᠴᠢᠯᠡᠭᠦ ᠦᠢᠯᠡᠴᠢᠯᠡᠭᠡ ᠶᠢ ᠬᠤᠳᠠᠯᠳᠤᠨ ᠠᠪᠬᠤ ᠳᠤ ᠬᠡᠷᠡᠭᠰᠡᠬᠦ ᠪᠡᠯᠡ ᠮᠥᠩᠭᠦ ᠶᠢ ᠵᠢᠯ ᠳᠠᠷᠠᠭᠠᠯᠠᠨ ᠠᠳᠠᠯᠢ | ᠱᠠᠲᠤᠨ ᠤ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠲᠥᠰᠦᠪ ᠲᠤ ᠵᠢᠭᠰᠠᠭᠠᠨ ᠣᠷᠣᠭᠤᠯᠣᠨ᠎ᠠ᠃ ᠵᠢᠯ ᠤᠨ | ᠡᠬᠢᠨ ᠤ ᠡᠳ᠋ ᠤᠨ ᠵᠠᠰᠠᠭ ᠤᠨ ᠲᠥᠰᠦᠪ ᠤᠨ ᠲᠣᠬᠢᠷᠠᠭᠤᠯᠭ᠎ᠠ ᠨᠢ ᠭᠦᠢᠴᠡᠣᠨ ᠪᠣᠰᠣ᠂ ᠦᠨᠡᠨᠬᠦ ᠵᠠᠰᠠᠭ ᠤᠨ | ᠣᠷᠳᠣᠨ ᠤ ᠥᠷᠢ ᠥᠭᠴᠡᠭᠡ ᠠᠴᠠ ᠵᠢᠭᠡᠯᠡᠵᠣ ᠨᠥᠬᠦᠪᠥᠷᠢᠯᠡᠬᠦ ᠴᠢᠬᠤᠯᠳᠠᠢ ᠪᠠᠶᠢᠭ᠎ᠠ ᠡᠳ᠋ ᠤᠨ ᠬᠦᠴᠦᠨ ᠢᠶᠠᠷ | ᠬᠦᠴᠢᠷᠳᠡᠯᠲᠡᠶ ᠭᠠᠵᠠᠷ ᠣᠷᠣᠨ ᠳᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ | ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢ ᠣᠷᠣᠯᠠᠨ ᠲᠠᠷᠬᠠᠭᠠᠬᠤ ᠪᠠᠷ | ᠳᠡᠮᠵᠢᠭᠤᠯᠣᠨ ᠳᠡᠮᠵᠢᠯᠭᠡ ᠦᠵᠡᠭᠦᠯᠵᠣ ᠪᠣᠯᠤᠨ᠎ᠠ᠃ | ᠠᠷᠪᠠᠨ ᠵᠢᠷᠭᠤᠳᠤᠭᠠᠷ ᠵᠦᠢᠯ ᠳᠥᠭᠦᠮ ᠪᠦᠳᠦᠴᠡᠳᠦ ᠣᠷᠣᠨ ᠰᠠᠭᠤᠴᠠ ᠶᠢ ᠦᠭᠡᠷᠡᠴᠢᠯᠡᠭᠦ ᠶᠢ ᠬᠤᠳᠠᠯᠳᠤᠨ | ᠠᠪᠬᠤ ᠭᠤᠣᠯ ᠴᠣᠭᠴᠠ ᠨᠢ ᠵᠠᠰᠠᠭ ᠤᠨ ᠣᠷᠳᠣᠨ ᠤ ᠳᠥᠭᠦᠮ ᠪᠦᠳᠦᠴᠡᠳᠦ ᠣᠷᠣᠨ ᠰᠠᠭᠤᠴᠠ ᠶᠢ ᠦᠭᠡᠷᠡᠴᠢᠯᠡᠭᠦ | ᠦᠢᠯᠡᠴᠢᠯᠡᠭᠡ ᠬᠤᠳᠠᠯᠳᠣᠨ ᠠᠪᠬᠤ ᠪᠡᠯᠡ ᠮᠥᠩᠭᠦ ᠶᠢᠨ ᠣᠨ ᠤ ᠲᠥᠰᠦᠪ ᠪᠠ ᠤᠷᠲᠤᠪᠲᠤᠷ ᠬᠤᠭᠤᠴᠠᠭᠠᠨ ᠤ | ᠲᠥᠰᠦᠪ ᠢ ᠨᠠᠶᠢᠷᠠᠭᠤᠯᠤᠨ ᠵᠣᠬᠢᠶᠠᠬᠤ ᠠᠵᠢᠯ ᠢᠶᠠᠨ ᠰᠠᠶᠢᠳᠣᠷ ᠬᠢᠵᠣ᠂ ᠰᠠᠯᠠᠭ᠎ᠠ ᠮᠥᠴᠢᠷ ᠤᠨ ᠲᠥᠰᠦᠪ ᠂ | ᠵᠠᠰᠠᠭ ᠤᠨ ᠣᠷᠳᠣᠨ ᠤ ᠬᠤᠳᠠᠯᠳᠤᠨ ᠠᠪᠬᠤ ᠲᠥᠰᠦᠪ ᠯᠦᠭᠡ ᠵᠡᠷᠭᠡᠪᠡᠷ ᠨᠠᠶᠢᠷᠠᠭᠤᠯᠤᠨ ᠵᠣᠬᠢᠶᠠᠵᠤ᠂ ᠵᠡᠷᠭᠡᠪᠡᠷ | ᠮᠡᠳᠡᠭᠦᠯᠣᠨ ᠬᠦᠷᠭᠡᠬᠦ ᠶᠢᠨ ᠬᠠᠮᠳᠣ᠂ ᠠᠳᠠᠯᠢ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ | ᠴᠤᠬᠤᠯᠡᠪᠦᠷᠢᠯᠠᠭᠰᠠᠨ ᠲᠥᠰᠦᠪ ᠤᠨ ᠶᠣᠰᠣᠭᠠᠷ ᠵᠠᠰᠠᠭ ᠤᠨ ᠣᠷᠳᠣᠨ ᠤ ᠳᠥᠭᠦᠮ ᠪᠦᠳᠦᠴᠡᠳᠦ ᠣᠷᠣᠨ | ᠰᠠᠭᠤᠴᠠ ᠶᠢ ᠦᠭᠡᠷᠡᠴᠢᠯᠡᠭᠦ ᠦᠢᠯᠡᠴᠢᠯᠡᠭᠡ ᠬᠤᠳᠠᠯᠳᠣᠨ ᠠᠪᠬᠤ ᠲᠥᠷᠥᠯ ᠵᠦᠢᠯ ᠢ ᠵᠣᠬᠢᠶᠠᠨ ᠪᠠᠶᠢᠭᠤᠯᠤᠨ | ᠬᠡᠷᠡᠭᠵᠢᠭᠦᠯᠣᠨ᠎ᠠ᠃ | ᠠᠷᠪᠠᠨ ᠳᠣᠯᠣᠳᠤᠭᠠᠷ ᠵᠦᠢᠯ ᠳᠥᠭᠦᠮ ᠪᠦᠳᠦᠴᠡᠳᠦ ᠣᠷᠣᠨ ᠰᠠᠭᠤᠴᠠ ᠶᠢ ᠦᠭᠡᠷᠡᠴᠢᠯᠡᠭᠦ ᠶᠢ ᠬᠤᠳᠠᠯᠳᠤᠨ | ᠠᠪᠬᠤ ᠭᠤᠣᠯ ᠴᠣᠭᠴᠠ ᠨᠢ ᠪᠦᠬᠦ ᠶᠠᠪᠤᠴᠠ ᠳᠤ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠲᠣᠭᠲᠠᠴᠠ ᠶᠢ | ᠪᠠᠶᠢᠭᠤᠯᠬᠤ ᠶᠢᠨ ᠱᠠᠭᠠᠷᠳᠠᠯᠭ᠎ᠠ ᠶᠣᠰᠣᠭᠠᠷ᠂ ᠠᠮᠵᠢᠯᠲᠠ ᠪᠦᠲᠦᠮᠵᠢ ᠶᠢ ᠦᠨᠡᠯᠡᠬᠦ ᠭᠦᠢᠴᠡᠳᠬᠡᠯ ᠲᠤᠭ᠎ᠠ ᠶᠢᠨ | ᠰᠢᠰᠲ᠋ᠧᠮᠵᠢ ᠶᠢ ᠪᠦᠷᠢᠨᠰᠢᠭᠦᠯᠣᠨ᠂ ᠳᠥᠭᠦᠮ ᠪᠦᠳᠦᠴᠡᠳᠦ ᠣᠷᠣᠨ ᠰᠠᠭᠤᠴᠠ ᠶᠢ ᠦᠭᠡᠷᠡᠴᠢᠯᠡᠭᠦ ᠦᠢᠯᠡᠴᠢᠯᠡᠭᠡ | ᠬᠤᠳᠠᠯᠳᠣᠨ ᠠᠪᠬᠤ ᠲᠥᠷᠥᠯ ᠵᠦᠢᠯ ᠳᠤ ᠠᠮᠵᠢᠯᠲᠠ ᠪᠦᠲᠦᠮᠵᠢ ᠶᠢ ᠰᠢᠯᠭᠠᠨ ᠬᠢᠨᠠᠵᠣ ᠦᠨᠡᠯᠡᠯᠲᠡ ᠬᠢᠨ᠎ᠠ᠃ | ᠭᠤᠷᠪᠠᠳᠠᠬᠢ ᠡᠲᠡᠭᠡᠳ ᠤᠨ ᠦᠨᠡᠯᠡᠯᠲᠡ ᠬᠢᠭᠦ ᠶᠢ ᠢᠳᠡᠪᠬᠢᠲᠡᠶ ᠠᠬᠢᠭᠤᠯᠵᠤ᠂ ᠶᠠᠪᠤᠴᠠ ᠶᠢ ᠦᠨᠡᠯᠡᠬᠦ ᠪᠠ ᠦᠷ᠎ᠡ | ᠳ᠋ᠦᠩ ᠢ ᠦᠨᠡᠯᠡᠬᠦ᠂ ᠣᠬᠤᠷ ᠬᠤᠭᠤᠴᠠᠭᠠᠨ ᠤ ᠦᠨᠡᠯᠡᠯᠲᠡ ᠪᠠ ᠠᠯᠤᠰ ᠬᠡᠳᠦ ᠶᠢᠨ ᠦᠷ᠎ᠡ ᠪᠦᠲᠦᠮᠵᠢ ᠶᠢ ᠦᠨᠡᠯᠡᠬᠦ᠂ | ᠨᠡᠶᠢᠭᠡᠮ ᠤᠨ ᠦᠷ᠎ᠡ ᠠᠰᠢᠭ ᠢ ᠦᠨᠡᠯᠡᠬᠦ ᠪᠠ ᠠᠵᠤ ᠠᠬᠤᠶ ᠶᠢᠨ ᠦᠷ᠎ᠡ ᠠᠰᠢᠭ ᠢ ᠦᠨᠡᠯᠡᠭᠦ ᠶᠢ ᠬᠠᠷᠢᠯᠴᠠᠨ | ᠤᠶᠠᠯᠳᠤᠭᠤᠯᠬᠤ ᠶᠢ ᠪᠠᠷᠢᠮᠲᠠᠯᠠᠵᠤ᠂ ᠦᠨᠡᠯᠡᠬᠦ ᠠᠵᠢᠯ ᠤᠨ ᠪᠦᠬᠦ ᠲᠠᠯᠠᠳᠣ ᠴᠢᠨᠠᠷ᠂ ᠪᠤᠰᠤᠳᠴᠢ ᠴᠢᠨᠠᠷ ᠪᠠ | ᠰᠢᠨᠵᠢᠯᠡᠬᠦ ᠤᠬᠠᠭᠠᠨᠴᠢ ᠴᠢᠨᠠᠷ ᠢ ᠦᠨᠡᠡᠭᠦ ᠪᠠᠲᠤᠯᠠᠨ᠎ᠠ᠃ | ᠠᠷᠪᠠᠨ ᠨᠠᠢᠮᠠᠳᠣᠭᠠᠷ ᠵᠦᠢᠯ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠵᠠᠰᠠᠭ ᠤᠨ ᠣᠷᠳᠣᠨ ᠤ ᠳᠥᠭᠦᠮ | ᠪᠦᠳᠦᠴᠡᠳᠦ ᠣᠷᠣᠨ ᠰᠠᠭᠤᠴᠠ ᠶᠢ ᠦᠭᠡᠷᠡᠴᠢᠯᠡᠭᠦ ᠦᠢᠯᠡᠴᠢᠯᠡᠭᠡ ᠬᠤᠳᠠᠯᠳᠣᠨ ᠠᠪᠬᠤ ᠲᠥᠷᠥᠯ ᠵᠦᠢᠯ ᠤᠨ | ᠠᠮᠵᠢᠯᠲᠠ ᠪᠦᠲᠦᠮᠵᠢ ᠶᠢ ᠦᠨᠡᠯᠡᠬᠦ ᠠᠵᠢᠯ ᠢ ᠵᠢᠯᠣᠭᠤᠳᠬᠤ ᠪᠠᠨ ᠴᠢᠩᠭᠠᠣᠠᠬᠠᠵᠣ᠂ ᠬᠡᠷᠡᠭᠴᠡᠭᠡ ᠪᠠᠨ ᠦᠨᠳᠦᠰᠦᠯᠡᠨ | ᠬᠡᠰᠡᠭ ᠲᠥᠷᠥᠯ ᠵᠦᠢᠯ ᠢ ᠰᠣᠩᠭᠤᠨ ᠭᠤᠣᠯᠳᠠᠯᠭ᠎ᠠ ᠲᠠᠢ ᠦᠨᠡᠯᠡᠬᠦ ᠪᠠ ᠲᠡᠬᠢᠠ ᠦᠨᠡᠯᠡᠭᠦ ᠶᠢ ᠦᠷᠨᠢᠭᠦᠯᠣᠨ᠂ | ᠳᠥᠭᠦᠮ ᠪᠦᠳᠦᠴᠡᠳᠦ ᠣᠷᠣᠨ ᠰᠠᠭᠤᠴᠠ ᠶᠢ ᠦᠭᠡᠷᠡᠴᠢᠯᠡᠭᠦ ᠶᠢ ᠬᠤᠳᠠᠯᠳᠣᠨ ᠠᠪᠬᠤ ᠭᠤᠣᠯ ᠴᠣᠭᠴᠠ ᠶᠢ | ᠰᠢᠮᠳᠠᠭᠤᠯᠣᠨ ᠳᠥᠭᠦᠮ ᠪᠦᠳᠦᠴᠡᠳᠦ ᠣᠷᠣᠨ ᠰᠠᠭᠤᠴᠠ ᠶᠢ ᠦᠭᠡᠷᠡᠴᠢᠯᠡᠭᠦ ᠶᠢ ᠳᠠᠭᠠᠭᠠᠨ ᠠᠪᠣᠭᠰᠠᠨ ᠭᠤᠣᠯ | ᠴᠣᠭᠴᠨ ᠶᠢᠨ ᠦᠢᠯᠡᠴᠢᠯᠡᠭᠡ ᠬᠠᠩᠭᠠᠬᠤ ᠪᠦᠭᠦ ᠶᠠᠪᠣᠴᠨ ᠳᠤ ᠮᠦᠷᠳᠠᠵᠣ ᠬᠢᠨᠠᠨ ᠬᠠᠮᠢᠶᠠᠷᠬᠤ ᠶᠢ ᠴᠢᠩᠭᠠᠣᠠᠬᠠᠵᠣ᠂ | ᠵᠠᠰᠠᠭ ᠤᠨ ᠣᠷᠳᠣᠨ ᠤ ᠳᠥᠭᠦᠮ ᠪᠦᠳᠦᠴᠡᠳᠦ ᠣᠷᠣᠨ ᠰᠠᠭᠤᠴᠠ ᠶᠢ ᠦᠭᠡᠷᠡᠴᠢᠯᠡᠭᠦ ᠦᠢᠯᠡᠴᠢᠯᠡᠭᠡ ᠬᠤᠳᠠᠯᠳᠤᠨ | ᠠᠪᠬᠤ ᠪᠡᠯᠡ ᠮᠥᠩᠭᠦ ᠶᠢᠨ ᠬᠡᠷᠡᠭᠯᠡᠬᠦ ᠦᠷ᠎ᠡ ᠠᠰᠢᠭ ᠢ ᠳᠡᠭᠡᠭᠰᠢᠯᠡᠭᠦᠯᠣᠨ᠎ᠠ᠃ | ᠠᠷᠪᠠ ᠶᠢᠰᠦᠳᠦᠭᠡᠷ ᠵᠦᠢᠯ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ | ᠵᠠᠰᠠᠭ ᠤᠨ ᠣᠷᠳᠣᠨ ᠤ ᠳᠥᠭᠦᠮ ᠪᠦᠳᠦᠴᠡᠳᠦ ᠣᠷᠣᠨ ᠰᠠᠭᠤᠴᠠ ᠶᠢ ᠦᠭᠡᠷᠡᠴᠢᠯᠡᠭᠦ ᠦᠢᠯᠡᠴᠢᠯᠡᠭᠡ ᠶᠢ ᠬᠤᠳᠠᠯᠳᠤᠨ | ᠠᠪᠬᠤ ᠲᠥᠷᠥᠯ ᠵᠦᠢᠯ ᠤᠨ ᠠᠮᠵᠢᠯᠳᠠ ᠪᠦᠲᠦᠮᠵᠢ ᠶᠢᠨ ᠦᠨᠡᠯᠡᠯᠲᠡ ᠶᠢᠨ ᠦᠷ᠎ᠡ ᠳ᠋ᠦᠩ ᠢ ᠬᠡᠷᠡᠭᠯᠡᠬᠦ ᠪᠠᠨ | ᠴᠢᠩᠭᠠᠳᠬᠠᠨ᠂ ᠦᠨᠡᠯᠡᠭᠰᠡᠨ ᠦᠷ᠎ᠡ ᠳ᠋ᠦᠩ ᠢᠶᠠᠨ ᠴᠠᠭ ᠲᠤᠬᠠᠶ ᠳᠤᠨᠢ ᠨᠡᠶᠢᠭᠡᠮ ᠨᠡᠶᠢᠲᠡ ᠳᠤ ᠨᠡᠶᠢᠲᠡᠯᠡᠬᠦ ᠶᠢᠨ | ᠬᠠᠮᠳᠣ᠂ ᠬᠤᠶᠢᠰᠢᠳᠠ ᠶᠢᠨ ᠣᠨ ᠤ ᠵᠠᠰᠠᠭ ᠤᠨ ᠣᠷᠳᠣᠨ ᠤ ᠳᠥᠭᠦᠮ ᠪᠦᠳᠦᠴᠡᠳᠦ ᠣᠷᠣᠨ ᠰᠠᠭᠤᠴᠠ ᠶᠢ | ᠦᠭᠡᠷᠡᠴᠢᠯᠡᠭᠦ ᠦᠢᠯᠡᠴᠢᠯᠡᠭᠡ ᠬᠤᠳᠠᠯᠳᠤᠨ ᠠᠪᠬᠤ ᠲᠥᠰᠦᠪ ᠢ ᠨᠠᠶᠢᠷᠠᠭᠤᠯᠤᠨ ᠵᠣᠬᠢᠶᠠᠬᠤ᠂ ᠳᠠᠭᠠᠭᠠᠨ ᠠᠪᠬᠤ | ᠭᠤᠣᠯ ᠴᠣᠭᠴᠨ ᠶᠢ ᠰᠣᠩᠭᠤᠬᠤ ᠳᠤ ᠯᠠᠪᠯᠠᠬᠤ ᠦᠨᠳᠣᠰᠣᠯᠡᠯ ᠪᠣᠯᠭᠠᠨ᠎ᠠ᠃ | | ᠵᠢᠷᠭᠤᠳᠤᠭᠠᠷ ᠪᠦᠯᠦᠭ ᠡᠯ᠎ᠡ ᠱᠠᠲᠤᠨ ᠤ ᠵᠠᠰᠠᠭ ᠤᠨ ᠣᠷᠳᠣᠨ ᠵᠢᠴᠢ ᠰᠠᠯᠠᠭ᠎ᠠ ᠮᠥᠴᠢᠷ ᠤᠨ ᠡᠭᠦᠷᠭᠡ | ᠬᠠᠷᠢᠭᠤᠴᠠᠯᠭ᠎ᠠ | | ᠬᠤᠷᠢᠳᠤᠭᠠᠷ ᠵᠦᠢᠯ ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ | ᠬᠤᠰᠢᠭᠤ ᠰᠢᠶᠠᠨ ︵ᠬᠤᠳᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠤᠭᠤᠳ ᠨᠢᠭᠡᠳᠦᠯᠲᠡᠶ | ᠲᠥᠯᠥᠪᠯᠡᠵᠦ ᠵᠣᠬᠢᠴᠠᠭᠤᠯᠬᠤ ᠶᠢ ᠴᠢᠩᠭᠠᠳᠬᠠᠵᠤ᠂ ᠲᠤᠰ ᠭᠠᠵᠠᠷ ᠣᠷᠣᠨ ᠤ ᠠᠵᠤ ᠠᠬᠤᠶ ᠨᠡᠶᠢᠭᠡᠮ ᠤᠨ | ᠬᠥᠭᠵᠢᠯᠲᠡ ᠶᠢᠨ ᠪᠠᠶᠢᠳᠠᠯ ᠪᠣᠯᠤᠨ ᠳᠥᠭᠦᠮ ᠪᠦᠳᠦᠴᠡᠳᠦ ᠣᠷᠣᠨ ᠰᠠᠭᠤᠴᠠ ᠶᠢ ᠦᠭᠡᠷᠡᠴᠢᠯᠡᠭᠦ ᠡᠲᠡᠭᠡᠳ ᠤᠨ | ᠪᠣᠳᠠᠲᠤ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ᠂ ᠳᠥᠭᠦᠮ ᠪᠦᠳᠦᠴᠡᠳᠦ ᠣᠷᠣᠨ ᠰᠠᠭᠤᠴᠠ ᠶᠢ | ᠦᠭᠡᠷᠡᠴᠢᠯᠡᠭᠦ ᠲᠥᠯᠥᠪᠵᠢᠭᠦᠯᠭᠡ ᠲᠣᠭᠲᠠᠭᠠᠵᠤ᠂ ᠵᠠᠰᠠᠭ ᠤᠨ ᠣᠷᠳᠣᠨ ᠤ ᠳᠥᠭᠦᠮ ᠪᠦᠳᠦᠴᠡᠳᠦ ᠣᠷᠣᠨ | ᠰᠠᠭᠤᠴᠠ ᠶᠢ ᠦᠭᠡᠷᠡᠴᠢᠯᠡᠭᠦ ᠦᠢᠯᠡᠴᠢᠯᠡᠭᠡ ᠬᠤᠳᠠᠯᠳᠣᠨ ᠠᠪᠬᠤ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠪᠠ | ᠬᠡᠷᠡᠭᠵᠢᠭᠦᠯᠬᠦ ᠠᠷᠭ᠎ᠠ ᠶᠢ ᠲᠣᠭᠳᠠᠭᠠᠨ ᠳᠡᠭᠦᠯᠳᠡᠷᠵᠢᠭᠦᠯᠣᠨ᠎ᠠ︔ ᠳᠥᠭᠦᠮ ᠪᠦᠳᠦᠴᠡᠳᠦ ᠣᠷᠣᠨ ᠰᠠᠭᠤᠴᠠ ᠶᠢ | ᠦᠭᠡᠷᠡᠴᠢᠯᠡᠭᠦ ᠲᠥᠷᠥᠯ ᠵᠦᠢᠯ ᠢ ᠦᠨᠳᠦᠰᠦᠯᠡᠨ ᠦᠭᠡᠷᠡᠴᠢᠯᠡᠭᠦ ᠪᠡᠯᠡ ᠮᠥᠩᠭᠦ ᠴᠤᠭᠯᠠᠭᠤᠯᠬᠤ ᠵᠢᠴᠢ ᠭᠠᠵᠠᠷ ᠰᠢᠷᠣᠶ | ᠨᠥᠭᠡᠴᠡᠯᠡᠬᠦ ᠲᠥᠯᠥᠪᠵᠢᠭᠦᠯᠭᠡ ᠲᠣᠭᠲᠠᠭᠠᠵᠤ᠂ ᠵᠠᠰᠠᠭ ᠤᠨ ᠣᠷᠳᠣᠨ ᠤ ᠳᠥᠭᠦᠮ ᠪᠦᠳᠦᠴᠡᠳᠦ ᠣᠷᠣᠨ | ᠰᠠᠭᠤᠴᠠ ᠶᠢ ᠦᠭᠡᠷᠡᠴᠢᠯᠡᠭᠦ ᠦᠢᠯᠡᠴᠢᠯᠡᠭᠡ ᠬᠤᠳᠠᠯᠳᠣᠨ ᠠᠪᠬᠤ ᠶᠢ ᠪᠠᠳᠣᠯᠠᠬᠤ ᠡᠳ᠋ ᠤᠨ ᠵᠠᠰᠠᠭ ᠤᠨ | ᠲᠥᠯᠥᠪᠵᠢᠭᠦᠯᠭᠡ ᠶᠢ ᠰᠠᠶᠢᠲᠤᠷ ᠨᠠᠶᠢᠷᠠᠭᠤᠯᠣᠨ ᠵᠣᠬᠢᠶᠠᠨ᠎ᠠ᠃ | ᠬᠤᠷᠢᠨ ᠨᠢᠭᠡᠳᠦᠭᠡᠷ ᠵᠦᠢᠯ ᠳᠥᠭᠦᠮ ᠪᠦᠳᠦᠴᠡᠳᠦ ᠣᠷᠣᠨ ᠰᠠᠭᠤᠴᠠ ᠶᠢ ᠦᠭᠡᠷᠡᠴᠢᠯᠡᠭᠦ ᠶᠢ ᠬᠤᠳᠠᠯᠳᠤᠨ | ᠠᠪᠬᠤ ᠭᠤᠣᠯ ᠴᠣᠭᠴᠠ ᠨᠤᠭᠤᠳ ᠣᠷᠣᠨ ᠪᠦᠰᠡ ᠶᠢᠨ ᠠᠵᠤ ᠠᠬᠤᠶ ᠶᠢᠨ ᠬᠥᠭᠵᠢᠯᠲᠡ ᠶᠢᠨ ᠬᠢᠷᠢ ᠬᠡᠮᠵᠢᠶ᠎ᠡ ᠶᠢ | ᠦᠨᠳᠦᠰᠦᠯᠡᠨ᠂ ᠲᠤᠰ ᠭᠠᠵᠠᠷ ᠣᠷᠣᠨ ᠤ ᠵᠠᠰᠠᠭ ᠤᠨ ᠣᠷᠳᠣᠨ ᠠᠴᠠ ᠲᠣᠭᠲᠠᠭᠠᠭᠰᠠᠨ ᠳᠥᠭᠦᠮ ᠪᠦᠳᠦᠴᠡᠳᠦ | ᠣᠷᠣᠨ ᠰᠠᠭᠤᠴᠠ ᠶᠢ ᠦᠭᠡᠷᠡᠴᠢᠯᠡᠭᠦ ᠲᠥᠯᠥᠪᠵᠢᠭᠦᠯᠭᠡ ᠶᠢ ᠵᠣᠬᠢᠶᠠᠨ ᠪᠠᠶᠢᠭᠤᠯᠣᠨ ᠨᠠᠶᠢᠳᠠᠪᠤᠷᠢᠵᠢᠭᠤᠯᠵᠣ᠂ ᠳᠥᠭᠦᠮ | ᠪᠦᠳᠦᠴᠡᠳᠦ ᠣᠷᠣᠨ ᠰᠠᠭᠤᠴᠠ ᠶᠢ ᠦᠭᠡᠷᠡᠴᠢᠯᠡᠭᠦ ᠲᠥᠷᠥᠯ ᠵᠦᠢᠯ ᠢ ᠤᠯᠤᠰ ᠤᠨ ᠳᠥᠭᠦᠮ ᠪᠦᠳᠦᠴᠡᠳᠦ ᠣᠷᠣᠨ | ᠰᠠᠭᠤᠴᠠ ᠶᠢ ᠦᠭᠡᠷᠡᠴᠢᠯᠡᠭᠦ ᠲᠥᠯᠥᠪᠵᠢᠭᠦᠯᠭᠡ ᠪᠠ ᠣᠨ ᠤ ᠲᠥᠯᠥᠪᠯᠡᠭᠡ ᠳᠤ ᠣᠷᠣᠭᠤᠯᠬᠤ ᠶᠢ ᠠᠬᠢᠭᠤᠯᠣᠨ᠂ | ᠵᠠᠰᠠᠭ ᠤᠨ ᠣᠷᠳᠣᠨ ᠤ ᠲᠦᠭᠦᠮ ᠪᠦᠳᠣᠴᠠᠳᠣ ᠣᠷᠣᠨ ᠰᠠᠭᠤᠴᠨ ᠶᠢ ᠦᠭᠡᠷᠡᠴᠢᠯᠡᠭᠦ ᠦᠢᠯᠡᠴᠢᠯᠡᠭᠡ ᠶᠢ ᠬᠤᠳᠠᠯᠳᠣᠨ | ᠠᠪᠬᠤ ᠬᠡᠪᠴᠢᠶ᠎ᠠ ᠵᠢᠴᠢ ᠣᠨ ᠤ ᠬᠡᠷᠩᠵᠢᠭᠦᠯᠭᠦ ᠲᠦᠯᠣᠪᠵᠢᠭᠦᠯᠭᠡ ᠶᠢ ᠵᠣᠬᠢᠶᠠᠨ ᠪᠠᠶᠢᠭᠤᠯᠣᠨ ᠲᠣᠭᠳᠠᠭᠠᠵᠣ᠂ | ᠬᠠᠮᠢᠶ᠎ᠠ ᠪᠦᠬᠦᠢ ᠰᠠᠯᠠᠭ᠎ᠠ ᠮᠥᠴᠢᠷ ᠯᠦᠭᠡ ᠬᠠᠮᠲᠦᠷᠠᠯᠴᠠᠨ ᠳᠥᠭᠦᠮ ᠪᠦᠳᠦᠴᠡᠳᠦ ᠣᠷᠣᠨ ᠰᠠᠭᠤᠴᠠ ᠶᠢ | ᠦᠭᠡᠷᠡᠴᠢᠯᠡᠭᠦ ᠪᠡᠯᠡ ᠮᠥᠩᠭᠦᠨ ᠤ ᠲᠡᠩᠴᠡᠭᠦᠷᠢ ᠶᠢᠨ ᠲᠥᠰᠦᠪ ᠤᠨ ᠬᠦᠰᠦᠨᠦᠭᠲᠦ ᠶᠢ ᠨᠠᠶᠢᠷᠠᠭᠤᠯᠤᠨ ᠵᠣᠬᠢᠶᠠᠵᠤ᠂ | ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠦᠷᠭᠡᠨ ᠨᠡᠪᠲᠡᠷᠡᠬᠦ ᠵᠠᠮ ᠢ ᠪᠠᠶᠢᠭᠤᠯᠣᠨ᠂ ᠳᠡᠰ ᠳᠠᠷᠠᠭᠠᠯᠠᠯ ᠢ | ᠳᠥᠭᠦᠮᠴᠢᠯᠡᠵᠣ᠂ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠬᠠᠮᠢᠶ᠎ᠠ ᠪᠥᠬᠦᠢ ᠲᠣᠭᠲᠠᠭᠠᠯ ᠳᠤ ᠨᠡᠶᠢᠴᠡᠭᠰᠡᠨ ᠲᠥᠷᠥᠯ | ᠵᠦᠢᠯ ᠳᠤ᠂ ᠰᠡᠳᠦᠪ ᠲᠣᠭᠲᠠᠭᠠᠬᠤ᠂ ᠲᠥᠯᠥᠪᠵᠢᠭᠦᠯᠭᠡ ᠶᠢ ᠵᠥᠪᠰᠢᠶᠡᠷᠡᠬᠦ᠂ ᠭᠠᠵᠠᠷ ᠰᠢᠷᠣᠶ ᠬᠡᠷᠡᠭᠯᠡᠬᠦ᠂ ᠪᠠᠷᠢᠯᠭ᠎ᠠ | ᠪᠠᠷᠢᠬᠤ ᠶᠢ ᠵᠥᠪᠰᠢᠶᠡᠷᠡᠬᠦ ᠵᠡᠷᠭᠡ ᠬᠢᠨᠠᠨ ᠵᠥᠪᠰᠢᠶᠡᠷᠡᠭᠦ ᠭᠠᠷᠳᠠᠮ ᠢ ᠬᠤᠭᠤᠴᠠᠭ᠎ᠠ ᠬᠢᠵᠠᠭᠠᠷᠯᠠᠨ ᠪᠡᠶᠡᠯᠡᠭᠦᠯᠵᠦ᠂ | ᠳᠥᠭᠦᠮ ᠪᠦᠳᠦᠴᠡᠳᠦ ᠣᠷᠣᠨ ᠰᠠᠭᠤᠴᠠ ᠶᠢ ᠦᠭᠡᠷᠡᠴᠢᠯᠡᠭᠦ ᠲᠦᠷᠦᠯ ᠵᠦᠢᠯ ᠤᠨ ᠴᠠᠭ ᠲᠠᠭᠠᠨ | ᠬᠡᠷᠡᠭᠵᠢᠭᠦᠯᠣᠭ᠍ᠳᠡᠭᠦ ᠶᠢ ᠦᠨᠡᠡᠭᠦ ᠪᠠᠲᠤᠯᠠᠨ᠎ᠠ᠃ | ᠬᠤᠷᠢᠨ ᠬᠤᠶᠠᠳᠤᠭᠠᠷ ᠵᠦᠢᠯ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠳᠥᠭᠦᠮ ᠪᠦᠳᠦᠴᠡᠳᠦ ᠣᠷᠣᠨ | ᠰᠠᠭᠤᠴᠠ ᠶᠢ ᠦᠭᠡᠷᠡᠴᠢᠯᠡᠭᠦ ᠶᠢ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠵᠢᠯᠤᠭᠤᠳᠬᠤ | ᠴᠢᠨᠠᠷᠳᠠᠢ ᠭᠠᠷᠴᠠᠭ ᠲᠤ ᠣᠷᠣᠭᠤᠯᠵᠤ᠂ ᠳᠥᠭᠦᠮ ᠪᠦᠳᠦᠴᠡᠳᠦ ᠣᠷᠣᠨ ᠰᠠᠭᠤᠴᠠ ᠶᠢ ᠦᠭᠡᠷᠡᠴᠢᠯᠡᠭᠦ ᠦᠢᠯᠡᠴᠢᠯᠡᠭᠡ | ᠬᠤᠳᠠᠯᠳᠤᠨ ᠠᠪᠬᠤ ᠣᠨ ᠤ ᠲᠥᠯᠥᠪᠯᠡᠭᠡ ᠶᠢ ᠬᠢᠨᠠᠨ ᠲᠣᠭᠲᠠᠭᠠᠵᠣ᠂ ᠳᠥᠭᠦᠮ ᠪᠦᠳᠦᠴᠡᠳᠦ ᠣᠷᠣᠨ ᠰᠠᠭᠤᠴᠠ ᠶᠢ | ᠦᠭᠡᠷᠡᠴᠢᠯᠡᠭᠦ ᠦᠢᠯᠡᠴᠢᠯᠡᠭᠡ ᠬᠤᠳᠠᠯᠳᠤᠨ ᠠᠪᠬᠤ ᠪᠡᠯᠡ ᠮᠥᠩᠭᠦ ᠶᠢᠨ ᠲᠥᠰᠦᠪ ᠤᠨ ᠲᠣᠬᠢᠷᠠᠭᠤᠯᠤᠯᠳᠠ ᠶᠢ | ᠰᠠᠶᠢᠲᠤᠷ ᠬᠢᠵᠣ᠂ ᠬᠤᠳᠠᠯᠳᠤᠨ ᠠᠪᠬᠤ ᠪᠡᠯᠡ ᠮᠥᠩᠭᠦ ᠶᠢ ᠬᠤᠳᠠᠯᠳᠤᠨ ᠠᠪᠬᠤ ᠭᠡᠷ᠎ᠡ ᠶᠢᠨ ᠬᠤᠭᠤᠴᠠᠭᠠᠨ ᠤ ᠡᠯ᠎ᠡ | ᠣᠨ ᠤ ᠲᠥᠰᠦᠪ ᠤᠨ ᠵᠠᠷᠤᠯᠭ᠎ᠠ ᠵᠢᠴᠢ ᠤᠷᠲᠤᠪᠲᠤᠷ ᠪᠠ ᠤᠷᠳᠤ ᠬᠤᠭᠤᠴᠠᠭᠠᠨ ᠳᠠᠬᠢ ᠡᠳ᠋ ᠤᠨ ᠵᠠᠰᠠᠭ ᠤᠨ | ᠲᠥᠯᠥᠪᠵᠢᠭᠦᠯᠭᠡ ᠳᠤ ᠣᠷᠣᠭᠤᠯᠣᠨ᠎ᠠ︔ ᠦᠢᠯᠡᠴᠢᠯᠡᠭᠡ ᠬᠤᠳᠠᠯᠳᠤᠨ ᠠᠪᠬᠤ ᠵᠡᠷᠭᠡ ᠠᠵᠢᠯ ᠢ ᠬᠢᠨᠠᠯᠲᠠ ᠲᠠᠯᠪᠢᠵᠦ | ᠵᠢᠯᠣᠭᠤᠳᠣᠨ᠎ᠠ᠃ | ᠬᠤᠷᠢᠨ ᠭᠤᠷᠪᠠᠳᠤᠭᠠᠷ ᠵᠦᠢᠯ ᠨᠢᠭᠡᠨᠲᠡ ᠣᠯᠣᠰ ᠤᠨ ᠳᠥᠭᠦᠮ ᠪᠦᠳᠦᠴᠡᠳᠦ ᠣᠷᠣᠨ ᠰᠠᠭᠤᠴᠠ ᠶᠢ | ᠦᠭᠡᠷᠡᠴᠢᠯᠡᠭᠦ ᠲᠥᠯᠥᠪᠯᠡᠭᠡ ᠳᠤ ᠵᠢᠭᠰᠠᠭᠠᠭᠰᠠᠨ ᠲᠥᠷᠥᠯ ᠵᠦᠢᠯ ᠳᠤ᠂ ᠡᠯ᠎ᠡ ᠬᠠᠮᠢᠶ᠎ᠠ ᠪᠦᠬᠦᠢ ᠮᠥᠩᠭᠦᠨ | ᠭᠦᠢᠯᠭᠡᠭᠡᠨ ᠤ ᠪᠠᠶᠢᠭᠤᠯᠤᠮᠵᠢ ᠨᠤᠭᠤᠳ ᠤᠯᠤᠰ ᠤᠨ ᠬᠤᠯᠪᠣᠭᠳᠠᠯ ᠪᠦᠬᠦᠢ ᠳᠥᠭᠦᠮ ᠪᠦᠳᠦᠴᠡᠳᠦ ᠣᠷᠣᠨ | ᠰᠠᠭᠤᠴᠠ ᠶᠢ ᠦᠭᠡᠷᠡᠴᠢᠯᠡᠭᠦ ᠮᠥᠩᠭᠦᠨ ᠭᠦᠢᠯᠭᠡᠭᠡᠨ ᠤ ᠲᠦᠷᠦ ᠶᠢᠨ ᠪᠤᠳᠤᠯᠭ᠎ᠠ ᠪᠠ ᠣᠨ ᠤ ᠲᠥᠯᠥᠪᠯᠡᠭᠡ ᠶᠢ | ᠰᠠᠶᠢᠲᠤᠷ ᠨᠠᠶᠢᠳᠠᠪᠤᠷᠢᠵᠢᠭᠤᠯᠵᠤ᠂ ᠳᠥᠭᠦᠮ ᠪᠦᠳᠦᠴᠡᠳᠦ ᠣᠷᠣᠨ ᠰᠠᠭᠤᠴᠠ ᠶᠢ ᠦᠭᠡᠷᠡᠴᠢᠯᠡᠭᠦ ᠵᠢᠭᠡᠯᠡᠯᠭᠡ | ᠭᠤᠶᠤᠴᠢᠯᠠᠭᠰᠠᠨ ᠲᠦᠷᠣᠯ ᠵᠦᠢᠯ ᠢ ᠪᠠᠶᠢᠴᠠᠭᠠᠬᠤ ᠪᠠ ᠬᠢᠨᠠᠨ ᠦᠨᠡᠯᠡᠵᠣ᠂ ᠢᠳᠡᠭᠡᠮᠵᠢᠳᠣ ᠵᠢᠭᠡᠯᠡᠯᠭᠡ ᠶᠢᠨ | ᠲᠦᠷᠦ ᠶᠢᠨ ᠪᠤᠳᠤᠯᠭ᠎ᠠ ᠪᠠ ᠵᠢᠭᠡᠯᠡᠯᠭᠡ ᠲᠠᠯᠪᠢᠬᠤ ᠨᠥᠬᠦᠴᠡᠯ ᠳᠤ ᠨᠠᠶᠢᠴᠡᠭᠦ ᠳᠥᠭᠦᠮ ᠪᠦᠳᠦᠴᠡᠳᠦ ᠣᠷᠣᠨ | ᠰᠠᠭᠤᠴᠠ ᠶᠢ ᠦᠭᠡᠷᠡᠴᠢᠯᠡᠬᠦ ᠶᠢ ᠳᠠᠭᠠᠭᠠᠨ ᠠᠪᠣᠭᠰᠠᠨ ᠭᠤᠣᠯ ᠴᠣᠭᠴᠠ ᠯᠤᠭ᠎ᠠ ᠳᠥᠭᠦᠮ ᠪᠦᠳᠦᠴᠡᠳᠦ ᠣᠷᠣᠨ | ᠰᠠᠭᠤᠴᠠ ᠶᠢ ᠦᠭᠡᠷᠡᠴᠢᠯᠡᠭᠦ ᠲᠦᠷᠣᠯ ᠵᠦᠢᠯ ᠤᠨ ᠵᠣᠭᠤᠰ ᠵᠢᠭᠡᠯᠡᠬᠦ ᠭᠡᠷ᠎ᠡ ᠲᠣᠭᠲᠠᠭᠠᠵᠤ᠂ ᠴᠠᠭ ᠲᠤᠬᠠᠶ ᠳᠤᠨᠢ | ᠲᠦᠷᠦ ᠶᠢᠨ ᠪᠤᠳᠤᠯᠭ᠎ᠠ ᠶᠢᠨ ᠴᠢᠨᠠᠷᠲᠠᠶ ᠪᠠ ᠶᠡᠷᠦᠩᠬᠡᠶᠢᠯᠡᠭᠰᠡᠨ ᠴᠢᠨᠠᠷᠲᠠᠶ ᠮᠥᠩᠭᠦᠨ ᠭᠦᠢᠯᠭᠡᠭᠡᠨ ᠤ ᠦᠢᠯᠡᠴᠢᠯᠡᠭᠡ | ᠬᠠᠩᠭᠠᠬᠤ ᠬᠡᠷᠡᠭᠲᠡᠶ᠃ | | ᠳᠣᠯᠣᠳᠤᠭᠠᠷ ᠪᠦᠯᠦᠭ ᠬᠢᠨᠠᠯᠳᠠ ᠬᠠᠮᠢᠶᠠᠷᠣᠯᠳᠠ | | ᠬᠤᠷᠢᠨ ᠳᠥᠷᠪᠡᠳᠦᠭᠡᠷ ᠵᠦᠢᠯ ᠳᠥᠭᠦᠮ ᠪᠦᠳᠦᠴᠡᠳᠦ ᠣᠷᠣᠨ ᠰᠠᠭᠤᠴᠠ ᠶᠢ ᠦᠭᠡᠷᠡᠴᠢᠯᠡᠭᠦ ᠶᠢ ᠬᠤᠳᠠᠯᠳᠤᠨ | ᠠᠪᠬᠤ ᠭᠤᠣᠯ ᠴᠣᠭᠴᠠ ᠨᠢ ᠳᠣᠲᠣᠭᠠᠳᠤ ᠳᠠᠬᠢ ᠬᠢᠨᠠᠯᠳᠠ ᠬᠠᠮᠢᠶᠠᠷᠣᠯᠳᠠ ᠶᠢᠨ ᠳᠦᠷᠢᠮ ᠢ ᠪᠠᠶᠢᠭᠤᠯᠤᠨ | ᠪᠦᠷᠢᠨᠰᠢᠭᠦᠯᠵᠣ᠂ ᠲᠤᠰ ᠠᠷᠭ᠎ᠠ ᠳᠤ ᠲᠣᠭᠳᠠᠭᠠᠭᠰᠠᠨ ᠠᠵᠢᠯ ᠤᠨ ᠴᠣᠪᠣᠷᠠᠯ ᠤᠨ ᠲᠥᠰᠦᠯ ᠢ ᠦᠨᠳᠣᠰᠣᠯᠡᠵᠣ᠂ | ᠳᠥᠭᠦᠮ ᠪᠦᠳᠦᠴᠡᠳᠦ ᠣᠷᠣᠨ ᠰᠠᠭᠤᠴᠠ ᠶᠢ ᠦᠭᠡᠷᠡᠴᠢᠯᠡᠭᠦ ᠶᠢ ᠳᠠᠭᠠᠭᠠᠨ ᠠᠪᠣᠭᠰᠠᠨ ᠭᠤᠣᠯ ᠴᠣᠭᠴᠨ ᠳᠤ | ᠬᠠᠩᠭᠠᠬᠤ ᠦᠢᠯᠡᠴᠢᠯᠡᠭᠡ ᠶᠢᠨ ᠪᠥᠬᠦ ᠶᠠᠪᠤᠴᠠ ᠶᠢ ᠨᠢ ᠮᠥᠷᠳᠡᠨ ᠬᠢᠨᠠᠯᠲᠠ ᠲᠠᠯᠪᠢᠨ᠎ᠠ᠃ ᠡᠭᠦᠨ ᠤ ᠬᠠᠮᠲᠤ᠂ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ | ᠳᠦᠷᠢᠮ︾᠂ ︽ᠵᠠᠰᠠᠭ ᠤᠨ ᠣᠷᠳᠣᠨ ᠤ ᠬᠤᠳᠠᠯᠳᠤᠨ ᠠᠪᠬᠤ ᠮᠡᠳᠡᠭᠡ ᠵᠠᠩᠭᠢ ᠶᠢᠨ ᠠᠯᠪᠠᠨ ᠵᠠᠷ ᠤᠨ | ᠬᠠᠮᠢᠶᠠᠷᠤᠯᠲᠠ ᠶᠢᠨ ᠠᠷᠭ᠎ᠠ︾ ᠵᠡᠷᠭᠡ ᠲᠣᠭᠳᠠᠭᠠᠯ ᠶᠣᠰᠣᠭᠠᠷ ᠦᠢᠯᠡᠴᠢᠯᠡᠭᠡ ᠬᠤᠳᠠᠯᠳᠣᠨ ᠠᠪᠬᠤ ᠬᠠᠮᠢᠶ᠎ᠠ ᠪᠦᠬᠦᠢ | ᠮᠡᠳᠡᠭᠡ ᠵᠠᠩᠭᠢ ᠶᠢ ᠢᠯᠡ ᠪᠣᠯᠭᠠᠵᠣ᠂ ᠰᠠᠨᠠᠭᠠᠴᠢᠯᠠᠭ᠎ᠠ ᠠᠴᠠ ᠪᠠᠨ ᠨᠡᠶᠢᠭᠡᠮ ᠤᠨ ᠬᠢᠨᠠᠯᠲᠠ ᠳᠠᠯᠪᠢᠬᠤ ᠶᠢ | ᠬᠦᠯᠢᠶᠡᠨ᠎ᠠ᠃ | ᠬᠤᠷᠢᠨ ᠲᠠᠪᠤᠳᠤᠭᠠᠷ ᠵᠦᠢᠯ ᠳᠥᠭᠦᠮ ᠪᠦᠳᠦᠴᠡᠳᠦ ᠣᠷᠣᠨ ᠰᠠᠭᠤᠴᠠ ᠶᠢ ᠦᠭᠡᠷᠡᠴᠢᠯᠡᠭᠦ ᠶᠢ ᠳᠠᠭᠠᠭᠠᠨ | ᠠᠪᠣᠭᠰᠠᠨ ᠭᠤᠣᠯ ᠴᠣᠭᠴᠨ ᠨᠢ ᠳᠥᠭᠦᠮ ᠪᠦᠳᠦᠴᠡᠳᠦ ᠣᠷᠣᠨ ᠰᠠᠭᠤᠴᠠ ᠶᠢ ᠦᠭᠡᠷᠡᠴᠢᠯᠡᠭᠦ ᠶᠢ ᠬᠡᠷᠡᠭᠵᠢᠭᠦᠯᠬᠦ | ᠶᠠᠪᠤᠴᠠ ᠳᠤ ᠭᠠᠵᠠᠷ ᠰᠢᠷᠣᠶ᠂ ᠪᠥᠳᠥᠭᠡᠨ ᠪᠠᠶᠢᠭᠤᠯᠤᠯᠲᠠ᠂ ᠲᠥᠯᠥᠪᠵᠢᠭᠦᠯᠭᠡ ᠵᠡᠷᠭᠡ ᠬᠠᠮᠢᠶ᠎ᠠ ᠪᠦᠬᠦᠢ ᠬᠠᠤᠯᠢ | ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠢ ᠵᠢᠷᠣᠮᠯᠡᠨ᠂ ᠵᠥᠪᠰᠢᠶᠡᠷᠡᠭᠦᠯᠦᠭᠰᠡᠨ ᠳᠥᠭᠦᠮ ᠪᠦᠳᠦᠴᠡᠳᠦ ᠣᠷᠣᠨ | ᠰᠠᠭᠤᠴᠠ ᠶᠢ ᠦᠭᠡᠷᠡᠴᠢᠯᠡᠭᠦ ᠲᠥᠷᠥᠯ ᠵᠦᠢᠯ ᠢ ᠬᠡᠷᠡᠭᠵᠢᠭᠦᠯᠬᠦ ᠲᠥᠰᠦᠯ ᠶᠣᠰᠣᠭᠠᠷ ᠴᠢᠩᠭ᠎ᠠ ᠥᠭᠡᠷᠡᠴᠢᠯᠡᠨ᠎ᠠ︔ | ᠡᠳ᠋ ᠤᠨ ᠶᠠᠪᠤᠳᠠᠯ ᠤᠨ ᠲᠦᠷᠢᠮ ᠢ ᠪᠠᠶᠢᠭᠤᠯᠤᠨ ᠪᠦᠷᠢᠨᠰᠢᠭᠦᠯᠵᠣ᠂ ᠡᠳ᠋ ᠤᠨ ᠵᠠᠰᠠᠭ ᠡᠳ᠋ ᠤᠨ ᠶᠠᠪᠤᠳᠠᠯ ᠤᠨ | ᠲᠣᠭᠲᠠᠭᠠᠯ ᠢ ᠴᠢᠩᠭ᠎ᠠ ᠵᠢᠷᠤᠮᠯᠠᠵᠤ᠂ ᠳᠥᠭᠦᠮ ᠪᠦᠳᠦᠴᠡᠳᠦ ᠣᠷᠣᠨ ᠰᠠᠭᠤᠴᠠ ᠶᠢ ᠦᠭᠡᠷᠡᠴᠢᠯᠡᠭᠦ ᠦᠢᠯᠡᠴᠢᠯᠡᠭᠡ | ᠬᠤᠳᠠᠯᠳᠤᠨ ᠠᠪᠣᠭᠰᠠᠨ ᠲᠥᠷᠥᠯ ᠵᠦᠢᠯ ᠤᠨ ᠪᠡᠯᠡ ᠮᠥᠩᠭᠦ ᠳᠤ ᠵᠢᠷᠣᠮᠵᠢᠭᠰᠠᠨ ᠡᠳ᠋ ᠤᠨ ᠶᠠᠪᠤᠳᠠᠯ ᠤᠨ | ᠬᠠᠮᠢᠶᠠᠷᠤᠯᠲᠠ ᠪᠠ ᠨᠢᠭᠲᠠᠯᠠᠨ ᠪᠤᠳᠦᠬᠤ ᠶᠢᠨ ᠲᠣᠭᠠᠴᠠᠭ᠎ᠠ ᠬᠢᠵᠣ᠂ ᠪᠡᠯᠡ ᠮᠥᠩᠭᠦ ᠶᠢ ᠵᠢᠷᠤᠮᠵᠢᠭᠤᠯᠤᠨ ᠬᠠᠮᠢᠶᠠᠷᠬᠤ | ᠪᠠ ᠬᠡᠷᠡᠭᠯᠡᠭᠦ ᠶᠢ ᠦᠨᠡᠨᠬᠦ ᠪᠠᠲᠤᠯᠠᠨ᠎ᠠ᠃ | ᠬᠤᠷᠢᠨ ᠵᠢᠷᠭᠤᠳᠤᠭᠠᠷ ᠵᠦᠢᠯ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠲᠥᠰᠦᠪ ᠢ ᠢᠯᠡ ᠪᠣᠯᠭᠠᠬᠤ | ᠵᠡᠷᠭᠡ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠲᠥᠰᠦᠪ ᠵᠢᠴᠢ ᠵᠠᠰᠠᠭ ᠤᠨ ᠣᠷᠳᠣᠨ ᠤ ᠳᠥᠭᠦᠮ ᠪᠦᠳᠦᠴᠡᠳᠦ | ᠣᠷᠣᠨ ᠰᠠᠭᠤᠴᠠ ᠶᠢ ᠦᠭᠡᠷᠡᠴᠢᠯᠡᠭᠦ ᠦᠢᠯᠡᠴᠢᠯᠡᠭᠡ ᠬᠤᠳᠠᠯᠳᠣᠨ ᠠᠪᠬᠤ ᠬᠠᠮᠢᠶ᠎ᠠ ᠪᠦᠬᠦᠢ ᠮᠡᠳᠡᠭᠡ ᠵᠠᠩᠭᠢ ᠶᠢ ᠢᠯᠡ | ᠪᠣᠯᠭᠠᠨ᠎ᠠ᠃ ᠵᠠᠰᠠᠭ ᠤᠨ ᠣᠷᠳᠣᠨ ᠤ ᠳᠥᠭᠦᠮ ᠪᠦᠳᠦᠴᠡᠳᠦ ᠣᠷᠣᠨ ᠰᠠᠭᠤᠴᠠ ᠶᠢ ᠦᠭᠡᠷᠡᠴᠢᠯᠡᠭᠦ ᠦᠢᠯᠡᠴᠢᠯᠡᠭᠡ | ᠬᠤᠳᠠᠯᠳᠣᠨ ᠠᠪᠬᠤ ᠶᠢᠨ ᠪᠣᠴᠠᠭᠠᠵᠤ ᠭᠠᠷᠭᠠᠬᠤ ᠲᠣᠭᠲᠠᠴᠠ ᠶᠢ ᠪᠠᠶᠢᠭᠤᠯᠵᠤ᠂ ᠬᠤᠳᠠᠯ ᠬᠠᠭᠤᠷᠮᠠᠭ ᠢᠶᠠᠷ ᠵᠣᠬᠢᠶᠠᠬᠤ | ᠂ ᠡᠳ᠋ ᠤᠨ ᠵᠠᠰᠠᠭ ᠤᠨ ᠪᠡᠯᠡ ᠮᠥᠩᠭᠦ ᠶᠢ ᠮᠡᠬᠡᠯᠡᠨ ᠠᠪᠬᠤ ᠵᠢᠴᠢ ᠬᠠᠤᠯᠢ ᠠᠴᠠ ᠵᠥᠷᠢᠴᠡᠭᠰᠡᠨ ᠪᠤᠰᠤᠳ ᠦᠢᠯᠡ | ᠠᠵᠢᠯᠯᠠᠭ᠎ᠠ ᠲᠠᠢ ᠳᠥᠭᠦᠮ ᠪᠦᠳᠦᠴᠡᠳᠦ ᠣᠷᠣᠨ ᠰᠠᠭᠤᠴᠠ ᠶᠢ ᠦᠭᠡᠷᠡᠴᠢᠯᠡᠭᠦ ᠶᠢ ᠳᠠᠭᠠᠭᠠᠨ ᠠᠪᠤᠬᠰᠠᠨ ᠭᠤᠣᠯ | ᠴᠣᠭᠴᠨ ᠳᠤ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠦᠭᠴᠣ᠂ ᠭᠤᠷᠪᠠᠨ ᠵᠢᠯ ᠤᠨ | ᠲᠣᠳᠣᠷ᠎ᠠ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠳᠤ ᠦᠯᠣ ᠣᠷᠣᠯᠴᠠᠭᠤᠯᠣᠨ᠎ᠠ᠃ | ᠬᠤᠷᠢᠨ ᠳᠣᠯᠣᠳᠤᠭᠠᠷ ᠵᠦᠢᠯ ᠠᠷᠠᠳ ᠤᠨ ᠶᠠᠪᠤᠳᠠᠯ᠂ ᠠᠵᠣ ᠦᠢᠯᠡᠳᠪᠦᠷᠢ ᠬᠤᠳᠠᠯᠳᠤᠭᠠᠨ ᠤ | ᠬᠠᠮᠢᠶᠠᠷᠤᠯᠲᠠ ᠵᠢᠴᠢ ᠠᠵᠢᠯ ᠲᠦᠷᠦᠯ ᠤᠨ ᠭᠤᠣᠯᠴᠢᠯᠠᠨ ᠬᠠᠮᠢᠶᠠᠷᠬᠤ ᠵᠡᠷᠭᠡ ᠰᠠᠯᠠᠭ᠎ᠠ ᠮᠥᠴᠢᠷ ᠨᠢ ᠡᠭᠦᠷᠭᠡ | ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠵᠠᠰᠠᠭ ᠤᠨ ᠣᠷᠳᠣᠨ ᠤ ᠳᠥᠭᠦᠮ ᠪᠦᠳᠦᠴᠡᠳᠦ ᠣᠷᠣᠨ ᠰᠠᠭᠤᠴᠠ ᠶᠢ | ᠦᠭᠡᠷᠡᠴᠢᠯᠡᠭᠦ ᠦᠢᠯᠡᠴᠢᠯᠡᠭᠡ ᠬᠤᠳᠠᠯᠳᠣᠨ ᠠᠪᠬᠤ ᠶᠢ ᠳᠠᠭᠠᠭᠠᠨ ᠠᠪᠣᠭᠰᠠᠨ ᠳᠥᠭᠦᠮ ᠪᠦᠳᠦᠴᠡᠳᠦ ᠣᠷᠣᠨ | ᠰᠠᠭᠤᠴᠠ ᠶᠢ ᠦᠭᠡᠷᠡᠴᠢᠯᠡᠭᠦ ᠶᠢ ᠳᠠᠭᠠᠭᠠᠨ ᠠᠪᠬᠤ ᠭᠤᠣᠯ ᠴᠣᠭᠴᠨ ᠶᠢᠨ ᠠᠵᠢᠯᠯᠠᠭ᠎ᠠ ᠶᠢᠨ ᠢᠲᠡᠭᠡᠮᠵᠢ ᠶᠢᠨ | ᠲᠡᠮᠳᠡᠭᠯᠡᠯ ᠢ ᠨᠢ ᠣᠨ ᠤ ᠮᠡᠳᠡᠭᠦᠯᠦᠯᠲᠡ᠂ ᠦᠨᠡᠯᠡᠨ ᠵᠢᠱᠢᠬᠦ᠂ ᠬᠠᠤᠯᠢ ᠬᠡᠷᠡᠭᠵᠢᠭᠦᠯᠬᠦ ᠵᠡᠷᠭᠡ ᠬᠢᠨᠠᠨ ᠬᠠᠮᠢᠶᠠᠷᠬᠤ | ᠰᠢᠰᠲ᠋ᠧᠮᠵᠢ ᠳᠤ ᠣᠷᠣᠭᠤᠯᠣᠨ᠂ ᠢᠳᠡᠭᠡᠮᠵᠢ ᠲᠠᠢ ᠶᠢ ᠨᠢ ᠤᠷᠮᠠᠰᠢᠭᠤᠯᠤᠨ ᠵᠣᠷᠢᠬᠵᠢᠭᠤᠯᠬᠤ ᠪᠠ ᠢᠲᠡᠭᠡᠮᠵᠢ | ᠠᠯᠳᠠᠭᠰᠠᠨ ᠢ ᠨᠢ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠪᠦᠷᠢᠨᠰᠢᠭᠦᠯᠣᠨ᠎ᠠ᠃ | ᠬᠤᠷᠢᠨ ᠨᠠᠢᠮᠠᠳᠣᠭᠠᠷ ᠵᠦᠢᠯ ᠡᠳ᠋ ᠤᠨ ᠵᠠᠰᠠᠭ᠂ ᠬᠢᠨᠠᠨ ᠪᠤᠳᠤᠬᠤ᠂ ᠣᠷᠣᠨ ᠰᠠᠭᠤᠴᠠ ᠬᠤᠳᠠ | ᠬᠥᠳᠡᠭᠡ ᠶᠢᠨ ᠪᠥᠳᠥᠭᠡᠨ ᠪᠠᠶᠢᠭᠤᠯᠤᠯᠲᠠ ᠵᠡᠷᠭᠡ ᠰᠠᠯᠠᠭ᠎ᠠ ᠮᠥᠴᠢᠷ ᠪᠣᠯᠣᠨ ᠳᠥᠭᠦᠮ ᠪᠦᠳᠦᠴᠡᠳᠦ ᠣᠷᠣᠨ | ᠰᠠᠭᠤᠴᠠ ᠶᠢ ᠦᠭᠡᠷᠡᠴᠢᠯᠡᠭᠦ ᠶᠢ ᠬᠤᠳᠠᠯᠳᠤᠨ ᠠᠪᠬᠤ ᠭᠤᠣᠯ ᠴᠣᠭᠴᠠ ᠨᠤᠭᠤᠳ ᠵᠠᠰᠠᠭ ᠤᠨ ᠣᠷᠳᠣᠨ ᠤ ᠳᠥᠭᠦᠮ | ᠪᠦᠳᠦᠴᠡᠳᠦ ᠣᠷᠣᠨ ᠰᠠᠭᠤᠴᠠ ᠶᠢ ᠦᠭᠡᠷᠡᠴᠢᠯᠡᠭᠦ ᠦᠢᠯᠡᠴᠢᠯᠡᠭᠡ ᠬᠤᠳᠠᠯᠳᠣᠨ ᠠᠪᠬᠤ ᠳᠤ ᠬᠢᠨᠠᠯᠲᠠ ᠲᠠᠯᠪᠢᠬᠤ᠂ | ᠬᠢᠨᠠᠨ ᠪᠣᠳᠣᠬᠤ ᠪᠠᠨ ᠴᠢᠩᠭᠠᠳᠬᠠᠨ᠂ ᠵᠠᠰᠠᠭ ᠤᠨ ᠣᠷᠳᠣᠨ ᠤ ᠳᠥᠭᠦᠮ ᠪᠦᠳᠦᠴᠡᠳᠦ ᠣᠷᠣᠨ ᠰᠠᠭᠤᠴᠠ ᠶᠢ | ᠦᠭᠡᠷᠡᠴᠢᠯᠡᠭᠦ ᠦᠢᠯᠡᠴᠢᠯᠡᠭᠡ ᠬᠤᠳᠠᠯᠳᠣᠨ ᠠᠪᠬᠤ ᠪᠡᠯᠨ ᠮᠦᠩᠭᠦ ᠶᠢ ᠵᠢᠷᠤᠮᠵᠢᠭᠤᠯᠣᠨ ᠬᠠᠮᠢᠶᠠᠷᠬᠤ ᠪᠠ ᠵᠦᠢ | ᠵᠣᠬᠢᠰᠲᠠᠶ ᠪᠠᠷ ᠬᠡᠷᠡᠭᠯᠡᠬᠦ ᠶᠢ ᠦᠨᠡᠡᠭᠦ ᠪᠠᠳᠣᠯᠠᠨ᠎ᠠ᠃ ᠳᠥᠭᠦᠮ ᠪᠦᠳᠦᠴᠡᠳᠦ ᠣᠷᠣᠨ ᠰᠠᠭᠤᠴᠠ ᠶᠢ ᠦᠭᠡᠷᠡᠴᠢᠯᠡᠭᠦ | ᠪᠡᠯᠡ ᠮᠥᠩᠭᠦ ᠶᠢ ᠲᠠᠰᠤᠯᠤᠨ ᠦᠯᠡᠳᠡᠭᠡᠬᠦ᠂ ᠨᠡᠭᠦᠯᠭᠡᠨ ᠬᠡᠷᠡᠭᠯᠡᠭᠦ ᠪᠠ ᠰᠠᠭᠠᠳᠠᠭᠠᠨ ᠠᠪᠬᠤ ᠵᠢᠴᠢ ᠲᠤᠰ ᠠᠷᠭ᠎ᠠ ᠶᠢᠨ | ᠲᠣᠭᠲᠠᠭᠠᠯ ᠠᠴᠠ ᠵᠥᠷᠢᠴᠡᠭᠰᠡᠨ ᠪᠤᠰᠤᠳ ᠦᠢᠯᠡ ᠠᠵᠢᠯᠯᠠᠭ᠎ᠠ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ︾᠂ ︽ᠡᠳ᠋ ᠤᠨ ᠵᠠᠰᠠᠭ ᠤᠨ ᠬᠠᠤᠯᠢ ᠠᠴᠠ | ᠵᠥᠷᠢᠴᠡᠭᠰᠡᠨ ᠦᠢᠯᠨ ᠠᠵᠢᠯᠯᠠᠭ᠎ᠠ ᠶᠢ ᠲᠣᠷᠭᠠᠵᠤ ᠰᠢᠳᠬᠡᠬᠦ ᠳᠦᠷᠢᠮ︾ ᠵᠡᠷᠭᠡ ᠬᠤᠯᠪᠣᠭᠳᠠᠯ ᠪᠦᠬᠦᠢ ᠲᠣᠭᠲᠠᠭᠠᠯ | ᠶᠣᠰᠣᠭᠠᠷ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠨ᠎ᠡ︔ ᠶᠠᠯ᠎ᠠ ᠬᠢᠭᠰᠡᠨ ᠰᠡᠵᠢᠭᠯᠡᠯᠲᠡᠶ ᠪᠠᠶᠢᠪᠠᠯ᠂ ᠬᠠᠤᠯᠢ ᠶᠣᠰᠣᠭᠠᠷ | ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠲᠤᠰᠢᠶᠠᠵᠤ ᠰᠢᠢᠣᠡᠪᠣᠷᠢᠯᠡᠨ᠎ᠠ᠃ | | ᠨᠠᠢᠮᠠᠳᠣᠭᠠᠷ ᠪᠦᠯᠦᠭ ᠳᠠᠭᠠᠯᠳᠤᠭᠤᠯᠤᠯ ᠳᠦᠷᠢᠮ | | ᠬᠤᠷᠢ ᠶᠢᠰᠦᠳᠦᠭᠡᠷ ᠵᠦᠢᠯ ᠲᠤᠰ ᠠᠷᠭ᠎ᠠ ᠶᠢ ᠬᠡᠷᠡᠭᠵᠢᠭᠦᠯᠬᠦ ᠬᠤᠭᠤᠴᠠᠭᠠᠨ ᠳᠤ᠂ ᠤᠯᠤᠰ ᠠᠴᠠ ᠵᠠᠰᠠᠭ ᠤᠨ | ᠣᠷᠳᠣᠨ ᠤ ᠳᠥᠭᠦᠮ ᠪᠦᠳᠦᠴᠡᠳᠦ ᠣᠷᠣᠨ ᠰᠠᠭᠤᠴᠠ ᠶᠢ ᠦᠭᠡᠷᠡᠴᠢᠯᠡᠭᠦ ᠦᠢᠯᠡᠴᠢᠯᠡᠭᠡ ᠬᠤᠳᠠᠯᠳᠤᠨ ᠠᠪᠬᠤ ᠵᠢᠴᠢ | ᠡᠳ᠋ ᠤᠨ ᠵᠠᠰᠠᠭ᠂ ᠮᠥᠩᠭᠦᠨ ᠭᠦᠢᠯᠭᠡᠭᠡᠨ ᠤ ᠬᠠᠮᠢᠶ᠎ᠠ ᠪᠦᠭᠦᠢ ᠲᠦᠷᠦ ᠶᠢᠨ ᠪᠤᠳᠤᠯᠭ᠎ᠠ ᠳᠤ ᠲᠣᠬᠢᠷᠠᠭᠤᠯᠣᠯᠳᠠ ᠬᠢᠪᠡᠯ | ᠂ ᠡᠯ᠎ᠡ ᠭᠠᠵᠠᠷ ᠣᠷᠣᠨ ᠨᠤᠭᠤᠳ ᠤᠯᠤᠰ ᠤᠨ ᠲᠣᠬᠢᠷᠠᠭᠤᠯᠤᠯᠲᠠ ᠬᠢᠭᠰᠡᠨ ᠤ ᠳᠠᠷᠠᠭᠠᠬᠢ ᠲᠦᠷᠦ ᠶᠢᠨ ᠪᠤᠳᠤᠯᠭ᠎ᠠ | ᠶᠣᠰᠣᠭᠠᠷ᠂ ᠲᠤᠰ ᠭᠠᠵᠠᠷ ᠣᠷᠣᠨ ᠤ ᠪᠣᠳᠠᠳᠠᠢ ᠲᠠᠢ ᠪᠠᠨ ᠤᠶᠠᠯᠳᠤᠭᠤᠯᠵᠤ ᠲᠤᠤᠱᠯᠠᠭᠤᠯᠤᠨ ᠨᠠᠶᠢᠳᠠᠪᠤᠷᠢᠵᠢᠭᠤᠯᠬᠤ | ᠠᠵᠢᠯ ᠢ ᠰᠠᠶᠢᠲᠤᠷ ᠬᠢᠬᠦ ᠬᠡᠷᠡᠭᠲᠡᠢ᠃ | ᠭᠤᠴᠢᠳᠤᠭᠠᠷ ᠵᠦᠢᠯ ᠲᠤᠰ ᠠᠷᠭ᠎ᠠ ᠶᠢ ᠳᠠᠷᠤᠮᠠᠯᠯᠠᠨ ᠶᠠᠪᠣᠭᠤᠯᠣᠭᠰᠠᠨ ᠡᠳᠦᠷ ᠠᠴᠠ ᠡᠬᠢᠯᠡᠨ | ᠬᠡᠷᠡᠭᠵᠢᠭᠦᠯᠦᠨ᠎ᠡ᠃ |